ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2022﹈ 75 ᠳ᠋ᠤᠭᠠᠷ ᠲᠣᠭᠠᠲᠤ | ᠥᠪᠥᠷ ᠵᠠᠰᠠᠭ ᠠᠯᠪᠠᠨ ᠲᠠᠷᠬᠠᠭᠠᠭᠰᠠᠨ ﹇2016﹈ 77 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ | ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄ | ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠲᠠᠲᠠᠪᠤᠷᠢᠯᠠᠵᠤ ᠲᠤᠰᠢᠶᠠᠬᠤ ᠬᠠᠮᠢᠶᠠᠷᠤᠯᠲᠠ ᠶᠢ ᠦᠨᠡᠨ ᠬᠦ | ᠴᠢᠩᠭᠠᠳᠬᠠᠵᠤ᠂ ᠲᠠᠲᠠᠪᠤᠷᠢᠯᠠᠵᠤ ᠲᠤᠰᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠷᠢᠶᠠᠪᠠᠰᠤ ᠵᠣᠬᠢᠬᠤ | ᠪᠦᠬᠦᠨ ᠢ ᠬᠤᠷᠢᠶᠠᠬᠤ ᠶᠢ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠬᠢᠨᠠᠮᠠᠭᠠᠢ ᠰᠤᠳᠤᠯᠤᠭᠠᠳ᠂ ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠲᠠᠲᠠᠪᠤᠷᠢᠯᠠᠵᠤ ᠲᠤᠰᠢᠶᠠᠬᠤ ᠠᠵᠢᠯ ᠤᠨ | ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2016﹈ 77 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ ᠲᠣᠭᠲᠠᠪᠠ᠂ | ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠥᠪᠥᠷ ᠵᠠᠰᠠᠭ ᠠᠯᠪᠠᠨ ᠲᠠᠷᠬᠠᠭᠠᠭᠰᠠᠨ ﹇2016﹈ 77 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠤᠨ ︽ᠬᠤᠶᠠᠷ᠂ ᠲᠠᠲᠠᠪᠤᠷᠢᠯᠠᠵᠤ ᠲᠤᠰᠢᠶᠠᠬᠤ ᠵᠠᠭᠪᠤᠷ︾ ᠤᠨ ᠬᠡᠰᠡᠭ ᠲᠠᠬᠢ ᠠᠭᠤᠯᠭ᠎ᠠ ᠳᠤ ︽ᠪᠥᠬᠦ | ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠥᠷᠥ ᠲᠠᠷᠬᠠᠭᠠᠭᠰᠠᠨ ﹇ | 2015﹈ 2 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ᠂ 2014 ᠣᠨ ᠤ 10 ᠳ᠋ᠤᠭᠠᠷ | ᠰᠠᠷ᠎ᠠ ᠠᠴᠠ ᠡᠬᠢᠯᠡᠨ ᠬᠠᠤᠯᠢ ᠶᠣᠰᠣᠭᠠᠷ ᠪᠥᠬᠦ ᠲᠤᠭ᠎ᠠ ᠪᠠᠷ ᠲᠠᠲᠠᠪᠤᠷᠢᠯᠠᠵᠤ ᠲᠤᠰᠢᠶᠠᠬᠤ ᠬᠡᠷᠡᠭᠲᠡᠢ︾ ᠭᠡᠵᠦ | ᠵᠠᠰᠠᠪᠤᠷᠢ ᠣᠷᠣᠭᠤᠯᠪᠠ᠃ | ᠬᠤᠶᠠᠷ᠂ ᠥᠪᠥᠷ ᠵᠠᠰᠠᠭ ᠠᠯᠪᠠᠨ ᠲᠠᠷᠬᠠᠭᠠᠭᠰᠠᠨ ﹇2016﹈ 77 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠤᠨ ︽ᠭᠤᠷᠪᠠ᠂ ᠲᠠᠲᠠᠪᠤᠷᠢᠯᠠᠵᠤ ᠲᠤᠰᠢᠶᠠᠬᠤ ᠬᠠᠮᠢᠶᠠᠷᠤᠯᠲᠠ︾ ᠶᠢᠨ ᠬᠡᠰᠡᠭ ᠲᠠᠬᠢ ︽ᠥᠪᠡᠷᠲᠡᠭᠡᠨ | ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠯᠴᠠᠨ ᠪᠥᠬᠦ ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠲᠠᠲᠠᠪᠤᠷᠢᠯᠠᠵᠤ ᠲᠤᠰᠢᠶᠠᠬᠤ | ᠲᠠᠯ᠎ᠠ ᠪᠠᠷ ᠬᠢ ᠪᠣᠳᠠᠲᠠᠢ ᠠᠵᠢᠯᠯᠠᠭᠠᠨ ᠤ ᠠᠷᠭ᠎ᠠ ᠪᠠ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠬᠤ ᠶᠢᠨ ᠬᠠᠮᠲᠤ᠂ | ᠡᠯ᠎ᠡ ᠭᠠᠵᠠᠷ ᠣᠷᠣᠨ ᠤ ᠲᠠᠲᠠᠪᠤᠷᠢᠯᠠᠵᠤ ᠲᠤᠰᠢᠶᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠵᠢᠭᠠᠨ | ᠵᠢᠯᠣᠭᠤᠳᠤᠯᠭ᠎ᠠ ᠬᠢᠨᠠᠯᠲᠠ ᠲᠠᠯᠪᠢᠯᠲᠠ ᠬᠢᠨ᠎ᠡ᠃︾ ᠭᠡᠳᠡᠭ ᠲᠤ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ 2022 ᠣᠨ ᠤ 9 ᠳ᠋ᠦ᠋ᠭᠡᠷ ᠰᠠᠷ᠎ᠠ ᠶᠢᠨ | 21 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠢ ᠰᠡᠳᠦᠪᠲᠦ | ᠬᠤᠷᠠᠯ ᠤᠨ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ | ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠲᠠᠲᠠᠪᠤᠷᠢᠯᠠᠵᠤ ᠲᠤᠰᠢᠶᠠᠬᠤ | ᠪᠣᠳᠠᠲᠠᠢ ᠲᠤᠬᠠᠶᠢᠯᠠᠭᠰᠠᠨ ᠠᠵᠢᠯ ᠤᠨ ᠳᠦᠷᠢᠮ ᠢ ᠲᠣᠳᠣᠷᠬᠠᠶᠢᠯᠠᠬᠤ ᠶᠢᠨ ᠬᠠᠮᠲᠤ᠂ ᠡᠯ᠎ᠡ ᠭᠠᠵᠠᠷ ᠣᠷᠣᠨ ᠤ | ᠲᠠᠲᠠᠪᠤᠷᠢᠯᠠᠵᠤ ᠲᠤᠰᠢᠶᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠵᠢᠭᠠᠨ ᠵᠢᠯᠣᠭᠤᠳᠤᠯᠭ᠎ᠠ ᠬᠢᠨᠠᠯᠲᠠ | ᠲᠠᠯᠪᠢᠯᠲᠠ ᠬᠢᠨ᠎ᠡ᠃︾ ᠭᠡᠵᠦ ᠵᠠᠰᠠᠪᠤᠷᠢ ᠣᠷᠣᠭᠤᠯᠪᠠ᠃ | ᠭᠤᠷᠪᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠨᠢ ᠳᠡᠭᠡᠷ᠎ᠡ ᠳᠤᠷᠠᠳᠤᠭᠰᠠᠨ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ ᠳᠤ ᠠᠰᠠᠭᠤᠳᠠᠯ ᠲᠤᠯᠭᠠᠷᠠᠪᠠᠯ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠪᠣᠯᠣᠨ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ | ᠲᠠᠶᠢᠯᠪᠤᠷᠢᠯᠠᠨ᠎ᠠ᠃ | 2022 ᠣᠨ ᠤ 10 ᠳ᠋ᠤᠭᠠᠷ ᠰᠠᠷ᠎ᠠ ᠶᠢᠨ 12 ᠤᠨ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2022 ᠣᠨ ᠤ 10 ᠳ᠋ᠤᠭᠠᠷ ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ |