ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/3/22
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ       ᠥᠪᠥᠷ ᠵᠠᠰᠠᠭ ᠲᠠᠷᠬᠠᠭᠠᠭᠰᠠᠨ ﹇2022﹈ 17 ᠳ᠋ᠤᠭᠠᠷ ᠲᠣᠭᠠᠲᠤ       ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ       ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄       ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃       2022 ᠣᠨ ᠤ 5 ᠳ᠋ᠤᠭᠠᠷ ᠰᠠᠷ᠎ᠠ ᠶᠢᠨ 25 ᠤ ᠡᠳᠦᠷ       ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ       ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2021﹈ 33 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠶᠡᠭᠡ ᠪᠠᠷ ᠠᠬᠢᠭᠤᠯᠤᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃       ᠨᠢᠭᠡ᠂ ᠶᠡᠷᠦᠩᠬᠡᠢ ᠱᠠᠭᠠᠷᠳᠠᠯᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠲᠥᠪ ᠬᠤᠷᠢᠶᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠪᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠠ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠵᠠᠮᠨᠠᠨ᠂ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠣᠷᠴᠢᠯᠲᠤ ᠬᠥᠭᠵᠢᠯᠲᠡ ᠶᠢᠨ ᠠᠵᠤ ᠠᠬᠤᠢ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ ᠪᠦᠷᠢᠨᠰᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠡᠯᠪᠡᠷᠢ ᠲᠡᠶᠢᠰᠢ ᠪᠥᠬᠦ ᠲᠠᠯ᠎ᠠ ᠪᠠᠷ ᠬᠤᠪᠢᠷᠠᠭᠤᠯᠬᠤ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠪᠠᠨ ᠥᠷᠭᠡᠳᠬᠡᠬᠦ᠂ ᠠᠵᠤ ᠠᠬᠤᠢ ᠶᠢ ᠨᠡᠮᠡᠭᠳᠡᠭᠦᠯᠬᠦ ᠪᠠᠨ ᠬᠠᠮᠵᠢᠯᠴᠠᠭᠤᠯᠤᠨ ᠠᠬᠢᠭᠤᠯᠬᠤ ᠶᠢ ᠪᠡᠶᠡᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃       ᠬᠤᠶᠠᠷ᠂ ᠭᠤᠣᠯ ᠬᠠᠷᠠᠯᠲᠠ       2025 ᠣᠨ ᠪᠣᠯᠬᠤ ᠳᠤ᠂ ᠪᠥᠬᠦ ᠣᠷᠣᠨ ᠤ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 2020 ᠣᠨ ᠤ ᠬᠢ ᠠᠴᠠ 15% ᠪᠠᠭᠤᠷᠠᠭᠤᠯᠵᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠵᠣᠬᠢᠰᠲᠠᠢ ᠬᠢᠵᠠᠭᠠᠷᠯᠠᠨ᠂ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠰᠢᠪᠲᠦᠷᠲᠦ ᠠᠽᠣᠲ᠂ ᠠᠽᠣᠲ ᠤᠨ ᠢᠰᠦᠮᠡᠭ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ 2020 ᠣᠨ ᠤ ᠬᠢ ᠠᠴᠠ ᠲᠣᠰ ᠲᠣᠰ 8%᠂ 8%᠂ 10%᠂ 10% ᠠᠴᠠ ᠳᠡᠭᠡᠭᠰᠢ ᠪᠠᠭᠤᠷᠠᠭᠤᠯᠤᠨ᠎ᠠ᠃ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠪᠠᠶᠢᠭᠤᠯᠤᠮᠵᠢ ᠲᠣᠭᠲᠠᠴᠠ ᠶᠢ ᠨᠡᠩ ᠪᠦᠷᠢᠨᠰᠢᠭᠦᠯᠵᠦ᠂ ᠡᠨᠧᠷᠭᠢ ᠶᠢ ᠠᠰᠢᠭᠯᠠᠭᠰᠠᠨ ᠦᠷ᠎ᠡ ᠪᠦᠲᠦᠮᠵᠢ ᠪᠠ ᠭᠤᠣᠯ ᠪᠣᠯᠬᠤ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠲᠦᠪᠰᠢᠨ ᠢᠶᠠᠨ ᠢᠯᠡᠳᠲᠡ ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠶᠢᠨ ᠠᠰᠢᠭᠯᠠᠮᠵᠢ ᠪᠠ ᠭᠤᠣᠯ ᠪᠣᠯᠬᠤ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠨᠳᠦᠰᠦᠨ ᠳᠤ ᠪᠠᠨ ᠤᠯᠤᠰ ᠤᠨ ᠳᠣᠲᠣᠭᠠᠳᠤ ᠶᠢᠨ ᠲᠡᠷᠢᠭᠦᠨ ᠲᠦᠪᠰᠢᠨ ᠳᠤ ᠬᠦᠷᠭᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠡᠬᠢ ᠪᠠᠶᠠᠯᠢᠭ ᠲᠤ ᠲᠦᠰᠢᠭᠯᠡᠬᠦ ᠬᠡᠯᠪᠡᠷᠢ ᠲᠠᠢ ᠪᠠᠶᠢᠭᠰᠠᠨ ᠠᠴᠠ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠡᠶᠢᠰᠢ ᠬᠡᠯᠪᠡᠷᠢ ᠶᠢ ᠨᠢ ᠬᠤᠪᠢᠷᠠᠭᠤᠯᠬᠤ᠂ ᠪᠦᠳᠦᠭᠦᠯᠢᠭ ᠪᠥᠭᠡᠳ ᠨᠡᠭᠦᠷᠡᠰᠦᠲᠥ᠋ᠷᠥᠭᠴᠢ ᠶᠡᠬᠡᠲᠡᠢ ᠬᠡᠯᠪᠡᠷᠢ ᠲᠠᠢ ᠪᠠᠶᠢᠭᠰᠠᠨ ᠠᠴᠠ ᠨᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠬᠡᠯᠪᠡᠷᠢ ᠶᠢ ᠨᠢ ᠬᠤᠪᠢᠷᠠᠭᠤᠯᠬᠤ᠂ ᠲᠠᠷᠠᠬᠠᠢ ᠪᠤᠲᠠᠷᠬᠠᠢ ᠪᠥᠭᠡᠳ ᠳᠣᠣᠷ᠎ᠠ ᠦᠷ᠎ᠡ ᠠᠰᠢᠭᠲᠤ ᠬᠡᠯᠪᠡᠷᠢ ᠲᠠᠢ ᠪᠠᠶᠢᠭᠰᠠᠨ ᠠᠴᠠ ᠨᠢ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠲᠡᠶᠢᠰᠢ ᠬᠡᠯᠪᠡᠷᠢ ᠶᠢ ᠨᠢ ᠬᠤᠪᠢᠷᠠᠭᠤᠯᠬᠤ ᠲᠠᠯ᠎ᠠ ᠪᠠᠷ ᠮᠡᠳᠡᠭᠳᠡᠮ᠎ᠡ ᠦᠷ᠎ᠡ ᠪᠦᠲᠦᠭᠡᠮᠵᠢ ᠲᠠᠢ ᠪᠣᠯᠭᠠᠨ᠎ᠠ᠃       ᠭᠤᠷᠪᠠ᠂ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠎ᠡ       ︵ᠨᠢᠭᠡ︶ ᠭᠤᠣᠯᠳᠠᠯᠭ᠎ᠠ ᠲᠠᠢ ᠠᠵᠢᠯ ᠲᠥᠷᠥᠯ ᠢ ᠪᠣᠬᠢᠷᠳᠤᠯ ᠦᠭᠡᠢ ᠪᠣᠯᠭᠠᠨ ᠲᠠᠰ ᠳᠡᠪᠰᠢᠭᠦᠯᠬᠦ ᠢᠨᠵᠧᠨᠧᠷᠢᠩ᠃ ᠬᠢᠮᠢ ᠶᠢᠨ ᠠᠵᠤ ᠦᠢᠯᠡᠳᠪᠦᠷᠢ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠬᠡᠦᠷᠰᠢᠭᠦᠯᠬᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠡᠨᠧᠷᠭᠢ ᠶᠢᠨ ᠬᠤᠷᠣᠭᠳᠠᠯ ᠪᠠ ᠭᠠᠳᠠᠭᠰᠢᠯᠠᠭᠤᠯᠤᠯᠲᠠ ᠶᠡᠬᠡᠲᠡᠢ ᠠᠵᠢᠯ ᠲᠦᠷᠦᠯ ᠢᠶᠠᠷ ᠭᠤᠣᠯᠳᠠᠭᠤᠯᠵᠤ᠂ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠪᠣᠬᠢᠷᠳᠤᠯ ᠪᠣᠳᠠᠰ ᠢ ᠭᠦᠨᠵᠡᠭᠡᠢ ᠵᠠᠰᠠᠬᠤ ᠠᠵᠢᠯ ᠢ ᠪᠦᠬᠦ ᠲᠠᠯ᠎ᠠ ᠪᠠᠷ ᠠᠬᠢᠭᠤᠯᠤᠨ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠴᠢᠬᠤᠯᠠ ᠶᠡᠭᠡ ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠢᠯ ᠲᠥᠷᠥᠯ ᠳᠠᠬᠢ ᠡᠨᠧᠷᠭᠢ ᠠᠷᠪᠢᠯᠠᠬᠤ ᠮᠡᠷᠭᠡᠵᠢᠯ ᠤᠨ ᠲᠣᠨᠤᠭ ᠲᠥᠬᠦᠭᠡᠷᠦᠮᠵᠢ ᠳᠤ ᠰᠢᠨ᠎ᠡ ᠶᠢ ᠡᠭᠦᠳᠬᠦ ᠪᠠ ᠲᠡᠳᠡᠭᠡᠷ ᠢ ᠠᠰᠢᠭᠯᠠᠵᠤ ᠬᠡᠷᠡᠭᠯᠡᠬᠦ ᠪᠠᠨ ᠴᠢᠩᠭᠠᠳᠬᠠᠵᠤ᠂ ᠥᠨᠳᠥᠷ ᠦᠷ᠎ᠡ ᠪᠦᠲᠦᠮᠵᠢ ᠲᠠᠢ ᠨᠠᠷᠢᠯᠢᠭ ᠨᠡᠷᠡᠬᠦ ᠰᠢᠰᠲ᠋ᠧᠮ᠂ ᠥᠨᠳᠥᠷ ᠳᠤᠯᠠᠭᠠᠨ ᠥᠨᠳᠥᠷ ᠳᠠᠷᠤᠯᠲᠠᠲᠤ ᠬᠠᠭᠤᠷᠠᠢ ᠤᠨᠲᠠᠷᠠᠭᠠᠯᠲᠠ ᠶᠢᠨ ᠭᠡᠣᠷᠰᠦ᠂ ᠡᠯᠪᠡᠭ ᠬᠦᠴᠢᠯᠲᠥ᠋ᠷᠥᠭᠴᠢᠲᠦ ᠡᠷᠴᠢᠮᠵᠢᠭᠦᠯᠦᠭᠰᠡᠨ ᠬᠠᠶᠢᠯᠤᠭᠤᠯᠤᠯᠲᠠ ᠵᠡᠷᠭᠡ ᠡᠨᠧᠷᠭᠢ ᠠᠷᠪᠢᠯᠠᠬᠤ ᠮᠡᠷᠭᠡᠵᠢᠯ ᠢ ᠳᠡᠯᠭᠡᠷᠡᠭᠦᠯᠵᠦ᠂ ᠥᠨᠳᠥᠷ ᠵᠤᠤᠬ᠎ᠠ — ᠡᠷᠭᠢᠭᠦᠯ ᠵᠤᠤᠬ᠎ᠠ ᠶᠢᠨ ᠣᠷᠳᠣ ᠤᠳᠠᠭᠠᠨ ᠶᠠᠪᠤᠴᠠ ᠪᠠᠷ ᠪᠣᠯᠣᠳ ᠪᠣᠯᠪᠠᠰᠤᠷᠠᠭᠤᠯᠬᠤ ᠬᠡᠯᠪᠡᠷᠢ ᠶᠢ ᠬᠤᠪᠢᠷᠠᠭᠤᠯᠤᠭᠠᠳ ᠴᠠᠬᠢᠯᠭᠠᠨ ᠵᠤᠤᠬ᠎ᠠ ᠶᠢᠨ ᠣᠬᠤᠷ ᠲᠦᠷᠭᠡᠨ ᠶᠠᠪᠤᠴᠠ ᠪᠠᠷ ᠪᠣᠯᠣᠳ ᠪᠣᠯᠪᠠᠰᠤᠷᠠᠭᠤᠯᠬᠤ ᠪᠣᠯᠭᠠᠨ ᠬᠡᠷᠡᠭᠯᠡᠬᠦ ᠶᠢ ᠵᠣᠷᠢᠭᠵᠢᠭᠤᠯᠤᠨ᠎ᠠ᠃ ᠪᠣᠯᠣᠳ ᠲᠡᠮᠦᠷ᠂ ᠱᠦᠢᠨᠢ᠂ ᠬᠡᠦᠷᠰᠢᠭᠦᠯᠬᠦ ᠠᠵᠢᠯ ᠲᠥᠷᠥᠯ ᠵᠢᠴᠢ ᠨᠡᠭᠦᠷᠡᠰᠦ ᠰᠢᠲᠠᠭᠠᠬᠤ ᠵᠤᠤᠬ᠎ᠠ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠨ ᠰᠢᠨᠡᠳᠬᠡᠬᠦ ᠠᠵᠢᠯ ᠢ ᠠᠬᠢᠭᠤᠯᠵᠤ᠂ 2025 ᠣᠨ ᠪᠣᠯᠬᠤ ᠳᠤ᠂ ᠪᠥᠬᠦ ᠣᠷᠣᠨ ᠤ 80% ᠠᠴᠠ ᠳᠡᠭᠡᠭᠰᠢᠬᠢ ᠪᠣᠯᠣᠳ ᠲᠡᠮᠦᠷ ᠤᠨ ᠦᠢᠯᠡᠳᠪᠦᠷᠢᠯᠡᠬᠦ ᠴᠢᠳᠠᠮᠵᠢ ᠳᠤ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠨ ᠰᠢᠨᠡᠳᠬᠡᠬᠦ ᠠᠵᠢᠯ ᠢ ᠪᠡᠶᠡᠯᠡᠭᠦᠯᠦᠨ᠂ ᠭᠤᠣᠯᠳᠠᠯᠭ᠎ᠠ ᠲᠠᠢ ᠣᠷᠣᠨ ᠪᠦᠰᠡ ᠶᠢᠨ ᠦᠯᠡᠳᠡᠭᠡᠭᠰᠡᠨ ᠨᠡᠭᠦᠷᠡᠰᠦ ᠰᠢᠲᠠᠭᠠᠬᠤ ᠵᠤᠤᠬ᠎ᠠ ᠵᠢᠴᠢ ᠪᠤᠰᠤᠳ ᠭᠠᠵᠠᠷ ᠣᠷᠣᠨ ᠤ 65 ᠠᠭᠤᠷᠰᠢᠯᠲᠠ ᠶᠢᠨ ᠲᠣᠨ / ᠴᠠᠭ ᠵᠢᠴᠢ ᠲᠡᠭᠦᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠵᠤᠤᠬ᠎ᠠ ︵ᠴᠠᠬᠢᠯᠭᠠᠨ ᠬᠦᠴᠦᠨ ᠪᠠᠭᠲᠠᠨ᠎ᠠ︶ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠠᠵᠢᠯ ᠲᠦᠷᠦᠯ ᠳᠤ ᠴᠡᠪᠡᠷ ᠦᠢᠯᠡᠳᠪᠦᠷᠢᠯᠡᠯ ᠪᠠ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠥᠭᠡᠷᠡᠴᠢᠯᠡᠯᠲᠡ ᠶᠢ ᠥᠷᠨᠢᠭᠦᠯᠦᠨ᠎ᠡ᠃ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ ᠠᠬᠢᠭᠤᠯᠵᠤ᠂ ᠨᠢᠭᠡᠨᠲᠡ ᠪᠠᠶᠢᠭ᠎ᠠ ᠳ᠋ᠠᠶᠢᠲ᠋ᠠ ᠶᠢᠨ ᠲᠥᠪ ᠢ ᠪᠣᠬᠢᠷᠳᠤᠯ ᠦᠭᠡᠢ ᠪᠣᠯᠭᠠᠨ ᠡᠨᠧᠷᠭᠢ ᠠᠷᠪᠢᠯᠠᠬᠤ ᠲᠡᠶᠢᠰᠢ ᠥᠭᠡᠷᠡᠴᠢᠯᠡᠬᠦ ᠶᠢ ᠠᠬᠢᠭᠤᠯᠤᠨ᠂ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠵᠣᠷᠢᠭᠵᠢᠭᠤᠯᠵᠤ᠂ ᠥᠨᠳᠥᠷ ᠦᠷ᠎ᠡ ᠪᠦᠲᠦᠮᠵᠢ ᠲᠠᠢ ᠬᠥᠯᠳᠡᠭᠡᠬᠦ ᠮᠡᠷᠭᠡᠵᠢᠯ᠂ ᠲᠡᠷᠢᠭᠦᠨ ᠤ ᠰᠠᠯᠬᠢ ᠨᠡᠪᠲᠡᠷᠡᠭᠦᠯᠬᠦ ᠮᠡᠷᠭᠡᠵᠢᠯ᠂ ᠦᠯᠡᠳᠡᠪᠦᠷᠢ ᠢᠯᠴᠢ ᠶᠢ ᠠᠰᠢᠭᠯᠠᠬᠤ ᠮᠡᠷᠭᠡᠵᠢᠯ᠂ ᠡᠨᠧᠷᠭᠢ ᠶᠢᠨ ᠬᠤᠷᠣᠭᠳᠠᠯ ᠤᠨ ᠬᠠᠮᠢᠶᠠᠷᠤᠯᠲᠠ ᠶᠢᠨ ᠰᠢᠰᠲ᠋ᠧᠮ ᠵᠡᠷᠭᠡ ᠶᠢ ᠳᠡᠯᠭᠡᠷᠡᠭᠦᠯᠦᠨ᠎ᠡ᠃ ᠳ᠋ᠠᠶᠢᠲ᠋ᠠ ᠶᠢᠨ ᠲᠥᠪ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠲᠣᠮᠣ ᠬᠡᠯᠪᠡᠷᠢ ᠶᠢᠨ᠂ ᠬᠡᠲᠦ ᠲᠣᠮᠣ ᠬᠡᠯᠪᠡᠷᠢ ᠶᠢᠨ ᠳ᠋ᠠᠶᠢᠲ᠋ᠠ ᠶᠢᠨ ᠲᠥᠪ ᠢ ᠵᠠᠷᠴᠢᠮ ᠳᠡᠭᠡᠷ᠎ᠡ ᠪᠠᠨ ᠤᠯᠤᠰ ᠤᠨ ᠵᠠᠩᠭᠢᠶᠠᠰᠤ ᠪᠣᠯᠬᠤ ᠳ᠋ᠠᠶᠢᠲ᠋ᠠ ᠶᠢᠨ ᠲᠥᠪ ᠤᠨ ᠴᠤᠭᠯᠠᠷᠠᠯ ᠤᠨ ᠬᠡᠪᠴᠢᠶᠡᠨ ᠳᠤ ᠪᠠᠶᠢᠷᠢᠰᠢᠭᠤᠯᠤᠨ᠂ ᠪᠣᠬᠢᠷᠳᠤᠯ ᠦᠭᠡᠢ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ PUE ᠬᠡᠮᠵᠢᠭᠳᠡᠯ ︵ᠴᠠᠬᠢᠯᠭᠠᠨ ᠡᠨᠧᠷᠭᠢ ᠠᠰᠢᠭᠯᠠᠭᠰᠠᠨ ᠪᠦᠲᠦᠮᠵᠢ︶ ᠢ 1.3 ᠠᠴᠠ ᠳᠠᠪᠠᠭᠤᠯᠬᠤ ᠦᠭᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠢᠭᠡᠴᠢ ᠨᠡᠮᠡᠭᠳᠡᠯ ᠦᠷᠳᠡᠭ ᠤᠨ ᠡᠨᠧᠷᠭᠢ ᠶᠢᠨ ᠬᠤᠷᠣᠭᠳᠠᠯ ᠢ 20% ᠪᠠᠭᠤᠷᠠᠭᠤᠯᠵᠤ᠂ ᠠᠵᠤ ᠦᠢᠯᠡᠳᠪᠦᠷᠢ ᠶᠢᠨ ᠲᠦᠮᠡᠨ ᠲᠥᠭᠦᠷᠢᠭ ᠪᠦᠷᠢ ᠶᠢᠨ ᠨᠡᠮᠡᠭᠳᠡᠯ ᠦᠷᠳᠡᠭ ᠲᠤ ᠬᠡᠷᠡᠭᠯᠡᠬᠦ ᠣᠰᠣᠨ ᠤ ᠬᠡᠮᠵᠢᠶ᠎ᠡ ᠶᠢ 13% ᠪᠠᠭᠤᠷᠠᠭᠤᠯᠤᠨ᠎ᠠ᠃ 2025 ᠣᠨ ᠪᠣᠯᠬᠤ ᠳᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠣᠯᠣᠳ ᠲᠡᠮᠦᠷ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ᠂ ᠱᠦᠢᠨᠢ᠂ ᠬᠠᠪᠲᠠᠭᠠᠢ ᠰᠢᠯ᠂ ᠡᠲ᠋ᠧᠨ᠂ ᠨᠡᠶᠢᠯᠡᠯᠭᠡ ᠰᠢᠪᠲᠦᠷ᠂ ᠴᠠᠬᠢᠯᠠᠭᠤᠷ ᠴᠢᠯᠠᠭᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠮᠵᠢ ᠪᠠ ᠳ᠋ᠠᠶᠢᠲ᠋ᠠ ᠶᠢᠨ ᠲᠥᠪ ᠤᠨ ᠬᠢᠨ ᠤ ᠡᠨᠧᠷᠭᠢ ᠶᠢᠨ ᠠᠰᠢᠭᠯᠠᠮᠵᠢ ᠶᠢᠨ ᠬᠡᠪ ᠪᠠᠷᠢᠮᠵᠢᠶᠠᠨ ᠤ ᠲᠦᠪᠰᠢᠨ ᠳᠤ ᠬᠦᠷᠦᠭᠰᠡᠨ ᠬᠠᠷᠢᠴᠠᠯ ᠢ 30% ᠠᠴᠠ ᠳᠠᠪᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠵᠡᠷᠭᠡ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠳᠣᠷᠣᠭᠰᠢᠬᠢ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠠᠶᠢᠳᠠᠪᠤᠷᠢᠵᠢᠭᠤᠯᠬᠤ ᠪᠣᠯᠬᠤᠷ ᠳᠠᠭᠢᠵᠤ ᠵᠢᠭᠰᠠᠭᠠᠬᠤ ᠦᠭᠡᠢ︶       ︵ᠬᠤᠶᠠᠷ︶ ᠬᠦᠷᠢᠶᠡᠯᠡᠩ ᠲᠣᠭᠤᠷᠢᠭ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠶᠢ ᠳᠡᠭᠡᠭᠰᠢᠯᠡᠭᠦᠯᠬᠦ ᠢᠨᠵᠧᠨᠧᠷᠢᠩ᠃ ᠬᠦᠷᠢᠶᠡᠯᠡᠩ ᠲᠣᠭᠤᠷᠢᠭ ᠲᠤ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠣᠷᠴᠢᠯᠲᠤ ᠬᠥᠭᠵᠢᠯᠲᠡ ᠶᠢᠨ ᠶᠡᠷᠦᠩᠬᠡᠶᠢᠯᠡᠭᠰᠡᠨ ᠣᠨᠣᠰᠢᠯᠠᠯᠲᠠ ᠶᠢ ᠥᠷᠨᠢᠭᠦᠯᠵᠦ᠂ ᠪᠣᠬᠢᠷᠳᠤᠯ ᠦᠭᠡᠢ ᠠᠵᠤ ᠦᠢᠯᠡᠰ ᠤᠨ ᠪᠥᠭᠡᠮᠨᠡᠷᠡᠯ᠂ ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠲᠠ᠂ ᠴᠡᠪᠡᠷ ᠦᠢᠯᠡᠳᠪᠦᠷᠢᠯᠡᠯ ᠵᠡᠷᠭᠡ ᠲᠠᠯ᠎ᠠ ᠪᠠᠷ ᠬᠢ ᠪᠠᠭᠤᠷᠠᠢ ᠭᠤᠭᠴᠤᠭ᠎ᠠ ᠶᠢ ᠨᠢ ᠬᠠᠶᠢᠵᠤ᠂ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠬᠥᠭᠵᠢᠯᠲᠡ ᠶᠢᠨ ᠨᠢᠭᠤᠭᠳᠠᠮᠠᠯ ᠬᠦᠴᠦᠨ ᠢ ᠨᠢ ᠰᠢᠰᠲ᠋ᠧᠮ ᠲᠠᠢ ᠪᠠᠷ ᠠᠭᠤᠳᠠᠯᠤᠨ ᠭᠠᠷᠭᠠᠨ᠎ᠠ᠃ ᠡᠨᠧᠷᠭᠢ ᠶᠢᠨ ᠬᠤᠷᠣᠭᠳᠠᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠳᠤ ᠵᠠᠷᠴᠢᠮ ᠳᠡᠭᠡᠷ᠎ᠡ ᠪᠠᠨ ᠬᠦᠷᠢᠶᠡᠯᠡᠩ ᠲᠣᠭᠤᠷᠢᠭ ᠲᠤ ᠣᠷᠣᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠡᠶᠢᠰᠢ ᠪᠥᠭᠡᠮᠨᠡᠷᠡᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠨᠧᠷᠭᠢ ᠶᠢᠨ ᠰᠢᠰᠲ᠋ᠧᠮ ᠢ ᠪᠦᠬᠦᠯᠢ ᠴᠣᠭᠴᠠ ᠪᠠᠷ ᠨᠢ ᠰᠢᠯᠢᠳᠡᠭᠵᠢᠭᠦᠯᠬᠦ ᠶᠢ ᠠᠬᠢᠭᠤᠯᠵᠤ᠂ ᠲᠡᠬᠢᠨ ᠡᠭᠦᠰᠴᠦ ᠪᠣᠯᠬᠤ ᠡᠨᠧᠷᠭᠢ ᠶᠢ ᠡᠩ ᠲᠡᠷᠢᠭᠦᠨ ᠳᠤ ᠠᠰᠢᠭᠯᠠᠬᠤ ᠶᠢ ᠵᠣᠷᠢᠭᠵᠢᠭᠤᠯᠤᠨ᠎ᠠ᠃ ᠬᠦᠷᠢᠶᠡᠯᠡᠩ ᠲᠣᠭᠤᠷᠢᠭ ᠤᠨ ᠳᠣᠲᠣᠷᠠᠬᠢ ᠪᠣᠬᠢᠷ ᠤᠰᠤ ᠶᠢ ᠰᠢᠢᠳᠪᠦᠷᠢᠯᠡᠬᠦ᠂ ᠴᠡᠪᠡᠷᠵᠢᠭᠦᠨ ᠤᠰᠤ ᠶᠢ ᠡᠭᠡᠭᠦᠯᠦᠨ ᠬᠡᠷᠡᠭᠯᠡᠬᠦ ᠵᠡᠷᠭᠡ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠬᠠᠮᠲᠤ ᠪᠠᠷ ᠪᠠᠶᠢᠭᠤᠯᠤᠨ ᠬᠠᠮᠲᠤ ᠳᠤ ᠪᠠᠨ ᠬᠦᠷᠲᠡᠵᠦ᠂ ᠣᠷᠣᠬᠤ ᠤᠰᠤᠨ ᠤ ᠥᠳᠬᠡᠴᠡ ᠨᠢ ᠬᠡᠪ ᠤᠨ ᠪᠤᠰᠤ ᠪᠠᠶᠢᠭ᠎ᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠬᠡᠰᠡᠭ ᠲᠣᠭᠤᠷᠢᠭ ᠤᠨ ᠬᠤᠭᠤᠯᠠᠢ ᠲᠣᠣᠷ ᠢ ᠰᠢᠰᠲ᠋ᠧᠮᠵᠢᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠠᠶᠤᠯᠲᠠᠢ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠬᠠᠳᠠᠭᠠᠯᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ᠂ ᠴᠠᠬᠢᠯᠭᠠᠨ ᠦᠩᠬᠡᠯᠡᠯᠲᠡ ᠶᠢᠨ ᠬᠠᠶᠠᠭᠳᠠᠮᠠᠯ ᠤᠰᠤ ᠵᠢᠴᠢ ᠣᠨᠴᠠᠯᠢᠭᠲᠤ ᠪᠣᠬᠢᠷᠳᠤᠯ ᠪᠣᠳᠠᠰ ᠢ ᠲᠥᠪᠯᠡᠷᠡᠭᠦᠯᠦᠨ ᠵᠠᠰᠠᠬᠤ ᠵᠡᠷᠭᠡ ︽ᠪᠦᠷᠢᠳᠦ︾ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠠᠭᠤᠷᠢ ᠪᠡᠯᠡᠳᠬᠡᠮᠵᠢ ᠨᠢ ᠪᠦᠷᠢᠨ ᠲᠡᠭᠦᠯᠳᠡᠷ᠂ ᠴᠠᠬᠢᠯᠭᠠᠨ ᠬᠡᠷᠡᠭᠯᠡᠬᠦ ᠳᠠᠭᠠᠭᠠᠴᠠ ᠪᠠᠷ ᠨᠡᠯᠢᠶᠡᠳ ᠶᠡᠭᠡ᠂ ᠣᠷᠭᠢᠯ ᠦᠶ᠎ᠡ ᠶᠢ ᠦᠪᠡᠰᠦᠪᠡᠨ ᠲᠣᠬᠢᠷᠠᠭᠤᠯᠬᠤ ᠴᠢᠳᠠᠪᠤᠷᠢ ᠪᠠᠷ ᠨᠡᠯᠢᠶᠡᠳ ᠴᠢᠩᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠨᠡᠭᠦᠷᠡᠰᠦᠲᠥ᠋ᠷᠥᠭᠴᠢ ᠪᠠᠭᠠᠲᠠᠢ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ ᠵᠣᠷᠢᠭᠵᠢᠭᠤᠯᠤᠨ᠎ᠠ᠃ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠷᠴᠢᠯᠵᠢᠭᠤᠯᠬᠤ ᠬᠢᠷᠢ ᠲᠦᠪᠰᠢᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠬᠢᠷᠢ ᠲᠦᠪᠰᠢᠨ ᠢ ᠮᠡᠳᠡᠭᠳᠡᠬᠦ᠋ᠢᠴᠡ ᠳᠡᠭᠡᠭᠰᠢᠯᠡᠭᠦᠯᠵᠦ᠂ ᠨᠢᠭᠡ ᠪᠦᠯᠦᠭ ᠲᠥᠯᠥᠭᠡᠯᠡᠬᠦ ᠴᠢᠨᠠᠷᠲᠠᠢ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠭᠤᠷᠪᠠ︶ ᠬᠤᠲᠠ ᠪᠠᠯᠭᠠᠰᠤᠨ ᠤ ᠪᠣᠬᠢᠷᠳᠤᠯ ᠦᠭᠡᠢ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ᠃ ᠪᠣᠬᠢᠷᠳᠤᠯ ᠦᠭᠡᠢ ᠲᠥᠯᠦᠪᠵᠢᠭᠦᠯᠭᠡ ᠶᠢᠨ ᠵᠢᠷᠤᠵᠤ ᠲᠥᠯᠥᠪᠯᠡᠬᠦ ᠣᠨᠣᠯᠵᠢᠬᠤᠨ ᠢ ᠰᠠᠨᠠᠭᠠᠴᠢᠯᠠᠵᠤ᠂ ᠬᠤᠲᠠ ᠪᠠᠯᠭᠠᠰᠤᠨ ᠤ ᠪᠣᠬᠢᠷᠳᠤᠯ ᠦᠭᠡᠢ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠡᠲᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠪᠠᠷᠢᠯᠭ᠎ᠠ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠥᠴᠥᠬᠡᠨ ᠴᠤ ᠦᠭᠡᠢ ᠪᠠᠷᠢᠯᠭ᠎ᠠ ᠵᠡᠷᠭᠡ ᠵᠢᠱᠢᠶ᠎ᠡ ᠦᠵᠡᠭᠦᠯᠬᠦ ᠲᠥᠷᠥᠯ ᠵᠦᠢᠯ ᠢ ᠥᠷᠨᠢᠭᠦᠯᠦᠨ᠎ᠡ᠃ ᠬᠤᠲᠠ ᠪᠠᠯᠭᠠᠰᠤᠨ ᠤ ᠪᠠᠷᠢᠯᠭ᠎ᠠ ᠳᠤ ᠨᠡᠷᠡᠨ ᠡᠨᠧᠷᠭᠢ ᠶᠢᠨ ᠬᠡᠷᠡᠯ ᠴᠡᠨᠡᠭ ᠢ ᠨᠢᠭᠡ ᠴᠣᠭᠴᠠᠵᠢᠭᠤᠯᠤᠨ ᠬᠡᠷᠡᠭᠯᠡᠬᠦ ᠶᠢ ᠳᠡᠯᠭᠡᠷᠡᠭᠦᠯᠦᠨ᠎ᠡ᠃ ᠲᠥᠪ ᠠᠭᠠᠷᠵᠢᠭᠤᠯᠤᠭᠴᠢ᠂ ᠳ᠋ᠠᠶᠢᠲ᠋ᠠ ᠶᠢᠨ ᠲᠥᠪ᠂ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠥᠯᠳᠡᠭᠦᠦ ᠪᠠᠷ ᠲᠡᠭᠡᠭᠡᠪᠦᠷᠢᠯᠡᠬᠦ ᠬᠡᠯᠬᠢᠶᠡᠲᠦ ᠪᠠᠷᠠᠭᠠᠨ ᠤ ᠭᠦᠢᠯᠭᠡᠭᠡᠨ ᠵᠡᠷᠭᠡ ᠪᠣᠬᠢᠷᠳᠤᠯ ᠦᠭᠡᠢ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠵᠢᠱᠢᠶ᠎ᠡ ᠦᠵᠡᠭᠦᠯᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠯᠳᠡᠭᠡᠬᠦ ᠰᠢᠰᠲ᠋ᠧᠮ ᠤᠨ ᠡᠨᠧᠷᠭᠢ ᠶᠢᠨ ᠠᠰᠢᠭᠯᠠᠮᠵᠢ ᠶᠢᠨ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠨ᠂ ᠬᠤᠲᠠ ᠪᠠᠯᠭᠠᠰᠤᠨ ᠤ ᠢᠯᠴᠢ ᠬᠠᠩᠭᠠᠯᠲᠠ ᠳᠤ ᠴᠡᠪᠡᠷ ᠳᠤᠯᠠᠭᠠᠯᠠᠭ᠎ᠠ᠂ ᠠᠵᠤ ᠦᠢᠯᠡᠳᠪᠦᠷᠢ ᠶᠢᠨ ᠦᠯᠡᠳᠡᠪᠦᠷᠢ ᠢᠯᠴᠢ᠂ ᠳᠠᠬᠢᠨ ᠡᠭᠦᠰᠴᠦ ᠪᠣᠯᠬᠤ ᠡᠨᠧᠷᠭᠢ ᠵᠡᠷᠭᠡ ᠶᠢ ᠬᠡᠪᠴᠢᠶᠡᠵᠢᠭᠦᠯᠦᠨ ᠬᠡᠷᠡᠭᠯᠡᠬᠦ ᠪᠠᠨ ᠠᠬᠢᠭᠤᠯᠵᠤ᠂ ᠬᠤᠲᠠ ᠪᠠᠯᠭᠠᠰᠤᠨ ᠤ ᠴᠡᠪᠡᠷ ᠳᠤᠯᠠᠭᠠᠯᠠᠭ᠎ᠠ ᠶᠢᠨ ᠬᠠᠷᠢᠴᠠᠯ ᠪᠠ ᠪᠣᠬᠢᠷᠳᠤᠯ ᠦᠭᠡᠢ ᠥᠨᠳᠥᠷ ᠪᠦᠳᠦᠮᠵᠢᠳᠡᠢ ᠬᠥᠯᠳᠡᠭᠡᠬᠦ ᠦᠢᠯᠡᠳᠬᠦᠨ ᠤ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠶᠡᠭᠡ ᠪᠠᠷ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠲᠣᠣᠷ ᠤᠨ ᠭᠤᠭᠤᠵᠢᠵᠤ ᠰᠦᠢᠳᠦᠭᠰᠡᠨ ᠢ ᠨᠢ ᠵᠠᠰᠠᠬᠤ ᠠᠵᠢᠯ ᠢ ᠥᠷᠨᠢᠭᠦᠯᠵᠦ᠂ ᠤᠯᠤᠰ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠣᠯᠣᠨ᠎ᠠ᠃ 2025 ᠣᠨ ᠪᠣᠯᠬᠤ ᠳᠤ᠂ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠶᠢ 1000 ᠲᠦᠮᠡᠨ ᠲᠡᠭᠰᠢ ᠳᠥᠷᠪᠡᠯᠵᠢᠨ ᠮᠧᠳ᠋ᠷ ᠪᠡᠶᠡᠯᠡᠭᠦᠯᠵᠦ᠂ ᠪᠣᠬᠢᠷᠳᠤᠯ ᠦᠭᠡᠢ ᠪᠠᠷᠢᠯᠭ᠎ᠠ ᠶᠢ ᠲᠠᠩ ᠭᠠᠭᠴᠠ᠂ ᠰᠦᠷᠦᠭ ᠪᠦᠯᠦᠭ ᠢᠶᠠᠷ ᠪᠠᠷᠢᠵᠤ ᠪᠠᠶᠢᠭᠰᠠᠨ ᠠᠴᠠ ᠨᠢ ᠰᠠᠭᠤᠭᠠᠯᠢ ᠲᠣᠭᠤᠷᠢᠭᠵᠢᠭᠤᠯᠬᠤ ᠪᠠ ᠣᠷᠣᠨ ᠪᠦᠰᠡᠵᠢᠭᠦᠯᠬᠦ ᠪᠣᠯᠭᠠᠨ ᠪᠠᠷᠢᠬᠤ ᠲᠡᠶᠢᠰᠢ ᠬᠥᠭᠵᠢᠭᠦᠯᠦᠨ᠎ᠡ᠃ ᠨᠡᠭᠦᠷᠡᠰᠦᠲᠥ᠋ᠷᠥᠭᠴᠢ ᠪᠠᠭᠠᠲᠠᠢ ᠬᠤᠳᠠ᠂ ᠬᠤᠷ᠎ᠠ ᠤᠰᠤ ᠶᠢ ᠪᠦᠲᠦᠮᠵᠢᠲᠡᠢ ᠠᠰᠢᠭᠯᠠᠬᠤ ᠬᠤᠳᠠ᠂ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠢ ᠲᠤᠰ ᠪᠦᠷᠢ 1-2 ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠳᠥᠷᠪᠡ︶ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ᠃ ᠪᠣᠬᠢᠷᠳᠤᠯ ᠦᠭᠡᠢ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠴᠠᠬᠢᠯᠭᠠᠨ ᠴᠡᠨᠡᠭᠯᠡᠵᠦ ᠳ᠋ᠢᠶᠠᠨ ᡂᠢ ᠰᠣᠯᠢᠬᠤ᠂ ᠬᠡᠢ ᠨᠡᠮᠡᠬᠦ᠂ ᠤᠰᠤᠲᠥ᠋ᠷᠥᠭᠴᠢ ᠨᠡᠮᠡᠬᠦ᠂ ᠨᠢᠰᠬᠡᠯ ᠤᠨ ᠪᠠᠭᠤᠳᠠᠯ ᠤᠨ ᠡᠷᠭᠢ ᠵᠠᠬ᠎ᠠ ᠶᠢᠨ ᠴᠠᠬᠢᠯᠭᠠᠨ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠲᠡᠭᠡᠭᠡᠪᠦᠷᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ ᠪᠠ ᠭᠠᠳᠠᠭᠰᠢ ᠶᠠᠪᠤᠵᠤ ᠰᠠᠭᠤᠬᠤ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠦᠷᠭᠡᠳᠬᠡᠵᠦ᠂ ᠴᠡᠪᠡᠷ ᠡᠨᠧᠷᠭᠢ ᠪᠠᠷ ᠣᠷᠣᠯᠠᠭᠤᠯᠬᠤ ᠶᠢ ᠬᠡᠷᠡᠭᠵᠢᠭᠦᠯᠦᠨ᠎ᠡ᠃ ︽ᠨᠡᠶᠢᠲᠡ ᠶᠢᠨ ᠵᠠᠮ ᠬᠠᠷᠢᠯᠴᠠᠭ᠎ᠠ ᠪᠠᠷ ᠶᠠᠪᠤᠵᠤ ᠰᠠᠭᠤᠬᠤ ᠶᠢ ᠰᠠᠨᠠᠭᠠᠴᠢᠯᠠᠬᠤ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠶᠠᠯᠠᠯ ᠤᠨ ᠠᠷᠭ᠎ᠠ ᠮᠠᠶ᠋ᠢᠭ ᠢ ᠤᠷᠢᠳ ᠢᠶᠠᠷ ᠰᠣᠩᠭᠤᠭᠤᠯᠤᠨ᠎ᠠ᠃ ᠪᠥᠭᠡᠮ ᠪᠠᠷᠠᠭᠠᠨ ᠤ ᠲᠡᠭᠡᠭᠡᠪᠦᠷᠢ ᠶᠢᠨ ︽ᠵᠠᠰᠠᠮᠠᠯ ᠵᠠᠮ ᠢᠶᠠᠷ ᠲᠡᠭᠡᠭᠡᠪᠦᠷᠢᠯᠡᠬᠦ ᠶᠢ ᠲᠡᠮᠦᠷ ᠵᠠᠮ ᠢᠶᠠᠷ ᠲᠡᠭᠡᠭᠡᠪᠦᠷᠢᠯᠡᠬᠦ ᠲᠡᠶᠢᠰᠢ ᠰᠢᠯᠵᠢᠭᠦᠯᠬᠦ︾ ᠶᠢ ᠦᠷᠭᠦᠯᠵᠢᠯᠡᠨ ᠠᠬᠢᠭᠤᠯᠵᠤ᠂ ᠴᠡᠪᠡᠷ ᠲᠡᠭᠡᠭᠡᠪᠦᠷᠢ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠲᠡᠮᠦᠷ ᠵᠠᠮ ᠤᠨ ᠴᠠᠬᠢᠯᠭᠠᠨᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ ᠪᠠᠭᠠᠲᠠᠢ ᠲᠡᠭᠡᠭᠡᠪᠦᠷᠢ ᠶᠢᠨ ᠲᠣᠨᠣᠭᠯᠠᠯ ᠢ ᠳᠡᠯᠭᠡᠷᠡᠭᠦᠯᠦᠨ᠎ᠡ᠃ ᠵᠠᠮ ᠲᠡᠭᠡᠭᠡᠪᠦᠷᠢ ᠶᠢᠨ ᠬᠠᠭᠤᠴᠢᠨ ᠪᠠᠭᠠᠵᠢ ᠬᠡᠷᠡᠭᠰᠡᠯ ᠢ ᠬᠡᠷᠡᠭᠯᠡᠭᠡᠨ ᠠᠴᠠ ᠭᠠᠷᠭᠠᠬᠤ ᠪᠠ ᠰᠢᠨᠡᠳᠬᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠮᠠᠰᠢᠨ ᠲᠡᠷᠭᠡᠨ ᠤ ᠤᠯᠤᠰ ᠤᠨ ᠵᠢᠷᠭᠤᠳᠤᠭᠠᠷ ᠤᠳᠠᠭᠠᠨ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠪᠠ ᠵᠠᠮ ᠬᠠᠷᠢᠯᠴᠠᠭᠠᠨ ᠤ ᠪᠤᠰᠤ ᠰᠢᠯᠵᠢᠮᠡᠯ ᠲᠦᠯᠡᠰᠢᠨ ᠲᠤᠰᠤᠨ ᠮᠧᠬᠠᠨᠢᠭ ᠤᠨ ᠤᠯᠤᠰ ᠤᠨ ᠳᠥᠷᠪᠡᠳᠦᠭᠡᠷ ᠤᠳᠠᠭᠠᠨ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠭᠤᠴᠢᠷᠠᠭᠰᠠᠨ ᠮᠠᠰᠢᠨᠲᠤ ᠲᠡᠷᠭᠡ ᠶᠢ ᠤᠷᠢᠳᠴᠢᠯᠠᠨ ᠰᠢᠭᠰᠢᠭᠳᠡᠭᠦᠯᠵᠦ ᠰᠢᠨᠡᠳᠬᠡᠬᠦ ᠶᠢ ᠶᠡᠭᠡ ᠪᠠᠷ ᠠᠬᠢᠭᠤᠯᠤᠨ᠎ᠠ᠃ ᠴᠡᠪᠡᠷ ᠲᠦᠯᠡᠰᠢ ᠶᠢᠨ ᠲᠤᠰᠤᠨ ᠮᠠᠰᠢᠨ ᠤ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠬᠦᠨᠳᠦ ᠬᠡᠯᠪᠡᠷᠢ ᠶᠢᠨ ᠲᠦᠯᠡᠰᠢ ᠶᠢᠨ ᠲᠣᠰᠣᠨ ᠤ ᠪᠠᠷᠠᠭᠠᠨ ᠤ ᠲᠡᠷᠭᠡ ᠶᠢ ᠰᠢᠨᠡᠳᠬᠡᠨ ᠰᠣᠯᠢᠬᠤ ᠶᠢ ᠨᠢ ᠵᠣᠷᠢᠭᠵᠢᠭᠤᠯᠤᠨ᠎ᠠ᠃ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢᠨ ᠰᠢᠯᠭᠠᠨ ᠪᠠᠶᠢᠴᠠᠭᠠᠯᠲᠠ ᠪᠠ ᠬᠠᠮᠠᠭᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠭᠠᠳᠠᠭᠰᠢᠯᠠᠭᠤᠯᠤᠯᠲᠠ ᠶᠡᠬᠡᠲᠡᠢ ᠮᠠᠰᠢᠨ ᠲᠡᠷᠭᠡ ᠶᠢ ᠡᠭᠡᠭᠦᠯᠦᠨ ᠠᠪᠴᠢᠷᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠣᠶᠤᠨᠴᠢ ᠵᠠᠮ ᠬᠠᠷᠢᠯᠴᠠᠭ᠎ᠠ ᠶᠢ ᠶᠡᠭᠡ ᠪᠠᠷ ᠬᠥᠭᠵᠢᠭᠦᠯᠵᠦ᠂ ᠲᠣᠮᠣ ᠳ᠋ᠠᠶᠢᠲ᠋ᠠ ᠶᠢ ᠢᠳᠡᠪᠬᠢᠲᠡᠢ ᠬᠡᠷᠡᠭᠯᠡᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠰᠢᠯᠢᠳᠡᠭᠵᠢᠭᠦᠯᠦᠨ᠎ᠡ᠃ ᠪᠣᠬᠢᠷᠳᠤᠯ ᠦᠭᠡᠢ ᠬᠦᠮᠦᠷᠭᠡᠯᠡᠯᠲᠡ ᠶᠢ ᠪᠦᠲᠦᠭᠡᠨ ᠪᠠᠶᠢᠭᠤᠯᠬᠤ ᠪᠠᠨ ᠲᠦᠷᠭᠡᠳᠬᠡᠵᠦ᠂ ᠪᠣᠬᠢᠷᠳᠤᠯ ᠦᠭᠡᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠠᠶᠢᠭᠤᠯᠬᠤ ᠶᠢ ᠵᠣᠷᠢᠭᠵᠢᠭᠤᠯᠤᠨ᠎ᠠ᠃ ᠪᠠᠷᠢᠮᠵᠢᠶᠠᠵᠢᠭᠤᠯᠤᠭᠰᠠᠨ ᠪᠠᠷᠠᠭᠠᠨ ᠤ ᠭᠦᠢᠯᠭᠡᠭᠡᠨ ᠤ ᠡᠷᠭᠢᠯᠲᠡ ᠶᠢᠨ ᠬᠠᠶᠢᠷᠴᠠᠭ ᠢ ᠳᠡᠯᠭᠡᠷᠡᠭᠦᠯᠦᠨ ᠬᠡᠷᠡᠭᠯᠡᠬᠦ ᠪᠠᠨ ᠲᠦᠷᠭᠡᠳᠬᠡᠨ᠎ᠡ᠃ ᠪᠣᠬᠢᠷᠳᠤᠯ ᠦᠭᠡᠢ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ᠂ ᠰᠢᠤᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠳᠤᠯ ᠦᠭᠡᠢ ᠭᠡᠷᠡᠴᠢᠯᠡᠯ ᠣᠯᠣᠭᠰᠠᠨ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢᠨ ᠦᠢᠯᠡᠳᠬᠦᠨ ᠢ ᠰᠣᠩᠭᠤᠵᠤ ᠬᠤᠳᠠᠯᠳᠤᠨ ᠠᠪᠤᠭᠤᠯᠵᠤ ᠬᠡᠷᠡᠭᠯᠡᠭᠦᠯᠦᠨ᠎ᠡ᠃ 2025 ᠣᠨ ᠪᠣᠯᠬᠤ ᠳᠤ᠂ ᠤᠯᠤᠰ ᠤᠨ ᠭᠤᠷᠪᠠᠳᠤᠭᠠᠷ ᠤᠳᠠᠭᠠᠨ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠲᠠᠢ ᠲᠦᠯᠡᠰᠢ ᠶᠢᠨ ᠲᠣᠰᠣᠨ ᠤ ᠮᠠᠰᠢᠨ ᠲᠡᠷᠭᠡ ᠶᠢ ᠦᠨᠳᠦᠰᠦᠨ ᠳᠤ ᠪᠠᠨ ᠰᠢᠭᠰᠢᠭᠳᠡᠭᠦᠯᠵᠦ᠂ ᠪᠥᠬᠦ ᠣᠷᠣᠨ ᠤ ᠰᠢᠨ᠎ᠡ ᠡᠨᠧᠷᠭᠢ ᠵᠢᠴᠢ ᠴᠡᠪᠡᠷ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 80% ᠳᠤ ᠬᠦᠷᠦᠭᠦᠯᠵᠦ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 2020 ᠣᠨ ᠤ  ᠬᠢ ᠠᠴᠠ 10% ᠣᠷᠴᠢᠮ ᠢᠶᠠᠷ ᠨᠡᠮᠡᠭᠳᠡᠭᠦᠯᠦᠨ᠎ᠡ ﹔ 12 ᠠᠶᠢᠮᠠᠭ ᠬᠤᠲᠠ ᠶᠢᠨ ᠭᠤᠣᠯ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠪᠠᠷ ᠵᠣᠷᠴᠢᠬᠤ ᠨᠣᠷᠮ᠎ᠠ ᠶᠢ 20% ᠳᠤ ᠬᠦᠷᠦᠭᠦᠯᠵᠦ᠂ ᠬᠤᠲᠠ ᠶᠢᠨ ᠭᠤᠣᠯ ᠲᠣᠭᠤᠷᠢᠭ ᠤᠨ ᠵᠠᠮ ᠬᠠᠷᠢᠯᠴᠠᠭᠠᠨ ᠤ ᠪᠣᠬᠢᠷᠳᠤᠯ ᠦᠭᠡᠢ ᠵᠣᠷᠴᠢᠬᠤ ᠨᠣᠷᠮ᠎ᠠ ᠶᠢ 65% ᠳᠤ ᠬᠦᠷᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠢ ᠲᠦᠩ ᠲᠡᠮᠦᠷ ᠵᠠᠮ ᠤᠨ ﹇ᠪᠦᠯᠦᠭᠯᠡᠯ﹈ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ᠃ ᠲᠣᠰᠣ ᠠᠷᠪᠢᠯᠠᠬᠤ᠂ ᠣᠷᠴᠢᠨ ᠠᠬᠤᠢ ᠶᠢ ᠬᠠᠮᠠᠭᠠᠯᠠᠬᠤ ᠲᠠᠷᠢᠶᠠᠯᠠᠩ ᠤᠨ ᠮᠠᠰᠢᠨ ᠪᠠ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠡᠨᠧᠷᠭᠢ ᠠᠷᠪᠢᠯᠠᠬᠤ ᠲᠠᠷᠢᠶᠠᠯᠠᠩ ᠤᠨ ᠬᠦᠯᠡᠮᠵᠢ ᠶᠢ ᠬᠥᠭᠵᠢᠭᠦᠯᠦᠨ᠂ ᠬᠥᠳᠡᠭᠡ ᠲᠣᠰᠬᠤᠨ ᠤ ᠣᠷᠣᠨ ᠰᠠᠭᠤᠴᠠ ᠳᠤ ᠰᠢᠨ᠎ᠡ ᠮᠠᠶ᠋ᠢᠭ ᠤᠨ ᠪᠠᠷᠢᠯᠭ᠎ᠠ ᠶᠢᠨ ᠮᠡᠷᠭᠡᠵᠢᠯ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠢᠰᠲ᠋ᠧᠮ ᠪᠠ ᠴᠡᠪᠡᠷ ᠳᠤᠯᠠᠭᠠᠯᠠᠭ᠎ᠠ ᠶᠢᠨ ᠲᠥᠬᠦᠭᠡᠷᠦᠮᠵᠢ ᠬᠡᠷᠡᠭᠯᠡᠬᠦ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠠᠬᠤᠢ ᠶᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠨᠡᠯᠢᠶᠡᠳ ᠶᠡᠭᠡ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠤ ᠪᠠᠨ ᠠᠷᠢᠯᠭᠠᠵᠤ᠂ ᠲᠣᠰᠬᠤᠨ ᠤ ᠳᠦᠷᠰᠦ ᠪᠠᠶᠢᠳᠠᠯ ᠢ ᠮᠡᠳᠡᠭᠳᠡᠬᠦ᠋ᠢᠴᠡ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠢᠮᠢ ᠶᠢᠨ ᠪᠣᠷᠳᠣᠭᠤᠷ ᠬᠢᠮᠢ ᠶᠢᠨ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠪᠠ ᠲᠠᠷᠢᠶᠠᠨ ᠡᠮ ᠤᠨ ᠪᠣᠭᠤᠳᠠᠯ ᠪᠠᠭᠯᠠᠭᠠᠨ ᠤ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠲᠦᠷᠭᠡᠳᠬᠡᠨ᠎ᠡ᠃ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠮᠠᠯ ᠵᠢᠭᠦᠷᠲᠡᠨ ᠤ ᠰᠢᠭᠢᠭ ᠰᠠᠩᠭᠠᠰᠤᠨ ᠤ ᠪᠣᠬᠢᠷᠳᠤᠯ ᠢ ᠶᠡᠷᠦᠩᠬᠡᠶᠢᠯᠡᠨ ᠠᠰᠢᠭᠯᠠᠬᠤ ᠶᠢ ᠭᠦᠨᠵᠡᠭᠡᠢ ᠠᠬᠢᠭᠤᠯᠤᠨ᠎ᠠ᠃ 2025 ᠣᠨ ᠪᠣᠯᠬᠤ ᠳᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠵᠤ ᠰᠢᠢᠳᠪᠦᠷᠢᠯᠡᠭᠰᠡᠨ ᠨᠣᠷᠮ᠎ᠠ ᠶᠢ 32% ᠣᠷᠴᠢᠮ ᠳᠤ ᠬᠦᠷᠦᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ ᠶᠢ 90% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠭᠤᠣᠯ ᠪᠣᠯᠬᠤ ᠲᠠᠷᠢᠮᠠᠯ ᠤᠨ ᠬᠢᠮᠢ ᠶᠢᠨ ᠪᠣᠷᠳᠣᠭᠤᠷ᠂ ᠲᠠᠷᠢᠶᠠᠨ ᠡᠮ ᠠᠰᠢᠭᠯᠠᠬᠤ ᠨᠣᠷᠮ᠎ᠠ ᠶᠢ ᠴᠥᠮ 43% ᠠᠴᠠ ᠳᠡᠭᠡᠭᠰᠢ ᠳᠤ ᠬᠦᠷᠦᠭᠦᠯᠵᠦ᠂ ᠮᠠᠯ ᠵᠢᠭᠦᠷᠲᠡᠨ ᠤ ᠰᠢᠭᠢᠭ ᠰᠠᠩᠭᠠᠰᠤᠨ ᠤ ᠪᠣᠬᠢᠷᠳᠤᠯ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ ᠶᠢ 84% ᠠᠴᠠ ᠳᠡᠭᠡᠭᠰᠢ ᠳᠤ ᠬᠦᠷᠦᠭᠦᠯᠵᠦ᠂ ᠪᠣᠬᠢᠷᠳᠤᠯ ᠦᠭᠡᠢ ᠰᠡᠷᠭᠡᠶᠢᠯᠡᠨ ᠡᠵᠡᠮᠳᠡᠬᠦ᠂ ᠨᠢᠭᠡᠳᠦᠯᠲᠡᠢ ᠰᠡᠷᠭᠡᠶᠢᠯᠡᠨ ᠵᠠᠰᠠᠬᠤ ᠪᠦᠷᠬᠦᠴᠡ ᠶᠢ ᠲᠣᠰ ᠲᠣᠰ 55%᠂ 45% ᠳᠤ ᠬᠦᠷᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠨᠧᠷᠭᠢ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠵᠢᠷᠭᠤᠭ᠎ᠠ︶ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠢᠨᠵᠧᠨᠧᠷᠢᠩ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠨᠢᠭᠡᠨᠲᠡ ᠪᠠᠶᠢᠭ᠎ᠠ ᠪᠠᠷᠢᠯᠭ᠎ᠠ ᠶᠢᠨ ᠪᠦᠲᠦᠴᠡ ᠶᠢ ᠬᠦᠷᠢᠶᠡᠯᠡᠨ ᠬᠠᠮᠠᠭᠠᠯᠠᠬᠤ᠂ ᠢᠯᠴᠢ ᠬᠠᠩᠭᠠᠬᠤ᠂ ᠬᠥᠯᠳᠡᠭᠡᠬᠦ᠂ ᠭᠡᠷᠡᠯᠲᠦᠭᠦᠯᠬᠦ ᠵᠡᠷᠭᠡ ᠪᠡᠯᠡᠳᠬᠡᠮᠵᠢ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠵᠦ᠂ ᠡᠨᠧᠷᠭᠢ ᠠᠷᠪᠢᠯᠠᠬᠤ ᠰᠢᠨ᠎ᠡ ᠦᠢᠯᠡᠳᠬᠦᠨ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠨ᠎ᠡ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ᠡᠨᠧᠷᠭᠢ ᠶᠢᠨ ᠵᠠᠷᠤᠳᠠᠯ ᠢ ᠨᠠᠶᠢᠳᠠᠨ ᠬᠠᠮᠢᠶᠠᠷᠤᠭᠤᠯᠬᠤ ᠵᠡᠷᠭᠡ ᠭᠡᠷᠡᠲᠦ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠬᠡᠷᠡᠭᠯᠡᠬᠦ ᠶᠢ ᠵᠣᠷᠢᠭᠵᠢᠭᠤᠯᠤᠨ᠎ᠠ᠃ ᠤᠯᠠᠨ ᠨᠡᠶᠢᠲᠡ ᠶᠢᠨ ᠪᠠᠶᠢᠭᠤᠯᠤᠮᠵᠢ ᠶᠢᠨ ᠠᠯᠪᠠᠨ ᠠᠵᠢᠯ ᠠᠮᠢᠳᠤᠷᠠᠯ ᠳᠤ ᠬᠡᠷᠡᠭᠯᠡᠬᠦ ᠡᠨᠧᠷᠭᠢ ᠶᠢ ᠴᠡᠪᠡᠷᠰᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠨᠡᠷᠡᠨ ᠤ ᠡᠨᠧᠷᠭᠢ᠂ ᠰᠠᠯᠬᠢᠨ ᠤ ᠡᠨᠧᠷᠭᠢ ᠵᠡᠷᠭᠡ ᠴᠡᠪᠡᠷ ᠡᠨᠧᠷᠭᠢ ᠶᠢ ᠳᠡᠯᠭᠡᠷᠡᠭᠦᠯᠦᠨ ᠬᠡᠷᠡᠭᠯᠡᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠦᠭᠰᠡᠨ ᠬᠡᠷᠡᠭ ᠤᠨ ᠵᠢᠱᠢᠶ᠎ᠡ ᠶᠢᠨ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠤᠨ ᠬᠡᠷᠡᠭᠯᠡᠭᠡᠨ ᠢ ᠠᠬᠢᠭᠤᠯᠤᠨ᠎ᠠ᠃ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠦᠢᠯᠡᠳᠬᠦᠨ ᠢ ᠤᠷᠢᠳ ᠢᠶᠠᠷ ᠬᠤᠳᠠᠯᠳᠤᠨ ᠠᠪᠤᠭᠤᠯᠬᠤ ᠪᠠ ᠠᠯᠪᠠᠳᠠᠯᠭ᠎ᠠ ᠪᠠᠷ ᠬᠤᠳᠠᠯᠳᠤᠨ ᠠᠪᠤᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠣᠯᠠᠨ ᠨᠡᠶᠢᠲᠡ ᠶᠢᠨ ᠪᠠᠶᠢᠭᠤᠯᠤᠮᠵᠢ ᠨᠤᠭᠤᠳ ᠡᠨᠧᠷᠭᠢ ᠠᠷᠪᠢᠯᠠᠬᠤ᠂ ᠨᠡᠭᠦᠷᠡᠰᠦᠲᠥ᠋ᠷᠥᠭᠴᠢ ᠪᠠᠭᠠᠲᠠᠢ᠂ ᠤᠷᠴᠢᠯᠳᠤᠭᠤᠯᠵᠦ ᠪᠠᠶᠢᠭᠠᠳ ᠳᠠᠬᠢᠨ ᠠᠰᠢᠭᠯᠠᠵᠤ ᠪᠣᠯᠬᠤ ᠵᠡᠷᠭᠡ ᠪᠣᠬᠢᠷᠳᠤᠯ ᠦᠭᠡᠢ ᠦᠢᠯᠡᠳᠬᠦᠨ ᠢ ᠲᠦᠷᠦᠭᠦᠯᠡᠵᠦ ᠬᠤᠳᠠᠯᠳᠤᠨ ᠠᠪᠤᠨ᠎ᠠ᠃ ᠶᠠᠭᠤᠨ ᠤ ᠤᠷᠢᠳ ᠬᠠᠭᠤᠴᠢᠷᠠᠭᠰᠠᠨ ᠮᠠᠰᠢᠨ ᠲᠡᠷᠭᠡ ᠶᠢ ᠰᠢᠭᠰᠢᠭᠳᠡᠭᠦᠯᠵᠦ᠂ ᠶᠠᠭᠤᠨ ᠤ ᠤᠷᠢᠳ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠤᠳᠠᠯᠳᠤᠨ ᠠᠪᠴᠤ ᠬᠡᠷᠡᠭᠯᠡᠨ᠂ ᠰᠢᠨ᠎ᠡ ᠪᠠᠷ ᠪᠠᠶᠢᠭᠤᠯᠬᠤ ᠪᠠ ᠨᠢᠭᠡᠨᠲᠡ ᠪᠠᠶᠢᠭ᠎ᠠ ᠲᠡᠷᠭᠡᠨ ᠵᠣᠭᠰᠣᠭᠠᠯ ᠤᠨ ᠭᠠᠵᠠᠷ ᠲᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠲᠣᠬᠢᠷᠠᠭᠤᠯᠬᠤ ᠪᠤᠶᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠤᠭᠰᠠᠷᠠᠬᠤ ᠨᠥᠬᠦᠴᠡᠯ ᠢ ᠤᠷᠢᠳᠴᠢᠯᠠᠨ ᠪᠦᠷᠢᠳᠦᠭᠦᠯᠦᠨ᠎ᠡ᠃ ᠡᠨᠧᠷᠭᠢ ᠠᠷᠪᠢᠯᠠᠬᠤ ᠥᠨᠳᠥᠷ ᠪᠦᠲᠦᠮᠵᠢᠲᠡᠶ ᠠᠯᠪᠠᠨ ᠠᠵᠢᠯ ᠤᠨ ᠲᠥᠬᠦᠭᠡᠷᠦᠮᠵᠢ ᠶᠢ ᠢᠳᠡᠪᠬᠢᠲᠡᠢ ᠪᠠᠷ ᠳᠡᠯᠭᠡᠷᠡᠭᠦᠯᠵᠦ᠂ ᠠᠭᠠᠷ ᠵᠤᠬᠢᠴᠠᠭᠤᠯᠤᠭᠤᠷ᠂ ᠴᠠᠬᠢᠯᠭᠠᠨ ᠱᠠᠲᠤ ᠵᠡᠷᠭᠡ ᠡᠨᠧᠷᠭᠢ ᠬᠤᠷᠣᠭᠳᠠᠭᠤᠯᠬᠤ ᠲᠥᠬᠦᠭᠡᠷᠦᠮᠵᠢ ᠶᠢ ᠵᠦᠢ ᠵᠣᠬᠢᠰᠲᠠᠢ ᠪᠠᠷ ᠬᠡᠷᠡᠭᠯᠡᠨ᠎ᠡ᠃ ᠵᠢᠱᠢᠶ᠎ᠡ ᠦᠵᠡᠬᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠪᠢᠯᠠᠨ ᠭᠠᠮᠨᠠᠬᠤ ᠬᠡᠯᠪᠡᠷᠢ ᠪᠦᠬᠦᠢ ᠣᠯᠠᠨ ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠪᠠ ᠡᠨᠧᠷᠭᠢ ᠶᠢᠨ ᠠᠰᠢᠭᠯᠠᠮᠵᠢ ᠶᠢᠨ ︽ᠳᠠᠭᠠᠭᠤᠯᠤᠭᠴᠢ︾ ᠶᠢ ᠢᠳᠡᠪᠬᠢᠲᠡᠢ ᠪᠠᠷ ᠰᠢᠯᠢᠨ ᠰᠣᠩᠭᠤᠨ᠎ᠠ᠃ 2025 ᠣᠨ ᠪᠣᠯᠬᠤ ᠳᠤ᠂ 80% ᠠᠴᠠ ᠳᠡᠭᠡᠭᠰᠢᠬᠢ ᠨᠠᠮ ᠵᠠᠰᠠᠭ ᠤᠨ ᠪᠠᠶᠢᠭᠤᠯᠭ᠎ᠠ ᠶᠢ ᠠᠷᠪᠢᠯᠠᠨ ᠭᠠᠮᠨᠠᠬᠤ ᠬᠡᠯᠪᠡᠷᠢ ᠪᠦᠬᠦᠢ ᠪᠠᠶᠢᠭᠤᠯᠭ᠎ᠠ ᠪᠣᠯᠭᠠᠨ ᠡᠭᠦᠳᠦᠨ ᠪᠠᠶᠢᠭᠤᠯᠬᠤ ᠪᠠᠷ ᠴᠢᠷᠮᠠᠶᠢᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠲᠤᠯᠤᠭ᠎ᠠ︶ ᠭᠤᠣᠯᠳᠠᠯᠭ᠎ᠠ ᠲᠠᠢ ᠣᠷᠣᠨ ᠪᠦᠰᠡ ᠶᠢᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ᠃ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠪᠦᠰᠡ ᠶᠢᠨ ᠨᠠᠮᠤᠷ ᠡᠪᠦᠯ ᠤᠨ ᠤᠯᠠᠷᠢᠯ ᠳᠠᠬᠢ ᠪᠣᠭᠤᠮᠲᠠ ᠰᠢᠪᠲᠤᠯᠬᠤ ᠠᠵᠢᠯᠯᠠᠭᠠᠨ ᠢ ᠦᠷᠭᠦᠯᠵᠢᠯᠡᠨ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠪᠦᠲᠦᠴᠡ ᠶᠢ ᠲᠣᠬᠢᠷᠠᠭᠤᠯᠬᠤ ᠪᠠ ᠪᠣᠬᠢᠷᠳᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠤᠮᠳᠠ ᠪᠠ ᠪᠠᠷᠠᠭᠤᠨ ᠪᠡᠶ᠎ᠡ ᠶᠢᠨ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠵᠤ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠠᠽᠣᠲ ᠤᠨ ᠢᠰᠦᠮᠡᠭ ᠤᠨ ᠭᠠᠳᠠᠭᠰᠢᠯᠠᠭᠤᠯᠤᠯᠲᠠ ᠶᠢ ᠬᠠᠮᠵᠢᠯᠴᠠᠭᠤᠯᠤᠨ ᠪᠠᠭᠠᠰᠬᠠᠬᠤ ᠠᠵᠢᠯ ᠢ ᠬᠦᠴᠦᠯᠡᠨ ᠠᠬᠢᠭᠤᠯᠵᠤ᠂ ᠵᠢᠵᠢᠭ ᠮᠥᠬᠦᠯᠢᠭᠲᠦ ᠪᠣᠳᠠᠰ ᠪᠠ ᠣᠽᠣᠨ ᠢ ᠬᠠᠮᠵᠢᠯᠴᠠᠨ ᠡᠵᠡᠮᠳᠡᠬᠦ ᠪᠠᠨ ᠴᠢᠩᠭᠠᠳᠬᠠᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠲᠠ ᠪᠠᠯᠭᠠᠰᠤᠨ ᠤ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠪᠠ ᠠᠵᠤ ᠦᠢᠯᠡᠳᠪᠦᠷᠢ᠂ ᠲᠠᠷᠢᠶᠠᠯᠠᠩ ᠤᠨ ᠣᠯᠠᠨ ᠡᠬᠢᠲᠦ᠂ ᠦᠯᠡᠳᠡᠭᠳᠡᠯ ᠰᠢᠬᠠᠳᠠᠰᠤ ᠶᠢᠨ ᠠᠭᠤᠷᠬᠠᠢ ᠲᠠᠯᠠᠪᠠᠢ ᠵᠡᠷᠭᠡ ᠪᠣᠬᠢᠷᠳᠤᠯ ᠢ ᠵᠠᠰᠠᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠬᠠᠲᠤᠨ ᠭᠤᠣᠯ ᠤᠨ ᠠᠮᠢ ᠠᠬᠤᠢ ᠶᠢ ᠬᠠᠮᠠᠭᠠᠯᠠᠵᠤ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠨ᠎ᠡ ﹔ ᠤᠰᠤ ᠠᠷᠪᠢᠯᠠᠬᠤ ᠪᠠ ᠡᠵᠡᠮᠳᠡᠬᠦ ᠭᠦᠨᠴᠡ ᠲᠠᠢ ᠠᠵᠢᠯᠯᠠᠭᠠᠨ ᠢ ᠬᠡᠷᠡᠭᠵᠢᠭᠦᠯᠦᠨ᠂ ᠴᠢᠬᠤᠯᠠ ᠰᠠᠯᠪᠤᠷᠢ ᠤᠷᠤᠰᠬᠠᠯ ᠤᠨ ᠪᠣᠬᠢᠷᠳᠤᠯ ᠢ ᠵᠠᠰᠠᠬᠤ ᠪᠠᠨ ᠴᠢᠩᠭᠠᠳᠬᠠᠵᠤ᠂ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠᠰᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 2025 ᠣᠨ ᠪᠣᠯᠬᠤ ᠳᠤ᠂ ᠬᠠᠲᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠴᠢᠨᠠᠷ ᠢ Ⅱ ᠲᠥᠷᠥᠯ ᠳᠤ ᠬᠦᠷᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠨᠠᠢᠮᠠ︶ ᠨᠡᠭᠦᠷᠡᠰᠦ ᠶᠢ ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠢᠨᠵᠧᠨᠧᠷᠢᠩ᠃ ᠥᠪᠥᠷ ᠮᠣᠩᠭᠤᠯ ᠤᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠬᠤ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠤᠯᠤᠰ ᠤᠨ ᠡᠨᠧᠷᠭᠢ ᠶᠢᠨ ᠠᠮᠤᠷ ᠲᠦᠪᠰᠢᠨ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠤᠷᠢᠳ ᠢᠶᠠᠷ ᠲᠣᠭᠲᠠᠭᠠᠵᠤ ᠳᠠᠷᠠᠭ᠎ᠠ ᠨᠢ ᠬᠦᠴᠦᠨ ᠦᠭᠡᠢ ᠪᠤᠯᠭᠠᠬᠤ ᠶᠢ ᠪᠠᠷᠢᠮᠲᠠᠯᠠᠨ᠂ ᠨᠡᠭᠦᠷᠡᠰᠦᠨ ᠤ ᠬᠡᠷᠡᠭᠯᠡᠭᠡᠨ ᠤ ᠨᠡᠮᠡᠭᠳᠡᠯ ᠢ ᠴᠢᠩᠭ᠎ᠠ ᠪᠥᠭᠡᠳ ᠵᠦᠢ ᠵᠣᠬᠢᠰᠲᠠᠢ ᠬᠢᠵᠠᠭᠠᠷᠯᠠᠵᠤ᠂ ᠨᠡᠭᠦᠷᠡᠰᠦ ᠶᠢ ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠶᠢ ᠰᠠᠶᠢᠲᠤᠷ ᠠᠳᠬᠤᠨ᠂ ᠪᠠᠶᠢᠭ᠎ᠠ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠨᠡᠭᠦᠷᠡᠰᠦ ᠶᠢ ᠠᠷᠪᠢᠯᠠᠵᠤ ᠨᠡᠭᠦᠷᠡᠰᠦᠨ ᠤ ᠬᠤᠷᠣᠭᠳᠠᠯ ᠢ ᠪᠠᠭᠠᠰᠬᠠᠬᠤ ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠢ ᠥᠭᠡᠷᠡᠴᠢᠯᠡᠯᠲᠡ ᠶᠢᠨ ︽ᠭᠤᠷᠪᠠᠨ ᠥᠭᠡᠷᠡᠴᠢᠯᠡᠯᠲᠡ ᠶᠢᠨ ᠬᠤᠯᠪᠤᠭᠠᠯᠠᠨ ᠬᠥᠳᠡᠯᠦᠯᠴᠡᠬᠦ︾ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠨᠡᠭᠦᠷᠡᠰᠦ ᠰᠢᠲᠠᠭᠠᠬᠤ ᠵᠢᠵᠢᠭ ᠲᠣᠭᠤᠭᠠᠲᠤ ᠵᠤᠤᠬ᠎ᠠ ᠪᠠ ᠨᠡᠭᠦᠷᠡᠰᠦ ᠰᠢᠲᠠᠭᠠᠬᠤ ᠢᠯᠴᠢ ᠴᠠᠬᠢᠯᠭᠠᠨ ᠤ ᠬᠤᠴᠤᠷᠤᠩᠭᠤᠢ ᠦᠢᠯᠡᠳᠪᠦᠷᠢ ︵ᠪᠡᠯᠡᠳᠬᠡᠯ ᠴᠠᠬᠢᠯᠭᠠᠨ ᠤ ᠦᠢᠯᠡᠳᠪᠦᠷᠢ ᠪᠠᠭᠲᠠᠨ᠎ᠠ︶ ᠶᠢ ᠰᠢᠭᠰᠢᠭᠳᠡᠭᠦᠯᠬᠦ ᠡᠷᠴᠢᠮ ᠢᠶᠠᠨ ᠨᠡᠮᠡᠭᠳᠡᠭᠦᠯᠦᠨ᠎ᠡ᠂ 30 ᠲᠦᠮᠡᠨ ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠢᠯᠴᠢ ᠴᠠᠬᠢᠯᠭᠠᠨ ᠢ ᠵᠡᠷᠭᠡ ᠪᠠᠷ ᠭᠠᠷᠭᠠᠬᠤ ᠴᠠᠬᠢᠯᠭᠠᠨ ᠤ ᠦᠢᠯᠡᠳᠪᠦᠷᠢ ᠶᠢᠨ ᠢᠯᠴᠢ ᠬᠠᠩᠭᠠᠬᠤ ᠷᠠᠳᠢᠤᠰ ᠨᠢ 15 ᠺᠢᠯᠣᠮᠧᠳ᠋ᠷ ᠤᠨ ᠬᠡᠪᠴᠢᠶᠡᠨ ᠳᠣᠲᠣᠷᠠᠬᠢ ᠨᠡᠭᠦᠷᠡᠰᠦ ᠰᠢᠲᠠᠭᠠᠬᠤ ᠵᠤᠤᠬ᠎ᠠ ᠶᠢ ᠨᠢ ᠬᠡᠷᠡᠭᠯᠡᠭᠡᠨ ᠠᠴᠠ ᠭᠠᠷᠭᠠᠵᠤ ᠡᠮᠬᠢᠯᠡᠵᠦ ᠨᠡᠶᠢᠯᠡᠭᠦᠯᠬᠦ ᠡᠭᠦᠷᠭᠡ ᠶᠢ ᠪᠡᠶᠡᠯᠡᠭᠦᠯᠦᠨ᠎ᠡ᠃ ᠪᠣᠯᠣᠳ ᠲᠡᠮᠦᠷ᠂ ᠴᠢᠳᠬᠤᠯᠲᠠ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠨᠡᠭᠦᠷᠡᠰᠦ ᠬᠤᠷᠣᠭᠳᠠᠭᠤᠯᠬᠤ ᠭᠤᠣᠯᠳᠠᠯᠭ᠎ᠠ ᠲᠠᠢ ᠠᠵᠢᠯ ᠲᠥᠷᠥᠯ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠴᠠᠬᠢᠯᠭᠠᠨ ᠡᠨᠧᠷᠭᠢ ᠪᠠᠷ ᠣᠷᠣᠯᠠᠭᠤᠯᠬᠤ ᠶᠢ ᠠᠬᠢᠭᠤᠯᠤᠨ᠎ᠠ᠃ ᠢᠯᠴᠢ ᠴᠠᠬᠢᠯᠭᠠᠨ ᠢ ᠵᠡᠷᠭᠡ ᠪᠠᠷ ᠭᠠᠷᠭᠠᠵᠤ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠢ ᠶᠢ ᠦᠷᠭᠦᠯᠵᠢᠯᠡᠨ ᠥᠷᠭᠡᠳᠬᠡᠵᠦ᠂ ᠠᠵᠤ ᠦᠢᠯᠡᠳᠪᠦᠷᠢ ᠶᠢᠨ ᠦᠯᠡᠳᠡᠭᠡᠯ ᠢᠯᠴᠢ ᠪᠠᠷ ᠲᠥᠪᠯᠡᠷᠡᠭᠦᠯᠦᠨ ᠢᠯᠴᠢ ᠬᠠᠩᠭᠠᠬᠤ ᠶᠢ ᠳᠡᠯᠭᠡᠷᠡᠭᠦᠯᠦᠨ᠎ᠡ᠂ ︽ᠬᠡᠮᠬᠡᠷᠬᠡᠢ ᠨᠡᠭᠦᠷᠡᠰᠦ ᠶᠢ ᠴᠠᠬᠢᠯᠭᠠᠨ ᠡᠨᠧᠷᠬᠢ ᠪᠠ ᠰᠢᠲᠠᠮᠠᠬᠠᠢ ᠬᠡᠢ ᠪᠠᠷ ᠣᠷᠣᠯᠠᠭᠤᠯᠬᠤ︾ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ᠂ ᠬᠤᠳᠠ ᠬᠥᠳᠡᠭᠡ ᠶᠢᠨ ᠠᠭᠤᠯᠵᠠᠷ ᠬᠡᠰᠡᠭ ᠪᠠ ᠢᠯᠴᠢ ᠶᠢᠨ ᠬᠦᠴᠦᠨ ᠤ ᠬᠤᠭᠤᠯᠠᠢ ᠲᠣᠣᠷ ᠬᠦᠷᠴᠦ ᠳᠡᠶᠢᠯᠬᠦ ᠦᠭᠡᠢ ᠬᠠᠭᠤᠴᠢᠨ ᠬᠤᠳᠠ ᠲᠣᠭᠤᠷᠢᠭ ᠲᠤ ᠴᠠᠬᠢᠯᠭᠠᠨ ᠵᠤᠤᠬ᠎ᠠ᠂ ᠢᠯᠴᠢ ᠶᠢᠨ ᠬᠥᠭᠡᠷᠭᠡ᠂ ᠲᠠᠷᠠᠬᠠᠢ ᠮᠠᠶ᠋ᠢᠭ ᠤᠨ ᠴᠠᠬᠢᠯᠭᠠᠨ ᠳᠤᠯᠠᠭᠠᠴᠠᠭᠤᠯᠤᠭ᠎ᠠ ᠶᠢ ᠳᠡᠯᠭᠡᠷᠡᠭᠦᠯᠦᠨ ᠬᠡᠷᠡᠭᠯᠡᠵᠦ᠂ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠶᠢ ᠪᠠᠭᠠᠰᠬᠠᠨ᠎ᠠ᠃ 2025 ᠣᠨ ᠪᠣᠯᠬᠤ ᠳᠤ᠂ 2000 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ 3000 ᠲᠦᠮᠡᠨ ᠺᠢᠯᠣᠸᠠᠲ ᠤᠨ ᠠᠮᠢᠳᠤᠯᠢᠭ ᠴᠢᠨᠠᠷᠲᠠᠢ ᠥᠭᠡᠷᠡᠴᠢᠯᠡᠯᠲᠡ ᠶᠢ ᠪᠡᠶᠡᠯᠡᠭᠦᠯᠦᠨ᠎ᠡ ﹔ ᠪᠤᠭᠤᠲᠤ᠂ ᠬᠥᠬᠡᠬᠤᠲᠠ᠂ ᠤᠯᠠᠭᠠᠨᠴᠠᠪ᠂ ᠪᠠᠶᠠᠨᠨᠠᠭᠤᠷ ᠵᠡᠷᠭᠡ ᠴᠡᠪᠡᠷ ᠳᠤᠯᠠᠭᠠᠯᠠᠭ᠎ᠠ ᠶᠢᠨ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠥᠪᠥᠷ ᠮᠣᠩᠭᠤᠯ ᠳᠤ ᠰᠢᠲᠠᠮᠠᠬᠠᠢ ᠬᠡᠢ ᠶᠢ ᠪᠦᠷᠢᠨ ᠪᠦᠷᠬᠦᠭᠦᠯᠬᠦ︾ ᠤᠨ ᠠᠵᠢᠯᠯᠠᠭᠠᠨ ᠢ ᠠᠬᠢᠭᠤᠯᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠳᠤ ᠳᠠᠮᠵᠢᠭᠤᠯᠬᠤ ᠬᠤᠭᠤᠯᠠᠢ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢ ︽ᠰᠢᠶᠠᠨ ᠪᠣᠯᠭᠠᠨ ᠳᠤ ᠨᠡᠪᠲᠡᠷᠡᠭᠦᠯᠬᠦ︾ ᠶᠢ ᠦᠨᠳᠦᠰᠦᠨ ᠳᠤ ᠪᠠᠨ ᠪᠡᠶᠡᠯᠡᠭᠦᠯᠵᠦ ᠂ ᠵᠡᠭᠦᠨ ᠬᠡᠰᠡᠭ ᠤᠨ ᠭᠠᠵᠠᠷ ᠣᠷᠣᠨ ᠳᠤ ᠳᠠᠮᠵᠢᠭᠤᠯᠬᠤ ᠬᠤᠭᠤᠯᠠᠢ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢ ︽ᠬᠤᠲᠠ ᠪᠣᠯᠭᠠᠨ ᠳᠤ ᠨᠡᠪᠲᠡᠷᠡᠭᠦᠯᠬᠦ︾ ᠶᠢ ᠪᠡᠶᠡᠯᠡᠭᠦᠯᠦᠨ᠎ᠡ ﹔ ᠪᠥᠬᠦ ᠣᠷᠣᠨ ᠤ ᠨᠡᠭᠦᠷᠡᠰᠦᠨ ᠤ ᠬᠡᠷᠡᠭᠯᠡᠭᠡᠨ ᠤ ᠬᠤᠪᠢ ᠶᠢᠨ ᠵᠢᠩ ᠢ 75% ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠡᠨᠧᠷᠭᠢ ᠶᠢᠨ ᠬᠡᠷᠡᠭᠯᠡᠭᠡᠨ ᠳᠠᠬᠢ ᠴᠢᠯᠠᠭᠤᠵᠢᠮᠠᠯ ᠤᠨ ᠪᠤᠰᠤ ᠡᠨᠧᠷᠭᠢ ᠶᠢᠨ ᠡᠵᠡᠯᠡᠬᠦ ᠬᠤᠪᠢ ᠶᠢᠨ ᠵᠢᠩ ᠢ 18% ᠣᠷᠴᠢᠮ ᠬᠦᠷᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠶᠢᠰᠦ︶ ᠳᠡᠭᠳᠡᠮᠡᠬᠡᠢ ᠣᠷᠭᠠᠨᠢᠭ ᠪᠣᠳᠠᠰ ᠢ ᠶᠡᠷᠦᠩᠬᠡᠶᠢᠯᠡᠵᠦ ᠴᠡᠭᠴᠡᠯᠡᠨ ᠵᠠᠰᠠᠬᠤ ᠢᠨᠵᠧᠨᠧᠷᠢᠩ᠃ VOCs ᠪᠠᠭᠠᠲᠠᠢ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠢᠶᠠᠷ ᠣᠷᠣᠯᠠᠭᠤᠯᠬᠤ ᠪᠣᠯᠣᠨ ᠦᠢᠯᠡᠳᠬᠦᠨ ᠤ ᠡᠬᠢ ᠰᠤᠷᠪᠤᠯᠵᠢ ᠶᠢ ᠨᠢ ᠣᠷᠣᠯᠠᠭᠤᠯᠬᠤ ᠢᠨᠵᠧᠨᠧᠷᠢᠩ ᠢ ᠠᠬᠢᠭᠤᠯᠵᠤ᠂ ᠪᠦᠬᠦ ᠶᠠᠪᠤᠴᠠ ᠳᠤ ᠨᠢ ᠪᠣᠬᠢᠷᠳᠤᠯ ᠪᠣᠳᠠᠰ ᠢ ᠵᠠᠰᠠᠬᠤ ᠶᠢ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠲᠦᠷᠬᠢᠨ ᠰᠠᠪᠠᠯᠠᠬᠤ᠂ ᠪᠣᠭᠤᠳᠠᠯᠯᠠᠨ ᠳᠠᠷᠤᠮᠠᠯᠯᠠᠬᠤ ᠵᠡᠷᠭᠡ ᠠᠵᠢᠯ ᠲᠦᠷᠦᠯ ᠢᠶᠠᠷ ᠭᠤᠣᠯᠳᠠᠯᠭ᠎ᠠ ᠪᠣᠯᠭᠠᠨ᠂ ᠳᠡᠭᠳᠡᠮᠡᠬᠡᠢ ᠣᠷᠭᠠᠨᠢᠭ ᠪᠣᠳᠠᠰ ᠤᠨ ᠠᠭᠤᠯᠤᠭᠳᠠᠴᠠ ᠪᠠᠷ ᠪᠠᠭᠠᠲᠠᠢ ᠰᠢᠷ᠂ ᠲᠤᠰᠤᠨ ᠪᠡᠭᠡ᠂ ᠨᠠᠭᠠᠯᠳᠤᠭᠤᠯᠤᠭᠴᠢ᠂ ᠤᠬᠢᠶᠠᠨ ᠴᠡᠪᠡᠷᠯᠡᠬᠦ ᠡᠳ᠋ ᠬᠡᠷᠡᠭᠯᠡᠬᠦ ᠶᠢ ᠠᠬᠢᠭᠤᠯᠤᠨ᠎ᠠ᠃ ᠴᠢᠯᠠᠭᠤᠨ ᠲᠣᠰᠣ ᠪᠠ ᠬᠢᠮᠢ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠳᠠᠬᠢ ᠳᠡᠭᠳᠡᠮᠡᠬᠡᠢ ᠣᠷᠭᠠᠨᠢᠭ ᠪᠣᠳᠠᠰ ᠤᠨ ᠪᠣᠬᠢᠷᠳᠤᠯ ᠤᠨ ᠵᠠᠰᠠᠯᠲᠠ ᠪᠠᠨ ᠭᠦᠨᠵᠡᠭᠡᠶᠢᠷᠡᠭᠦᠯᠵᠦ᠂ ᠬᠠᠶᠠᠭᠳᠠᠮᠠᠯ ᠬᠡᠢ ᠶᠢ ᠬᠤᠷᠢᠶᠠᠨ ᠴᠤᠭᠯᠠᠭᠤᠯᠬᠤ ᠨᠣᠷᠮ᠎ᠠ᠂ ᠵᠠᠰᠠᠬᠤ ᠪᠡᠯᠡᠳᠬᠡᠮᠵᠢ ᠶᠢ ᠵᠡᠷᠭᠡ ᠳᠤ ᠨᠢ ᠠᠵᠢᠯᠯᠠᠭᠤᠯᠬᠤ ᠨᠣᠷᠮ᠎ᠠ ᠪᠠ ᠲᠠᠶᠠᠭᠳᠠᠬᠤ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠮᠠᠷᠬᠠᠨ ᠳᠡᠭᠳᠡᠳᠡᠭ ᠣᠷᠭᠠᠨᠢᠭ ᠰᠢᠩᠭᠡᠨ ᠪᠡᠶᠡᠲᠦ ᠬᠠᠳᠠᠭᠠᠯᠠᠬᠤ ᠰᠠᠪᠠ ᠶᠢ ᠰᠢᠨᠡᠳᠬᠡᠨ ᠥᠭᠡᠷᠡᠴᠢᠯᠡᠵᠦ᠂ ᠬᠥᠪᠥᠮᠡᠯ ᠳᠡᠭᠡᠪᠦᠷ ᠲᠠᠢ ᠲᠣᠰᠣ ᠬᠠᠳᠠᠭᠠᠯᠠᠬᠤ ᠰᠠᠪᠠ ᠳᠤ ᠪᠦᠷᠢᠨ ᠵᠠᠯᠭᠠᠮᠠᠯ ᠰᠢᠩᠭᠡᠨ ᠤ ᠬᠥᠪᠥᠮᠡᠯ ᠲᠠᠪᠠᠭ ᠪᠠ ᠥᠨᠳᠥᠷ ᠪᠦᠳᠦᠮᠵᠢᠳᠡᠢ ᠳᠠᠪᠬᠤᠷ ᠪᠢᠲᠡᠭᠦᠮᠵᠢᠯᠡᠬᠦ ᠮᠡᠷᠭᠡᠵᠢᠯ ᠢ ᠬᠡᠷᠡᠭᠯᠡᠨ ᠳᠡᠯᠭᠡᠷᠡᠭᠦᠯᠦᠨ᠎ᠡ᠂ ᠬᠠᠶᠠᠭᠳᠠᠮᠠᠯ ᠤᠰᠤᠨ ᠤ ᠰᠢᠰᠲ᠋ᠧᠮ ᠤᠨ ᠥᠳᠬᠡᠴᠡ ᠶᠡᠬᠡᠲᠡᠢ ᠬᠠᠶᠠᠭᠳᠠᠮᠠᠯ ᠬᠡᠢ ᠶᠢ ᠲᠤᠰᠠᠭᠠᠷ ᠬᠤᠷᠢᠶᠠᠨ ᠴᠤᠭᠯᠠᠭᠤᠯᠵᠤ ᠰᠢᠢᠳᠪᠦᠷᠢᠯᠡᠨ᠎ᠡ᠃ 2025 ᠣᠨ ᠪᠣᠯᠬᠤ ᠳᠤ᠂ ᠠᠭᠤᠰᠬᠠᠭᠴᠢ ᠬᠡᠯᠪᠡᠷᠢ ᠶᠢᠨ ᠠᠵᠤ ᠦᠢᠯᠡᠳᠪᠦᠷᠢ ᠶᠢᠨ ᠰᠢᠷ ᠪᠤᠳᠤᠭ᠂ ᠲᠣᠰᠣᠨ ᠪᠡᠭᠡ ᠶᠢᠨ ᠬᠡᠷᠡᠭᠯᠡᠬᠦ ᠬᠠᠷᠢᠴᠠᠯ ᠢ ᠲᠣᠰ ᠲᠣᠰ 20 ᠵᠠᠭᠤᠨ ᠤ ᠴᠡᠭ᠂ 10 ᠵᠠᠭᠤᠨ ᠤ ᠴᠡᠭ ᠪᠠᠭᠤᠷᠠᠭᠤᠯᠵᠤ᠂ ᠠᠭᠤᠰᠬᠠᠭᠴᠢ ᠬᠡᠯᠪᠡᠷᠢ ᠶᠢᠨ ᠨᠠᠭᠠᠯᠳᠤᠭᠤᠯᠤᠭᠴᠢ ᠡᠳ᠋ ᠤᠨ ᠬᠡᠷᠡᠭᠯᠡᠬᠦ ᠬᠡᠮᠵᠢᠶ᠎ᠡ ᠶᠢ 20% ᠪᠠᠭᠤᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠠᠷᠪᠠ︶ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ᠃ ᠬᠤᠲᠠ ᠪᠠᠯᠭᠠᠰᠤᠨ ᠤ ᠤᠰᠤ ᠲᠠᠲᠠᠷᠠᠭᠤᠯᠬᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠭᠤᠴᠢᠷᠠᠭᠰᠠᠨ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠬᠠᠲᠤᠨ ᠭᠤᠣᠯ ᠤᠨ ᠭᠤᠣᠯ ᠤᠷᠤᠰᠬᠠᠯ ᠳᠠᠭᠠᠤ ᠬᠤᠳᠠ ᠶᠢᠨ ᠪᠠᠶᠢᠭᠤᠯᠤᠭᠰᠠᠨ ᠲᠣᠭᠤᠷᠢᠭ ᠤᠨ ᠬᠤᠭᠤᠯᠠᠢ ᠲᠣᠣᠷ ᠢ ᠬᠤᠯᠢᠯᠳᠤᠭᠤᠯᠤᠨ ᠵᠠᠯᠭᠠᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠨ ᠤᠷᠤᠰᠬᠠᠬᠤ ᠥᠭᠡᠷᠡᠴᠢᠯᠡᠯᠲᠡ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠠᠬᠢᠭᠤᠯᠤᠨ᠎ᠠ᠃ ᠪᠣᠬᠢᠷ ᠤᠰᠤ᠂ ᠬᠤᠭ ᠨᠣᠪᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠪᠠ ᠬᠢᠨᠠᠨ ᠰᠢᠨᠵᠢᠵᠦ ᠬᠢᠨᠠᠨ ᠬᠠᠮᠢᠶᠠᠷᠬᠤ ᠴᠢᠳᠠᠪᠤᠷᠢ ᠶᠢ ᠨᠢᠭᠡ ᠴᠣᠭᠴᠠᠵᠢᠭᠤᠯᠤᠭᠰᠠᠨ ᠣᠷᠴᠢᠨ ᠠᠬᠤᠢ ᠶᠢᠨ ᠰᠠᠭᠤᠷᠢ ᠪᠡᠯᠡᠳᠬᠡᠮᠵᠢ ᠶᠢᠨ ᠲᠣᠭᠲᠠᠯᠴᠠᠭ᠎ᠠ ᠶᠢ ᠲᠦᠷᠭᠡᠪᠴᠢᠯᠡᠨ ᠪᠠᠶᠢᠭᠤᠯᠵᠤ᠂ ᠡᠭᠡᠭᠦᠯᠦᠨ ᠬᠤᠷᠢᠶᠠᠵᠤ ᠪᠣᠯᠬᠤ ᠪᠣᠳᠠᠰ ᠢ ᠲᠠᠬᠢᠨ ᠠᠰᠢᠭᠯᠠᠬᠤ ᠪᠠ ᠡᠬᠢ ᠪᠠᠶᠠᠯᠢᠭᠵᠢᠭᠤᠯᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠢᠴᠢ ᠶᠡᠷᠦᠩᠬᠡᠶᠢᠯᠡᠨ ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠭᠡᠭᠦᠯᠦᠨ ᠬᠤᠷᠢᠶᠠᠵᠤ ᠪᠣᠯᠬᠤ ᠪᠣᠳᠠᠰ ᠢ ᠡᠭᠡᠭᠦᠯᠦᠨ ᠬᠤᠷᠢᠶᠠᠬᠤ᠂ ᠢᠯᠭᠠᠬᠤ᠂ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢᠨ ᠲᠥᠷᠥᠯ ᠬᠤᠪᠢᠶᠠᠬᠤ ᠳᠦᠷᠢᠮ ᠤᠨ ᠲᠣᠭᠲᠠᠯᠴᠠᠭ᠎ᠠ ᠪᠠ ᠲᠥᠷᠥᠯ ᠬᠤᠪᠢᠶᠠᠨ ᠲᠠᠯᠪᠢᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠬᠤᠪᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠪᠡᠯᠡᠳᠬᠡᠮᠵᠢ ᠶᠢᠨ ᠲᠠᠯ᠎ᠠ ᠪᠠᠷ ᠬᠢ ᠳᠤᠲᠠᠭᠤᠳᠠᠯ ᠢ ᠨᠥᠬᠦᠪᠦᠷᠢᠯᠡᠨ᠎ᠡ᠃ 2025 ᠣᠨ ᠪᠣᠯᠬᠤ ᠳᠤ᠂ ᠬᠤᠲᠠ ᠶᠢᠨ ᠪᠣᠬᠢᠷ ᠰᠢᠪᠠᠷ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠣᠷᠮ᠎ᠠ ᠶᠢ 90% ᠠᠴᠠ ᠳᠡᠭᠡᠭᠰᠢ ᠪᠤᠯᠭᠠᠵᠤ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢᠨ ᠡᠵᠡᠯᠡᠬᠦ ᠬᠤᠪᠢ ᠶᠢᠨ ᠵᠢᠩ ᠢ 65% ᠣᠷᠴᠢᠮ ᠳᠤ ᠬᠦᠷᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ᠳᠥᠷᠪᠡ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠳᠦᠷᠦ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ       ︵ᠨᠢᠭᠡ︶ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠬᠤ ᠶᠢ ᠡᠩ ᠲᠡᠷᠢᠭᠦᠨ ᠳᠤ ᠪᠣᠳᠣᠯᠬᠢᠯᠠᠬᠤ ᠶᠢ ᠪᠠᠷᠢᠮᠲᠠᠯᠠᠨ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭᠠᠨ ᠤ ᠬᠠᠮᠢᠶᠠᠷᠤᠯᠲᠠ ᠶᠢ ᠴᠢᠩᠭᠠᠷᠠᠭᠤᠯᠵᠤ᠂ ᠡᠨᠧᠷᠭᠢ ᠶᠢᠨ ᠭᠠᠷᠭᠠᠯᠲᠠ ᠶᠢᠨ ᠨᠤᠷᠮ᠎ᠠ ᠪᠠᠷ ᠴᠢᠬᠤᠯᠠ ᠦᠨᠳᠦᠰᠦᠯᠡᠯ ᠪᠣᠯᠭᠠᠨ᠂ ᠬᠥᠭᠵᠢᠯᠲᠡ ᠶᠢᠨ ᠱᠠᠲᠤ ᠦᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠡᠯ᠎ᠡ ᠠᠶᠢᠮᠠᠭ ᠬᠤᠳᠠ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢ ᠵᠦᠢ ᠵᠣᠬᠢᠰᠲᠠᠢ ᠲᠣᠭᠲᠠᠭᠠᠨ᠎ᠠ᠃ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢᠨ ᠬᠠᠮᠢᠶᠠᠷᠤᠯᠲᠠ ᠶᠢᠨ ᠬᠠᠷᠢᠮᠠᠬᠠᠢ ᠴᠢᠨᠠᠷ ᠢ ᠪᠦᠲᠦᠮᠵᠢᠲᠡᠶ ᠴᠢᠩᠭᠠᠷᠠᠭᠤᠯᠵᠤ᠂ ᠡᠯ᠎ᠡ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠣᠨ ᠤ ᠬᠠᠷᠠᠯᠲᠠ ᠪᠠ ᠲᠣᠰ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠶᠢᠨ ᠣᠨ ᠤ ᠬᠠᠷᠠᠯᠲᠠ ᠪᠠᠨ ᠦᠨᠳᠦᠰᠦᠯᠡᠨ᠂ ᠲᠣᠰ ᠭᠠᠵᠠᠷ ᠣᠷᠣᠨ ᠤ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠣᠨ ᠤ ᠬᠠᠷᠠᠯᠲᠠ ᠪᠠᠨ ᠵᠣᠬᠢᠰᠲᠠᠢ ᠲᠣᠭᠲᠠᠭᠠᠨ᠎ᠠ ﹔ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠬᠠᠷᠠᠯᠲᠠ ᠨᠢ ᠵᠢᠱᠢᠯᠲᠡ ᠶᠢᠨ ᠴᠢᠨᠠᠷᠲᠠᠢ ᠭᠦᠢᠴᠡᠳᠬᠡᠯ ᠲᠤᠭ᠎ᠠ ᠪᠠᠶᠢᠵᠤ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠨᠢ ᠵᠢᠱᠢᠭᠰᠡᠨ ᠬᠠᠷᠠᠯᠲᠠ ᠠᠴᠠ ᠳᠠᠪᠠᠭᠰᠠᠨ ᠠᠶᠢᠮᠠᠭ ᠬᠤᠲᠠ ᠨᠢ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠᠨ ᠵᠣᠬᠢᠴᠠᠩᠭᠤᠢ ᠪᠠᠷ ᠲᠣᠬᠢᠷᠠᠭᠤᠯᠵᠤ ᠪᠣᠯᠣᠨ᠎ᠠ᠃ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠶᠢᠨ ᠤᠷᠮᠠᠰᠢᠭᠤᠯᠬᠤ ᠬᠠᠷᠠᠯᠲᠠ ᠶᠢ ᠪᠡᠶᠡᠯᠡᠭᠦᠯᠦᠭᠰᠡᠨ ᠠᠶᠢᠮᠠᠭ ᠬᠤᠲᠠ ᠶᠢ ᠪᠣᠯ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠰᠢᠯᠭᠠᠨ ᠬᠢᠨᠠᠬᠤ ᠠᠴᠠ ᠬᠡᠯᠲᠦᠷᠢᠭᠦᠯᠦᠨ᠎ᠡ᠃ ᠡᠯ᠎ᠡ ᠭᠠᠵᠠᠷ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠤ ᠬᠡᠷᠡᠭᠯᠡᠭᠡᠨ ᠤ ᠬᠡᠮᠵᠢᠶ᠎ᠡ ᠶᠢ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠰᠢᠯᠭᠠᠨ ᠬᠢᠨᠠᠬᠤ ᠳᠤ ᠣᠷᠣᠭᠤᠯᠬᠤ ᠦᠭᠡᠢ᠂ ᠲᠦᠭᠦᠬᠡᠢ ᠡᠳ᠋ ᠢᠶᠠᠷ ᠬᠡᠷᠡᠭᠯᠡᠭᠰᠡᠨ ᠡᠨᠧᠷᠭᠢ ᠶᠢ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠ ᠶᠡᠷᠦᠩᠬᠡᠢ ᠬᠡᠮᠵᠢᠶᠡᠨ ᠤ ᠬᠤᠣᠰ ᠡᠵᠡᠮᠳᠡᠯ ᠤᠨ ᠬᠢᠨᠠᠨ ᠰᠢᠯᠭᠠᠯᠲᠠ ᠳᠤ ᠣᠷᠣᠭᠤᠯᠬᠤ ᠦᠭᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠢ ᠠᠰ ᠲᠤ ᠨᠢ ᠵᠢᠭᠰᠠᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠡᠨᠧᠷᠭᠢ ᠶᠢᠨ ᠬᠤᠷᠣᠭᠳᠠᠯ ᠢ ᠠᠰ ᠲᠤ ᠨᠢ ᠵᠢᠭᠰᠠᠭᠠᠬᠤ ᠬᠡᠪᠴᠢᠶᠡᠨ ᠳᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠲᠥᠷᠥᠯ ᠵᠦᠢᠯ ᠳᠠᠬᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠭᠦᠷᠭᠡᠯᠡᠬᠦ ᠡᠨᠧᠷᠭᠢ ᠶᠢᠨ ᠬᠤᠷᠣᠭᠳᠠᠯ ᠢ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠰᠢᠯᠭᠠᠨ ᠬᠢᠨᠠᠯᠲᠠ ᠳᠤ ᠬᠠᠷᠭᠤᠭᠤᠯᠤᠨ ᠬᠠᠰᠤᠨ᠎ᠠ᠃ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠᠶᠢᠭᠰᠠᠨ ᠠᠴᠠ ᠪᠠᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠲᠡᠩᠴᠡᠭᠦᠷᠢᠰᠢᠭᠦᠯᠬᠦ ᠲᠡᠶᠢᠰᠢ ᠬᠤᠪᠢᠷᠠᠭᠤᠯᠬᠤ ᠶᠢ ᠪᠡᠶᠡᠯᠡᠭᠦᠯᠵᠦ᠂ ᠰᠢᠨ᠎ᠡ ᠪᠠᠷ ᠭᠠᠷᠭᠠᠬᠤ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠳᠤ ᠬᠡᠪ ᠳᠠᠭᠤᠷᠢᠶᠠᠯ ᠢᠶᠠᠷ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠᠷ ᠪᠠᠭ᠎ᠠ ᠰᠢᠯᠢᠳᠡᠭ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ ᠪᠠᠲᠤᠯᠠᠵᠤ᠂ ᠭᠠᠵᠠᠷ ᠣᠷᠣᠨ ᠤ ᠡᠨᠧᠷᠭᠢ ᠶᠢᠨ ᠬᠤᠷᠣᠭᠳᠠᠯ ᠤᠨ ᠬᠦᠴᠦᠯᠡᠴᠡ ᠳᠤ ᠦᠵᠡᠭᠦᠯᠬᠦ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠡᠬᠡᠲᠡᠢ ᠲᠥᠷᠥᠯ ᠵᠦᠢᠯ ᠤᠨ ᠨᠥᠯᠥᠭᠡ ᠶᠢ ᠪᠦᠲᠦᠮᠵᠢᠲᠡᠶ ᠠᠷᠢᠯᠭᠠᠨ᠎ᠠ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠰᠢᠯᠭᠠᠨ ᠬᠢᠨᠠᠬᠤ ᠳᠠᠪᠲᠠᠮᠵᠢ ᠶᠢ ᠰᠢᠯᠢᠳᠡᠭᠵᠢᠭᠦᠯᠵᠦ᠂ ︽ᠣᠨ ᠤ ᠦᠨᠡᠯᠡᠯᠲᠡ᠂ ᠤᠷᠲᠤᠪᠲᠤᠷ ᠬᠤᠭᠤᠴᠠᠭᠠᠨ ᠤ ᠦᠨᠡᠯᠡᠨ ᠵᠢᠱᠢᠯᠲᠡ᠂ ᠲᠠᠪᠤᠨ ᠵᠢᠯ ᠤᠨ ᠰᠢᠯᠭᠠᠨ ᠬᠢᠨᠠᠯᠲᠠ︾ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠠᠷᠠᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠢᠭᠡᠳᠦᠯᠲᠡᠢ ᠲᠥᠯᠥᠪᠯᠡᠨ ᠰᠢᠯᠭᠠᠨ ᠬᠢᠨᠠᠨ᠎ᠠ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠲᠥᠷᠥ ᠶᠢᠨ ᠪᠣᠳᠣᠯᠭ᠎ᠠ ᠶᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠬᠢᠯ ᠬᠡᠮᠵᠢᠭᠳᠡᠯ ᠢ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠡᠭᠦᠷᠭᠡ ᠯᠦᠭᠡ ᠵᠣᠯᠭᠠᠭᠤᠯᠬᠤ ᠪᠠᠨ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠬᠤᠶᠠᠷ︶ ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠪᠦᠷᠢᠨᠰᠢᠭᠦᠯᠦᠨ᠎ᠡ᠃ ᠪᠣᠬᠢᠷᠳᠤᠯ ᠢ ᠲᠦᠢᠯ ᠤᠨ ᠣᠨᠣᠴᠠᠲᠠᠢ ᠪᠠᠷ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠲᠦᠷᠭᠡᠳᠬᠡᠬᠦ ᠂ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠬᠤ᠂ ᠣᠷᠴᠢᠨ ᠠᠬᠤᠢ ᠶᠢᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠢ ᠠᠬᠢᠭᠤᠯᠤᠨ ᠬᠡᠷᠡᠭᠵᠢᠭᠦᠯᠵᠦ᠂ ᠪᠣᠬᠢᠷᠳᠤᠯ ᠭᠠᠳᠠᠭᠰᠢᠯᠠᠭᠤᠯᠬᠤ ᠶᠢ ᠪᠦᠲᠦᠮᠵᠢᠲᠡᠶ ᠪᠠᠭᠠᠰᠬᠠᠬᠤ ᠴᠢᠳᠠᠪᠤᠷᠢ ᠶᠢ ᠪᠤᠢ ᠪᠣᠯᠭᠠᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠭᠦᠢᠴᠡᠳᠬᠡᠯ ᠲᠤᠭ᠎ᠠ ᠶᠢ ᠵᠠᠳᠠᠯᠬᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠬᠢᠨᠠᠨ ᠬᠡᠮᠵᠢᠵᠦ ᠪᠣᠯᠬᠤ᠂ ᠬᠠᠷᠭᠤᠭᠤᠯᠤᠨ ᠪᠠᠶᠢᠴᠠᠭᠠᠵᠤ ᠪᠣᠯᠬᠤ᠂ ᠰᠢᠯᠭᠠᠨ ᠬᠢᠨᠠᠵᠤ ᠪᠣᠯᠬᠤ ᠵᠠᠷᠴᠢᠮ ᠶᠣᠰᠣᠭᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠭᠤᠣᠯ ᠪᠣᠯᠬᠤ ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠤ ᠲᠥᠰᠥᠯ ᠢ ᠨᠠᠶᠢᠷᠠᠭᠤᠯᠤᠨ ᠵᠣᠬᠢᠶᠠᠵᠤ᠂ ᠭᠤᠣᠯᠳᠠᠯᠭ᠎ᠠ ᠲᠠᠢ ᠪᠠᠷᠢᠯᠭ᠎ᠠ ᠶᠢᠨ ᠪᠣᠬᠢᠷᠳᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠡᠮᠵᠢᠶ᠎ᠡ ᠶᠢ ᠣᠷᠣᠨ ᠨᠤᠲᠤᠭ ᠲᠤ ᠪᠠᠭᠤᠯᠭᠠᠵᠤ᠂ ᠪᠣᠬᠢᠷᠳᠤᠯ ᠢ ᠵᠠᠰᠠᠬᠤ ᠡᠭᠦᠷᠭᠡ ᠨᠡᠯᠢᠶᠡᠳ ᠬᠦᠨᠳᠦ ᠪᠠᠶᠢᠭ᠎ᠠ ᠭᠠᠵᠠᠷ ᠣᠷᠣᠨ ᠨᠢ ᠪᠣᠬᠢᠷᠳᠤᠯ ᠭᠠᠳᠠᠭᠰᠢᠯᠠᠭᠤᠯᠬᠤ  ᠪᠠᠨ ᠪᠠᠭᠠᠰᠬᠠᠬᠤ ᠡᠭᠦᠷᠭᠡ ᠶᠢ ᠬᠠᠷᠢᠴᠠᠩᠭᠤᠢ ᠢᠯᠡᠭᠦᠬᠡᠨ ᠡᠭᠦᠷᠭᠡᠯᠡᠨ᠎ᠡ᠃ ᠡᠯ᠎ᠡ ᠭᠠᠵᠠᠷ ᠣᠷᠣᠨ ᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ ᠢᠶᠠᠨ ᠣᠨ ᠵᠢᠯ ᠢᠶᠠᠷ ᠨᠠᠶᠢᠳᠠᠪᠤᠷᠢᠵᠢᠭᠤᠯᠬᠤ ᠶᠢ ᠵᠢᠯᠤᠭᠤᠳᠴᠤ᠂ ᠪᠣᠬᠢᠷᠳᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠶᠢ ᠬᠠᠷᠭᠤᠭᠤᠯᠤᠨ ᠪᠠᠶᠢᠴᠠᠭᠠᠵᠤ ᠲᠣᠭᠠᠴᠠᠭ᠎ᠠ ᠬᠢᠬᠦ ᠶᠢ ᠴᠢᠩᠭᠠᠷᠠᠭᠤᠯᠤᠨ᠎ᠠ᠃ ᠤᠯᠤᠰ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠳᠣᠣᠷ᠎ᠠ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠵᠦ ᠬᠢᠨᠠᠨ ᠵᠥᠪᠰᠢᠶᠡᠷᠡᠬᠦ ᠵᠡᠷᠭᠡ ᠳᠦᠷᠢᠮ ᠯᠦᠭᠡ ᠵᠣᠯᠭᠠᠭᠤᠯᠬᠤ ᠶᠢ ᠠᠬᠢᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶       ︵ᠭᠤᠷᠪᠠ︶ ᠡᠨᠧᠷᠭᠢ ᠶᠢᠨ ᠬᠤᠷᠣᠭᠳᠠᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠬᠢᠷᠢ ᠲᠦᠪᠰᠢᠨ ᠢᠶᠠᠷ ᠳᠣᠣᠷ᠎ᠠ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ᠃ ᠠᠵᠤ ᠦᠢᠯᠡᠰ ᠤᠨ ᠵᠥᠪᠰᠢᠶᠡᠷᠡᠨ ᠣᠷᠣᠭᠤᠯᠬᠤ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ᠂ ᠠᠵᠤ ᠦᠢᠯᠡᠰ ᠤᠨ ᠬᠡᠯᠬᠢᠶᠡᠨ ᠤ ᠲᠠᠯ᠎ᠠ ᠪᠠᠷ ᠡᠨᠧᠷᠭᠢ ᠶᠢᠨ ᠬᠤᠷᠣᠭᠳᠠᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠲᠥᠷᠥᠯ ᠵᠦᠢᠯ ︵ᠳᠣᠷᠣᠭᠰᠢ ︽ᠬᠤᠶᠠᠷ ᠶᠡᠬᠡᠲᠡᠢ︾ ᠲᠥᠷᠥᠯ ᠵᠦᠢᠯ ᠭᠡᠵᠦ ᠲᠣᠪᠴᠢᠯᠠᠨ᠎ᠠ︶ ᠢ ᠴᠢᠩᠭ᠎ᠠ ᠬᠢᠵᠠᠭᠠᠷᠯᠠᠨ᠎ᠠ᠃ ᠤᠯᠤᠰ ᠤᠨ ᠠᠵᠤ ᠦᠢᠯᠡᠰ ᠤᠨ ᠲᠥᠯᠦᠪᠵᠢᠭᠦᠯᠭᠡ ᠪᠠᠶᠢᠷᠢᠰᠢᠭᠤᠯᠤᠯᠲᠠ ᠶᠢᠨ ᠲᠥᠰᠥᠯ ᠳᠤ ᠵᠢᠭᠰᠠᠭᠠᠨ ᠣᠷᠣᠭᠤᠯᠤᠭᠰᠠᠨ ᠠᠴᠠ ᠪᠤᠰᠤᠳ ᠢ ᠨᠢ ᠥᠪᠡᠷᠲᠡᠭᠡᠨ ᠵᠠᠰᠠᠬᠤ ᠣᠷᠣᠨ ᠤ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠪᠠᠨ ᠦᠨᠡᠨ ᠬᠦ ᠪᠠᠲᠤᠯᠠᠬᠤ ᠲᠤᠬᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠦᠭᠦᠳ︾ ︽︿ᠬᠤᠶᠠᠷ ᠶᠡᠬᠡᠲᠡᠢ﹀ ᠲᠥᠷᠥᠯ ᠵᠦᠢᠯ ᠢ ᠳᠣᠣᠷ᠎ᠠ ᠬᠢᠷᠢ ᠲᠦᠪᠰᠢᠨ ᠲᠠᠢ ᠪᠠᠷ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ︽ᠬᠤᠶᠠᠷ ᠶᠡᠬᠡᠲᠡᠢ ︾ ᠠᠵᠢᠯ ᠲᠥᠷᠥᠯ ᠤᠨ ᠰᠢᠨ᠎ᠡ ᠪᠠᠷ ᠨᠡᠮᠡᠭᠳᠡᠬᠦ ᠦᠢᠯᠡᠳᠪᠦᠷᠢᠯᠡᠬᠦ ᠴᠢᠳᠠᠪᠤᠷᠢ᠂ ᠰᠢᠨ᠎ᠡ ᠪᠠᠷ ᠭᠠᠷᠭᠠᠬᠤ ᠲᠥᠷᠥᠯ ᠵᠦᠢᠯ ᠢ ᠴᠢᠩᠭ᠎ᠠ ᠡᠵᠡᠮᠳᠡᠨ᠎ᠡ᠃ ︽ᠬᠤᠶᠠᠷ ᠶᠡᠬᠡᠲᠡᠢ︾ ᠠᠵᠢᠯ ᠲᠥᠷᠥᠯ ᠤᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ ᠴᠢᠯᠠᠭᠤᠨ ᠲᠣᠰᠣ ᠪᠠ ᠬᠢᠮᠢ᠂ ᠬᠡᠦᠷᠰᠢᠭᠦᠯᠬᠦ᠂ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠨᠡᠭᠦᠷᠡᠰᠦ ᠴᠠᠬᠢᠯᠭᠠᠨ ᠵᠡᠷᠭᠡ ᠨᠠᠢᠮᠠᠨ ᠶᠡᠭᠡ ᠠᠵᠢᠯ ᠲᠥᠷᠥᠯ ᠤᠨ 5 ᠲᠦᠮᠡᠨ ᠲᠣᠨ ᠤ ᠪᠠᠷᠢᠮᠵᠢᠶᠠᠲᠤ ᠨᠡᠭᠦᠷᠡᠰᠦ ᠠᠴᠠ ᠳᠡᠭᠡᠭᠰᠢᠬᠢ ᠲᠥᠷᠥᠯ ᠵᠦᠢᠯ ᠢ ᠵᠢᠷᠤᠭᠯᠠᠨ ᠲᠥᠯᠥᠪᠯᠡᠬᠦ ᠪᠠᠷ ᠭᠤᠣᠯᠳᠠᠯᠭ᠎ᠠ ᠪᠣᠯᠭᠠᠨ᠂ ᠪᠠᠶᠢᠭᠤᠯᠵᠤ ᠪᠠᠶᠢᠭ᠎ᠠ᠂ ᠪᠠᠶᠢᠭᠤᠯᠬᠤ ᠪᠠᠷ ᠪᠠᠶᠢᠭ᠎ᠠ᠂ ᠦᠯᠡᠳᠡᠭᠡᠯ ︽ᠬᠤᠶᠠᠷ ᠶᠡᠬᠡᠲᠡᠢ︾ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠨᠠᠷᠢᠨ ᠬᠠᠭᠤᠳᠠᠰᠤᠨ ᠤ ᠬᠠᠮᠢᠶᠠᠷᠤᠯᠲᠠ᠂ ᠲᠥᠷᠥᠯ ᠬᠤᠪᠢᠶᠠᠨ ᠰᠢᠢᠳᠪᠦᠷᠢᠯᠡᠬᠦ᠂ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ᠃ ︽ᠡᠨᠧᠷᠭᠢ ᠶᠢᠨ ᠠᠰᠢᠭᠯᠠᠮᠵᠢ ᠶᠢᠨ ᠬᠢᠵᠠᠭᠠᠷᠯᠠᠯ ᠢ ᠴᠢᠩᠳᠠᠯᠠᠵᠤ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠠᠵᠢᠯ ᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ︾ ᠤᠨ ᠶᠣᠰᠣᠭᠠᠷ᠂ ᠠᠵᠤ ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠠᠴᠠ ᠳᠣᠣᠷ᠎ᠠ ᠪᠠᠶᠢᠭ᠎ᠠ ᠦᠯᠡᠳᠡᠭᠡᠯ ᠲᠥᠷᠥᠯ ᠵᠦᠢᠯ ᠢ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠭᠤᠯᠤᠨ ᠪᠦᠬᠦᠨ ᠢ ᠤᠯᠤᠰ ᠤᠨ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠳᠤ ᠬᠦᠷᠦᠭᠦᠯᠦᠨ᠎ᠡ ﹔ ᠡᠨᠧᠷᠭᠢ ᠶᠢᠨ ᠠᠰᠢᠭᠯᠠᠮᠵᠢ ᠨᠢ ᠬᠡᠪ ᠳᠠᠭᠤᠷᠢᠶᠠᠯ ᠤᠨ ᠬᠢᠷᠢ ᠬᠡᠮᠵᠢᠶ᠎ᠡ ᠪᠠ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠶᠢᠨ ᠬᠤᠭᠤᠷᠣᠨᠳᠤ ᠪᠠᠶᠢᠬᠤ ᠲᠥᠷᠥᠯ ᠵᠦᠢᠯ ᠳᠤ᠂ ᠤᠯᠤᠰ ᠤᠨ ᠬᠡᠪ ᠳᠠᠭᠤᠷᠢᠶᠠᠯ ᠤᠨ ᠬᠢᠷᠢ ᠬᠡᠮᠵᠢᠶ᠎ᠡ ᠪᠠᠷ ᠯᠠᠪᠯᠠᠯᠲᠠ ᠪᠣᠯᠭᠠᠵᠤ ᠥᠭᠡᠷᠡᠴᠢᠯᠡᠨ ᠲᠠᠰ ᠳᠡᠪᠰᠢᠭᠦᠯᠬᠦ ᠶᠢ ᠵᠣᠷᠢᠭᠵᠢᠭᠤᠯᠵᠤ᠂ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ︽ᠳᠠᠭᠠᠭᠤᠯᠤᠭᠴᠢ︾ ᠶᠢᠨ ᠨᠡᠷᠡᠰ ᠲᠤ ᠤᠷᠤᠭᠤᠯᠬᠤ ᠪᠠᠷ ᠴᠢᠷᠮᠠᠶᠢᠨ᠎ᠠ ﹔ ᠰᠢᠨ᠎ᠡ ᠪᠠᠷ ᠪᠠᠶᠢᠭᠤᠯᠬᠤ ᠲᠦᠷᠦᠯ ᠵᠦᠢᠯ ᠪᠦᠬᠦᠨ ᠢ ᠤᠯᠤᠰ ᠤᠨ ᠡᠨᠧᠷᠭᠢ ᠶᠢᠨ ᠠᠰᠢᠭᠯᠠᠮᠵᠢ ᠶᠢᠨ ᠬᠡᠪ ᠳᠠᠭᠤᠷᠢᠶᠠᠯ ᠤᠨ ᠬᠢᠷᠢ ᠬᠡᠮᠵᠢᠶ᠎ᠡ ᠪᠠᠷ ᠵᠢᠷᠤᠵᠤ ᠲᠥᠯᠥᠪᠯᠡᠨ ᠪᠦᠲᠦᠭᠡᠨ ᠪᠠᠶᠢᠭᠤᠯᠤᠨ᠎ᠠ ﹔ ᠥᠭᠡᠷᠡᠴᠢᠯᠡᠯᠲᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ ᠦᠭᠡᠢ ᠲᠥᠷᠥᠯ ᠵᠦᠢᠯ ᠢ ᠲᠠᠰᠤᠷᠬᠠᠢ ᠰᠢᠭᠰᠢᠭᠳᠡᠭᠦᠯᠵᠦ᠂ ᠰᠢᠭᠰᠢᠭᠳᠡᠭᠦᠯᠬᠦ ᠴᠠᠭ ᠬᠤᠭᠤᠴᠠᠭ᠎ᠠ ᠶᠢ 3 ᠵᠢᠯ ᠠᠴᠠ ᠬᠡᠲᠦᠷᠡᠭᠦᠯᠵᠦ ᠪᠣᠯᠬᠤ ᠦᠭᠡᠢ᠃ ︽ᠬᠤᠶᠠᠷ ᠶᠡᠬᠡᠲᠡᠢ︾ ᠲᠥᠷᠥᠯ ᠵᠦᠢᠯ ᠤᠨ ᠪᠥᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ᠂ ᠲᠣᠭᠲᠠᠭᠠᠯ ᠠᠴᠠ ᠵᠥᠷᠢᠴᠡᠨ ᠬᠢᠨᠠᠵᠤ ᠵᠥᠪᠰᠢᠶᠡᠷᠡᠭᠰᠡᠨ᠂ ᠵᠥᠪᠰᠢᠶᠡᠷᠡᠭᠦᠯᠦᠭᠡᠳᠦᠢ ᠪᠠᠷ ᠪᠠᠶᠢᠭᠤᠯᠤᠭᠰᠠᠨ᠂ ᠵᠥᠪᠰᠢᠶᠡᠷᠡᠭᠦᠯᠦᠭᠰᠡᠨ ᠪᠠ ᠪᠠᠶᠢᠭᠤᠯᠤᠭᠰᠠᠨ ᠨᠢ ᠬᠠᠷᠢᠯᠴᠠᠨ ᠨᠡᠶᠢᠴᠡᠬᠦ ᠦᠭᠡᠢ᠂ ᠴᠣᠬᠤᠯᠠᠪᠤᠷᠢ ᠠᠴᠠ ᠳᠠᠪᠠᠭᠤᠯᠤᠨ ᠡᠨᠧᠷᠭᠢ ᠬᠡᠷᠡᠭᠯᠡᠭᠰᠡᠨ᠂ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ ︽ᠬᠤᠶᠠᠷ ᠶᠡᠬᠡᠲᠡᠢ︾ ᠲᠥᠷᠥᠯ ᠵᠦᠢᠯ ᠢ ᠡᠷᠡᠰ ᠵᠣᠭᠰᠣᠭᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ︽ᠬᠤᠶᠠᠷ ᠶᠡᠬᠡᠲᠡᠢ︾ ᠲᠥᠷᠥᠯ ᠵᠦᠢᠯ ᠤᠨ ᠪᠡᠯᠡ ᠲᠣᠬᠢᠷᠠᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠨᠧᠷᠭᠢ ᠶᠢᠨ ᠲᠣᠪᠴᠢᠶ᠎ᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠳᠥᠷᠪᠡ︶ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠯ ᠠᠵᠤ ᠠᠬᠤᠢ ᠶᠢ ᠠᠬᠢᠭᠤᠯᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ︾ ᠵᠢᠴᠢ ︽ᠠᠮᠢ ᠠᠬᠤᠢ ᠣᠷᠴᠢᠨ ᠲᠣᠭᠤᠷᠢᠨ ᠢ ᠬᠢᠨᠠᠨ ᠰᠢᠨᠵᠢᠬᠦ ᠳᠦᠷᠢᠮ︾ ︽ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠳᠦᠷᠢᠮ︾ ︽ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠨᠢᠭᠡ ᠪᠦᠯᠦᠭ ︽ᠬᠤᠶᠠᠷ ᠶᠡᠬᠡᠲᠡᠢ︾ ᠠᠵᠢᠯ ᠲᠥᠷᠥᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠬᠤ ᠣᠷᠣᠨ ᠨᠤᠲᠤᠭ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠶᠢᠨ ᠬᠡᠷᠡᠭᠵᠢᠭᠦᠯᠬᠦ ᠠᠷᠭ᠎ᠠ︾ ᠵᠡᠷᠭᠡ ᠳᠤ ᠵᠠᠰᠠᠪᠤᠷᠢ ᠣᠷᠣᠭᠤᠯᠤᠨ᠎ᠠ᠃ ᠤᠯᠤᠰ ᠤᠨ ᠱᠠᠭᠠᠷᠳᠠᠯᠭ᠎ᠠ ᠶᠣᠰᠣᠭᠠᠷ᠂ ᠡᠨᠧᠷᠭᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ ︽ᠳᠠᠭᠠᠭᠤᠯᠤᠭᠴᠢ︾ ᠪᠠᠷ ᠬᠥᠲᠥᠯᠥᠨ ᠳᠠᠭᠠᠭᠤᠯᠬᠤ ᠠᠵᠢᠯᠯᠠᠭᠠᠨ ᠢ ᠭᠦᠨᠵᠡᠭᠡᠢ ᠥᠷᠨᠢᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠬᠢᠵᠠᠭᠠᠷ ᠲᠣᠭᠠᠨ ᠤ ᠪᠠᠷᠢᠮᠵᠢᠶ᠎ᠠ ᠪᠠ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠵᠦᠢᠯ ᠤᠨ ᠳᠡᠭᠳᠡᠮᠡᠬᠡᠢ ᠣᠷᠭᠠᠨᠢᠭ ᠪᠣᠳᠠᠰ ᠤᠨ ᠠᠭᠤᠯᠤᠭᠳᠠᠴᠠ ᠶᠢ ᠬᠢᠵᠠᠭᠠᠷᠯᠠᠬᠤ ᠪᠠᠷᠢᠮᠵᠢᠶ᠎ᠠ ᠪᠠ ᠳᠡᠭᠳᠡᠮᠡᠬᠡᠢ ᠣᠷᠭᠠᠨᠢᠭ ᠪᠣᠳᠠᠰ ᠲᠤ ᠬᠤᠯᠪᠣᠭᠳᠠᠬᠤ ᠭᠤᠣᠯᠳᠠᠯᠭ᠎ᠠ ᠲᠠᠢ ᠠᠵᠢᠯ ᠲᠦᠷᠦᠯ ᠤᠨ ᠠᠭᠠᠷ ᠮᠠᠨᠳᠠᠯ ᠤᠨ ᠪᠣᠬᠢᠷᠳᠤᠯ ᠢ ᠭᠠᠳᠠᠭᠰᠢᠯᠠᠭᠤᠯᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠭᠠᠳᠠᠭᠠᠳᠤ ᠠᠴᠠ ᠣᠷᠣᠭᠤᠯᠬᠤ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠪᠠ ᠬᠥᠳᠡᠯᠭᠡᠭᠦᠷ ᠲᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠰᠢᠨ᠎ᠡ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠭᠠᠳᠠᠭᠰᠢᠯᠠᠭᠤᠯᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠲᠠᠪᠤ︶ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠳᠤ ᠦᠵᠡᠭᠦᠯᠬᠦ ᠡᠳ᠋ ᠤᠨ ᠵᠠᠰᠠᠭ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠨᠧᠷᠭᠢ ᠠᠷᠪᠢᠯᠠᠬᠤ ᠥᠭᠡᠷᠡᠴᠢᠯᠡᠯᠲᠡ᠂ ᠶᠡᠷᠦᠩᠬᠡᠶᠢᠯᠡᠭᠰᠡᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ᠂ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠰᠢᠭᠰᠢᠬᠦ ᠪᠠ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠬᠤ᠂ ᠡᠨᠧᠷᠭᠢ ᠠᠷᠪᠢᠯᠠᠬᠤ ᠴᠢᠬᠤᠯᠠ ᠶᠡᠭᠡ ᠮᠡᠷᠭᠡᠵᠢᠯ ᠢ ᠰᠤᠳᠤᠯᠤᠨ ᠨᠡᠭᠡᠭᠡᠬᠦ ᠪᠠ ᠠᠵᠤ ᠦᠢᠯᠡᠰᠵᠢᠭᠦᠯᠦᠨ ᠵᠢᠱᠢᠶ᠎ᠡ ᠦᠵᠡᠭᠦᠯᠬᠦ ᠵᠡᠷᠭᠡ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠳᠤ ᠪᠡᠯᠡ ᠮᠥᠩᠭᠦᠨ ᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠲᠤᠰᠬᠠᠢ ᠵᠦᠢᠯ ᠤᠨ ᠪᠠ ᠤᠯᠤᠰ ᠤᠨ ᠡᠨᠧᠷᠭᠢ ᠠᠷᠪᠢᠯᠠᠬᠤ ᠠᠵᠢᠯ ᠤᠨ ᠲᠤᠰᠬᠠᠢ ᠵᠦᠢᠯ ᠤᠨ ᠱᠠᠩᠨᠠᠯ ᠤᠨ ᠪᠡᠯᠡ ᠮᠥᠩᠭᠦ ᠵᠡᠷᠭᠡ ᠶᠢ ᠢᠳᠡᠪᠬᠢᠯᠡᠨ ᠣᠯᠵᠤ᠂ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠦᠨᠡᠯᠡᠯᠲᠡ ᠬᠢᠵᠦ ᠰᠢᠯᠭᠠᠨ ᠬᠢᠨᠠᠭᠰᠠᠨ ᠦᠷ᠎ᠡ ᠳ᠋ᠦᠩ ᠨᠢ ᠳᠠᠪᠠᠭᠤᠯᠤᠨ ᠪᠡᠶᠡᠯᠡᠭᠦᠯᠦᠭᠰᠡᠨ ᠳᠡᠰ ᠲᠤ ᠬᠦᠷᠦᠭᠰᠡᠨ ᠭᠠᠵᠠᠷ ᠣᠷᠣᠨ ᠢ ᠱᠠᠩᠨᠠᠨ ᠬᠥᠬᠢᠭᠦᠯᠦᠨ᠎ᠡ᠃ ᠡᠨᠧᠷᠭᠢ ᠠᠷᠪᠢᠯᠠᠬᠤ ᠴᠠᠬᠢᠯᠭᠠᠨ ᠤ ᠦᠨ᠎ᠡ ᠶᠢᠨ ᠲᠠᠯ᠎ᠠ ᠳᠠᠬᠢ ᠨᠠᠩ ᠡᠷᠴᠢᠮᠲᠡᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠥᠷᠥᠯ ᠤᠨ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠪᠠ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ 10 ᠺᠢᠯᠤᠸᠤᠯᠲ ᠵᠢᠴᠢ ᠲᠡᠭᠦᠨ ᠠᠴᠠ ᠳᠡᠭᠡᠭᠰᠢᠬᠢ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠥᠷᠥᠯ ᠤᠨ ᠬᠡᠷᠡᠭᠯᠡᠭᠴᠢᠳ ᠪᠦᠬᠦᠨ ᠢ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠲᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠥᠷᠥᠯ ᠤᠨ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠤᠨ ᠠᠷᠠᠯᠵᠢᠶᠠᠯᠠᠬᠤ ᠴᠠᠬᠢᠯᠭᠠᠨ ᠤ ᠦᠨ᠎ᠡ ᠶᠢ ᠳᠡᠭᠡᠭᠰᠢᠯᠡᠭᠦᠯᠬᠦ ᠶᠢ ᠬᠢᠵᠠᠭᠠᠷᠯᠠᠬᠤ ᠦᠭᠡᠢ᠃ ᠵᠥᠷᠢᠶᠡᠲᠦ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠡᠮᠬᠢᠯᠡᠨ ᠨᠡᠶᠢᠯᠡᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠥᠷᠥᠯ ᠤᠨ ᠱᠠᠲᠤᠯᠢᠭ ᠴᠠᠬᠢᠯᠭᠠᠨ ᠤ ᠦᠨ᠎ᠡ ᠶᠢᠨ ᠨᠢᠭᠡᠳᠦᠯᠲᠡᠢ ᠳᠦᠷᠢᠮ ᠢ ᠪᠠᠶᠢᠭᠤᠯᠤᠨ᠂ ᠡᠨᠧᠷᠭᠢ ᠶᠢᠨ ᠠᠰᠢᠭᠯᠠᠮᠵᠢ ᠨᠢ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠳᠤ ᠬᠦᠷᠦᠭᠰᠡᠨ ᠤᠤᠯ ᠤᠨ ᠪᠠᠶᠢᠭ᠎ᠠ ᠠᠵᠤ ᠠᠬᠤᠶᠢᠯᠠᠯ ᠪᠠ ᠡᠨᠧᠷᠭᠢ ᠶᠢᠨ ᠠᠰᠢᠭᠯᠠᠮᠵᠢ ᠨᠢ ᠬᠡᠪ ᠳᠠᠭᠤᠷᠢᠶᠠᠯ ᠤᠨ ᠬᠢᠷᠢ ᠬᠡᠮᠵᠢᠶ᠎ᠡ ᠳᠤ ᠬᠦᠷᠦᠭᠰᠡᠨ ᠪᠠᠶᠢᠭᠤᠯᠵᠤ ᠪᠠᠶᠢᠭ᠎ᠠ᠂ ᠪᠠᠶᠢᠭᠤᠯᠬᠤ ᠪᠠᠷ ᠪᠠᠶᠢᠭ᠎ᠠ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠦᠨ᠎ᠡ ᠶᠢ ᠨᠡᠮᠡᠬᠦ ᠦᠭᠡᠢ᠂ ᠡᠨᠧᠷᠭᠢ ᠶᠢᠨ ᠠᠰᠢᠭᠯᠠᠮᠵᠢ ᠨᠢ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠳᠤ ᠬᠦᠷᠦᠭᠰᠡᠨ ᠦᠭᠡᠢ ᠠᠵᠤ ᠠᠬᠤᠶᠢᠯᠠᠯ ᠳᠤ ᠡᠨᠧᠷᠭᠢ ᠶᠢᠨ ᠠᠰᠢᠭᠯᠠᠮᠵᠢ ᠶᠢᠨ ᠬᠢᠷᠢ ᠬᠡᠮᠵᠢᠶ᠎ᠡ ᠶᠢᠨ ᠵᠥᠷᠢᠶ᠎ᠡ ᠶᠢ ᠦᠨᠳᠦᠰᠦᠯᠡᠨ ᠱᠠᠲᠤᠯᠢᠭ ᠴᠠᠬᠢᠯᠭᠠᠨ ᠤ ᠦᠨ᠎ᠡ ᠶᠢ ᠬᠡᠷᠡᠭᠵᠢᠭᠦᠯᠦᠨ᠎ᠡ ﹔ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠦᠷᠦᠯ ᠤᠨ ᠬᠢᠵᠠᠭᠠᠷᠯᠠᠬᠤ ᠲᠦᠷᠦᠯ ᠤᠨ ᠦᠢᠯᠡᠳᠪᠦᠷᠢᠯᠡᠬᠦ ᠴᠢᠳᠠᠪᠤᠷᠢ ︵ᠲᠣᠨᠣᠭᠯᠠᠯ︶ ᠳᠤ ᠦᠷᠭᠦᠯᠵᠢᠯᠡᠨ ᠰᠢᠢᠳᠬᠡᠯ ᠤᠨ ᠴᠢᠨᠠᠷᠲᠠᠢ ᠠᠷᠠᠯᠵᠢᠶᠠᠨ ᠤ ᠴᠠᠬᠢᠯᠭᠠᠨ ᠤ ᠦᠨ᠎ᠡ ᠶᠢ ᠬᠡᠷᠡᠭᠵᠢᠭᠦᠯᠦᠨ᠎ᠡ᠃ ᠦᠨ᠎ᠡ ᠨᠡᠮᠡᠭᠰᠡᠨ ᠴᠠᠬᠢᠯᠭᠠᠨ ᠤ ᠰᠦᠢᠳᠬᠡᠯ ᠢ ᠠᠵᠤ ᠠᠬᠤᠶᠢᠯᠠᠯ ᠤᠨ ᠡᠨᠧᠷᠭᠢ ᠠᠷᠪᠢᠯᠠᠨ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠬᠦ ᠳᠤ ᠲᠤᠰᠬᠠᠢ ᠬᠡᠷᠡᠭᠯᠡᠨ᠎ᠡ᠃ ᠨᠣᠭᠤᠭᠠᠨ ᠮᠥᠩᠭᠦᠨ ᠭᠦᠢᠯᠭᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ ᠨᠣᠭᠤᠭᠠᠨ ᠢᠲᠡᠭᠡᠮᠵᠢᠲᠦ ᠵᠢᠭᠡᠯᠡᠯᠭᠡ ᠶᠢ ᠶᠡᠭᠡ ᠪᠠᠷ ᠬᠥᠭᠵᠢᠭᠦᠯᠦᠨ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠪᠠᠨ ᠳᠡᠮᠵᠢᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠳᠡᠮᠵᠢᠬᠦ ᠪᠠᠭᠠᠵᠢ ᠪᠠ ᠨᠡᠭᠦᠷᠡᠰᠦ ᠶᠢ ᠴᠡᠪᠡᠷᠰᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠳᠡᠮᠵᠢᠬᠦ ᠲᠤᠰᠬᠠᠢ ᠵᠦᠢᠯ ᠤᠨ ᠳᠠᠬᠢᠨ ᠵᠢᠭᠡᠯᠡᠯᠭᠡ ᠶᠢ ᠰᠠᠶᠢᠲᠤᠷ ᠬᠡᠷᠡᠭᠯᠡᠨ᠎ᠡ᠃ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠨᠣᠭᠤᠭᠠᠨ ᠵᠢᠭᠡᠯᠡᠯᠭᠡ ᠳᠤ ᠡᠳ᠋ ᠤᠨ ᠵᠠᠰᠠᠭ ᠤᠨ ᠳᠠᠮ ᠬᠦᠦ ᠥᠭᠬᠦ᠂ ᠱᠠᠩᠨᠠᠵᠤ ᠨᠥᠬᠦᠪᠦᠷᠢᠯᠡᠬᠦ᠂ ᠲᠦᠭᠰᠢᠭᠦᠷᠢ ᠶᠢᠨ ᠨᠥᠬᠦᠪᠦᠷᠢ ᠥᠭᠬᠦ᠂ ᠢᠲᠡᠭᠡᠮᠵᠢ ᠶᠢᠨ ᠳᠠᠭᠠᠭᠠᠯᠲᠠ ᠬᠢᠬᠦ ᠵᠡᠷᠭᠡ ᠲᠥᠬᠦᠷ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠪᠠᠶᠢᠭᠤᠯᠤᠭᠤᠯᠤᠨ᠎ᠠ᠃ ᠨᠣᠭᠤᠭᠠᠨ ᠵᠢᠭᠡᠯᠡᠯᠭᠡ ᠶᠢᠨ ᠲᠡᠮᠳᠡᠭᠲᠦ ᠶᠢᠨ ᠬᠥᠭᠵᠢᠯᠲᠡ ᠶᠢ ᠲᠦᠷᠭᠡᠳᠬᠡᠵᠦ᠂ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠨᠣᠭᠤᠭᠠᠨ ᠺᠣᠮᠫᠠᠨᠢ ᠶᠢᠨ ᠵᠢᠭᠡᠯᠡᠯᠭᠡ ᠶᠢᠨ ᠲᠡᠮᠳᠡᠭ ᠲᠠᠷᠬᠠᠭᠠᠬᠤ ᠶᠢ ᠨᠢ ᠳᠡᠮᠵᠢᠨ᠎ᠡ᠃ ᠨᠥᠬᠦᠴᠡᠯ ᠳᠤ ᠨᠡᠶᠢᠴᠡᠵᠦ ᠪᠠᠶᠢᠭ᠎ᠠ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠭᠰᠠᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠪᠠ ᠲᠠᠬᠢᠨ ᠪᠡᠯᠡ ᠲᠣᠬᠢᠷᠠᠭᠤᠯᠭ᠎ᠠ ᠬᠢᠬᠦ ᠶᠢ ᠲᠡᠮᠵᠢᠨ᠎ᠠ᠃ ᠣᠷᠴᠢᠨ ᠲᠣᠭᠤᠷᠢᠨ ᠨᠢ ᠲᠦᠭᠰᠢᠭᠦᠷᠢ ᠶᠡᠬᠡᠲᠡᠢ ᠬᠦᠷᠢᠶᠡᠨ ᠳᠠᠬᠢ ᠠᠵᠤ ᠠᠬᠤᠶᠢᠯᠠᠯ ᠤᠨ ᠣᠷᠴᠢᠨ ᠲᠣᠭᠤᠷᠢᠨ ᠤ ᠪᠣᠬᠢᠷᠳᠤᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠤᠯᠴᠠᠬᠤ ᠶᠢ ᠢᠳᠡᠪᠬᠢᠲᠡᠢ ᠠᠬᠢᠭᠤᠯᠤᠨ᠎ᠠ᠃ ᠣᠷᠴᠢᠨ ᠠᠬᠤᠢ ᠶᠢ ᠬᠠᠮᠠᠭᠠᠯᠠᠬᠤ᠂ ᠡᠨᠧᠷᠭᠢ ᠠᠷᠪᠢᠯᠠᠵᠤ ᠤᠰᠤ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠭᠠᠶᠢᠯᠢ ᠲᠠᠲᠠᠪᠤᠷᠢ ᠶᠢᠨ ᠬᠠᠷᠠᠭᠠᠯᠵᠠᠯᠲᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠭᠡᠷ ᠲᠠᠢ ᠬᠠᠮᠵᠢᠯᠴᠠᠨ ᠳᠡᠭᠳᠡᠮᠡᠬᠡᠢ ᠣᠷᠭᠠᠨᠢᠭ ᠪᠣᠳᠠᠰ ᠢ ᠬᠢᠨᠠᠨ ᠰᠢᠨᠵᠢᠬᠦ ᠮᠡᠷᠭᠡᠵᠢᠯ ᠪᠠ ᠭᠠᠳᠠᠭᠰᠢᠯᠠᠭᠤᠯᠬᠤ ᠬᠡᠮᠵᠢᠶ᠎ᠡ ᠶᠢ ᠪᠤᠳᠤᠬᠤ ᠠᠷᠭ᠎ᠠ ᠪᠠᠨ ᠲᠡᠭᠦᠯᠳᠡᠷᠵᠢᠭᠦᠯᠦᠨ᠎ᠡ᠃ ᠢᠯᠴᠢ ᠬᠠᠩᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠ ᠪᠠᠯᠭᠠᠰᠤᠨ ᠤ ᠢᠯᠴᠢ ᠬᠠᠩᠭᠠᠬᠤ ᠦᠨ᠎ᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠰᠦᠢᠳᠬᠡᠯ ᠲᠠᠲᠠᠪᠤᠷᠢᠯᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ᠂ ᠠᠰᠢᠭ ᠭᠥᠷᠳᠡᠭᠰᠡᠨ ᠲᠠᠷᠢᠶᠠᠴᠢᠨ ᠡᠷᠦᠬᠡ ᠶᠢᠨ ᠪᠣᠬᠢᠷ ᠤᠰᠤ ᠰᠢᠢᠳᠪᠦᠷᠢᠯᠡᠬᠦ ᠳᠤ ᠰᠦᠢᠳᠬᠡᠯ ᠲᠤᠰᠢᠶᠠᠯᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠵᠢᠷᠭᠤᠭ᠎ᠠ︶ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠢᠨ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ ᠤ ᠡᠨᠧᠷᠭᠢ ᠠᠷᠪᠢᠯᠠᠬᠤ ᠬᠡᠮᠵᠢᠶᠡᠨ ᠤ ᠭᠦᠢᠴᠡᠳᠬᠡᠯ ᠲᠤᠭ᠎ᠠ ᠶᠢ ᠲᠥᠯᠥᠪᠦᠷᠢ ᠲᠠᠢ ᠪᠠᠷ ᠬᠤᠷᠢᠶᠠᠨ ᠬᠠᠳᠠᠭᠠᠯᠠᠬᠤ ᠲᠣᠭᠲᠠᠴᠠ ᠪᠠᠶᠢᠭᠤᠯᠬᠤ ᠶᠢ ᠵᠣᠷᠢᠭᠵᠢᠭᠤᠯᠵᠤ᠂ ᠡᠨᠧᠷᠭᠢ ᠶᠢᠨ ᠬᠤᠷᠣᠭᠳᠠᠯ ᠢ ᠪᠠᠭᠠᠰᠬᠠᠬᠤ ᠬᠡᠮᠵᠢᠶᠡᠨ ᠤ ᠭᠦᠢᠴᠡᠳᠬᠡᠯ ᠲᠤᠭ᠎ᠠ ᠶᠢ ᠨᠢ ᠣᠷᠣᠨ ᠪᠦᠰᠡ ᠪᠠᠷ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠎ᠠ᠃ ᠡᠨᠧᠷᠭᠢ ᠠᠷᠪᠢᠯᠠᠬᠤ ᠬᠡᠮᠵᠢᠶᠡᠨ ᠤ ᠭᠦᠢᠴᠡᠳᠬᠡᠯ ᠲᠤᠭ᠎ᠠ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠰᠦᠪᠡᠭᠴᠢᠯᠡᠨ ᠥᠷᠨᠢᠭᠦᠯᠵᠦ᠂ ︽ᠡᠨᠧᠷᠭᠢ ᠬᠡᠷᠡᠭᠯᠡᠭᠴᠢ ᠵᠠᠷᠤᠳᠠᠯ ᠲᠤᠰᠢᠶᠠᠵᠤ᠂ ᠡᠨᠧᠷᠭᠢ ᠠᠷᠪᠢᠯᠠᠭᠴᠢ ᠠᠰᠢᠭ ᠬᠦᠷᠳᠡᠬᠦ︾ ᠡᠨᠧᠷᠭᠢ ᠬᠡᠷᠡᠭᠯᠡᠬᠦ ᠥᠪᠡᠷ ᠤᠨ ᠦᠷᠳᠡᠭ ᠤᠨ ᠠᠰᠢᠭ ᠣᠷᠣᠯᠭ᠎ᠠ ᠶᠢᠨ ᠲᠣᠭᠲᠠᠴᠠ ᠶᠢ ᠠᠯᠬᠤᠮ ᠠᠯᠬᠤᠮ ᠢᠶᠠᠷ ᠪᠤᠢ ᠪᠣᠯᠭᠠᠵᠤ᠂ ᠡᠨᠧᠷᠭᠢ ᠶᠢᠨ ᠬᠦᠴᠦᠨ ᠵᠦᠢᠯ ᠢ ᠴᠢᠨᠠᠷ ᠰᠠᠶᠢᠲᠠᠢ ᠲᠦᠷᠦᠯ ᠵᠦᠢᠯ᠂ ᠠᠵᠤ ᠠᠬᠤᠶᠢᠯᠠᠯ᠂ ᠠᠵᠤ ᠦᠢᠯᠡᠰ ᠵᠢᠴᠢ ᠠᠵᠤ ᠠᠬᠤᠢ ᠶᠢᠨ ᠬᠥᠭᠵᠢᠯᠲᠡ ᠶᠢᠨ ᠨᠥᠬᠦᠴᠡᠯ ᠢᠶᠠᠷ ᠰᠠᠶᠢᠨ ᠭᠠᠵᠠᠷ ᠣᠷᠣᠨ ᠲᠡᠶᠢᠰᠢ ᠰᠢᠯᠵᠢᠭᠦᠯᠬᠦ ᠪᠠ ᠲᠥᠪᠯᠡᠷᠡᠭᠦᠯᠬᠦ ᠶᠢ ᠠᠬᠢᠭᠤᠯᠤᠨ᠎ᠠ᠃ ᠪᠥᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠷᠠᠯᠵᠢᠶ᠎ᠠ ᠶᠢᠨ ᠵᠠᠬ᠎ᠠ ᠳᠡᠯᠭᠡᠭᠦᠷ ᠲᠠᠢ ᠢᠳᠡᠪᠬᠢᠲᠡᠢ ᠪᠠᠷ ᠵᠠᠯᠭᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠠᠬ᠎ᠠ ᠳᠡᠯᠭᠡᠭᠦᠷ ᠢ ᠪᠤᠶᠢᠵᠢᠭᠤᠯᠤᠨ ᠬᠥᠭᠵᠢᠭᠦᠯᠦᠨ᠎ᠡ᠃ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠤᠶᠢᠵᠢᠭᠤᠯᠤᠨ ᠬᠥᠭᠵᠢᠭᠦᠯᠵᠦ᠂ ᠨᠥᠬᠦᠴᠡᠯ ᠲᠠᠢ ᠭᠠᠵᠠᠷ ᠣᠷᠣᠨ ᠤ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠲᠤᠷᠰᠢᠯᠲᠠ ᠶᠢᠨ ᠴᠡᠭ ᠤᠨ ᠬᠡᠪᠴᠢᠶ᠎ᠡ ᠪᠠᠨ ᠥᠷᠭᠡᠳᠬᠡᠬᠦ ᠶᠢ ᠨᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠴᠠᠬᠢᠯᠭᠠᠨ ᠬᠦᠴᠦᠨ ᠤ ᠦᠨᠡᠮᠯᠡᠯ ᠤᠨ ᠠᠷᠠᠯᠵᠢᠶ᠎ᠠ ᠶᠢ ᠳᠡᠯᠭᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠷᠢᠭᠵᠢᠭᠤᠯᠵᠤ ᠪᠠᠶᠢᠭᠠᠳ ᠪᠣᠬᠢᠷᠳᠤᠯ ᠦᠭᠡᠢ ᠴᠠᠬᠢᠯᠭᠠᠨ ᠬᠦᠴᠦᠨ ᠤ ᠦᠨᠡᠮᠯᠡᠯ ᠤᠨ ᠠᠷᠠᠯᠵᠢᠶ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠢ ᠠᠰᠢᠭᠯᠠᠭᠤᠯᠵᠤ ᠰᠢᠩᠭᠡᠯᠭᠡᠨ᠎ᠡ᠃ ᠡᠨᠧᠷᠭᠢ ᠶᠢ ᠲᠥᠯᠥᠪᠦᠷᠢ ᠲᠠᠢ ᠪᠠᠷ ᠨᠠᠶᠢᠳᠠᠵᠤ ᠬᠠᠮᠢᠶᠠᠷᠤᠭᠤᠯᠬᠤ ᠵᠡᠷᠭᠡ ᠡᠨᠧᠷᠭᠢ ᠶᠢᠨ ᠭᠡᠷᠡᠲᠦ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠡᠨᠧᠷᠭᠢ ᠠᠷᠪᠢᠯᠠᠬᠤ ᠵᠥᠪᠯᠡᠯᠭᠡ ᠥᠭᠬᠦ᠂ ᠣᠨᠣᠰᠢᠯᠠᠬᠤ᠂ ᠵᠢᠷᠤᠵᠤ ᠲᠥᠯᠥᠪᠯᠡᠬᠦ᠂ ᠪᠡᠯᠡ ᠲᠣᠬᠢᠷᠠᠭᠤᠯᠬᠤ᠂ ᠥᠭᠡᠷᠡᠴᠢᠯᠡᠨ ᠰᠢᠨᠡᠳᠬᠡᠬᠦ᠂ ᠨᠠᠶᠢᠳᠠᠵᠤ ᠬᠠᠮᠢᠶᠠᠷᠤᠭᠤᠯᠬᠤ ᠵᠡᠷᠭᠡ ︽ᠲᠥᠪᠯᠡᠷᠡᠩᠭᠦᠢ︾ ᠶᠡᠷᠦᠩᠬᠡᠶᠢᠯᠡᠭᠰᠡᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠢ ᠪᠠᠷ ᠳᠡᠯᠭᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠬᠢᠯ ᠬᠡᠮᠵᠢᠭᠳᠡᠯ ᠢ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠦᠢᠯᠡᠳᠦᠯ ᠢ ᠪᠠᠳᠠᠷᠠᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢᠨ ᠭᠤᠷᠪᠠᠳᠠᠭᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠢ ᠠᠬᠢᠭᠤᠯᠵᠤ᠂ ᠡᠯ᠎ᠡ ᠲᠥᠷᠥᠯ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠬᠠᠮᠢᠶᠠᠷᠤᠯᠲᠠ᠂ ᠣᠷᠴᠢᠨ ᠲᠣᠭᠤᠷᠢᠨ ᠤ ᠵᠠᠰᠠᠯᠲᠠ ᠬᠢᠭᠡᠳ ᠦᠢᠯᠡᠴᠢᠯᠡᠭᠡᠨ᠂ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ᠬᠡᠷᠡᠭᠵᠢᠭᠦᠯᠦᠯᠲᠡ ᠳᠤ ᠣᠷᠣᠯᠴᠠᠭᠤᠯᠤᠨ᠎ᠠ᠃ ᠡᠨᠧᠷᠭᠢ ᠶᠢᠨ ᠢᠯᠡᠳᠬᠡᠮᠵᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠣᠬᠢᠷᠳᠤᠯ ᠦᠭᠡᠢ ᠪᠦᠲᠦᠭᠡᠭᠳᠡᠬᠦᠨ ᠤ ᠭᠡᠷᠡᠴᠢ ᠣᠯᠭᠤᠬᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠲᠠᠢ ᠪᠥᠭᠡᠳ ᠣᠷᠴᠢᠨ ᠲᠣᠭᠤᠷᠢᠨ ᠢ ᠬᠠᠮᠠᠭᠠᠯᠠᠬᠤ ᠪᠦᠲᠦᠭᠡᠭᠳᠡᠬᠦᠨ ᠤ ᠭᠡᠷᠡᠴᠢ ᠣᠯᠭᠤᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠳᠣᠯᠤᠭ᠎ᠠ︶ ᠪᠦᠷᠢᠳᠬᠡᠵᠦ ᠬᠢᠨᠠᠨ ᠰᠢᠨᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠢ ᠶᠢᠨ ᠡᠨᠧᠷᠭᠢ ᠶᠢᠨ ᠠᠰᠢᠭᠯᠠᠯᠲᠠ ᠶᠢᠨ ᠪᠠᠶᠢᠳᠠᠯ ᠢ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠢ ᠶᠢᠨ ᠡᠨᠧᠷᠭᠢ ᠶᠢᠨ ᠬᠤᠷᠣᠭᠳᠠᠯ ᠢ ᠰᠦᠯᠵᠢᠶ᠎ᠡ ᠪᠠᠷ ᠬᠢᠨᠠᠨ ᠰᠢᠨᠵᠢᠬᠦ ᠰᠢᠰᠲ᠋ᠧᠮ ᠤᠨ ᠪᠠᠶᠢᠭᠤᠯᠤᠯᠲᠠ ᠪᠠ ᠬᠡᠷᠡᠭᠯᠡᠯᠲᠡ ᠶᠢ ᠴᠢᠩᠭᠠᠳᠬᠠᠨ᠂ ᠡᠨᠧᠷᠭᠢ ᠶᠢᠨ ᠬᠡᠷᠡᠭᠯᠡᠭᠡ ᠶᠢ ᠬᠢᠨᠠᠨ ᠰᠢᠨᠵᠢᠵᠦ ᠵᠠᠳᠠᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠨᠧᠷᠭᠢ ᠶᠢᠨ ᠬᠡᠮᠵᠢᠯᠲᠡ ᠶᠢᠨ ᠪᠠᠭᠠᠵᠢ ᠬᠡᠷᠡᠭᠰᠡᠯ ᠢᠶᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠡᠨᠧᠷᠭᠢ ᠶᠢᠨ ᠬᠡᠮᠵᠢᠯᠲᠡ ᠶᠢᠨ ᠮᠡᠷᠭᠡᠵᠢᠯ ᠤᠨ ᠵᠢᠷᠤᠮᠵᠢᠯ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠂ ᠡᠨᠧᠷᠭᠢ ᠬᠡᠷᠡᠭᠯᠡᠬᠦ ᠨᠢᠭᠡᠴᠢ ᠶᠢᠨ ᠬᠡᠮᠵᠢᠯᠲᠡ ᠶᠢᠨ ᠭᠤᠣᠯ ᠴᠣᠭᠴᠠ ᠪᠣᠯᠬᠤ ᠬᠠᠷᠢᠭᠤᠴᠠᠯᠭ᠎ᠠ ᠶᠢ ᠨᠢ ᠴᠢᠩᠭᠠᠷᠠᠭᠤᠯᠵᠤ᠂ ᠪᠦᠷᠢᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠨᠧᠷᠭᠢ ᠶᠢᠨ ᠲᠦᠷᠦᠯ ᠵᠦᠢᠯ ᠢ ᠲᠦᠷᠦᠯ ᠬᠤᠪᠢᠶᠠᠨ ᠪᠦᠷᠢᠳᠬᠡᠬᠦ ᠠᠵᠢᠯ ᠢ ᠲᠡᠭᠦᠯᠳᠡᠷᠵᠢᠭᠦᠯᠦᠨ ᠨᠠᠷᠢᠯᠢᠭᠵᠢᠭᠤᠯᠵᠤ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭᠠᠨ  ᠳᠠᠬᠢ ᠡᠨᠧᠷᠭᠢ ᠶᠢᠨ ᠬᠡᠷᠡᠭᠯᠡᠭᠡ ᠶᠢ ᠪᠦᠷᠢᠳᠬᠡᠬᠦ ᠭᠦᠢᠴᠡᠳᠬᠡᠯ ᠲᠤᠭ᠎ᠠ ᠪᠠ ᠠᠷᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠡᠨᠧᠷᠭᠢ ᠶᠢᠨ ᠪᠦᠷᠢᠳᠬᠡᠯ ᠤᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠵᠢᠷᠤᠮᠵᠢᠭᠤᠯᠵᠤ᠂ ᠪᠦᠷᠢᠳᠬᠡᠭᠰᠡᠨ ᠲᠤᠭ᠎ᠠ ᠪᠠᠷᠢᠮᠲᠠ ᠶᠢᠨ ᠪᠦᠬᠦ ᠲᠠᠯ᠎ᠠ ᠶᠢᠨ᠂ ᠦᠨᠡᠨ ᠪᠣᠳᠠᠲᠠᠢ ᠪᠥᠭᠡᠳ ᠪᠤᠰᠤᠳᠴᠢ ᠪᠠᠶᠢᠬᠤ ᠶᠢ ᠪᠠᠲᠤᠯᠠᠨ᠎ᠠ᠃ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠲᠠᠢ ᠨᠢᠭᠡᠴᠢ ᠶᠢ ᠬᠠᠮᠤᠷᠤᠭᠰᠠᠨ ᠲᠣᠭᠲᠠᠮᠠᠯ ᠪᠣᠬᠢᠷᠳᠤᠯ ᠤᠨ ᠡᠬᠢ ᠶᠢ ᠬᠢᠨᠠᠨ ᠬᠡᠮᠵᠢᠬᠦ ᠲᠣᠭᠲᠠᠯᠴᠠᠭ᠎ᠠ ᠶᠢ ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠤᠨ ᠡᠬᠢ ᠶᠢ ᠬᠢᠨᠠᠨ ᠬᠡᠮᠵᠢᠬᠦ ᠪᠠᠨ ᠴᠢᠩᠭᠠᠳᠬᠠᠨ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠳᠤ ᠬᠤᠯᠪᠣᠭᠳᠠᠬᠤ ᠭᠤᠣᠯᠳᠠᠯᠭ᠎ᠠ ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠢ ᠳᠤ ᠰᠦᠯᠵᠢᠶ᠎ᠡ ᠪᠠᠷ ᠬᠢᠨᠠᠨ ᠡᠵᠡᠮᠳᠡᠵᠦ ᠬᠢᠨᠠᠨ ᠬᠡᠮᠵᠢᠬᠦ ᠪᠡᠯᠡᠳᠬᠡᠮᠵᠢ ᠤᠭᠰᠠᠷᠠᠬᠤ ᠶᠢ ᠠᠬᠢᠭᠤᠯᠤᠨ᠎ᠠ᠃ ᠲᠤᠭ᠎ᠠ ᠪᠦᠷᠢᠳᠬᠡᠯ ᠤᠨ ᠠᠵᠢᠯ ᠤᠨ ᠦᠨᠳᠦᠰᠦᠨ ᠱᠠᠲᠤᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠠᠨ ᠴᠢᠩᠭᠠᠷᠠᠭᠤᠯᠤᠨ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠬᠤ ᠶᠢ ᠰᠡᠷᠭᠡᠶᠢᠯᠡᠵᠦ᠂ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠨᠠᠢᠮᠠ︶ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠲᠠᠯ᠎ᠠ ᠶᠢᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ ᠡᠨᠧᠷᠭᠢ ᠠᠷᠪᠢᠯᠠᠬᠤ ᠠᠵᠢᠯ ᠢ ᠬᠢᠨᠠᠨ ᠪᠠᠶᠢᠴᠠᠭᠠᠬᠤ ᠡᠩᠨᠡᠭᠡ ᠪᠠ ᠦᠨᠳᠦᠰᠦᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠭᠤᠷᠪᠠᠨ ᠱᠠᠲᠤᠨ ᠤ ᠡᠨᠧᠷᠭᠢ ᠠᠷᠪᠢᠯᠠᠬᠤ ᠠᠵᠢᠯ ᠢ ᠬᠢᠨᠠᠨ ᠪᠠᠶᠢᠴᠠᠭᠠᠬᠤ ᠲᠣᠭᠲᠠᠯᠴᠠᠭ᠎ᠠ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠨᠧᠷᠭᠢ ᠠᠷᠪᠢᠯᠠᠬᠤ ᠠᠵᠢᠯ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠲᠡᠭᠦᠯᠳᠡᠷ ᠪᠤᠰᠤ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠡᠨᠧᠷᠭᠢ ᠠᠷᠪᠢᠯᠠᠬᠤ ᠠᠵᠢᠯ ᠢ ᠬᠢᠨᠠᠨ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ ᠡᠨᠧᠷᠭᠢ ᠠᠷᠪᠢᠯᠠᠬᠤ ᠠᠵᠢᠯ ᠢ ᠬᠢᠨᠠᠨ ᠪᠠᠶᠢᠴᠠᠭᠠᠬᠤ ᠵᠣᠬᠢᠴᠠᠩᠭᠤᠢ ᠠᠵᠢᠯᠲᠠᠨ ᠪᠠ ᠲᠥᠬᠦᠭᠡᠷᠦᠮᠵᠢ ᠶᠢ ᠲᠣᠬᠢᠷᠠᠭᠤᠯᠤᠨ᠎ᠠ᠃ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠢ ᠨᠦᠭᠦᠳ ᠱᠠᠭᠠᠷᠳᠠᠯᠭ᠎ᠠ ᠶᠣᠰᠣᠭᠠᠷ ᠡᠨᠧᠷᠭᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠪᠠ ᠬᠠᠷᠢᠭᠤᠴᠠᠯᠭᠠᠲᠠᠨ ᠢ ᠪᠠᠶᠢᠷᠢᠯᠠᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤ ᠵᠢᠴᠢ ᠰᠤᠮᠤ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠢ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠠᠵᠢᠯᠲᠠᠨ ᠢ ᠲᠣᠬᠢᠷᠠᠭᠤᠯᠤᠨ᠎ᠠ᠃ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠠᠵᠤ ᠠᠬᠤᠶᠢᠯᠠᠯ ᠵᠡᠷᠭᠡ ᠶᠢᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯᠲᠠᠨ ᠳᠤ ᠪᠣᠯᠪᠠᠰᠤᠷᠠᠯ ᠬᠦᠷᠲᠡᠭᠡᠬᠦ ᠡᠷᠴᠢᠮ ᠢᠶᠠᠨ ᠴᠢᠩᠭᠠᠷᠠᠭᠤᠯᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠤᠷᠤᠯᠳᠤᠭᠠᠨ ᠮᠥᠷᠦ᠋ᠢᠴᠡᠭᠡᠨ᠂ ᠲᠤᠷᠰᠢᠯᠭ᠎ᠠ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ  ᠨᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠶᠢᠰᠦ︶ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠲᠡᠷᠢᠭᠦᠨ ᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ ᠰᠢᠨ᠎ᠡ ᠬᠡᠯᠪᠡᠷᠢ ᠶᠢᠨ ᠡᠨᠧᠷᠭᠢ ᠬᠢᠭᠡᠳ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ᠂ ᠨᠡᠭᠦᠷᠡᠰᠦᠲᠥ᠋ᠷᠥᠭᠴᠢ ᠶᠢ ᠴᠤᠭᠯᠠᠭᠤᠯᠤᠨ ᠠᠰᠢᠭᠯᠠᠬᠤ ᠬᠢᠭᠡᠳ ᠪᠢᠲᠡᠭᠦᠮᠵᠢᠯᠡᠨ ᠬᠠᠳᠠᠭᠠᠯᠠᠬᠤ ︵CCUS︶ ᠮᠡᠷᠭᠡᠵᠢᠯ ᠢ ᠰᠤᠳᠤᠯᠤᠨ ᠨᠡᠭᠡᠭᠡᠬᠦ ᠪᠠᠨ ᠴᠢᠩᠭᠠᠳᠬᠠᠵᠤ᠂ ᠨᠡᠭᠦᠷᠡᠰᠦᠲᠥ᠋ᠷᠥᠭᠴᠢ ᠪᠠᠭᠠᠲᠠᠢ ᠬᠡᠯᠪᠡᠷᠢ ᠲᠡᠶᠢᠰᠢ ᠬᠤᠪᠢᠷᠠᠭᠤᠯᠬᠤ ᠮᠡᠷᠭᠡᠵᠢᠯ ᠢ ᠲᠡᠮᠵᠢᠨ ᠬᠥᠭᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠬᠤᠷᠠᠮᠳᠤᠯ ᠢ ᠨᠡᠮᠡᠭᠳᠡᠭᠦᠯᠬᠦ ᠮᠡᠷᠭᠡᠵᠢᠯ ᠤᠨ ᠰᠤᠳᠤᠯᠭᠠᠨ ᠢ ᠴᠢᠩᠭᠠᠳᠬᠠᠵᠤ᠂ ᠴᠠᠬᠢᠯᠭᠠᠨ ᠤ ᠪᠤᠰᠤ ᠲᠠᠬᠢᠨ ᠡᠭᠦᠰᠴᠦ ᠪᠣᠯᠬᠤ ᠡᠨᠧᠷᠭᠢ ᠶᠢ ᠠᠰᠢᠭᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠶᠢ ᠬᠠᠶᠢᠨ ᠰᠦᠪᠡᠭᠴᠢᠯᠡᠨ᠎ᠡ᠃ ᠴᠠᠬᠢᠯᠭᠠᠨ ᠬᠦᠴᠦᠨ᠂ ᠪᠣᠯᠣᠳ ᠲᠡᠮᠦᠷ᠂ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ᠂ ᠪᠠᠷᠢᠯᠭ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠲᠣᠭᠤᠷᠢᠨ ᠳᠤ ᠦᠯᠡᠳᠡᠪᠦᠷᠢ ᠢᠯᠴᠢ ᠶᠢ ᠡᠭᠡᠭᠦᠯᠦᠨ ᠬᠤᠷᠢᠶᠠᠬᠤ᠂ ᠡᠨᠧᠷᠭᠢ ᠶᠢ ᠱᠠᠲᠤᠯᠠᠨ ᠠᠰᠢᠭᠯᠠᠬᠤ ᠵᠡᠷᠭᠡ ᠮᠡᠷᠭᠡᠵᠢᠯ ᠢ ᠨᠡᠭᠡᠭᠡᠨ ᠬᠥᠭᠵᠢᠭᠦᠯᠬᠦ ᠪᠠ ᠬᠡᠷᠡᠭᠯᠡᠬᠦ ᠶᠢ ᠠᠬᠢᠭᠤᠯᠤᠨ᠎ᠠ᠃ ᠨᠡᠭᠦᠷᠡᠰᠦ ᠴᠡᠪᠡᠷᠰᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠡᠭᠦᠷᠡᠰᠦ ᠰᠢᠲᠠᠭᠠᠬᠤ ᠲᠣᠭᠤᠭᠠᠲᠤ ᠵᠤᠤᠬ᠎ᠠ ᠶᠢᠨ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠶᠢ ᠶᠡᠷᠦᠩᠬᠡᠶᠢᠯᠡᠨ ᠳᠡᠭᠡᠭᠰᠢᠯᠡᠭᠦᠯᠬᠦ ᠪᠠ ᠴᠠᠬᠢᠯᠭᠠᠨ ᠮᠠᠰᠢᠨ ᠤ ᠰᠢᠰᠲ᠋ᠧᠮ ᠤᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠢ ᠥᠷᠨᠢᠭᠦᠯᠵᠦ᠂ ᠣᠶᠤᠨᠯᠢᠭ ᠡᠨᠧᠷᠭᠢ ᠶᠢᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ᠲᠠᠪᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ       ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠠᠶᠢᠮᠠᠭ ᠬᠤᠳᠠ᠂ ᠡᠯ᠎ᠡ ᠰᠠᠯᠠᠭ᠎ᠠ ᠮᠥᠴᠢᠷ ᠪᠠ ᠡᠯ᠎ᠡ ᠬᠤᠯᠪᠣᠭᠳᠠᠯ ᠪᠦᠬᠦᠢ ᠨᠢᠭᠡᠴᠢ ᠨᠢ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠲᠤᠬᠠᠢ ᠤᠯᠤᠰ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠬᠠᠷᠠᠯᠲᠠ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠣᠨ ᠤ ᠲᠥᠯᠥᠪᠯᠡᠭᠡ ᠶᠢ ᠲᠣᠭᠲᠠᠭᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠭᠤᠣᠯ ᠬᠠᠷᠢᠭᠤᠴᠠᠬᠤ ᠬᠥᠮᠥᠨ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠬᠤ ᠲᠤᠯᠠ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠷᠢᠯᠠᠭᠤᠯᠤᠨ ᠠᠬᠢᠭᠤᠯᠬᠤ ᠪᠠᠨ ᠦᠨᠡᠨ ᠬᠦ ᠴᠢᠩᠭᠠᠳᠬᠠᠵᠤ᠂ ᠲᠤᠰ ᠭᠠᠵᠠᠷ ᠣᠷᠣᠨ ᠤ ᠪᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠶᠢ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠠᠪᠤᠨ ᠵᠢᠯ ᠤᠨ ᠲᠥᠯᠦᠪᠵᠢᠭᠦᠯᠭᠡ ᠬᠢᠭᠡᠳ ᠣᠨ ᠤ ᠲᠥᠯᠥᠪᠯᠡᠭᠡ ᠯᠦᠭᠡ ᠭᠦᠢᠴᠡᠳ ᠵᠣᠯᠭᠠᠭᠤᠯᠵᠤ᠂ ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠭᠤᠣᠯᠳᠠᠯᠭ᠎ᠠ ᠲᠠᠢ ᠨᠢᠭᠡᠴᠢ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠳᠣᠷᠬᠠᠶᠢᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠰᠢᠯᠭᠠᠨ ᠬᠢᠨᠠᠵᠤ᠂ ᠬᠠᠷᠠᠯᠲᠠ ᠡᠭᠦᠷᠭᠡ ᠶᠢ ᠳᠥᠭᠦᠮᠬᠡᠨ ᠢᠶᠠᠷ ᠱᠠᠲᠤ ᠱᠠᠲᠤ ᠪᠠᠷ ᠢᠯᠭᠠᠨ ᠬᠤᠪᠢᠶᠠᠷᠢᠯᠠᠬᠤ ᠠᠴᠠ ᠰᠡᠷᠭᠡᠶᠢᠯᠡᠬᠦ ᠬᠡᠷᠡᠭᠲᠡᠢ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠᠲᠤ ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠨᠡᠩ ᠴᠢᠩᠭ᠎ᠠ ᠬᠠᠷᠠᠯᠲᠠᠲᠤ ᠬᠠᠮᠢᠶᠠᠷᠤᠯᠲᠠ ᠬᠡᠷᠡᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠵᠢᠯᠣᠭᠤᠳᠤᠯᠭ᠎ᠠ ᠪᠠᠨ ᠰᠠᠶᠢᠲᠤᠷ ᠬᠢᠵᠦ᠂ ᠡᠭᠦᠷᠭᠡ ᠪᠠᠨ ᠡᠮᠬᠢ ᠵᠢᠷᠤᠮ ᠲᠠᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠤᠨ᠂ ᠲᠦᠭᠰᠢᠭᠦᠷᠢ ᠶᠢ ᠴᠠᠭ ᠲᠤᠬᠠᠢ ᠳᠤ ᠨᠢ ᠰᠡᠷᠭᠡᠶᠢᠯᠡᠨ ᠠᠷᠢᠯᠭᠠᠵᠤ᠂ ᠴᠢᠬᠤᠯᠠ ᠶᠡᠭᠡ ᠪᠠᠶᠢᠳᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠬᠤᠶᠠᠷ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠᠲᠤ ᠬᠠᠷᠢᠭᠤᠴᠠᠯᠭ᠎ᠠ ᠶᠢᠨ ᠦᠨᠡᠯᠡᠯᠲᠡ ᠬᠢᠵᠦ ᠰᠢᠯᠭᠠᠨ ᠬᠢᠨᠠᠬᠤ ᠶᠢ ᠴᠢᠩᠳᠠᠯᠠᠵᠤ᠂ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠠᠵᠢᠯ ᠤᠨ ᠦᠷ᠎ᠡ ᠪᠦᠲᠦᠮᠵᠢ ᠪᠠᠷ ᠢᠯᠡᠳᠲᠡ ᠭᠠᠵᠠᠷ ᠣᠷᠣᠨ ᠢ ᠤᠷᠮᠠᠰᠢᠭᠤᠯᠬᠤ ᠪᠠᠨ ᠴᠢᠩᠭᠠᠳᠬᠠᠵᠤ᠂ ᠠᠵᠢᠯ ᠨᠢ ᠨᠠᠶᠢᠳᠠᠪᠤᠷᠢᠲᠠᠢ ᠪᠢᠰᠢ ᠭᠠᠵᠠᠷ ᠣᠷᠣᠨ ᠢ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠺᠠᠳ᠋ᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠵᠤ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢ ᠶᠡᠷᠦᠩᠬᠡᠶᠢᠯᠡᠨ ᠰᠢᠯᠭᠠᠵᠤ ᠬᠢᠨᠠᠨ ᠦᠨᠡᠯᠡᠯᠲᠡ ᠬᠢᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠢᠨᠠᠨ ᠰᠢᠯᠭᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠨᠡᠮᠡᠭᠳᠡᠭᠦᠯᠦᠭᠡᠳ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢᠨ ᠰᠢᠯᠭᠠᠨ ᠬᠢᠨᠠᠬᠤ ᠬᠤᠪᠢᠳᠠᠯ ᠢ ᠪᠠᠭᠤᠷᠠᠭᠤᠯᠵᠤ ᠂ ︽ᠬᠤᠶᠠᠷ ᠶᠡᠬᠡᠲᠡᠢ︾ ᠲᠦᠷᠦᠯ ᠵᠦᠢᠯ ᠢ ᠳᠣᠣᠷ᠎ᠠ ᠬᠢᠷᠢ ᠲᠦᠪᠰᠢᠨ ᠲᠠᠢ ᠪᠠᠷ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠠᠵᠢᠯ᠂ ᠡᠨᠧᠷᠭᠢ ᠡᠬᠢ ᠪᠠᠶᠠᠯᠢᠭ ᠤᠨ ᠲᠣᠬᠢᠷᠠᠭᠤᠯᠤᠯᠲᠠ ᠶᠢ ᠠᠬᠢᠭᠤᠯᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ︽ᠡᠯᠡᠢ ᠤᠯᠠᠷᠢᠯ ᠪᠠ ᠬᠥᠭᠵᠢᠶᠡᠨᠲᠦ ᠤᠯᠠᠷᠢᠯ︾᠂ ᠡᠨᠧᠷᠭᠢ ᠬᠡᠷᠡᠭᠯᠡᠬᠦ ᠶᠢᠨ ︽ᠤᠷᠬᠢᠯ ᠤᠯᠠᠷᠢᠯ ᠪᠠ ᠰᠣᠭᠤ ᠤᠯᠠᠷᠢᠯ︾ ᠵᠡᠷᠭᠡ ᠶᠢ ᠭᠦᠢᠴᠡᠳ ᠪᠣᠳᠣᠯᠬᠢᠯᠠᠨ᠂ ᠬᠠᠷᠠᠯᠲᠠ ᠪᠠᠨ ᠪᠡᠶᠡᠯᠡᠭᠦᠯᠬᠦ ᠠᠬᠢᠴᠠ᠂ ᠠᠵᠤ ᠠᠬᠤᠢ ᠶᠢᠨ ᠪᠠᠶᠢᠳᠠᠯ ᠵᠢᠴᠢ ᠦᠶᠡᠯᠡᠯ ᠠᠯᠤᠰᠯᠠᠭᠰᠠᠨ ᠬᠦᠴᠦᠨ ᠵᠦᠢᠯ ᠢ ᠨᠢᠭᠡᠳᠦᠯᠲᠡᠢ ᠲᠥᠯᠥᠪᠯᠡᠵᠦ᠂ ᠰᠢᠯᠭᠠᠨ ᠬᠢᠨᠠᠬᠤ ᠳᠠᠪᠲᠠᠮᠵᠢ ᠶᠢ ᠰᠢᠯᠢᠳᠡᠭᠵᠢᠭᠦᠯᠦᠨ᠎ᠡ᠃ ᠪᠣᠬᠢᠷᠳᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠨᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠵᠤ᠂ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠭᠤᠷᠪᠠ︶ ᠠᠷᠠᠳ ᠨᠡᠶᠢᠲᠡ ᠶᠢᠨ ᠠᠵᠢᠯᠯᠠᠭᠠᠨ ᠢ ᠥᠷᠨᠢᠭᠦᠯᠦᠨ᠎ᠡ᠃ ᠨᠡᠶᠢᠭᠡᠮ ᠳᠠᠶᠠᠭᠠᠷ ᠪᠣᠬᠢᠷᠳᠤᠯ ᠦᠭᠡᠢ ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭᠠᠨ ᠢ ᠥᠷᠨᠢᠭᠦᠯᠵᠦ᠂ ᠠᠷᠪᠢᠲᠠᠢ ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ᠂ ᠪᠣᠯᠪᠠᠰᠤᠨ ᠪᠥᠭᠡᠳ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠨ᠎ᠠ᠃ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ᠂ ᠨᠡᠭᠦᠷᠡᠰᠦᠲᠥ᠋ᠷᠥᠭᠴᠢ ᠪᠠᠭᠠᠲᠠᠢ ᠡᠳᠦᠷ᠂ ᠣᠷᠴᠢᠨ ᠠᠬᠤᠢ ᠶᠢᠨ ᠡᠳᠦᠷ ᠵᠡᠷᠭᠡ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠂ ᠡᠳᠦᠷ ᠲᠤᠳᠤᠮ ᠤᠨ ᠴᠢᠨᠠᠷᠲᠠᠢ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠨᠣᠭᠤᠭᠠᠨ ᠬᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠲᠡᠢ ᠪᠠᠷ ᠪᠤᠶᠢᠵᠢᠭᠤᠯᠵᠤ᠂ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡ᠂ ᠥᠨᠳᠥᠷ ᠠᠰᠢᠭᠯᠠᠮᠵᠢ ᠲᠠᠢ ᠭᠡᠷ ᠤᠨ ᠴᠠᠬᠢᠯᠭᠠᠨ ᠬᠡᠷᠡᠭᠰᠡᠯ᠂ ᠤᠰᠤ ᠠᠷᠪᠢᠯᠠᠬᠤ ᠬᠡᠯᠪᠡᠷᠢ ᠶᠢᠨ ᠪᠠᠭᠠᠵᠢ ᠬᠡᠷᠡᠭᠰᠡᠯ ᠵᠡᠷᠭᠡ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠳᠣᠣᠷ᠎ᠠ ᠦᠢᠯᠡᠳᠬᠦᠨ ᠬᠤᠳᠠᠯᠳᠤᠨ ᠠᠪᠤᠭᠤᠯᠵᠤ᠂ ᠨᠣᠭᠤᠭᠠᠨ ᠬᠡᠷᠡᠭᠯᠡᠭᠡᠨ ᠤ ᠣᠨᠣᠯᠵᠢᠬᠤᠨ ᠢ ᠬᠥᠲᠥᠯᠥᠨ ᠵᠢᠯᠣᠭᠤᠳᠤᠨ᠎ᠠ᠃ ᠪᠣᠬᠢᠷᠳᠤᠯ ᠦᠭᠡᠢ ᠪᠥᠭᠡᠳ ᠳᠣᠣᠷ᠎ᠠ ᠨᠡᠭᠦᠷᠡᠰᠦᠲᠥ᠋ᠷᠥᠭᠴᠢᠲᠦ ᠠᠶᠠᠯᠠᠯ ᠢ ᠶᠡᠭᠡ ᠪᠠᠷ ᠳᠡᠯᠭᠡᠷᠡᠭᠦᠯᠵᠦ᠂ ᠪᠣᠬᠢᠷᠳᠤᠯ ᠦᠭᠡᠢ ᠠᠮᠢᠳᠤᠷᠠᠯ ᠪᠠ ᠰᠡᠯᠡᠭᠦᠴᠡᠯ ᠤᠨ ᠵᠠᠭᠪᠤᠷ ᠢ ᠰᠠᠨᠠᠭᠠᠴᠢᠯᠠᠨ᠎ᠠ᠃ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠨ ᠤ ᠪᠦᠯᠬᠦᠮ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠵᠦ᠂ ᠤᠯᠠᠨ ᠨᠡᠶᠢᠲᠡ ᠶᠢᠨ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠤᠯᠴᠠᠬᠤ ᠶᠢ ᠨᠢ ᠵᠣᠷᠢᠭᠵᠢᠭᠤᠯᠤᠨ᠎ᠠ᠃ ᠡᠨᠧᠷᠭᠢ ᠠᠷᠪᠢᠯᠠᠬᠤ ᠶᠢ ᠰᠠᠶᠢᠨ ᠳᠤᠷ᠎ᠠ ᠠᠴᠠ ᠪᠠᠨ ᠠᠮᠠᠯᠠᠬᠤ ᠠᠵᠢᠯᠯᠠᠭ᠎ᠠ ᠶᠢ ᠥᠷᠨᠢᠭᠦᠯᠵᠦ᠂ ᠤᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠢᠭᠤᠴᠠᠯᠭ᠎ᠠ ᠶᠢ ᠨᠢ ᠭᠦᠢᠴᠡᠳᠬᠡᠯᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ᠳᠠᠭᠠᠯᠳᠤᠭᠤᠯᠤᠯ᠄       1. ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠯ᠎ᠡ ᠠᠶᠢᠮᠠᠭ ᠬᠤᠳᠠ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ︵ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠠᠯᠪᠠᠨ ᠰᠦᠯᠵᠢᠶ᠎ᠡ ᠠᠴᠠ ᠦᠵᠡᠭᠡᠷᠡᠢ︶      2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠭᠤᠣᠯ ᠪᠣᠯᠬᠤ ᠠᠵᠢᠯ ᠲᠥᠷᠥᠯ ᠤᠨ ᠡᠨᠧᠷᠭᠢ ᠠᠷᠪᠢᠯᠠᠬᠤ ᠭᠦᠢᠴᠡᠳᠬᠡᠯ ᠲᠤᠭ᠎ᠠ ︵ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠠᠯᠪᠠᠨ ᠰᠦᠯᠵᠢᠶ᠎ᠡ ᠠᠴᠠ ᠦᠵᠡᠭᠡᠷᠡᠢ︶
 
ᠢᠷᠡᠯᠲᠡ᠄ ᠥᠪᠦᠷ ᠮᠣᠩᠭᠤᠯ ᠤᠨ ᠠᠷᠠᠳ ᠤᠨ ᠵᠠᠰᠠᠭ ᠤᠨ ᠣᠷᠲᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号