ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 256 ᠳ᠋ᠤᠭᠠᠷ ᠲᠣᠭᠠᠲᠤ | ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ | ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠯ︾ ᠢ ᠨᠢᠭᠡᠨᠲᠡ 2022 ᠣᠨ ᠤ 9 ᠳ᠋ᠦ᠋ᠭᠡᠷ ᠰᠠᠷ᠎ᠠ ᠶᠢᠨ 7 ᠤ ᠡᠳᠦᠷ ᠥᠪᠡᠷᠲᠡᠭᠡᠨᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ 2022 ᠣᠨ ᠤ 26 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ | ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | 2022 ᠣᠨ ᠤ 10 ᠳ᠋ᠤᠭᠠᠷ ᠰᠠᠷ᠎ᠠ ᠶᠢᠨ 21 ᠤ ᠡᠳᠦᠷ | ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ | ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠯ | ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ᠂ ᠨᠡᠷ᠎ᠡ ᠬᠦᠨᠳᠦ ᠪᠠ ᠡᠷᠬᠡ ᠰᠦᠷ ᠢ ᠬᠠᠮᠠᠭᠠᠯᠠᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠨᠢ᠄ | ᠨᠢᠭᠡ᠂ ᠵᠠᠰᠠᠭ ᠤᠨ ᠣᠷᠳᠣᠨ ᠤ 3 ᠲᠣᠭᠲᠠᠭᠠᠯ ᠳᠦᠷᠢᠮ ᠤᠨ ᠬᠡᠰᠡᠭ ᠵᠦᠢᠯ ᠵᠤᠷᠪᠤᠰ ᠤᠳ ᠲᠤ ᠵᠠᠰᠠᠪᠤᠷᠢ | ᠣᠷᠣᠭᠤᠯᠤᠨ᠎ᠠ᠃ ︵ᠳᠠᠭᠠᠯᠳᠤᠭᠤᠯᠤᠯ 1︶ | ᠬᠤᠶᠠᠷ᠂ ᠵᠠᠰᠠᠭ ᠤᠨ ᠣᠷᠳᠣᠨ ᠤ 2 ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠨ᠎ᠠ᠃ ︵ | ᠳᠠᠭᠠᠯᠳᠤᠭᠤᠯᠤᠯ 2︶ | ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠣᠭᠲᠠᠭᠠᠯ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ | ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠶᠢᠨ ᠠᠷᠭ᠎ᠠ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠠᠷᠭ᠎ᠠ︾ ᠳᠤ ᠲᠤᠰ | ᠲᠣᠭᠲᠠᠭᠠᠯ ᠢ ᠦᠨᠳᠦᠰᠦᠯᠡᠨ ᠵᠣᠬᠢᠬᠤ ᠵᠠᠰᠠᠪᠤᠷᠢ ᠣᠷᠣᠭᠤᠯᠵᠤ᠂ ᠲᠠᠬᠢᠨ ᠨᠡᠶᠢᠲᠡᠯᠡᠨ᠎ᠡ᠃ | ᠳᠠᠭᠠᠯᠳᠤᠭᠤᠯᠤᠯ᠄ | 1᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ | ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ | 2᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ | ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ | ᠳᠠᠭᠠᠯᠳᠤᠭᠤᠯᠤᠯ 1 | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ | ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ | ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ | ᠠᠵᠢᠯ ᠤᠨ ᠲᠣᠭᠲᠠᠭᠠᠯ︾ ᠤᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ᠄ ︽ᠠᠶᠢᠮᠠᠭ ᠤᠨ ᠵᠠᠬᠢᠷᠭ᠎ᠠ᠂ | ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢ | ᠪᠠᠶᠢᠭᠤᠯᠤᠨ ᠪᠦᠷᠢᠨᠰᠢᠭᠦᠯᠵᠦ᠂ ᠲᠤᠰᠬᠠᠢ ᠲᠤᠰᠢᠶᠠᠯᠲᠤ ᠠᠵᠢᠯᠲᠠᠨ ᠲᠣᠬᠢᠷᠠᠭᠤᠯᠬᠤ ᠬᠡᠷᠡᠭᠲᠡᠢ︾ ᠭᠡᠵᠦ ᠵᠠᠰᠠᠪᠤᠷᠢ | ᠣᠷᠣᠭᠤᠯᠪᠠ᠃ | ᠶᠢᠰᠦᠳᠦᠭᠡᠷ ᠵᠦᠢᠯ ᠳᠤ᠄ ︽ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠬᠤ ᠳᠤ ᠬᠤᠯᠪᠣᠭᠳᠠᠯ ᠪᠦᠬᠦᠢ | ᠲᠠᠯ᠎ᠠ ᠶᠢᠨ ᠲᠤᠰᠬᠠᠢ ᠮᠡᠷᠭᠡᠵᠢᠯᠲᠡᠳ᠂ ᠡᠷᠳᠡᠮᠲᠡᠳ ᠢ ᠲᠠᠳᠠᠡ ᠣᠷᠣᠯᠴᠠᠭᠤᠯᠬᠤ ᠬᠡᠷᠡᠭᠲᠡᠢ᠃ ᠣᠷᠣᠨ ᠨᠤᠲᠤᠭ ᠤᠨ | ᠣᠶᠢᠯᠠᠯᠭ᠎ᠠ ᠶᠢ ᠨᠠᠶᠢᠷᠠᠭᠤᠯᠬᠤ ᠳᠤ ᠪᠠᠨ ᠲᠤᠰᠬᠠᠢ ᠲᠤᠰᠢᠶᠠᠯᠲᠠᠨ ᠢᠶᠠᠷ ᠭᠤᠣᠯᠯᠠᠭᠤᠯᠵᠤ᠂ ᠲᠤᠰᠬᠠᠢ ᠲᠤᠰᠢᠶᠠᠯ ᠤᠨ | ᠪᠠ ᠲᠤᠰᠢᠶᠠᠯ ᠬᠠᠪᠰᠤᠷᠭᠠᠭᠰᠠᠨ ᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠲᠤᠰᠬᠠᠢ ᠲᠤᠰᠢᠶᠠᠯ ᠤᠨ ᠪᠠ | ᠲᠤᠰᠢᠶᠠᠯ ᠬᠠᠪᠰᠤᠷᠭᠠᠭᠰᠠᠨ ᠨᠠᠶᠢᠷᠠᠭᠤᠯᠬᠤ ᠠᠵᠢᠯᠲᠠᠳ ᠵᠣᠬᠢᠬᠤ ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠶᠢᠬᠤ | ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃ | ᠠᠷᠪᠠᠨ ᠨᠢᠭᠡᠳᠦᠭᠡᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠣᠷᠣᠨ ᠨᠤᠲᠤᠭ ᠤᠨ | ᠣᠶᠢᠯᠠᠯᠭ᠎ᠠ ᠶᠢᠨ ᠠᠵᠢᠯ ᠤᠨ ᠲᠥᠯᠦᠪᠵᠢᠭᠦᠯᠭᠡ ᠪᠠ ᠨᠠᠶᠢᠷᠠᠭᠤᠯᠬᠤ ᠲᠥᠰᠥᠯ ᠢ ᠬᠠᠷᠢᠭᠤᠴᠠᠨ ᠲᠤᠭᠤᠷᠪᠢᠨ | ᠲᠣᠭᠲᠠᠭᠠᠬᠤ ᠬᠡᠷᠡᠭᠲᠡᠢ᠃︾ | ︽ᠠᠶᠢᠮᠠᠭ ᠬᠤᠳᠠ ᠶᠢᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ᠂ | ᠬᠤᠰᠢᠭᠤ ᠰᠢᠶᠠᠨ ᠤ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠲᠤᠭᠤᠷᠪᠢᠨ | ᠲᠣᠭᠲᠠᠭᠠᠭᠰᠠᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠥᠯᠥᠪᠯᠡᠭᠡ ᠪᠠ ᠨᠠᠶᠢᠷᠠᠭᠤᠯᠬᠤ ᠲᠥᠰᠥᠯ ᠢ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠳᠤ ᠮᠡᠳᠡᠭᠦᠯᠵᠦ | ᠪᠦᠷᠢᠳᠬᠡᠨ ᠳᠠᠩᠰᠠᠯᠠᠭᠤᠯᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃ | ᠠᠷᠪᠠᠨ ᠳᠣᠯᠣᠳᠤᠭᠠᠷ ᠵᠦᠢᠯ᠂ ᠠᠷᠪᠠᠨ ᠨᠠᠢᠮᠠᠳᠤᠭᠠᠷ ᠵᠦᠢᠯ ᠢ ᠬᠠᠰᠤᠪᠠ᠃ | ᠬᠤᠷᠢᠨ ᠵᠢᠷᠭᠤᠳᠤᠭᠠᠷ ᠵᠦᠢᠯ ᠢ ᠬᠤᠷᠢᠨ ᠳᠥᠷᠪᠡᠳᠦᠭᠡᠷ ᠵᠦᠢᠯ ᠪᠣᠯᠭᠠᠨ ᠬᠤᠪᠢᠷᠠᠭᠤᠯᠬᠤ ᠪᠥᠭᠡᠳ᠄ ︽ | ᠨᠠᠶᠢᠷᠠᠭᠤᠯᠬᠤ ᠨᠢᠭᠡᠴᠢ ᠳᠤ ᠳᠠᠷᠠᠭᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠯᠠᠷᠠᠭᠤᠯᠬᠤ ᠪᠠᠷ ᠵᠠᠷᠯᠢᠭᠳᠠᠨ᠎ᠠ︔ ᠦᠢᠯᠡ ᠪᠠᠶᠢᠳᠠᠯ ᠨᠢ ᠬᠦᠨᠳᠦ | ᠨᠣᠴᠢᠲᠠᠢ ᠪᠣᠯ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠬᠤ ᠬᠥᠮᠥᠨ ᠪᠠ ᠪᠤᠰᠤᠳ ᠰᠢᠭᠤᠳ | ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠭᠦᠨ᠎ᠡ᠄ | ︵ᠨᠢᠭᠡ︶ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ | ᠪᠤᠶᠤ ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠬᠤ ᠡᠭᠦᠷᠭᠡ ᠪᠠᠨ ᠲᠣᠭᠲᠠᠭᠠᠭᠰᠠᠨ ᠬᠤᠭᠤᠴᠠᠭᠠᠨ ᠳᠤ | ᠪᠡᠶᠡᠯᠡᠭᠦᠯᠦᠭᠰᠡᠨ ᠦᠭᠡᠢ︔ | ︵ᠬᠤᠶᠠᠷ︶ ᠦᠨᠡᠯᠡᠨ ᠬᠢᠨᠠᠵᠤ ᠰᠢᠯᠭᠠᠨ ᠬᠤᠷᠢᠶᠠᠬᠤ ᠶᠢ ᠳᠠᠮᠵᠢᠭᠰᠠᠨ ᠦᠭᠡᠢ ᠪᠠᠷ ᠳᠤᠷ᠎ᠠ ᠮᠡᠳᠡᠨ | ᠬᠡᠪᠯᠡᠭᠦᠯᠦᠭᠰᠡᠨ︔ | ︵ᠭᠤᠷᠪᠠ︶ ᠣᠷᠣᠨ ᠨᠤᠲᠤᠭ ᠤᠨ ᠣᠶᠢᠯᠠᠯᠭ᠎ᠠ ᠶᠢᠨ ᠡᠬᠡ ᠪᠢᠴᠢᠭ ᠢ ᠰᠢᠯᠭᠠᠨ ᠬᠤᠷᠢᠶᠠᠭᠰᠠᠨ ᠤ ᠳᠠᠷᠠᠭ᠎ᠠ᠂ | ᠠᠭᠤᠯᠭ᠎ᠠ ᠶᠢ ᠨᠢ ᠳᠤᠷ᠎ᠠ ᠪᠠᠷ ᠨᠥᠬᠦᠪᠦᠷᠢᠯᠡᠭᠰᠡᠨ᠂ ᠬᠠᠰᠤᠭᠰᠠᠨ᠂ ᠥᠭᠡᠷᠡᠴᠢᠯᠡᠭᠰᠡᠨ᠃︾ ᠭᠡᠵᠦ ᠵᠠᠰᠠᠪᠤᠷᠢ | ᠣᠷᠣᠭᠤᠯᠪᠠ᠃ | ᠬᠤᠷᠢᠨ ᠨᠠᠢᠮᠠᠳᠤᠭᠠᠷ ᠵᠦᠢᠯ ᠢ ᠬᠤᠷᠢᠨ ᠵᠢᠷᠭᠤᠳᠤᠭᠠᠷ ᠵᠦᠢᠯ ᠪᠣᠯᠭᠠᠨ ᠬᠤᠪᠢᠷᠠᠭᠤᠯᠤᠭᠰᠠᠨ ᠪᠥᠭᠡᠳ᠄ ︽ | ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠵᠢᠴᠢ ᠠᠵᠢᠯᠲᠠᠨ ᠳᠤ | ᠳᠠᠷᠠᠭᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠡᠭᠦᠨ ᠤ ᠠᠵᠢᠯᠯᠠᠵᠤ ᠪᠠᠶᠢᠭ᠎ᠠ ᠨᠢᠭᠡᠴᠢ ᠪᠤᠶᠤ | ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠯᠠᠷᠠᠭᠤᠯᠬᠤ ᠪᠠᠷ ᠵᠠᠷᠯᠢᠭᠳᠠᠨ᠎ᠠ︔ | ᠪᠠᠶᠢᠳᠠᠯ ᠨᠢ ᠬᠦᠨᠳᠦ ᠨᠣᠴᠢᠲᠠᠢ ᠪᠣᠯ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠬᠤ ᠬᠥᠮᠥᠨ ᠪᠠ | ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠭᠦᠨ᠎ᠡ᠄ | ︵ᠨᠢᠭᠡ︶ ᠵᠢᠭᠠᠨ ᠵᠢᠯᠤᠭᠤᠳᠬᠤ ᠪᠠ ᠰᠢᠮᠳᠠᠭᠤᠯᠤᠨ ᠪᠠᠶᠢᠴᠠᠭᠠᠬᠤ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ︔ | ︵ᠬᠤᠶᠠᠷ︶ ᠣᠷᠣᠨ ᠨᠤᠲᠤᠭ ᠤᠨ ᠣᠶᠢᠯᠠᠯᠭ᠎ᠠ ᠶᠢᠨ ᠪᠢᠴᠢᠭ ᠢ ᠲᠣᠭᠲᠠᠭᠠᠯ ᠶᠣᠰᠣᠭᠠᠷ ᠦᠨᠡᠯᠡᠨ ᠬᠢᠨᠠᠵᠤ | ᠰᠢᠯᠭᠠᠨ ᠬᠤᠷᠢᠶᠠᠭᠰᠠᠨ ᠦᠭᠡᠢ︔ | ︵ᠭᠤᠷᠪᠠ︶ ᠮᠠᠲ᠋ᠧᠷᠢᠶᠠᠯ ᠤᠳ ᠢ ᠲᠣᠭᠲᠠᠭᠠᠯ ᠶᠣᠰᠣᠭᠠᠷ ᠬᠤᠷᠢᠶᠠᠨ ᠴᠤᠭᠯᠠᠭᠤᠯᠵᠤ ᠬᠠᠳᠠᠭᠠᠯᠠᠭᠰᠠᠨ ᠦᠭᠡᠢ︔ | | ︵ᠳᠥᠷᠪᠡ︶ ᠣᠷᠣᠨ ᠨᠤᠲᠤᠭ ᠤᠨ ᠣᠶᠢᠯᠠᠯᠭ᠎ᠠ ᠶᠢᠨ ᠡᠬᠡ ᠪᠢᠴᠢᠭ ᠢ ᠬᠤᠪᠢ ᠬᠥᠮᠥᠨ ᠤ ᠪᠦᠲᠦᠭᠡᠯ ᠪᠣᠯᠭᠠᠨ | ᠨᠡᠶᠢᠲᠡᠯᠡᠭᠰᠡᠨ᠃︾ ᠭᠡᠵᠦ ᠵᠠᠰᠠᠪᠤᠷᠢ ᠣᠷᠣᠭᠤᠯᠪᠠ᠃ | ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠣᠨ | ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ︾ ᠭᠡᠳᠡᠭ ᠢ ᠴᠥᠮ ︽ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ︾ ᠭᠡᠵᠦ ᠵᠠᠰᠠᠵᠤ᠂ ︽ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ | ᠪᠠᠶᠢᠭᠤᠯᠤᠮᠵᠢ︾ ᠭᠡᠳᠡᠭ ᠢ ᠴᠥᠮ ︽ᠲᠤᠰ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ | ᠪᠠᠶᠢᠭᠤᠯᠤᠮᠵᠢ︾ ᠭᠡᠵᠦ ᠵᠠᠰᠠᠵᠤ᠂ ︽ᠲᠤᠰ ᠱᠠᠲᠤᠨ ᠤ ᠪᠤᠶᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ︾ ᠭᠡᠳᠡᠭ ᠢ ᠴᠥᠮ ︽ᠲᠤᠰ | ᠱᠠᠲᠤᠨ ᠤ ᠪᠤᠶᠤ ᠳᠡᠭᠡᠷ᠎ᠡ ᠨᠢᠭᠡ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ︾ | ᠭᠡᠵᠦ ᠵᠠᠰᠠᠵᠤ᠂ ︽ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ | ᠠᠵᠢᠯ ᠤᠨ ᠪᠠᠶᠢᠭᠤᠯᠤᠮᠵᠢ︾ ᠭᠡᠳᠡᠭ ᠢ ᠴᠥᠮ ︽ᠠᠳᠠᠯᠢ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ | ᠠᠵᠢᠯ ᠤᠨ ᠪᠠᠶᠢᠭᠤᠯᠤᠮᠵᠢ︾ ᠭᠡᠵᠦ ᠵᠠᠰᠠᠵᠤ᠂ ︽ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠨᠢᠨ | ᠮᠡᠳᠡᠭᠡ ᠬᠡᠪᠯᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ︾ ᠭᠡᠳᠡᠭ ᠢ ᠴᠥᠮ ︽ᠲᠤᠰ ᠱᠠᠲᠤᠨ ᠤ ᠰᠣᠨᠢᠨ | ᠮᠡᠳᠡᠭᠡ ᠬᠡᠪᠯᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ︾ ᠭᠡᠵᠦ ᠵᠠᠰᠠᠪᠤᠷᠢ ᠣᠷᠣᠭᠤᠯᠪᠠ᠃ | ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠠᠮᠤᠷ | ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ | ᠬᠠᠮᠢᠶᠠᠷᠤᠯᠲᠠ ᠶᠢᠨ ᠠᠷᠭ᠎ᠠ︾ ᠶᠢᠨ ᠳᠥᠷᠪᠡᠳᠦᠭᠡᠷ ᠵᠦᠢᠯ ᠳᠤ᠄ ︽ᠣᠯᠠᠨ ᠨᠡᠶᠢᠲᠡ ᠶᠢᠨ ᠠᠮᠤᠷ ᠲᠦᠪᠰᠢᠨ ᠤ | ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠵᠢᠭᠰᠠᠭᠠᠨ ᠣᠷᠣᠭᠤᠯᠪᠠᠯ ᠵᠣᠬᠢᠨ᠎ᠠ︾ | ᠭᠡᠵᠦ ᠵᠠᠰᠠᠪᠤᠷᠢ ᠣᠷᠣᠭᠤᠯᠪᠠ᠃ | ᠳᠣᠯᠣᠳᠤᠭᠠᠷ ᠵᠦᠢᠯ ᠳᠤ᠄ ︽ᠳᠠᠷᠠᠭᠠᠬᠢ ᠲᠠᠯᠠᠪᠤᠷ᠂ ᠭᠠᠵᠠᠷ ᠪᠠ ᠣᠷᠣᠨ ᠪᠠᠶᠢᠷᠢ ᠨᠤᠭᠤᠳ ᠲᠤ ᠤᠯᠠᠨ | ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ | ᠰᠢᠰᠲ᠋ᠧᠮ ᠢ ᠤᠭᠰᠠᠷᠠᠬᠤ ᠬᠡᠷᠡᠭᠲᠡᠢ᠄ | ︵ᠨᠢᠭᠡ︶ ᠷᠠᠳᠢᠣ᠋᠂ ᠲᠧᠯᠸᠢᠰ᠂ ᠴᠠᠬᠢᠯᠭᠠᠨ ᠬᠤᠯᠪᠣᠭ᠎ᠠ᠂ ᠰᠢᠤᠳᠠᠨ ᠵᠡᠷᠭᠡ ᠰᠢᠰᠲ᠋ᠧᠮ ᠤᠳ ᠤᠨ ᠴᠢᠬᠤᠯᠠ | ᠣᠷᠣᠨ ᠪᠠᠶᠢᠷᠢ︔ | ︵ᠬᠤᠶᠠᠷ︶ ᠤᠯᠤᠰ ᠤᠨ ᠪᠠᠲᠤᠯᠠᠨ ᠬᠠᠮᠠᠭᠠᠯᠠᠯᠲᠠ ᠰᠢᠨᠵᠢᠯᠡᠬᠦ ᠤᠬᠠᠭᠠᠨ ᠲᠧ ᠭᠨᠢᠭ ᠮᠡᠷᠭᠡᠵᠢᠯ ᠤᠨ ᠠᠵᠤ | ᠦᠢᠯᠡᠳᠪᠦᠷᠢ ᠶᠢᠨ ᠴᠢᠬᠤᠯᠠ ᠦᠢᠯᠡᠳᠬᠦᠨ ᠢ ᠰᠤᠳᠤᠯᠤᠨ ᠦᠢᠯᠡᠳᠬᠦ᠂ ᠦᠢᠯᠡᠳᠪᠦᠷᠢᠯᠡᠬᠦ ᠲᠠᠯᠠᠪᠤᠷ ᠭᠠᠵᠠᠷ︔ | ︵ᠭᠤᠷᠪᠠ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠣᠭᠤᠰᠤᠨ ᠤ ᠬᠥᠮᠥᠷᠭᠡ᠂ ᠡᠵᠡᠩᠨᠡᠯᠲᠡ ᠶᠢᠨ | ᠲᠠᠯᠠᠪᠤᠷ ᠪᠠ ᠲᠡᠭᠦᠨ ᠤ ᠴᠢᠬᠤᠯᠠ ᠣᠷᠣᠨ ᠪᠠᠶᠢᠷᠢ ᠵᠢᠴᠢ ᠵᠣᠭᠤᠰ ᠮᠥᠩᠭᠦ ᠶᠢ ᠬᠠᠮᠠᠭᠠᠯᠠᠨ ᠲᠡᠭᠡᠭᠡᠪᠦᠷᠢᠯᠡᠬᠦ ᠲᠡᠷᠭᠡ | ᠬᠥᠰᠬᠡ ᠵᠡᠷᠭᠡ︔ | ︵ᠳᠥᠷᠪᠡ︶ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠵᠠᠰᠠᠮᠠᠯ ᠵᠠᠮᠲᠤ ᠵᠠᠮ | ᠬᠠᠷᠢᠯᠴᠠᠭ᠎ᠠ᠂ ᠲᠡᠮᠦᠷ ᠵᠢᠮᠲᠦ ᠵᠡᠮ ᠬᠠᠷᠢᠯᠴᠠᠭ᠎ᠠ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ | ᠴᠢᠬᠤᠯᠠ ᠣᠷᠣᠨ ᠪᠠᠶᠢᠷᠢ᠂ ᠤᠯᠡᠠ ᠨᠡᠶᠢᠲᠡ ᠶᠢᠨ ᠵᠡᠮ ᠬᠠᠷᠢᠯᠴᠠᠭᠠᠨ ᠤ ᠪᠠᠭᠠᠵᠢ︔ | ︵ᠲᠠᠪᠤ︶ ᠴᠢᠬᠤᠯᠠ ᠡᠳ᠋ ᠪᠣᠳᠠᠰ ᠤᠨ ᠬᠥᠮᠥᠷᠭᠡ ᠪᠠ ᠠᠮᠤ ᠪᠤᠳᠠᠭᠠᠨ ᠤ ᠰᠠᠩ ᠬᠦᠮᠣᠷᠭᠡ︔ | ︵ᠵᠢᠷᠭᠤᠭ᠎ᠠ︶ ᠠᠶᠤᠯᠲᠠᠢ ᠪᠣᠳᠠᠰ ᠢ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠪᠣᠷᠣᠯᠠᠭᠤᠯᠬᠤ᠂ | ᠬᠠᠳᠠᠭᠠᠯᠠᠬᠤ ᠲᠠᠯᠠᠪᠤᠷ ᠭᠠᠵᠠᠷ ᠪᠤᠶᠤ ᠬᠠᠯᠳᠠᠪᠤᠷᠢᠲᠤ ᠴᠢᠨᠠᠷᠲᠠᠢ ᠪᠠᠺᠲ᠋ᠧᠷᠢ ᠶᠢᠨ ᠦᠷ᠎ᠡ᠂ ᠬᠤᠣᠷᠲᠤ ᠦᠷ᠎ᠡ ᠶᠢ | ᠲᠤᠷᠰᠢᠬᠤ᠂ ᠬᠠᠮᠠᠭᠠᠯᠠᠨ ᠬᠠᠳᠠᠭᠠᠯᠠᠬᠤ ᠨᠢᠭᠡᠴᠢ ᠶᠢᠨ ᠴᠢᠬᠤᠯᠠ ᠣᠷᠣᠨ ᠪᠠᠶᠢᠷᠢ︔ | ︵ᠲᠤᠯᠤᠭ᠎ᠠ︶ ᠲᠣᠮᠣ ᠬᠡᠯᠪᠡᠷᠢᠲᠦ ᠡᠨᠧᠷᠭᠢ ᠶᠢᠨ ᠬᠥᠳᠡᠯᠭᠡᠭᠴᠢ ᠬᠦᠴᠦᠨ ᠤ ᠲᠥᠬᠦᠭᠡᠷᠦᠮᠵᠢ᠂ ᠤᠰᠤᠨ | ᠠᠰᠢᠭᠯᠠᠯᠲᠠ ᠶᠢᠨ ᠲᠥᠬᠦᠭᠡᠷᠦᠮᠵᠢ ᠪᠠ ᠬᠤᠳᠠ ᠶᠢᠨ ᠤᠰᠤ᠂ ᠴᠠᠬᠢᠯᠭᠠᠨ᠂ ᠰᠢᠲᠠᠭᠠᠯᠭ᠎ᠠ ᠶᠢᠨ ᠲᠣᠰᠣ ︵ᠰᠢᠲᠠᠮᠠᠬᠠᠢ | ᠬᠡᠢ︶᠂ ᠢᠯᠴᠢ ᠶᠢᠨ ᠬᠦᠴᠦᠨ ᠤ ᠬᠠᠩᠭᠠᠯᠭ᠎ᠠ ᠶᠢᠨ ᠲᠥᠬᠦᠭᠡᠷᠦᠮᠵᠢ︔ | ︵ᠨᠠᠢᠮᠠ︶ ᠠᠶᠠᠨᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂ ᠵᠢᠭᠤᠯᠴᠢᠯᠠᠯ ᠤᠨ ᠦᠵᠡᠮᠵᠢᠲᠦ | ᠣᠷᠣᠨ᠂ ᠰᠣᠶᠣᠯ ᠴᠡᠩᠭᠡᠯ ᠤᠨ ᠲᠠᠯᠠᠪᠤᠷ ᠤᠨ ᠣᠷᠣᠵᠤ ᠭᠠᠷᠬᠤ ᠭᠤᠣᠯ ᠡᠭᠦᠳᠡ ᠪᠠ ᠨᠡᠪᠲᠡᠷᠡᠯ ᠵᠠᠮ︔ | ︵ᠶᠢᠰᠦ︶ ᠮᠦᠽᠧᠢ᠂ ᠲᠡᠩᠰᠠ ᠡᠪᠬᠡᠮᠡᠯ ᠤᠨ ᠣᠷᠳᠣᠨ᠂ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠨᠢᠭᠡᠴᠢ ᠵᠢᠴᠢ ᠴᠢᠬᠤᠯᠠ ᠡᠳ᠋ ᠪᠣᠳᠠᠰ ᠢ ᠬᠠᠳᠠᠭᠠᠯᠠᠵᠤ ᠪᠠᠶᠢᠭ᠎ᠠ ᠳᠤᠷᠠᠰᠬᠠᠯ ᠤᠨ ᠣᠷᠳᠣᠨ ᠪᠠ | ᠦᠵᠡᠰᠬᠦᠯᠡᠩ ᠤᠨ ᠣᠷᠳᠣᠨ ᠵᠡᠷᠭᠡ ᠲᠠᠯᠠᠪᠤᠷ ᠭᠠᠵᠠᠷ︔ | ︵ᠠᠷᠪᠠ︶ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠨᠠᠰᠤᠲᠠᠳ ᠢ ᠠᠰᠠᠷᠠᠬᠤ | ᠪᠠᠶᠢᠭᠤᠯᠤᠮᠵᠢ ᠵᠢᠴᠢ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠤᠰᠤᠳ ᠪᠠᠶᠢᠭᠤᠯᠤᠮᠵᠢ᠂ ᠴᠡᠴᠡᠷᠯᠢᠭ᠂ | ᠬᠤᠳᠠ ᠶᠢᠨ ᠠᠭᠤᠳᠠᠮ ᠲᠠᠯᠠᠪᠠᠢ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠭᠠᠵᠠᠷ ᠳᠣᠣᠷᠠᠬᠢ ᠶᠠᠪᠠᠭᠠᠨ ᠵᠠᠮ | ᠵᠡᠷᠭᠡ ᠬᠥᠮᠥᠨ ᠤᠯᠠᠨ ᠲᠠᠯᠠᠪᠤᠷ ᠭᠠᠵᠠᠷ︔ | ︵ᠠᠷᠪᠠᠨ ᠨᠢᠭᠡ︶ ᠲᠥᠷᠦ ᠶᠢᠨ ᠪᠠᠶᠢᠭᠤᠯᠭ᠎ᠠ᠂ ᠠᠷᠠᠳ ᠤᠨ ᠪᠦᠯᠬᠦᠮ᠂ ᠠᠵᠢᠯ ᠦᠢᠯᠡᠰ ᠤᠨ ᠨᠢᠭᠡᠴᠢ᠂ | ᠲᠣᠮᠣ ᠬᠡᠯᠪᠡᠷᠢ ᠶᠢᠨ ᠠᠵᠤ ᠠᠬᠤᠶᠢᠯᠠᠯ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠤᠯᠡᠠ | ᠨᠡᠶᠢᠲᠡ ᠶᠢᠨ ᠣᠷᠣᠨ ᠪᠦᠰᠡ ᠪᠠ ᠴᠢᠬᠤᠯᠠ ᠣᠷᠣᠨ ᠪᠠᠶᠢᠷᠢ︔ | ︵ᠠᠷᠪᠠᠨ ᠬᠤᠶᠠᠷ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠣᠭᠲᠠᠭᠠᠭᠰᠠᠨ ᠠᠮᠤᠷ ᠢ ᠬᠠᠮᠠᠭᠠᠯᠠᠬᠤ ᠭᠤᠣᠯᠳᠠᠯᠭ᠎ᠠ ᠪᠣᠯᠬᠤ ᠨᠢᠭᠡᠴᠢ ᠨᠦᠭᠦᠳ ᠤᠨ ᠪᠤᠰᠤᠳ ᠬᠠᠮᠢᠶ᠎ᠠ ᠪᠦᠬᠦᠢ | ᠲᠠᠯᠠᠪᠤᠷ ᠭᠠᠵᠠᠷ ᠪᠤᠶᠤ ᠣᠷᠣᠨ ᠪᠠᠶᠢᠷᠢ︔ | ︵ᠠᠷᠪᠠᠨ ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠣᠭᠲᠠᠭᠠᠭᠰᠠᠨ | ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ | ᠰᠢᠰᠲ᠋ᠧᠮ ᠢ ᠤᠭᠰᠠᠷᠠᠬᠤ ᠴᠢᠬᠤᠯᠠᠲᠠᠢ ᠪᠤᠰᠤᠳ ᠲᠠᠯᠠᠪᠤᠷ ᠭᠠᠵᠠᠷ ᠪᠤᠶᠤ ᠣᠷᠣᠨ ᠪᠠᠶᠢᠷᠢ᠃︾ ᠭᠡᠵᠦ ᠵᠠᠰᠠᠪᠤᠷᠢ | ᠣᠷᠣᠭᠤᠯᠪᠠ᠃ | ᠠᠷᠪᠠᠨ ᠵᠢᠷᠭᠤᠳᠤᠭᠠᠷ ᠵᠦᠢᠯ ᠤᠨ ᠬᠤᠶᠠᠳᠤᠭᠠᠷ ᠵᠤᠷᠪᠤᠰ ᠢ ᠬᠠᠰᠤᠪᠠ᠃ | ᠠᠷᠪᠠᠨ ᠨᠠᠢᠮᠠᠳᠤᠭᠠᠷ ᠵᠦᠢᠯ ᠳᠤ᠄ ︽ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ | ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠯᠡᠬᠦ ᠨᠢᠭᠡᠴᠢ ᠨᠢ ᠳᠠᠷᠠᠭᠠᠬᠢ ᠠᠷᠭ᠎ᠠ ᠬᠡᠮᠵᠢᠶ᠎ᠡ ᠨᠦᠭᠦᠳ ᠢ | ᠠᠪᠴᠤ᠂ ᠰᠢᠰᠲ᠋ᠧᠮ ᠤᠨ ᠠᠶᠤᠯ ᠦᠭᠡᠢ ᠪᠠᠷ ᠠᠵᠢᠯᠯᠠᠬᠤ ᠶᠢ ᠪᠠᠲᠤᠯᠠᠬᠤ ᠬᠡᠷᠡᠭᠲᠡᠢ᠄ | ︵ᠨᠢᠭᠡ︶ ᠵᠢᠵᠢᠭᠦᠷᠯᠡᠬᠦ᠂ ᠡᠳᠦᠷ ᠲᠤᠳᠤᠮ ᠤᠨ ᠪᠠᠶᠢᠴᠠᠭᠠᠯᠲᠠ ᠬᠢᠬᠦ᠂ ᠲᠣᠭᠲᠠᠮᠠᠯ ᠬᠤᠭᠤᠴᠠᠭ᠎ᠠ ᠲᠠᠢ ᠪᠠᠷ | ᠠᠷᠠᠴᠢᠯᠠᠵᠤ ᠬᠠᠮᠠᠭᠠᠯᠠᠬᠤ᠂ ᠵᠢᠷᠤᠭ ᠳᠦᠷᠰᠦᠲᠦ ᠮᠡᠳᠡᠭᠡ ᠵᠠᠩᠭᠢ ᠶᠢ ᠬᠡᠷᠡᠭᠯᠡᠬᠦ ᠶᠢ ᠪᠦᠷᠢᠳᠬᠡᠨ ᠳᠠᠩᠰᠠᠯᠠᠬᠤ᠂ ᠠᠮᠤᠷ | ᠲᠦᠪᠰᠢᠨ ᠤ ᠨᠢᠭᠤᠴᠠ ᠶᠢ ᠬᠠᠮᠠᠭᠠᠯᠠᠬᠤ ᠵᠡᠷᠭᠡ ᠳᠦᠷᠢᠮ ᠢ ᠪᠠᠶᠢᠭᠤᠯᠬᠤ ᠬᠡᠷᠡᠭᠲᠡᠶ︔ | ︵ᠬᠤᠶᠠᠷ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ | ᠮᠡᠳᠡᠭᠡ ᠵᠠᠩᠭᠢ ᠶᠢᠨ ᠰᠢᠰᠲ᠋ᠧᠮ ᠢ ᠠᠷᠠᠴᠢᠯᠠᠵᠤ ᠬᠠᠮᠠᠭᠠᠯᠠᠬᠤ ᠪᠠ ᠠᠵᠢᠯᠯᠠᠭᠴᠢ ᠠᠵᠢᠯᠲᠠᠨ ᠲᠤᠰᠬᠠᠢ ᠮᠡᠷᠭᠡᠵᠢᠯ ᠤᠨ | ᠪᠣᠯᠪᠠᠰᠤᠷᠠᠯ ᠭᠥᠷᠳᠡᠭᠰᠡᠨ ᠪᠠᠶᠢᠬᠤ ᠬᠡᠷᠡᠭᠲᠡᠶ︔ | ︵ᠭᠤᠷᠪᠠ︶ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ | ᠲᠥᠰᠥᠯ ᠢ ᠲᠣᠭᠲᠠᠭᠠᠵᠤ᠂ ᠰᠣᠷᠢᠯᠲᠠ ᠬᠢᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠬᠤ | ᠬᠡᠷᠡᠭᠲᠡᠢ︔ | ︵ᠳᠥᠷᠪᠡ︶ ᠰᠢᠰᠲ᠋ᠧᠮ ᠳᠤ ᠵᠢᠷᠤᠭ ᠳᠦᠷᠰᠦ ᠬᠠᠳᠠᠭᠠᠯᠠᠬᠤ ᠴᠠᠭ ᠪᠠ ᠶᠠᠰᠤ ᠴᠢᠨᠠᠷ ᠨᠢ ᠬᠠᠮᠢᠶ᠎ᠠ ᠪᠦᠬᠦᠢ | ᠪᠠᠷᠢᠮᠵᠢᠶ᠎ᠠ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠠᠩᠬᠠᠨ ᠤ ᠵᠢᠷᠤᠭ ᠳᠦᠷᠰᠦᠲᠦ ᠮᠡᠳᠡᠭᠡ ᠵᠠᠩᠭᠢ ᠶᠢ | ᠬᠠᠳᠠᠭᠠᠯᠠᠬᠤ ᠴᠠᠭ ᠨᠢ ᠭᠤᠴᠢᠨ ᠡᠳᠦᠷ ᠠᠴᠠ ᠳᠡᠭᠡᠭᠰᠢ ᠪᠠᠶᠢᠬᠤ ᠬᠡᠷᠡᠭᠲᠡᠢ᠃ ᠬᠠᠤᠯᠢ ᠴᠠᠭᠠᠵᠠ᠂ ᠬᠠᠤᠯᠢ | ᠲᠣᠭᠲᠠᠭᠠᠯ ᠳᠤ ᠪᠤᠶᠤ ᠤᠯᠤᠰ ᠠᠴᠠ ᠠᠰᠲᠠᠭᠠᠨ ᠲᠣᠭᠲᠠᠭᠠᠯ ᠪᠠᠶᠢᠪᠠᠯ᠂ ᠲᠡᠷᠡ ᠲᠣᠭᠲᠠᠭᠠᠯ ᠢᠶᠠᠷ ᠨᠢ | ᠬᠡᠷᠡᠭᠵᠢᠭᠦᠯᠦᠨ᠎ᠡ︔ | ︵ᠲᠠᠪᠤ︶ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ | ᠮᠡᠳᠡᠭᠡ ᠵᠠᠩᠭᠢ ᠶᠢᠨ ᠰᠢᠰᠲ᠋ᠧᠮ ᠢᠶᠠᠨ ᠪᠤᠰᠤᠳ ᠨᠢᠭᠡᠴᠢ ᠳᠤ ᠨᠠᠶᠢᠳᠠᠨ ᠠᠵᠢᠯᠯᠠᠭᠤᠯᠬᠤ᠂ ᠠᠷᠠᠴᠢᠯᠠᠵᠤ | ᠬᠠᠮᠠᠭᠠᠯᠠᠭᠤᠯᠬᠤ ᠳᠤ᠂ ᠬᠤᠶᠠᠷ ᠲᠠᠯ᠎ᠠ ᠪᠠᠷ ᠢᠶᠠᠨ ᠰᠢᠰᠲ᠋ᠧᠮ ᠢ ᠠᠮᠤᠷ ᠲᠦᠪᠰᠢᠨ ᠢᠶᠠᠷ ᠠᠵᠢᠯᠯᠠᠭᠤᠯᠬᠤ ᠶᠢ ᠪᠠᠲᠤᠯᠠᠬᠤ | ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃ | ᠠᠷᠪᠠ ᠶᠢᠰᠦᠳᠦᠭᠡᠷ ᠵᠦᠢᠯ ᠳᠤ᠄ ︽ᠶᠠᠮᠠᠷᠪᠠ ᠨᠢᠭᠡᠴᠢ ᠪᠠ ᠬᠤᠪᠢ ᠬᠥᠮᠥᠨ ᠳᠤ ᠳᠠᠷᠠᠭᠠᠬᠢ ᠦᠢᠯᠡ | ᠠᠵᠢᠯᠯᠠᠭ᠎ᠠ ᠪᠠᠶᠢᠵᠤ ᠪᠣᠯᠬᠤ ᠦᠭᠡᠢ᠄ | ︵ᠨᠢᠭᠡ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠤ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ | ᠮᠡᠳᠡᠭᠡ ᠵᠠᠩᠭᠢ ᠶᠢᠨ ᠰᠢᠰᠲ᠋ᠧᠮ ᠤᠨ ᠪᠡᠯᠡᠳᠬᠡᠮᠵᠢ᠂ ᠲᠥᠬᠦᠭᠡᠷᠦᠮᠵᠢ ᠶᠢ ᠬᠠᠤᠯᠢ ᠶᠣᠰᠣᠭᠠᠷ ᠠᠰᠢᠭᠯᠠᠬᠤ ᠵᠢᠴᠢ ᠵᠢᠷᠤᠭ | ᠳᠦᠷᠰᠦᠲᠦ ᠮᠡᠳᠡᠭᠡ ᠵᠠᠩᠭᠢ ᠶᠢ ᠰᠢᠯᠵᠢᠭᠦᠯᠦᠨ ᠠᠪᠬᠤ ᠶᠢ ᠲᠡᠪᠴᠢᠭᠰᠡᠨ᠂ ᠬᠠᠷᠰᠢᠯᠠᠭᠰᠠᠨ︔ | ︵ᠬᠤᠶᠠᠷ︶ ᠬᠠᠳᠠᠭᠠᠯᠠᠯᠲᠠ ᠶᠢᠨ ᠬᠤᠭᠤᠴᠠᠭᠠᠨ ᠳᠠᠬᠢ ᠵᠢᠷᠤᠭ ᠳᠦᠷᠰᠦᠲᠦ ᠮᠡᠳᠡᠭᠡ ᠵᠠᠩᠭᠢ ᠶᠢᠨ ᠠᠩᠬᠠᠨ ᠤ | ᠲᠡᠮᠳᠡᠭᠯᠡᠯ ᠢ ᠳᠤᠷ᠎ᠠ ᠪᠠᠷ ᠢᠶᠠᠨ ᠬᠠᠰᠤᠵᠤ ᠥᠭᠡᠷᠡᠴᠢᠯᠡᠭᠰᠡᠨ᠂ ᠵᠣᠷᠢᠭᠤᠳᠠ ᠨᠢᠭᠤᠭᠰᠠᠨ᠂ ᠡᠪᠳᠡᠯᠡᠵᠦ ᠬᠠᠶᠠᠭᠰᠠᠨ︔ | ︵ᠭᠤᠷᠪᠠ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ | ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ ᠤ ᠵᠢᠷᠤᠮ ᠪᠠ ᠲᠡᠮᠳᠡᠭᠯᠡᠯ ᠢ ᠡᠪᠳᠡᠭᠰᠡᠨ︔ | ︵ᠳᠥᠷᠪᠡ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ | ᠮᠡᠳᠡᠭᠡ ᠵᠠᠩᠭᠢ ᠶᠢᠨ ᠰᠢᠰᠲ᠋ᠧᠮ ᠤᠨ ᠨᠢᠭᠤᠴᠠ ᠶᠢ ᠵᠠᠳᠠᠷᠠᠭᠤᠯᠤᠭᠰᠠᠨ︔ | ︵ᠲᠠᠪᠤ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ | ᠮᠡᠳᠡᠭᠡ ᠵᠠᠩᠭᠢ ᠶᠢᠨ ᠮᠠᠲ᠋ᠧᠷᠢᠶᠠᠯ ᠤᠳ ᠢ ᠬᠠᠤᠯᠢ ᠪᠤᠰᠤ ᠪᠠᠷ ᠬᠠᠩᠭᠠᠭᠰᠠᠨ᠂ ᠬᠡᠷᠡᠭᠯᠡᠭᠰᠡᠨ᠂ ᠳᠠᠮᠵᠢᠭᠤᠯᠤᠭᠰᠠᠨ᠂ | ᠪᠠᠭᠤᠯᠭᠠᠭᠰᠠᠨ︔ | ︵ᠵᠢᠷᠭᠤᠭ᠎ᠠ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ | ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠴᠡᠭᠡ᠂ ᠡᠷᠬᠡ ᠶᠢᠨ ᠬᠢᠵᠠᠭᠠᠷ ᠪᠠ ᠬᠡᠪᠴᠢᠶ᠎ᠡ ᠶᠢ ᠳᠤᠷ᠎ᠠ ᠪᠠᠷ ᠢᠶᠠᠨ | ᠬᠤᠪᠢᠷᠠᠭᠤᠯᠤᠭᠰᠠᠨ︔ | ︵ᠳᠣᠯᠤᠭ᠎ᠠ︶ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠵᠢᠷᠤᠭ ᠳᠦᠷᠰᠦᠲᠦ ᠮᠡᠳᠡᠭᠡ ᠵᠠᠩᠭᠢ ᠶᠢᠨ | ᠰᠢᠰᠲ᠋ᠧᠮ ᠤᠨ ᠬᠡᠪ ᠤᠨ ᠠᠵᠢᠯᠯᠠᠭᠠᠨ ᠢ ᠨᠥᠯᠥᠭᠡᠯᠡᠬᠦ ᠪᠤᠰᠤᠳ ᠦᠢᠯᠡ ᠠᠵᠢᠯᠯᠠᠭ᠎ᠠ ᠨᠤᠭᠤᠳ᠃︾ ᠭᠡᠵᠦ ᠵᠠᠰᠠᠪᠤᠷᠢ | ᠣᠷᠣᠭᠤᠯᠪᠠ᠃ | ︽ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠤᠰ ᠠᠷᠭ᠎ᠠ ᠶᠢᠨ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠬᠦ ᠪᠣᠳᠠᠲᠠᠢ ᠲᠣᠭᠲᠠᠭᠠᠯ ᠤᠳ ᠢ ᠨᠢᠭᠡᠨᠲᠡ ᠲᠣᠭᠲᠠᠭᠠᠭᠰᠠᠨ ᠪᠠᠶᠢᠪᠠᠯ᠂ | ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ᠃︾ ᠭᠡᠬᠦ ᠵᠦᠢᠯ ᠢ ᠰᠢᠨ᠎ᠡ ᠪᠠᠷ ᠨᠡᠮᠡᠵᠦ ᠬᠤᠷᠢᠨ ᠨᠢᠭᠡᠳᠦᠭᠡᠷ ᠵᠦᠢᠯ | ᠪᠣᠯᠭᠠᠪᠠ᠃ | ᠬᠤᠷᠢᠨ ᠨᠢᠭᠡᠳᠦᠭᠡᠷ ᠵᠦᠢᠯ ᠢ ᠬᠤᠷᠢᠨ ᠬᠤᠶᠠᠳᠤᠭᠠᠷ ᠵᠦᠢᠯ ᠪᠣᠯᠭᠠᠵᠤ᠄ ︽ᠲᠤᠰ ᠠᠷᠭ᠎ᠠ ᠶᠢᠨ ᠳᠣᠯᠣᠳᠤᠭᠠᠷ | ᠵᠦᠢᠯ ᠤᠨ ᠲᠣᠭᠲᠠᠭᠠᠯ ᠠᠴᠠ ᠵᠥᠷᠢᠴᠡᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ | ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠤᠭᠰᠠᠷᠠᠬᠤ ᠴᠢᠬᠤᠯᠠᠲᠠᠢ ᠪᠠᠶᠢᠬᠤ ᠳᠤ ᠤᠭᠰᠠᠷᠠᠭᠰᠠᠨ ᠦᠭᠡᠢ | ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠲᠣᠭᠲᠠᠭᠰᠠᠨ ᠬᠤᠭᠤᠴᠠᠭᠠᠨ ᠳᠤ ᠵᠠᠯᠠᠷᠠᠭᠤᠯᠬᠤ ᠪᠠᠷ ᠵᠠᠷᠯᠢᠭᠳᠠᠨ᠎ᠠ︔ | ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠣᠯ᠂ ᠪᠠᠶᠢᠭᠤᠯᠭ᠎ᠠ ᠶᠢ ᠨᠢ 5000 ᠲᠥᠭᠦᠷᠢᠭ ᠠᠴᠠ | ᠳᠡᠭᠡᠭᠰᠢ ᠲᠦᠮᠡᠨ ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠨ᠎ᠠ︔ ᠬᠦᠨᠳᠦ ᠨᠣᠴᠢᠲᠠᠢ ᠦᠷ᠎ᠡ | ᠨᠥᠯᠥᠭᠡ ᠭᠠᠷᠭᠠᠭᠰᠠᠨ ᠪᠠᠶᠢᠪᠠᠯ᠂ ᠪᠠᠶᠢᠭᠤᠯᠭ᠎ᠠ ᠶᠢ ᠨᠢ ᠲᠦᠮᠡᠨ ᠲᠥᠭᠦᠷᠢᠭ ᠠᠴᠠ ᠳᠡᠭᠡᠭᠰᠢ 3 ᠲᠦᠮᠡᠨ | ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠵᠤ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ | ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠬᠠᠤᠯᠢ ᠶᠣᠰᠣᠭᠠᠷ ᠰᠢᠢᠳᠬᠡᠯ ᠥᠭᠭᠦᠨ᠎ᠡ︾ ᠭᠡᠵᠦ ᠵᠠᠰᠠᠪᠤᠷᠢ ᠣᠷᠣᠭᠤᠯᠪᠠ᠃ | ᠬᠤᠷᠢᠨ ᠬᠤᠶᠠᠳᠤᠭᠠᠷ ᠵᠦᠢᠯ ᠢ ᠬᠠᠰᠤᠪᠠ᠃ | ᠬᠤᠷᠢᠨ ᠳᠥᠷᠪᠡᠳᠦᠭᠡᠷ ᠵᠦᠢᠯ ᠳᠤ᠄ ︽ᠲᠤᠰ ᠠᠷᠭ᠎ᠠ ᠶᠢᠨ ᠠᠷᠪᠠ ᠶᠢᠰᠦᠳᠦᠭᠡᠷ ᠵᠦᠢᠯ ᠤᠨ | ᠲᠣᠭᠲᠠᠭᠠᠯ ᠠᠴᠠ ᠵᠥᠷᠢᠴᠡᠵᠦ᠂ ᠳᠠᠷᠠᠭᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠨᠢᠭᠡᠴᠢ ᠠᠴᠠ | ᠪᠠᠶᠢᠭᠤᠯᠭ᠎ᠠ ᠶᠢ ᠨᠢ 5000 ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠷᠣᠭᠰᠢᠬᠢ ᠵᠣᠭᠤᠰ | ᠮᠥᠩᠭᠦ ᠪᠠᠷ ᠲᠣᠷᠭᠠᠵᠤ᠂ ᠬᠤᠪᠢ ᠬᠥᠮᠥᠨ ᠢ ᠨᠢ ᠮᠢᠩᠭᠠᠨ ᠲᠥᠭᠦᠷᠢᠭ ᠠᠴᠠ ᠳᠡᠭᠡᠭᠰᠢ 5000 ᠲᠥᠭᠦᠷᠢᠭ ᠠᠴᠠ | ᠳᠣᠷᠣᠭᠰᠢᠬᠢ ᠵᠣᠭᠤᠰ ᠮᠥᠩᠭᠦ ᠪᠠᠷ ᠲᠣᠷᠭᠠᠨ᠎ᠠ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠤ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ | ᠮᠡᠳᠡᠭᠡ ᠵᠠᠩᠭᠢ ᠶᠢᠨ ᠰᠢᠰᠲ᠋ᠧᠮ ᠤᠨ ᠲᠥᠬᠦᠭᠡᠷᠦᠮᠵᠢ᠂ ᠪᠡᠯᠡᠳᠬᠡᠮᠵᠢ ᠶᠢ ᠬᠠᠤᠯᠢ ᠶᠣᠰᠣᠭᠠᠷ ᠬᠡᠷᠡᠭᠯᠡᠬᠦ ᠵᠢᠴᠢ ᠵᠢᠷᠤᠭ | ᠳᠦᠷᠰᠦᠲᠦ ᠮᠡᠳᠡᠭᠡ ᠵᠠᠩᠭᠢ ᠶᠢ ᠰᠢᠯᠵᠢᠭᠦᠯᠦᠨ ᠠᠪᠬᠤ ᠶᠢ ᠲᠡᠪᠴᠢᠭᠰᠡᠨ᠂ ᠬᠠᠷᠰᠢᠯᠠᠭᠰᠠᠨ︔ | ︵ᠬᠤᠶᠠᠷ︶ ᠬᠠᠳᠠᠭᠠᠯᠠᠯᠲᠠ ᠶᠢᠨ ᠬᠤᠭᠤᠴᠠᠭᠠᠨ ᠳᠠᠬᠢ ᠵᠢᠷᠤᠭ ᠳᠦᠷᠰᠦᠲᠦ ᠮᠡᠳᠡᠭᠡ ᠵᠠᠩᠭᠢ ᠶᠢᠨ ᠠᠩᠬᠠᠨ ᠤ | ᠲᠡᠮᠳᠡᠭᠯᠡᠯ ᠢ ᠳᠤᠷ᠎ᠠ ᠪᠠᠷ ᠢᠶᠠᠨ ᠬᠠᠰᠤᠵᠤ ᠥᠭᠡᠷᠡᠴᠢᠯᠡᠭᠰᠡᠨ᠂ ᠵᠣᠷᠢᠭᠤᠳᠠ ᠨᠢᠭᠤᠭᠰᠠᠨ᠂ ᠡᠪᠳᠡᠯᠡᠵᠦ ᠬᠠᠶᠠᠭᠰᠠᠨ︔ | ︵ᠭᠤᠷᠪᠠ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ | ᠮᠡᠳᠡᠭᠡ ᠵᠠᠩᠭᠢ ᠶᠢᠨ ᠮᠠᠲ᠋ᠧᠷᠢᠶᠠᠯ ᠤᠳ ᠢ ᠬᠠᠤᠯᠢ ᠪᠤᠰᠤ ᠪᠠᠷ ᠬᠠᠩᠭᠠᠭᠰᠠᠨ᠂ ᠬᠡᠷᠡᠭᠯᠡᠭᠰᠡᠨ᠂ ᠳᠠᠮᠵᠢᠭᠤᠯᠤᠭᠰᠠᠨ᠂ | ᠪᠠᠭᠤᠯᠭᠠᠭᠰᠠᠨ︔ | ︵ᠳᠥᠷᠪᠡ︶ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ | ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠴᠡᠭᠡ᠂ ᠡᠷᠬᠡ ᠶᠢᠨ ᠬᠢᠵᠠᠭᠠᠷ ᠪᠠ ᠬᠡᠪᠴᠢᠶ᠎ᠡ ᠶᠢ ᠳᠤᠷ᠎ᠠ ᠪᠠᠷ ᠢᠶᠠᠨ | ᠬᠤᠪᠢᠷᠠᠭᠤᠯᠤᠭᠰᠠᠨ᠃︾ ᠭᠡᠵᠦ ᠵᠠᠰᠠᠪᠤᠷᠢ ᠣᠷᠣᠭᠤᠯᠪᠠ᠃ | ᠬᠤᠷᠢᠨ ᠲᠠᠪᠤᠳᠤᠭᠠᠷ ᠵᠦᠢᠯ ᠢ ᠬᠠᠰᠤᠪᠠ᠃ | ᠬᠤᠷᠢᠨ ᠵᠢᠷᠭᠤᠳᠤᠭᠠᠷ ᠵᠦᠢᠯ ᠢ ᠬᠤᠷᠢᠨ ᠲᠠᠪᠤᠳᠤᠭᠠᠷ ᠵᠦᠢᠯ ᠪᠣᠯᠭᠠᠨ ᠬᠤᠪᠢᠷᠠᠭᠤᠯᠵᠤ᠄ ︽ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠤᠯᠠᠨ | ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ | ᠰᠢᠰᠲ᠋ᠧᠮ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ | ᠦᠭᠡᠢ᠂ ᠡᠰᠡᠬᠦᠯ᠎ᠡ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠬᠠᠷᠢᠭᠤᠴᠠᠯᠭ᠎ᠠ ᠪᠠᠨ | ᠣᠮᠲᠣᠭᠠᠶᠢᠯᠠᠭᠰᠠᠨ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ | ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ | ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠬᠦᠨ᠎ᠡ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃︾ ᠭᠡᠵᠦ ᠵᠠᠰᠠᠪᠤᠷᠢ ᠣᠷᠣᠭᠤᠯᠪᠠ᠃ | ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ︾ ᠶᠢ ᠴᠥᠮ | ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ︾ ᠭᠡᠵᠦ ᠵᠠᠰᠠᠪᠤᠷᠢ ᠣᠷᠣᠭᠤᠯᠪᠠ᠃ | ᠭᠤᠷᠪᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ | ᠬᠠᠮᠢᠶᠠᠷᠤᠯᠲᠠ ᠶᠢᠨ ᠠᠷᠭ᠎ᠠ︾ ᠶᠢᠨ ᠭᠤᠷᠪᠠᠳᠤᠭᠠᠷ ᠵᠦᠢᠯ ᠳᠤ᠄ ︽ᠷᠠᠳᠢᠣ᠋ ᠲᠧᠯᠸᠢᠰ ᠤᠨ ᠠᠵᠢᠯ ᠦᠢᠯᠡᠰ ᠨᠢ | ᠠᠷᠠᠳ ᠲᠦᠮᠡᠨ ᠳᠤ ᠦᠢᠯᠡᠴᠢᠯᠡᠬᠦ ᠪᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠳᠤ ᠦᠢᠯᠡᠴᠢᠯᠡᠬᠦ ᠶᠢ ᠪᠠᠷᠢᠮᠲᠠᠯᠠᠨ᠂ ᠵᠥᠪ ᠣᠨᠣᠪᠴᠢᠲᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ | ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ ᠶᠢ ᠪᠠᠷᠢᠮᠲᠠᠯᠠᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠳᠤᠪᠤᠶᠢᠯᠭᠠᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ | ᠦᠨᠳᠦᠰᠦᠨ ᠵᠠᠷᠴᠢᠮ ᠢ ᠪᠠᠷᠢᠮᠲᠠᠯᠠᠬᠤ ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃ | ᠲᠠᠪᠤᠳᠤᠭᠠᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠰᠡᠳᠦᠪᠲᠦ ᠷᠠᠳᠢᠣ᠋ ᠲᠧᠯᠸᠢᠰ ᠤᠨ | ᠫᠷᠣᠭ᠍ᠷᠠᠮ ᠤᠳ ᠢ ᠪᠦᠲᠦᠭᠡᠨ ᠦᠢᠯᠡᠳᠪᠦᠷᠢᠯᠡᠬᠦ ᠶᠢ ᠵᠣᠷᠢᠭᠵᠢᠭᠤᠯᠤᠨ ᠲᠡᠳᠬᠦᠵᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠤᠬᠠᠭᠤᠯᠭ᠎ᠠ ᠮᠡᠳᠡᠭᠡᠯᠡᠯ ᠤᠨ ᠠᠵᠢᠯᠯᠠᠭ᠎ᠠ ᠶᠢ ᠤᠯᠠᠨ ᠵᠠᠮ ᠮᠥᠷ᠂ ᠪᠦᠬᠦ ᠲᠠᠯ᠎ᠠ ᠪᠠᠷ ᠥᠷᠨᠢᠭᠦᠯᠬᠦ | ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃ | ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ ᠲᠤ᠄ ︽ᠷᠠᠳᠢᠣ᠋ ᠲᠧᠯᠸᠢᠰ ᠤᠨ ᠦᠷᠳᠡᠭᠡ ᠪᠠᠶᠢᠭᠤᠯᠬᠤ ᠳᠤ᠂ | ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ | ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ ᠬᠠᠷᠭᠤᠭᠤᠯᠵᠤ᠂ ᠬᠠᠤᠯᠢ | ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃ | ᠠᠷᠪᠠᠨ ᠵᠢᠷᠭᠤᠳᠤᠭᠠᠷ ᠵᠦᠢᠯ ᠤᠨ ᠬᠤᠶᠠᠳᠤᠭᠠᠷ ᠵᠤᠷᠪᠤᠰ ᠢ ᠬᠠᠰᠤᠪᠠ᠃ | ᠬᠤᠷᠢᠳᠤᠭᠠᠷ ᠵᠦᠢᠯ ᠳᠤ᠄ ︽ᠷᠠᠳᠢᠣ᠋ ᠲᠧᠯᠸᠢᠰ ᠬᠤᠷᠢᠶ᠎ᠠ ᠨᠢ ᠥᠪᠡᠷᠰᠡᠳ ᠢᠶᠠᠨ ᠡᠷᠬᠢᠯᠡᠭᠰᠡᠨ ᠫᠷᠣᠭ᠍ᠷᠠᠮ ᠪᠠ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠰᠡᠳᠦᠪᠲᠦ ᠫᠷᠣᠭ᠍ᠷᠠᠮ ᠢ ᠨᠡᠮᠡᠭᠳᠡᠭᠦᠯᠬᠦ ᠬᠡᠷᠡᠭᠲᠡᠢ︾ ᠭᠡᠵᠦ | ᠵᠠᠰᠪᠣᠷᠢ ᠣᠷᠣᠭᠤᠯᠪᠠ᠃ | ᠳᠥᠴᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠲᠤ᠄ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ | ᠬᠢᠬᠦ ᠳᠤ ᠪᠠᠨ ᠠᠯᠢ ᠴᠢᠳᠠᠬᠤ ᠪᠠᠷ ᠷᠠᠳᠢᠣ᠋ ᠲᠧᠯᠸᠢᠰ ᠤᠨ ᠪᠡᠯᠡᠳᠬᠡᠮᠵᠢ ᠠᠴᠠ ᠵᠠᠶᠢᠯᠠᠰᠬᠢᠬᠦ ᠬᠡᠷᠡᠭᠲᠡᠢ᠃ ᠦᠨᠡᠨ ᠬᠦ | ᠵᠠᠶᠢᠯᠠᠰᠬᠢᠬᠦ ᠶᠢᠨ ᠠᠷᠭ᠎ᠠ ᠦᠭᠡᠢ ᠠᠴᠠ ᠪᠣᠯᠵᠤ ᠷᠠᠳᠢᠣ᠋ ᠲᠧᠯᠸᠢᠰ ᠤᠨ ᠪᠡᠯᠡᠳᠬᠡᠮᠵᠢ ᠶᠢ ᠰᠢᠯᠵᠢᠭᠦᠯᠬᠦ ᠴᠢᠬᠤᠯᠠᠲᠠᠢ | ᠪᠠᠶᠢᠪᠠᠯ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠢᠨᠠᠨ ᠵᠥᠪᠰᠢᠶᠡᠷᠡᠬᠦ ᠠᠴᠠ ᠪᠠᠨ ᠡᠮᠦᠨ᠎ᠡ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠵᠥᠪᠰᠢᠶᠡᠷᠡᠯ ᠢ ᠣᠯᠣᠭᠰᠠᠨ ᠪᠠᠶᠢᠵᠤ᠂ ᠨᠡᠭᠦᠯᠭᠡᠨ ᠪᠠᠶᠢᠭᠤᠯᠬᠤ ᠳᠤ ᠬᠡᠷᠡᠭᠰᠡᠬᠦ ᠵᠠᠷᠤᠳᠠᠯ ᠢ ᠷᠠᠳᠢᠣ᠋ | ᠲᠧᠯᠸᠢᠰ ᠤᠨ ᠪᠡᠯᠡᠳᠬᠡᠮᠵᠢ ᠶᠢ ᠨᠡᠭᠦᠯᠭᠡᠨ ᠪᠠᠶᠢᠭᠤᠯᠬᠤ ᠪᠣᠯᠭᠠᠭᠰᠠᠨ ᠨᠢᠭᠡᠴᠢ ᠠᠴᠠ ᠳᠠᠭᠠᠭᠠᠨ ᠡᠭᠦᠷᠭᠡᠯᠡᠬᠦ ᠬᠡᠷᠡᠭᠲᠡᠢ︾ | ᠭᠡᠵᠦ ᠵᠠᠰᠠᠪᠤᠷᠢ ᠣᠷᠣᠭᠤᠯᠪᠠ᠃ | ᠳᠥᠴᠢᠨ ᠳᠣᠯᠣᠳᠤᠭᠠᠷ ᠵᠦᠢᠯ ᠢ ᠬᠠᠰᠤᠪᠠ᠃ | ᠳᠠᠭᠠᠯᠳᠤᠭᠤᠯᠤᠯ 2 | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ | ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ | ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠰᠢᠯᠭᠠᠨ ᠦᠨᠡᠯᠡᠭᠦ ᠠᠷᠭ᠎ᠠ︾ ︵2017 ᠣᠨ ᠤ 2 ᠳ᠋ᠤᠭᠠᠷ ᠰᠠᠷ᠎ᠠ ᠶᠢᠨ 17 ᠤ | ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ | 223 ᠳ᠋ᠤᠭᠠᠷ ᠲᠣᠭᠠᠲᠤ ᠪᠠᠷ ᠨᠡᠶᠢᠲᠡᠯᠡᠪᠡ︶ | ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠭᠦᠢᠴᠡᠳᠬᠡᠯ ᠲᠣᠭᠠᠨ ᠤ ᠲᠣᠭᠲᠠᠯᠴᠠᠭ᠎ᠠ ︵2016 — 2020 ᠣᠨ︶︾ | ︵2017 ᠣᠨ ᠤ 4 ᠳ᠋ᠦ᠋ᠭᠡᠷ ᠰᠠᠷ᠎ᠠ ᠶᠢᠨ 5 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 225 ᠳ᠋ᠤᠭᠠᠷ ᠲᠣᠭᠠᠲᠤ ᠪᠠᠷ ᠨᠡᠶᠢᠲᠡᠯᠡᠪᠡ︶ | ᠬᠤᠪᠢᠳᠠᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ | ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠷᠬᠢᠯᠡᠭᠴᠢ᠂ ᠳᠡᠳ᠋ | ᠡᠷᠬᠢᠯᠡᠭᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠡ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ | ᠠᠵᠢᠯ ᠦᠢᠯᠡᠰ ᠤᠨ ᠨᠢᠭᠡᠴᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠳᠣᠷᠣ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ | 2022 ᠣᠨ ᠤ 10 ᠳ᠋ᠤᠭᠠᠷ ᠰᠠᠷ᠎ᠠ ᠶᠢᠨ 25 ᠤ ᠡᠳᠦᠷ ᠳᠠᠷᠤᠮᠠᠯᠯᠠᠨ | ᠲᠠᠷᠬᠠᠭᠠᠪᠠ | |