ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2022﹈ 57 ᠳ᠋ᠤᠭᠠᠷ ᠲᠣᠭᠠᠲᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ | ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄ | ︽ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵ | ᠲᠥᠪ ᠲᠠᠷᠬᠠᠭᠠᠭᠰᠠᠨ ﹇2018﹈ 34 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ | ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠲᠡᠩᠴᠡᠭᠦᠷᠢ ᠲᠠᠢ ᠪᠣᠯᠭᠠᠬᠤ ᠶᠢ | ᠠᠬᠢᠭᠤᠯᠬᠤ ᠶᠢᠨ ᠲᠤᠰᠠᠳᠠ᠂ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ | ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2015﹈ 67 ᠳ᠋ᠤᠭᠠᠷ ᠲᠣᠭᠠᠲᠤ︶᠂ ︽ᠰᠤᠷᠭᠠᠨ | ᠬᠥᠮᠦᠵᠢᠯ ᠤᠨ ᠬᠦᠷᠢᠶ᠎ᠡ ᠴᠠᠷᠠᠭᠠᠨ ᠳᠠᠬᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ | ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ | ᠲᠥᠷᠥ ᠠᠯᠪᠠᠨ ᠲᠠᠷᠬᠠᠭᠠᠭᠰᠠᠨ ﹇2019﹈ 27 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ | ᠲᠣᠭᠲᠠᠴᠠ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ | ᠮᠡᠳᠡᠭᠳᠡᠪᠡ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠦᠴᠦᠯᠡᠨ ᠪᠠᠲᠤᠵᠢᠭᠤᠯᠵᠤ᠂ ᠡᠷᠬᠡ | ᠲᠡᠭᠰᠢ ᠪᠠᠶᠢᠬᠤ ᠶᠢ ᠠᠬᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠡᠬᠢᠯᠡᠴᠡ ᠪᠠ ᠲᠤᠰᠤᠯᠲᠠ ᠪᠣᠯᠭᠠᠨ᠂ | ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ | ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ᠦᠨᠳᠦᠰᠦᠨ ᠣᠯᠠᠨ | ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠲᠡᠩᠴᠡᠭᠦᠷᠢ ᠲᠠᠢ ᠪᠣᠯᠭᠠᠬᠤ ᠶᠢ ᠤᠯᠠᠮ ᠨᠢᠭᠡ ᠠᠯᠬᠤᠮ | ᠠᠬᠢᠭᠤᠯᠤᠨ᠎ᠠ᠃ | ᠬᠤᠶᠠᠷ᠂ ᠭᠤᠣᠯ ᠠᠭᠤᠯᠭ᠎ᠠ | ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ ᠬᠤᠶᠠᠷ ᠢ | ᠨᠥᠬᠦᠪᠦᠷᠢᠯᠡᠬᠦ︾ ᠲᠥᠷᠥ ᠶᠢᠨ ᠪᠣᠳᠣᠯᠭ᠎ᠠ᠃ | ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ | ᠬᠤᠶᠠᠷ ᠢ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ︵ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠤᠭᠴᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ ᠪᠠᠷ ᠰᠤᠷᠬᠤ | ᠪᠢᠴᠢᠭ ᠬᠠᠩᠭᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠢ ᠨᠢ | ᠬᠦᠴᠢᠷᠳᠡᠯᠲᠡᠢ ᠰᠤᠷᠤᠭᠴᠢ ᠪᠠ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ | ᠰᠤᠷᠤᠭᠴᠢ ᠳᠤ ᠠᠮᠢᠳᠤᠷᠠᠯ ᠤᠨ ᠵᠠᠷᠤᠳᠠᠯ ᠨᠥᠬᠦᠪᠦᠷᠢᠯᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠶᠢᠷᠢ ᠳᠤ ᠰᠠᠭᠤᠭ᠎ᠠ ᠰᠤᠷᠤᠭᠴᠢ ᠳᠤ ᠬᠤᠨᠤᠭ ᠤᠨ ᠵᠠᠷᠤᠳᠠᠯ ᠨᠥᠬᠦᠪᠦᠷᠢᠯᠡᠬᠦ︶ ᠶᠢ ᠨᠢᠭᠡᠳᠦᠯᠲᠡᠢ ᠬᠡᠷᠡᠭᠵᠢᠭᠦᠯᠬᠦ | ᠬᠡᠷᠡᠭᠲᠡᠢ᠃ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ | ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠨᠥᠬᠦᠪᠦᠷᠢᠯᠡᠬᠦ ᠪᠠᠷ ᠳᠠᠮᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ | ᠤᠯᠤᠰ ᠠᠴᠠ ᠲᠣᠭᠲᠠᠭᠠᠭᠰᠠᠨ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠪᠠ ᠪᠠᠭ᠎ᠠ | ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠤᠷᠤᠭᠴᠢᠳ ᠲᠤ ᠵᠢᠩᠬᠢᠨᠢ ᠬᠡᠪᠯᠡᠯ ᠤᠨ ᠰᠤᠷᠤᠭᠴᠢ ᠶᠢᠨ ᠲᠣᠯᠢ | ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ ᠪᠡᠯᠡ ᠮᠥᠩᠭᠦ ᠶᠢ ᠲᠥᠪ ᠤᠨ ᠡᠳ᠋ ᠤᠨ | ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠢᠴᠢᠶᠡᠯ ᠳᠤ | ᠬᠡᠷᠡᠭᠯᠡᠬᠦ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠪᠠ ᠦᠨᠳᠦᠰᠦᠲᠡᠨ ᠤ ᠬᠡᠯᠡ ᠪᠢᠴᠢᠭ | ᠰᠤᠷᠴᠤ ᠪᠠᠶᠢᠭ᠎ᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠤᠷᠤᠭᠴᠢᠳ ᠲᠤ ᠵᠢᠩᠬᠢᠨᠢ ᠬᠡᠪᠯᠡᠯ ᠤᠨ ︽ | ᠰᠤᠷᠤᠭᠴᠢ ᠶᠢᠨ ᠮᠣᠩᠭᠤᠯ ᠬᠡᠯᠡᠨ ᠤ ᠲᠣᠯᠢ︾ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ | ᠪᠡᠯᠡᠮᠥ᠋ᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ︔ | ᠠᠶᠢᠮᠠᠭ ᠬᠤᠲᠠ ᠶᠢᠨ ᠲᠣᠭᠲᠠᠭᠠᠭᠰᠠᠨ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ | ᠬᠡᠷᠡᠭᠰᠡᠬᠦ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ | ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ᠃ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ | ᠪᠠᠶᠢᠷᠢ ᠳᠤ ᠰᠠᠭᠤᠭ᠎ᠠ ᠰᠤᠷᠤᠭᠴᠢ ᠶᠢ ᠥᠪᠡᠷᠲᠡᠭᠡᠨ ᠵᠠᠰᠠᠬᠤ ᠣᠷᠣᠨ ᠠᠴᠠ ᠪᠠᠶᠢᠷᠢ ᠳᠤ ᠰᠠᠭᠤᠭ᠎ᠠ ᠰᠤᠷᠤᠭᠴᠢ ᠶᠢᠨ | 60 % ᠪᠠᠷ ᠲᠥᠰᠥᠭᠡᠯᠡᠨ ᠪᠣᠳᠣᠵᠤ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠥᠯᠥ | ᠰᠠᠭᠤᠭ᠎ᠠ ᠰᠤᠷᠤᠭᠴᠢ ᠶᠢ ᠥᠪᠡᠷᠲᠡᠭᠡᠨ ᠵᠠᠰᠠᠬᠤ ᠣᠷᠣᠨ ᠠᠴᠠ ᠪᠠᠶᠢᠷᠢ ᠳᠤ ᠥᠯᠥ ᠰᠠᠭᠤᠭ᠎ᠠ ᠰᠤᠷᠤᠭᠴᠢ ᠶᠢᠨ 20 | % ᠪᠠᠷ ᠲᠥᠰᠥᠭᠡᠯᠡᠨ ᠪᠣᠳᠣᠨ᠎ᠠ᠂ ᠡᠯ᠎ᠡ ᠠᠶᠢᠮᠠᠭ ᠬᠤᠲᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠰᠢᠭᠤ | ᠰᠢᠶᠠᠨ ︵ᠬᠤᠲᠠ᠂ ᠲᠣᠭᠤᠷᠢᠭ︶᠂ ᠰᠤᠷᠭᠠᠭᠤᠯᠢ ᠬᠤᠪᠢᠶᠠᠵᠤ ᠪᠠᠶᠢᠭᠠᠳ ᠲᠥᠰᠥᠭᠡᠯᠡᠨ ᠪᠤᠳᠤᠬᠤ ᠬᠡᠷᠡᠭᠲᠡᠢ᠃ ᠭᠡᠷ | ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠰᠠᠭᠤᠭ᠎ᠠ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ | ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 1000 | ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 1250 ᠲᠥᠭᠦᠷᠢᠭ ᠢᠶᠠᠷ ᠬᠡᠷᠡᠭᠵᠢᠭᠦᠯᠵᠦ᠂ ᠭᠡᠷ | ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠥᠯᠥ ᠰᠠᠭᠤᠭ᠎ᠠ ᠰᠤᠷᠤᠭᠴᠢᠳ ᠤᠨ ᠠᠮᠢᠳᠤᠷᠠᠯ ᠤᠨ | ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ | 500 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 625 ᠲᠥᠭᠦᠷᠢᠭ ᠢᠶᠠᠷ ᠬᠡᠷᠡᠭᠵᠢᠭᠦᠯᠬᠦ | ᠬᠡᠷᠡᠭᠲᠡᠢ᠃ ᠬᠡᠷᠡᠭᠰᠡᠬᠦ ᠪᠡᠯᠡ ᠮᠥᠩᠭᠦ ᠶᠢ ᠲᠥᠪ ᠪᠠ ᠣᠷᠣᠨ ᠨᠤᠲᠤᠭ 5᠄ 5 ᠶᠢᠨ ᠬᠠᠷᠢᠴᠠᠯ ᠢᠶᠠᠷ ᠬᠤᠪᠢᠳᠠᠨ | ᠡᠭᠦᠷᠭᠡᠯᠡᠬᠦ ᠬᠡᠷᠡᠭᠲᠡᠢ᠃ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 50 % ᠶᠢᠨ ᠬᠡᠰᠡᠭ ᠪᠠ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠤᠷᠤᠭᠴᠢ ᠶᠢᠨ ᠬᠡᠷᠡᠭᠰᠡᠬᠦ ᠵᠠᠷᠤᠳᠠᠯ ᠪᠦᠬᠦᠨ ᠢ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠵᠦ᠂ ᠪᠤᠰᠤᠳ | ᠰᠤᠷᠤᠭᠴᠢᠳ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠬᠠᠷᠢᠴᠠᠯ ᠶᠣᠰᠣᠭᠠᠷ ᠬᠤᠪᠢᠳᠠᠨ | ᠡᠭᠦᠷᠭᠡᠯᠡᠬᠦ ᠬᠡᠷᠡᠭᠲᠡᠢ᠃ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ | ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ | ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 1350 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ | ᠪᠣᠯ1620 ᠲᠥᠭᠦᠷᠢᠭ ᠢᠶᠠᠷ ᠬᠡᠷᠡᠭᠵᠢᠭᠦᠯᠵᠦ᠂ ᠬᠡᠷᠡᠭᠰᠡᠬᠦ ᠪᠡᠯᠡ ᠮᠥᠩᠭᠦᠨ ᠤ ᠲᠥᠪ ᠤᠨ ᠨᠥᠬᠦᠪᠦᠷᠢ ᠶᠢᠨ | ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ | ᠳᠠᠭᠠᠭᠠᠨ ᠡᠭᠦᠷᠭᠡᠯᠡᠬᠦ ᠬᠡᠷᠡᠭᠲᠡᠢ᠃ ᠪᠠᠶᠢᠷᠢ ᠳᠤ ᠰᠠᠭᠤᠭ᠎ᠠ ᠰᠤᠷᠤᠭᠴᠢ ᠶᠢᠨ ᠬᠤᠨᠤᠭ ᠤᠨ ᠵᠠᠷᠤᠳᠠᠯ ᠤᠨ | ᠨᠥᠬᠦᠪᠦᠷᠢ ᠶᠢᠨ ᠪᠠᠷᠢᠮᠵᠢᠶ᠎ᠠ ᠨᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 100 | ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 120 ᠲᠥᠭᠦᠷᠢᠭ ᠪᠠᠶᠢᠵᠤ᠂ ᠬᠡᠷᠡᠭᠰᠡᠬᠦ ᠪᠡᠯᠡ | ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ | ᠬᠡᠷᠡᠭᠲᠡᠢ᠃ | ︵ᠬᠤᠶᠠᠷ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ | ᠵᠠᠷᠤᠳᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠶᠢᠨ ᠳᠤᠮᠳᠠᠴᠢ ᠨᠡᠶᠢᠲᠡ ᠶᠢᠨ | ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠲᠤ ᠲᠣᠭᠲᠠᠭᠠᠭᠰᠠᠨ ᠲᠤᠭ᠎ᠠ ᠨᠢ᠄ ᠰᠤᠷᠤᠭᠴᠢ ᠨᠢᠭᠡᠪᠦᠷᠢ ᠳᠤ | ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 650 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ | ᠪᠣᠯ 850 ᠲᠥᠭᠦᠷᠢᠭ ᠪᠣᠯᠣᠨ᠎ᠠ᠃ ᠡᠭᠦᠨ ᠤ ᠰᠠᠭᠤᠷᠢᠨ ᠳᠡᠭᠡᠷ᠎ᠡ᠂ ᠪᠠᠶᠢᠷᠢ ᠳᠤ ᠰᠠᠭᠤᠬᠤ ᠳᠦᠷᠢᠮᠲᠦ | ᠰᠤᠷᠭᠠᠭᠤᠯᠢ ᠳᠤ ᠪᠣᠯ ᠪᠠᠶᠢᠷᠢ ᠳᠤ ᠰᠠᠭᠤᠬᠤ ᠰᠣᠷᠣᠭᠴᠢ ᠨᠢᠭᠡᠪᠦᠷᠢ ᠳᠤ ᠵᠢᠯ ᠳᠤ ᠪᠠᠨ ᠳᠤᠮᠳᠠᠴᠢ ᠪᠠᠷ 200 | ᠲᠥᠭᠦᠷᠢᠭ ᠤᠨ ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢ ᠨᠢ ᠨᠡᠮᠡᠭᠳᠡᠭᠦᠯᠬᠦ ᠬᠡᠷᠡᠭᠲᠡᠢ | ︔ ᠲᠠᠷᠢᠶᠠᠯᠠᠬᠤ ᠮᠠᠯᠵᠢᠬᠤ ᠣᠷᠣᠨ ᠤ 100 ᠬᠥᠮᠥᠨ ᠬᠦᠷᠬᠦ ᠦᠭᠡᠢ ᠬᠡᠪᠴᠢᠶ᠎ᠡ ᠪᠠᠷ ᠨᠡᠯᠢᠶᠡᠳ ᠪᠠᠭ᠎ᠠ | ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢ 100 ᠬᠥᠮᠥᠨ ᠢᠶᠠᠷ ᠬᠠᠷᠭᠤᠭᠤᠯᠤᠨ | ᠲᠣᠭᠲᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠣᠨᠴᠠᠭᠠᠢ | ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠨᠨᠴᠢ ᠪᠠ ᠠᠩᠭᠢ ᠳᠠᠭᠠᠵᠤ ᠰᠤᠷᠤᠯᠴᠠᠵᠤ ᠪᠠᠶᠢᠭ᠎ᠠ ᠵᠡᠮᠳᠡᠭ | ᠰᠤᠷᠤᠭᠴᠢ ᠨᠢᠭᠡᠪᠦᠷᠢ ᠳᠤ ᠵᠢᠯ ᠳᠤ ᠪᠠᠨ 6000 ᠲᠥᠭᠦᠷᠢᠭ ᠤᠨ ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ | ᠵᠠᠷᠤᠳᠠᠯ ᠤᠨ ᠨᠥᠬᠦᠪᠦᠷᠢ ᠣᠯᠭᠤᠬᠤ ᠬᠡᠷᠡᠭᠲᠡᠢ᠃ ᠥᠨᠳᠦᠷᠯᠢᠭ ᠬᠦᠢᠲᠡᠨ ᠣᠷᠣᠨ ︵ᠬᠥᠯᠥᠨ ᠪᠤᠶᠢᠷ ᠬᠤᠲᠠ᠂ | ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ ᠮᠠᠨᠵᠤᠤᠷ ᠬᠤᠲᠠ᠂ ᠡᠷᠢᠶᠡᠨ ᠬᠤᠲᠠ︶ ᠪᠠ ᠪᠤᠰᠤᠳ ᠭᠠᠵᠠᠷ | ᠣᠷᠣᠨ ᠳᠤ ᠲᠤᠰ ᠲᠤᠰ ᠰᠤᠷᠤᠭᠴᠢ ᠨᠢᠭᠡᠪᠦᠷᠢ ᠳᠤ ᠵᠢᠯ ᠳᠤ ᠪᠠᠨ ᠳᠤᠮᠳᠠᠴᠢ ᠪᠠᠷ 235 ᠲᠥᠭᠦᠷᠢᠭ ᠪᠠ 215 | ᠲᠥᠭᠦᠷᠢᠭ ᠢᠶᠠᠷ ᠳᠤᠯᠠᠭᠠᠯᠠᠭ᠎ᠠ ᠶᠢᠨ ᠵᠠᠷᠤᠳᠠᠯ ᠤᠨ ᠨᠥᠬᠦᠪᠦᠷᠢ ᠣᠯᠭᠤᠬᠤ ᠬᠡᠷᠡᠭᠲᠡᠢ᠃ ᠰᠤᠷᠤᠭᠴᠢ ᠶᠢᠨ ᠳᠤᠮᠳᠠᠴᠢ | ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠲᠤ ᠲᠣᠭᠲᠠᠭᠠᠭᠰᠠᠨ ᠲᠤᠭ᠎ᠠ ᠪᠠ ᠳᠤᠯᠠᠭᠠᠯᠠᠭ᠎ᠠ ᠶᠢᠨ | ᠵᠠᠷᠤᠳᠠᠯ ᠤᠨ ᠨᠥᠬᠦᠪᠦᠷᠢ ᠳᠤ ᠬᠡᠷᠡᠭᠰᠡᠬᠦ ᠪᠡᠯᠡ ᠮᠥᠩᠭᠦ ᠶᠢ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ | ᠬᠤᠪᠢᠳᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ 20 % ᠶᠢᠨ ᠬᠡᠰᠡᠭ ᠢ ᠨᠢ ᠬᠤᠪᠢᠳᠠᠨ ᠡᠭᠦᠷᠭᠡᠯᠡᠨ᠎ᠡ᠂ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠬᠡᠷᠡᠭᠰᠡᠬᠦ ᠵᠠᠷᠤᠳᠠᠯ ᠪᠦᠬᠦᠨ ᠢ ᠥᠪᠡᠷᠲᠡᠭᠡᠨ | ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ ᠪᠤᠰᠤᠳ ᠰᠤᠷᠭᠠᠭᠤᠯᠢ ᠶᠢᠨ | ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠬᠦ ᠬᠡᠷᠡᠭᠲᠡᠢ᠃ | ᠲᠠᠷᠢᠶᠠᠯᠠᠬᠤ ᠮᠠᠯᠵᠢᠬᠤ ᠣᠷᠣᠨ᠂ ᠬᠢᠯᠢ ᠬᠢᠵᠠᠭᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠭᠠᠭᠤᠯᠢ ᠶᠢᠨ ᠣᠳᠣ ᠶᠢᠨ ᠬᠡᠷᠡᠭᠵᠢᠭᠦᠯᠵᠦ ᠪᠠᠶᠢᠭ᠎ᠠ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ | ᠨᠥᠬᠦᠪᠦᠷᠢ ᠶᠢᠨ ᠪᠠᠷᠢᠮᠵᠢᠶ᠎ᠠ ᠨᠢ ᠰᠠᠭᠤᠷᠢ ᠪᠠᠷᠢᠮᠵᠢᠶᠠᠲᠤ ᠲᠣᠭᠲᠠᠭᠠᠭᠰᠠᠨ ᠲᠤᠭ᠎ᠠ ᠠᠴᠠ ᠳᠡᠭᠡᠭᠦᠷ ᠪᠠᠶᠢᠪᠠᠯ᠂ | ᠲᠦᠪᠰᠢᠨ ᠢ ᠨᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ᠂ ᠡᠯ᠎ᠡ ᠭᠠᠵᠠᠷ ᠣᠷᠣᠨ | ᠪᠣᠳᠠᠲᠠᠢ ᠲᠠᠢ ᠪᠠᠨ ᠤᠶᠠᠯᠳᠤᠭᠤᠯᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠪᠠᠨ | ᠳᠡᠭᠡᠭᠰᠢᠯᠡᠭᠦᠯᠬᠦ ᠶᠢ ᠵᠣᠷᠢᠭᠵᠢᠭᠤᠯᠬᠤ ᠬᠡᠷᠡᠭᠲᠡᠢ᠃ | ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢᠨ ᠠᠮᠤᠷ | ᠲᠦᠪᠰᠢᠨ ᠤ ᠪᠠᠲᠤᠯᠠᠭ᠎ᠠ ᠶᠢᠨ ᠤᠷᠲᠤ ᠬᠤᠭᠤᠴᠠᠭᠠᠨ ᠤ ᠪᠦᠲᠦᠮᠵᠢᠲᠠᠢ ᠲᠣᠭᠲᠠᠴᠠ᠃ | ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠵᠢᠴᠢ | ᠲᠡᠭᠦᠨ ᠤ ᠳᠠᠭᠠᠯᠲᠠ ᠪᠡᠯᠡᠳᠬᠡᠮᠵᠢ ᠪᠠᠨ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ᠂ ᠭᠠᠵᠠᠷ ᠬᠥᠳᠡᠯᠦᠯᠲᠡ ᠶᠢ | ᠳᠠᠭᠠᠭᠠᠯᠭᠠᠬᠤ ᠪᠠᠷ ᠪᠠᠬᠢᠵᠢᠭᠦᠯᠬᠦ᠂ ᠰᠢᠨᠡᠳᠬᠡᠵᠦ ᠥᠷᠭᠡᠳᠬᠡᠨ ᠪᠠᠶᠢᠭᠤᠯᠬᠤ ᠶᠢ ᠲᠡᠮᠵᠢᠬᠦ ᠬᠡᠷᠡᠭᠲᠡᠢ᠃ ᠲᠠᠷᠢᠶᠠᠯᠠᠬᠤ | ᠮᠠᠯᠵᠢᠬᠤ ᠣᠷᠣᠨ ᠤ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠪᠠᠶᠢᠷᠢ ᠶᠢ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ ᠳᠤ ᠨᠥᠬᠦᠪᠦᠷᠢ ᠣᠯᠭᠤᠵᠤ᠂ ᠨᠥᠬᠦᠪᠦᠷᠢ ᠶᠢᠨ ᠪᠠᠷᠢᠮᠵᠢᠶ᠎ᠠ ᠶᠢ | ᠤᠯᠤᠰ ᠤᠨ ᠨᠢᠭᠡᠳᠦᠯᠲᠡᠢ ᠪᠠᠷᠢᠮᠵᠢᠶ᠎ᠠ ᠪᠠᠷ ᠬᠡᠷᠡᠭᠵᠢᠭᠦᠯᠦᠨ᠂ ᠬᠡᠷᠡᠭᠰᠡᠬᠦ ᠪᠡᠯᠡ ᠮᠥᠩᠭᠦ ᠶᠢ ᠲᠥᠪ ᠪᠠ ᠥᠪᠡᠷᠲᠡᠭᠡᠨ | ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠬᠦ ᠬᠡᠷᠡᠭᠲᠡᠢ | ᠃ ᠡᠯ᠎ᠡ ᠠᠶᠢᠮᠠᠭ ᠬᠤᠲᠠ ᠨᠢ ᠬᠤᠲᠠ ᠶᠢᠨ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠡᠷᠡᠭᠰᠡᠬᠦ ᠪᠡᠯᠡ | ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ᠃ | ︵ᠳᠥᠷᠪᠡ︶ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠢ | ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠦᠷᠭᠦᠯᠵᠢᠯᠡᠨ ᠡᠩ ᠤᠨ ᠴᠢᠨᠠᠷᠲᠠᠢ ᠰᠢᠯᠵᠢᠭᠦᠯᠦᠨ | ᠥᠭᠬᠦ ᠪᠠᠷ ᠳᠠᠮᠵᠢᠭᠤᠯᠤᠨ ᠠᠶᠢᠮᠠᠭ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ | ᠴᠠᠯᠢᠩ ᠤᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠳᠤ ᠳᠡᠮᠵᠢᠯᠭᠡ ᠦᠵᠡᠭᠦᠯᠬᠦ ᠬᠡᠷᠡᠭᠲᠡᠢ᠃ ᠠᠶᠢᠮᠠᠭ ᠬᠤᠲᠠ ᠶᠢᠨ | ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠢᠯᠵᠢᠭᠦᠯᠦᠨ ᠥᠭᠬᠦ ᠪᠠ ᠲᠣᠰ ᠱᠠᠲᠤᠨ ᠤ ᠡᠳ᠋ ᠤᠨ | ᠬᠦᠴᠦᠨ ᠢ ᠨᠢᠭᠡᠳᠦᠯᠲᠡᠢ ᠲᠥᠯᠥᠪᠯᠡᠨ ᠬᠡᠷᠡᠭᠯᠡᠵᠦ ᠪᠠᠶᠢᠭᠠᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠰᠢ ᠶᠢᠨ ᠴᠠᠯᠢᠩ ᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠤᠤᠯ ᠤᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ | ᠭᠠᠵᠠᠷ ᠣᠷᠣᠨ ᠤ ᠬᠥᠳᠡᠭᠡ ᠲᠣᠰᠬᠤᠨ ᠤ ᠪᠠᠭᠰᠢ ᠳᠤ ᠦᠷᠭᠦᠯᠵᠢᠯᠡᠨ ᠠᠮᠢᠳᠤᠷᠠᠯ ᠤᠨ ᠨᠥᠬᠦᠪᠦᠷᠢ ᠣᠯᠭᠤᠵᠤ᠂ | ᠨᠥᠬᠦᠪᠦᠷᠢ ᠶᠢᠨ ᠪᠠᠷᠢᠮᠵᠢᠶ᠎ᠠ ᠨᠢ ᠰᠤᠮᠤ ᠰᠢᠶᠠᠩ ᠪᠠᠯᠭᠠᠰᠤᠨ ᠤ ᠰᠤᠷᠭᠠᠭᠤᠯᠢ ᠶᠢᠨ ᠪᠠᠭᠰᠢ ᠪᠦᠷᠢ ᠳᠤ ᠰᠠᠷ᠎ᠠ ᠳᠤ ᠪᠠᠨ | 300 ᠲᠥᠭᠦᠷᠢᠭ᠂ ᠲᠣᠰᠬᠤᠨ ᠤ ᠪᠠᠭ᠎ᠠ ᠰᠤᠷᠭᠠᠭᠤᠯᠢ ᠵᠢᠴᠢ ᠵᠢᠭᠠᠨ ᠰᠤᠷᠭᠠᠯᠲᠠ ᠶᠢᠨ ᠴᠡᠭ ᠤᠨ ᠪᠠᠭᠰᠢ ᠪᠦᠷᠢ ᠳᠤ | ᠰᠠᠷ᠎ᠠ ᠳᠤ ᠪᠠᠨ 400 ᠲᠥᠭᠦᠷᠢᠭ ᠪᠠᠶᠢᠵᠤ᠂ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠡᠴ᠊ ᠳᠠᠭᠠᠭᠠᠨ ᠡᠭᠦᠷᠭᠡᠯᠡᠬᠦ ᠬᠡᠷᠡᠭᠲᠡᠢ᠃ | ᠬᠤᠶᠢᠰᠢᠳᠠ ᠶᠢᠨ ᠣᠨ ᠵᠢᠯ ᠤᠳ ᠳᠤ᠂ ᠲᠥᠪ ᠤᠨ ᠲᠥᠷᠥ ᠶᠢᠨ ᠪᠣᠳᠣᠯᠭ᠎ᠠ ᠪᠠ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠪᠤᠴᠠ ᠳ᠋ᠤ᠋ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ | ᠦᠨᠳᠦᠰᠦᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢᠨ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤ ᠨᠢ ᠲᠣᠬᠢᠷᠠᠭᠤᠯᠤᠨ ᠲᠡᠭᠦᠯᠳᠡᠷᠵᠢᠭᠦᠯᠬᠦ | ᠬᠡᠷᠡᠭᠲᠡᠢ᠃ | ᠭᠤᠷᠪᠠ᠂ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ | ︵ᠨᠢᠭᠡ︶ ᠬᠡᠷᠡᠭᠵᠢᠭᠦᠯᠬᠦ ᠬᠡᠪᠴᠢᠶ᠎ᠡ᠄ ᠪᠦᠬᠦ ᠣᠷᠣᠨ ᠤ ᠪᠤᠶ ᠪᠦᠬᠦᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ︵ᠠᠷᠠᠳ ᠠᠴᠠ ᠡᠷᠬᠢᠯᠡᠭᠰᠡᠨ ᠰᠤᠷᠭᠠᠭᠤᠯᠢ ᠪᠠᠭᠲᠠᠨ᠎ᠠ︶᠃ | ︵ᠬᠤᠶᠠᠷ︶ ᠬᠡᠷᠡᠭᠵᠢᠭᠦᠯᠬᠦ ᠴᠠᠭ ᠬᠤᠭᠤᠴᠠᠭ᠎ᠠ᠄ 2022 ᠣᠨ ᠤ ᠨᠠᠮᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠬᠡᠷᠡᠭᠵᠢᠭᠦᠯᠦᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠨᠢ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ | ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ | ᠪᠠᠲᠤᠯᠠᠭ᠎ᠠ ᠶᠢᠨ ᠲᠣᠭᠲᠠᠴᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠠᠵᠢᠯ ᠢ ᠡᠳᠦᠷ ᠲᠤᠲᠤᠮ ᠤᠨ ᠴᠢᠬᠤᠯᠠ | ᠵᠥᠪᠯᠡᠬᠦ ᠵᠦᠢᠯ ᠳᠤ ᠪᠠᠨ ᠣᠷᠣᠭᠤᠯᠵᠤ᠂ ᠦᠨᠡᠨ ᠬᠦ ᠬᠡᠷᠡᠭᠵᠢᠭᠦᠯᠦᠭᠦᠰᠢᠲᠡᠢ ᠲᠥᠰᠥᠯ ᠢ ᠲᠣᠭᠲᠠᠭᠠᠬᠤ ᠬᠡᠷᠡᠭᠲᠡᠢ᠃ | ︵ᠬᠤᠶᠠᠷ︶ ᠪᠡᠯᠡ ᠮᠥᠩᠭᠦᠨ ᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠵᠠᠷᠤᠳᠠᠯ ᠢ ᠬᠤᠪᠢᠳᠠᠨ ᠡᠭᠦᠷᠭᠡᠯᠡᠬᠦ ᠬᠠᠷᠢᠭᠤᠴᠠᠯᠭ᠎ᠠ ᠶᠢᠨ ᠶᠣᠰᠣᠭᠠᠷ | ᠡᠭᠦᠷᠭᠡᠯᠡᠪᠡᠰᠦ ᠵᠣᠬᠢᠬᠤ ᠪᠡᠯᠡ ᠮᠥᠩᠭᠦ ᠶᠢ ᠲᠤᠭ᠎ᠠ ᠶᠣᠰᠣᠭᠠᠷ ᠨᠢ ᠭᠦᠢᠴᠡᠳ ᠨᠠᠶᠢᠳᠠᠪᠤᠷᠢᠵᠢᠭᠤᠯᠵᠤ᠂ | ᠪᠡᠯᠡᠮᠥ᠋ᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠰᠠᠯᠭᠠᠨ ᠥᠭᠴᠦ ᠪᠣᠳᠠᠲᠠᠶᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ | ᠣᠷᠣᠨ ᠤ ᠪᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ | ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠬᠤ | ᠬᠡᠷᠡᠭᠲᠡᠢ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠥᠰᠥᠪ ᠤᠨ ᠬᠠᠮᠢᠶᠠᠷᠤᠯᠲᠠ ᠶᠢ | ᠴᠢᠩᠭᠠᠳᠬᠠᠨ᠂ ᠲᠥᠰᠥᠪ ᠢ ᠨᠠᠷᠢᠯᠢᠭᠵᠢᠭᠤᠯᠤᠨ ᠨᠠᠶᠢᠷᠠᠭᠤᠯᠤᠨ ᠵᠣᠬᠢᠶᠠᠵᠤ᠂ ᠲᠥᠰᠥᠪ ᠤᠨ ᠬᠡᠷᠡᠭᠵᠢᠭᠦᠯᠦᠯᠲᠡ ᠶᠢ | ᠴᠢᠩᠳᠠᠯᠠᠵᠤ᠂ ᠲᠥᠰᠥᠪ ᠤᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠬᠡᠷᠡᠭᠲᠡᠢ︔ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠬᠠᠮᠢᠶᠠᠷᠤᠯᠲᠠ ᠶᠢᠨ | ᠣᠨᠣᠯᠵᠢᠬᠤᠨ ᠳᠤ ᠰᠢᠨ᠎ᠡ ᠶᠢ ᠡᠭᠦᠳᠴᠦ᠂ ᠠᠮᠵᠢᠯᠲᠠ ᠪᠦᠲᠦᠮᠵᠢ ᠶᠢᠨ ᠲᠥᠰᠥᠪ ᠢ ᠵᠠᠷᠤᠳᠠᠯ ᠤᠨ ᠬᠡᠷᠡᠭᠯᠡᠯᠲᠡ | ᠬᠠᠮᠢᠶᠠᠷᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠂ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ | ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ | ᠪᠠᠲᠤᠯᠠᠭ᠎ᠠ ᠶᠢᠨ ᠲᠣᠭᠲᠠᠴᠠ ᠶᠢ ᠤᠬᠠᠭᠤᠯᠬᠤ ᠠᠵᠢᠯ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ | ᠵᠦᠢᠯ ᠤᠨ ᠤᠬᠠᠭᠤᠯᠭ᠎ᠠ ᠶᠢᠨ ᠵᠠᠭᠤᠴᠢ ᠶᠢ ᠥᠷᠭᠡᠨ ᠢᠶᠠᠷ ᠠᠰᠢᠭᠯᠠᠨ᠂ ᠣᠯᠠᠨ ᠵᠦᠢᠯ ᠤᠨ ᠠᠷᠭ᠎ᠠ ᠬᠡᠯᠪᠡᠷᠢ ᠶᠢ | ᠠᠪᠴᠤ ᠪᠠᠶᠢᠭᠠᠳ ᠨᠡᠶᠢᠭᠡᠮ ᠳᠤ ᠭᠦᠨᠵᠡᠭᠡᠢ ᠤᠬᠠᠭᠤᠯᠤᠨ᠂ ᠨᠠᠮ ᠪᠠ ᠵᠠᠰᠠᠭ ᠤᠨ ᠣᠷᠳᠣᠨ ᠤ ᠠᠷᠠᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠵᠦ᠂ ᠬᠥᠮᠥᠰ ᠤᠨ ᠰᠡᠳᠬᠢᠯ ᠳᠤ | ᠬᠠᠳᠠᠩᠰᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢᠨ | ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠤᠰ ᠮᠡᠳᠡᠭᠳᠡᠯ ᠢ 2022 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ | ᠬᠡᠷᠡᠭᠵᠢᠭᠦᠯᠦᠨ᠎ᠡ᠃ ᠤᠤᠯ ᠤᠨ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ | ᠲᠥᠰᠥᠯ ᠢᠲ᠋ᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ | 32 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | 2022 ᠣᠨ ᠤ 8 ᠳ᠋ᠤᠭᠠᠷ ᠰᠠᠷ᠎ᠠ ᠶᠢᠨ 1 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ | ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠳᠣᠷᠣ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ | 2022 ᠣᠨ ᠤ 8 ᠳ᠋ᠤᠭᠠᠷ ᠰᠠᠷ᠎ᠠ ᠶᠢᠨ 1 ᠤ ᠡᠳᠦᠷ ᠳᠠᠷᠤᠮᠠᠯᠯᠠᠨ | ᠲᠠᠷᠬᠠᠭᠠᠪᠠ |