ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2022﹈ 45 ᠳ᠋ᠤᠭᠠᠷ ᠲᠣᠭᠠᠲᠤ | ᠨᠠᠰᠤᠵᠢᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ | ᠪᠦᠬᠦᠢ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠨᠠᠰᠤᠵᠢᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2022 ᠣᠨ ᠤ 7 ᠳ᠋ᠤᠭᠠᠷ ᠰᠠᠷ᠎ᠠ ᠶᠢᠨ 7 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠨᠠᠰᠤᠵᠢᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠨᠦᠭᠦᠳ | ︽ᠰᠢᠨ᠎ᠡ ᠴᠠᠭ ᠦᠶ᠎ᠡ ᠶᠢᠨ ᠨᠠᠰᠤᠵᠢᠯᠲᠠ ᠶᠢᠨ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇ | 2021﹈ 42 ᠳ᠋ᠤᠭᠠᠷ ᠲᠣᠭᠠᠲᠤ︶ ᠪᠠ ︽ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇ | 2019﹈ 5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠥᠬᠦ ᠣᠷᠣᠨ ᠤ ᠨᠠᠰᠤᠵᠢᠯ ᠤᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ | ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ | ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠤᠷᠠᠳᠪᠠ᠃ | ᠨᠢᠭᠡ᠂ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ | ︵ᠨᠢᠭᠡ︶ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ | ᠠᠰᠢᠭ ᠢᠶᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯᠲᠦ ᠬᠥᠷᠥᠩᠭᠡ᠂ ᠨᠡᠶᠢᠭᠡᠮ ᠤᠨ | ᠬᠥᠷᠥᠩᠭᠡ ᠶᠢᠨ ᠠᠳᠠᠯᠢ ᠪᠤᠰᠤ ᠣᠷᠣᠯᠭ᠎ᠠ ᠲᠠᠢ ᠬᠥᠮᠥᠰ᠂ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠲᠠᠢ | ᠡᠲᠡᠭᠡᠳ ᠲᠤ ᠬᠠᠨᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠡᠷᠭᠢᠯᠡᠬᠦ ᠶᠢ ᠵᠣᠷᠢᠭᠵᠢᠭᠤᠯᠤᠨ | ᠳᠡᠮᠵᠢᠵᠦ᠂ ᠨᠥᠬᠦᠴᠡᠯ ᠳᠤ ᠨᠡᠶᠢᠴᠡᠭᠰᠡᠨ ᠨᠠᠰᠤᠵᠢᠯ ᠤᠨ ᠪᠠᠶᠢᠭᠤᠯᠤᠮᠵᠢ ᠳᠤ ᠪᠦᠲᠦᠭᠡᠨ ᠪᠠᠶᠢᠭᠤᠯᠤᠯᠲᠠ ᠪᠠ | ᠡᠵᠡᠩᠨᠡᠯᠲᠡ ᠶᠢᠨ ᠨᠥᠬᠦᠪᠦᠷᠢ ᠥᠭᠴᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠳᠤ ᠡᠵᠡᠩᠨᠡᠯᠲᠡ ᠶᠢᠨ ᠨᠥᠬᠦᠪᠦᠷᠢ ᠣᠯᠭᠤᠬᠤ ᠬᠡᠷᠡᠭᠲᠡᠢ᠃ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠲᠤᠰᠬᠠᠶᠢᠵᠢᠬᠤ᠂ ᠨᠡᠷᠡᠲᠦ ᠲᠡᠮᠳᠡᠭᠵᠢᠬᠦ᠂ ᠬᠡᠯᠬᠢᠶᠡᠵᠢᠬᠦ᠂ ᠬᠡᠪᠴᠢᠶᠡᠵᠢᠨ ᠬᠥᠭᠵᠢᠬᠦ ᠶᠢ | ᠵᠣᠷᠢᠭᠵᠢᠭᠤᠯᠬᠤ ᠬᠡᠷᠡᠭᠲᠡᠢ᠃ ᠨᠠᠰᠤᠵᠢᠯ ᠤᠨ ᠦᠢᠯᠡᠴᠢᠯᠡᠭᠡᠨ ᠤ ᠲᠠᠸᠠᠷ ᠤᠨ ᠲᠡᠮᠳᠡᠭ ᠨᠠᠷᠠᠲᠤ ᠲᠡᠮᠳᠡᠭᠲᠦ ᠶᠢ | ᠬᠠᠮᠠᠭᠠᠯᠠᠬᠤ ᠪᠠᠨ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ᠃ | ᠳᠣᠷᠣᠭᠰᠢᠬᠢ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠬᠠᠷᠢᠭᠤᠴᠠᠨ ᠨᠠᠶᠢᠳᠠᠪᠤᠷᠢᠵᠢᠭᠤᠯᠬᠤ ᠪᠣᠯᠬᠤᠷ ᠳᠠᠭᠢᠵᠤ ᠵᠢᠭᠰᠠᠭᠠᠨ ᠲᠣᠳᠣᠷᠬᠠᠶᠢᠯᠠᠬᠤ ᠦᠭᠡᠢ︶ | ︵ᠬᠤᠶᠠᠷ︶ ᠡᠷᠡᠭᠦᠯᠵᠢᠯ ᠤᠨ ᠬᠠᠪᠰᠤᠷᠤᠮᠵᠢ ᠬᠡᠷᠡᠭᠰᠡᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠬᠠᠪᠰᠤᠷᠤᠮᠵᠢ ᠬᠡᠷᠡᠭᠰᠡᠯ ᠬᠢᠭᠡᠳ ᠥᠲᠡᠭᠦᠰ ᠲᠤ | ᠲᠣᠬᠢᠷᠠᠬᠤ ᠦᠢᠯᠡᠳᠬᠦᠨ ᠢ ᠳᠡᠯᠭᠡᠨ ᠦᠵᠡᠭᠦᠯᠬᠦ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠪᠠᠶᠢᠭᠤᠯᠵᠤ᠂ ᠠᠵᠤ | ᠠᠬᠤᠶᠢᠯᠠᠯ ᠳᠤ ᠦᠢᠯᠡᠳᠬᠦᠨ ᠢᠶᠠᠨ ᠳᠡᠯᠭᠡᠨ ᠦᠵᠡᠭᠦᠯᠬᠦ ᠪᠠ ᠪᠡᠶᠡᠴᠢᠯᠡᠨ ᠣᠶᠢᠯᠠᠭᠠᠬᠤ ᠲᠠᠪᠴᠠᠩ ᠬᠠᠩᠭᠠᠨ᠎ᠠ᠃ | ᠤᠯᠤᠰ ᠤᠨ ᠳᠣᠲᠣᠭᠠᠳᠤ ᠭᠠᠳᠠᠭᠠᠳᠤ ᠶᠢᠨ ᠨᠠᠰᠤᠵᠢᠯ ᠤᠨ ᠴᠢᠨᠠᠷᠵᠢᠭᠤᠨ ᠠᠵᠤ ᠠᠬᠤᠶᠢᠯᠠᠯ ᠪᠠ ᠬᠠᠪᠰᠤᠷᠤᠮᠵᠢ | ᠬᠡᠷᠡᠭᠰᠡᠯ ᠤᠨ ᠠᠵᠤ ᠠᠬᠤᠶᠢᠯᠠᠯ ᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠷᠢᠶᠡᠯᠡᠩ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠠᠵᠤ ᠦᠢᠯᠡᠰ ᠤᠨ | ᠬᠦᠷᠢᠶᠡᠯᠡᠩ ᠲᠣᠭᠤᠷᠢᠭ ᠲᠤ ᠲᠡᠳᠡᠨ ᠨᠤᠲᠤᠭᠰᠢᠭᠤᠯᠬᠤ ᠶᠢᠨ ᠬᠠᠮᠲᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠬᠦᠷᠲᠡᠭᠡᠬᠦ ᠬᠡᠷᠡᠭᠲᠡᠢ᠃ ᠡᠷᠡᠭᠦᠯᠵᠢᠯ ᠤᠨ ᠬᠠᠪᠰᠤᠷᠤᠮᠵᠢ ᠬᠡᠷᠡᠭᠰᠡᠯ ᠢ ᠨᠡᠶᠢᠭᠡᠮ ᠲᠣᠭᠤᠷᠢᠭ ᠲᠤ ᠲᠦᠷᠢᠶᠡᠰᠦᠯᠡᠵᠦ | ᠦᠭᠭᠦ ᠶᠢ ᠢᠳᠡᠪᠬᠢᠲᠡᠢ ᠳᠡᠯᠭᠡᠷᠡᠭᠦᠯᠵᠦ᠂ ᠨᠡᠶᠢᠭᠡᠮ ᠤᠨ ᠬᠢᠨ ᠤ ᠨᠠᠰᠤᠵᠢᠯ ᠤᠨ ᠪᠠᠶᠢᠭᠤᠯᠤᠮᠵᠢ ᠡᠷᠬᠢᠯᠡᠬᠦ ᠪᠠ | ᠦᠢᠯᠡᠴᠢᠯᠡᠭᠡᠨ ᠤ ᠲᠠᠯᠠᠪᠤᠷ ᠭᠠᠵᠠᠷ ᠲᠤ ᠡᠷᠡᠭᠦᠯᠵᠢᠯ ᠤᠨ ᠬᠠᠪᠰᠤᠷᠤᠮᠵᠢ ᠬᠡᠷᠡᠭᠰᠡᠯ ᠬᠤᠳᠠᠯᠳᠤᠨ ᠠᠪᠴᠤ ᠬᠡᠷᠡᠭᠯᠡᠬᠦ ᠳᠤ | ᠨᠥᠬᠦᠪᠦᠷᠢ ᠦᠭᠭᠦ ᠳᠦᠷᠢᠮ ᠢ ᠰᠦᠪᠡᠭᠴᠢᠯᠡᠨ ᠪᠠᠶᠢᠭᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ ᠠᠴᠠ | ᠬᠠᠷᠢᠭᠤᠴᠠᠨ᠎ᠠ︶ | ︵ᠭᠤᠷᠪᠠ︶ ᠨᠠᠰᠤᠲᠠᠶᠢᠴᠤᠳ ᠤᠨ ᠰᠠᠭᠤᠷᠢᠰᠢᠬᠤ ᠳᠤ ᠲᠠᠭᠠᠯᠠᠮᠵᠢᠲᠠᠢ ᠠᠵᠤ ᠦᠢᠯᠡᠰ ᠢ ᠢᠳᠡᠪᠬᠢᠲᠡᠢ | ᠬᠥᠭᠵᠢᠭᠦᠯᠬᠦ ᠬᠡᠷᠡᠭᠲᠡᠢ᠃ ᠨᠡᠶᠢᠭᠡᠮ ᠤᠨ ᠬᠥᠷᠥᠩᠭᠡ ᠶᠢᠨ ᠨᠠᠰᠤᠲᠠᠶᠢᠴᠤᠳ ᠤᠨ ᠣᠷᠣᠰᠢᠨ ᠰᠠᠭᠤᠬᠤ ᠳᠤ ᠲᠣᠬᠢᠷᠠᠬᠤ | ᠨᠠᠩ ᠣᠯᠠᠨ ᠬᠤᠳᠠᠯᠳᠤᠭᠠᠨ ᠤ ᠣᠷᠣᠨ ᠰᠠᠭᠤᠴᠠ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ | ᠵᠣᠷᠢᠭᠵᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ | ᠲᠥᠯᠥᠪᠦᠷᠢ ᠦᠭᠡᠢ ᠪᠠᠷ ᠨᠡᠶᠢᠭᠡᠮ ᠤᠨ ᠬᠦᠴᠦᠨ ᠳᠤ ᠲᠤᠰᠢᠶᠠᠨ ᠡᠵᠡᠩᠨᠡᠭᠦᠯᠬᠦ ᠶᠢ ᠳᠡᠮᠵᠢᠵᠦ᠂ ᠭᠡᠷ ᠠᠬᠤᠢ ᠶᠢᠨ | ᠠᠵᠤ ᠠᠬᠤᠶᠢᠯᠠᠯ᠂ ᠠᠳᠠᠯ ᠠᠬᠤᠢ ᠶᠢᠨ ᠺᠣᠮᠫᠠᠨᠢ ᠶᠢᠨ ᠭᠡᠷ ᠲᠤ ᠪᠠᠨ ᠠᠰᠠᠷᠠᠭᠤᠯᠬᠤ ᠳᠤ ᠵᠣᠷᠢᠭᠤᠯᠤᠭᠰᠠᠨ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠳᠤ ᠣᠷᠤᠯᠴᠠᠬᠤ ᠶᠢ ᠳᠡᠮᠵᠢᠬᠦ ᠬᠡᠷᠡᠭᠲᠡᠢ᠃ ᠣᠨᠴᠠ ᠬᠦᠴᠢᠷᠳᠡᠯᠲᠡᠢ | ᠨᠠᠰᠤᠲᠠᠶᠢᠴᠤᠳ ᠤᠨ ᠭᠡᠷ ᠪᠦᠯᠢ ᠳᠤ ᠥᠲᠡᠭᠦᠰ ᠲᠤ ᠲᠣᠬᠢᠷᠠᠭᠤᠯᠤᠭᠰᠠᠨ ᠥᠭᠡᠷᠡᠴᠢᠯᠡᠯᠲᠡ ᠰᠢᠨᠡᠴᠢᠯᠡᠯᠲᠡ ᠬᠢᠬᠦ ᠳᠤ | ᠨᠥᠬᠦᠪᠦᠷᠢ ᠥᠭᠴᠦ᠂ ᠨᠠᠰᠤᠲᠠᠨ ᠢ ᠠᠰᠠᠷᠠᠬᠤ ᠠᠵᠢᠯ ᠤᠨ ᠭᠡᠷ ᠪᠦᠯᠢ ᠶᠢᠨ ᠦᠢᠯᠡᠴᠢᠯᠡᠭᠡᠨ ᠤ ᠣᠷᠣ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠤᠳᠠᠯᠳᠤᠭᠠᠨ ᠤ | ᠶᠠᠪᠤᠳᠠᠯ ᠤᠨ ᠲᠢᠩᠬᠢᠮ ᠠᠴᠠ ᠬᠠᠷᠢᠭᠤᠴᠠᠨ᠎ᠠ︶ | ︵ᠳᠥᠷᠪᠡ︶ ᠥᠲᠡᠭᠦᠰ ᠤᠨ ᠰᠤᠷᠭᠠᠨ ᠬᠥᠮᠦᠵᠢᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠬᠥᠭᠵᠢᠭᠡᠬᠦ ᠬᠡᠷᠡᠭᠲᠡᠢ᠃ ᠨᠥᠬᠦᠴᠡᠯ ᠲᠠᠢ ᠰᠤᠷᠭᠠᠭᠤᠯᠢ ᠨᠤᠭᠤᠳ ᠤᠨ ᠥᠲᠡᠭᠦᠰ ᠤᠨ ᠰᠤᠷᠭᠠᠨ ᠬᠥᠮᠦᠵᠢᠯ ᠢ | ᠥᠷᠨᠢᠭᠦᠯᠬᠦ ᠶᠢ ᠨᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠤ ᠥᠲᠡᠭᠦᠰ ᠤᠨ ᠶᠡᠭᠡ ᠰᠤᠷᠭᠠᠭᠤᠯᠢ ᠡᠷᠬᠢᠯᠡᠬᠦ ᠶᠢ | ᠳᠡᠮᠵᠢᠵᠦ᠂ ᠥᠲᠡᠭᠦᠰ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠬᠦ ᠬᠡᠷᠡᠭᠲᠡᠢ᠃ | ᠥᠲᠡᠭᠦᠰ ᠤᠨ ᠲᠣᠭᠠᠵᠢᠯᠲᠤ ᠰᠤᠷᠭᠠᠨ ᠬᠥᠮᠦᠵᠢᠯ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠵᠣᠷᠢᠭᠵᠢᠭᠤᠯᠤᠨ | ᠬᠥᠭᠵᠢᠭᠦᠯᠵᠦ᠂ ᠠᠵᠤ ᠠᠬᠤᠶᠢᠯᠠᠯ ᠪᠠ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠦᠯᠵᠢᠶᠡᠨ | ᠥᠷᠲᠡᠭᠡ᠂ ᠭᠠᠷ ᠤᠲᠠᠰᠤᠨ ᠤ APP ᠢᠶᠠᠷ ᠳᠠᠮᠵᠢᠭᠤᠯᠤᠨ ᠰᠦᠯᠵᠢᠶ᠎ᠡ ᠪᠠᠷ ᠰᠤᠷᠤᠯᠴᠠᠬᠤ᠂ ᠬᠠᠷᠢᠯᠴᠠᠨ | ᠬᠥᠳᠡᠯᠦᠯᠴᠡᠵᠦ ᠣᠶᠢᠯᠠᠭᠠᠯᠴᠠᠬᠤ ᠵᠡᠷᠭᠡ ᠰᠢᠨ᠎ᠡ ᠶᠢ ᠡᠭᠦᠳᠦᠭᠰᠡᠨ ᠰᠤᠷᠭᠠᠨ ᠬᠥᠮᠦᠵᠢᠯ ᠤᠨ ᠨᠡᠷᠡᠳᠭᠦᠨ ᠢ ᠨᠡᠭᠡᠭᠡᠨ | ᠬᠥᠭᠵᠢᠭᠦᠯᠬᠦ ᠶᠢ ᠳᠡᠮᠵᠢᠵᠦ᠂ ᠵᠠᠰᠠᠭ ᠤᠨ ᠣᠷᠳᠣᠨ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠥᠲᠡᠭᠦᠰ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠨᠢ ᠳᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ | ᠲᠢᠩᠬᠢᠮ ᠠᠴᠠ ᠬᠠᠷᠢᠭᠤᠴᠠᠨ᠎ᠠ︶ | ︵ᠲᠠᠪᠤ︶ ᠡᠷᠡᠭᠦᠯ ᠡᠩᠬᠡ ᠵᠢᠭᠤᠯᠴᠢᠯᠠᠨ ᠰᠠᠭᠤᠬᠤ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠬᠡᠷᠡᠭᠲᠡᠢ᠃ ᠡᠷᠡᠭᠦᠯᠵᠢᠭᠦᠯᠵᠦ ᠰᠤᠪᠢᠯᠠᠬᠤ ᠵᠢᠭᠤᠯᠴᠢᠯᠠᠯ᠂ ᠨᠡᠭᠦᠳᠡᠯ ᠬᠡᠯᠪᠡᠷᠢ ᠶᠢᠨ ᠵᠢᠭᠤᠯᠴᠢᠯᠠᠯ᠂ | ᠬᠤᠪᠢᠰᠬᠠᠯ ᠤᠨ ᠳᠤᠷᠠᠰᠬᠠᠯᠲᠤ ᠭᠠᠵᠠᠷ ᠤᠨ ᠵᠢᠭᠤᠯᠴᠢᠯᠠᠯ ᠵᠡᠷᠭᠡ ᠨᠠᠰᠤᠲᠠᠶᠢᠴᠤᠳ ᠲᠤ ᠲᠣᠬᠢᠷᠠᠬᠤ ᠵᠢᠭᠤᠯᠴᠢᠯᠠᠯ ᠤᠨ | ᠲᠥᠷᠥᠯ ᠵᠦᠢᠯ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠵᠢᠭᠤᠯᠴᠢᠯᠠᠯ ᠤᠨ ᠠᠵᠤ ᠠᠬᠤᠶᠢᠯᠠᠯ ᠤᠨ ᠣᠨᠴᠠᠯᠢᠭᠲᠤ | ᠡᠵᠡᠩᠨᠡᠯᠲᠡ ᠶᠢᠨ ᠵᠠᠭᠪᠤᠷ ᠪᠠᠶᠢᠭᠤᠯᠵᠤ᠂ ᠨᠠᠩ ᠣᠯᠠᠨ ᠨᠠᠰᠤᠲᠠᠶᠢᠴᠤᠳ ᠲᠤ ᠲᠣᠬᠢᠷᠠᠬᠤ ᠵᠢᠭᠤᠯᠴᠢᠯᠠᠯ ᠤᠨ | ᠨᠡᠷᠡᠳᠭᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ ᠦᠵᠡᠮᠵᠢ ᠶᠢᠨ ᠣᠷᠣᠨ᠂ ᠪᠠᠭᠤᠳᠠᠯ | ᠵᠡᠷᠭᠡ ᠶᠢᠨ ᠬᠠᠷᠰᠢ ᠰᠠᠭᠠᠳ ᠦᠭᠡᠢ ᠪᠡᠯᠡᠳᠬᠡᠮᠵᠢ ᠶᠢᠨ ᠪᠠᠶᠢᠭᠤᠯᠤᠯᠲᠠ ᠬᠠᠮᠢᠶᠠᠷᠤᠯᠲᠠ ᠪᠠᠨ ᠴᠢᠩᠭᠠᠳᠬᠠᠬᠤ ᠶᠢ | ᠵᠣᠷᠢᠭᠵᠢᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠪᠠ ᠴᠢᠳᠠᠪᠤᠷᠢ ᠪᠠᠨ ᠳᠡᠭᠡᠭᠰᠢᠯᠡᠭᠦᠯᠦᠨ᠂ | ᠨᠠᠰᠤᠲᠠᠶᠢᠴᠤᠳ ᠤᠨ ᠵᠢᠭᠤᠯᠴᠢᠯᠠᠨ ᠰᠠᠭᠤᠬᠤ ᠠᠮᠤᠷ ᠲᠦᠪᠰᠢᠨ᠂ ᠳᠥᠭᠦᠮ ᠳᠥᠲᠡ ᠣᠷᠴᠢᠨ ᠨᠥᠬᠦᠴᠡᠯ ᠢ ᠪᠣᠶ | ᠪᠤᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠠᠷᠠᠳ ᠤᠨ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠵᠡᠮᠳᠡᠭᠴᠦᠳ ᠤᠨ ᠬᠤᠯᠪᠣᠭᠠᠲᠤ | ᠬᠤᠷᠠᠯ ᠠᠴᠠ ᠬᠠᠷᠢᠭᠤᠴᠠᠨ᠎ᠠ︶ | ᠬᠤᠶᠠᠷ᠂ ᠬᠦᠴᠦᠨ ᠵᠦᠢᠯ ᠤᠨ ᠪᠠᠲᠤᠯᠠᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠬᠤ ᠬᠡᠷᠡᠭᠲᠡᠢ | ︵ᠵᠢᠷᠭᠤᠭ᠎ᠠ︶ ᠨᠠᠰᠤᠵᠢᠯ ᠤᠨ ᠦᠢᠯᠡᠴᠢᠯᠡᠭᠡᠨ ᠤ ᠠᠵᠢᠯ ᠡᠷᠬᠢᠯᠡᠭᠰᠡᠳ ᠢ ᠬᠥᠮᠥᠵᠢᠭᠦᠯᠦᠨ ᠪᠣᠯᠪᠠᠰᠣᠷᠠᠭᠤᠯᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠥᠲᠡᠭᠦᠰ ᠤᠨ ᠰᠤᠷᠭᠠᠨ ᠬᠥᠮᠦᠵᠢᠯ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠪᠠ | ᠬᠢᠴᠢᠶᠡᠯ ᠲᠣᠬᠢᠷᠠᠭᠤᠯᠬᠤ ᠶᠢ ᠵᠣᠷᠢᠭᠵᠢᠭᠤᠯᠵᠤ᠂ ᠥᠲᠡᠭᠦᠰ ᠤᠨ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ | ᠪᠠᠶᠢᠭᠤᠯᠤᠯᠲᠠ ᠪᠠ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠪᠠᠨ ᠴᠢᠩᠭᠠᠳᠬᠠᠬᠤ ᠬᠡᠷᠡᠭᠲᠡᠢ | ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠯᠤᠭ᠎ᠠ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠨᠠᠰᠤᠲᠠᠨ ᠢ ᠠᠰᠠᠷᠠᠬᠤ ᠭᠠᠵᠠᠷ ᠤᠨ | ᠳᠠᠷᠤᠭ᠎ᠠ᠂ ᠨᠠᠰᠤᠲᠠᠨ ᠢ ᠠᠰᠠᠷᠠᠬᠤ ᠰᠤᠪᠢᠯᠠᠭᠴᠢ ᠪᠠ ᠨᠠᠰᠤᠲᠠᠶᠢᠴᠤᠳ ᠤᠨ ᠠᠵᠢᠯᠲᠠᠨ ᠤ ᠳᠠᠳᠤᠯᠭ᠎ᠠ | ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠤᠨ᠂ ᠠᠵᠢᠯ ᠤᠨ ᠪᠠᠶᠢᠷᠢᠨ ᠳᠤ ᠭᠠᠷᠬᠤ᠂ ᠠᠵᠢᠯ ᠤᠨ ᠪᠠᠶᠢᠷᠢ ᠰᠢᠯᠵᠢᠬᠦ | ᠂ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠵᠡᠷᠭᠡ ᠡᠯ᠎ᠡ ᠲᠥᠷᠥᠯ ᠤᠨ ᠪᠣᠯᠪᠠᠰᠤᠷᠠᠯ ᠢ ᠢᠳᠡᠪᠬᠢᠲᠡᠢ ᠥᠷᠨᠢᠭᠦᠯᠵᠦ᠂ | ᠨᠠᠰᠤᠵᠢᠯ ᠤᠨ ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠨᠥᠬᠦᠪᠦᠷᠢ᠂ | ᠠᠵᠢᠯ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠢ ᠦᠨᠡᠯᠡᠬᠦ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ | ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ᠎ᠠ︶ | ︵ᠳᠣᠯᠤᠭ᠎ᠠ︶ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠠᠩᠭᠠᠯᠭ᠎ᠠ ᠶᠢᠨ ᠪᠠᠲᠤᠯᠠᠭ᠎ᠠ ᠶᠢ ᠨᠡᠮᠡᠭᠳᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠢ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠶᠢᠨ ᠲᠥᠯᠦᠪᠵᠢᠭᠦᠯᠭᠡ ᠪᠠᠨ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ | ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠲᠤᠯᠠᠬᠤ | ᠬᠡᠷᠡᠭᠲᠡᠢ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠣᠯ ᠤᠯᠤᠰ ᠤᠨ ᠥᠮᠴᠢᠯᠡᠯᠲᠦ ᠶᠢᠨ ᠬᠤᠪᠢᠶᠠᠷᠢᠯᠠᠨ ᠰᠠᠯᠭᠠᠭᠰᠠᠨ ᠭᠠᠵᠠᠷ | ᠪᠤᠶᠤ ᠬᠠᠮᠲᠤ ᠶᠢᠨ ᠥᠮᠴᠢᠯᠡᠯ ᠤᠨ ᠭᠠᠵᠠᠷ ᠢ ᠬᠠᠤᠯᠢ ᠶᠣᠰᠣᠭᠠᠷ ᠬᠡᠷᠡᠭᠯᠡᠵᠦ ᠪᠣᠯᠣᠨ᠎ᠠ︔ ᠠᠰᠢᠭ ᠣᠯᠵᠠᠪᠤᠷᠢ ᠶᠢᠨ | ᠴᠢᠨᠠᠷᠲᠠᠢ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠲᠦᠷᠢᠶᠡᠰᠦᠯᠡᠭᠦᠯᠬᠦ᠂ ᠲᠥᠯᠥᠪᠦᠷᠢᠲᠡᠢ ᠰᠢᠯᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠬᠠᠩᠭᠠᠬᠤ ᠶᠢᠨ ᠬᠠᠮᠲᠤ᠂ ᠬᠠᠮᠢᠶ᠎ᠠ | ᠪᠦᠬᠦᠢ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠢ︔ ᠲᠠᠷᠢᠶᠠᠯᠠᠬᠤ ᠮᠠᠯᠵᠢᠬᠤ | ᠣᠷᠣᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠠᠰᠤᠵᠢᠯ ᠤᠨ ᠦᠢᠯᠡᠴᠢᠯᠡᠭᠡᠨ ᠢ | ᠬᠥᠭᠵᠢᠭᠦᠯᠬᠦ ᠳᠤ ᠤᠷᠢᠳ ᠢᠶᠠᠷ ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠠᠷᠠᠳ ᠤᠨ ᠶᠠᠪᠤᠳᠠᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠠᠷᠢᠭᠤᠴᠠᠨ᠎ᠠ︶ | ︵ᠨᠠᠢᠮᠠ︶ ᠨᠠᠰᠤᠵᠢᠯ ᠤᠨ ᠠᠵᠤ ᠦᠢᠯᠡᠰ ᠤᠨ ᠪᠡᠯᠡ ᠲᠣᠬᠢᠷᠠᠭᠤᠯᠬᠤ ᠴᠢᠳᠠᠪᠤᠷᠢ ᠪᠠ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠤᠳᠠᠯᠳᠤᠭᠠᠨ ᠤ ᠪᠠᠩᠬᠢ ᠪᠠ | ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠩᠬᠢ ᠶᠢᠨ ᠨᠠᠰᠤᠵᠢᠯ ᠤᠨ ᠠᠵᠤ ᠦᠢᠯᠡᠰ ᠲᠤ ᠬᠠᠨᠳᠤᠭᠤᠯᠤᠭᠰᠠᠨ | ᠲᠤᠰᠬᠠᠢ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠭᠠᠷᠭᠠᠬᠤ ᠶᠢ ᠨᠢ ᠵᠣᠷᠢᠭᠵᠢᠭᠤᠯᠵᠤ᠂ ᠨᠠᠰᠤᠵᠢᠯ ᠤᠨ | ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠪᠠ ᠣᠨᠣᠪᠴᠢ ᠶᠢᠨ ᠬᠡᠮᠵᠢᠶ᠎ᠡ ᠶᠢ ᠨᠢ | ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠠᠵᠤ ᠦᠢᠯᠡᠰ ᠤᠨ | ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠨᠢ | ᠢᠳᠡᠪᠬᠢᠲᠡᠢ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠨᠠᠰᠤᠵᠢᠯ ᠤᠨ ᠦᠢᠯᠡᠴᠢᠯᠡᠭᠡᠨ ᠤ ᠠᠵᠤ | ᠦᠢᠯᠡᠰ ᠢ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠨᠠᠰᠤᠵᠢᠯ ᠤᠨ ᠠᠵᠤ ᠦᠢᠯᠡᠰ ᠵᠢᠴᠢ | ᠬᠠᠮᠢᠶ᠎ᠠ ᠪᠦᠬᠦᠢ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠡᠷᠴᠢᠮ ᠢ ᠨᠢ ᠴᠢᠩᠭᠠᠷᠠᠭᠤᠯᠬᠤ ᠬᠡᠷᠡᠭᠲᠡᠢ᠃ | ᠪᠠᠩᠬᠢ ᠶᠢᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠢᠲᠡᠭᠡᠮᠵᠢ᠂ ᠪᠡᠯᠡ | ᠲᠣᠬᠢᠷᠠᠭᠤᠯᠭ᠎ᠠ ᠶᠢᠨ ᠲᠦᠷᠢᠶᠡᠰᠦᠯᠡᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠵᠢᠯ ᠤᠨ ᠠᠵᠤ ᠦᠢᠯᠡᠰ ᠲᠤ | ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠬᠠᠷᠢᠭᠤᠴᠠᠨ᠎ᠠ︶ | ︵ᠶᠢᠰᠦ︶ ᠨᠠᠰᠤᠵᠢᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠳᠠᠬᠢ ᠡᠳ᠋ ᠤᠨ ᠵᠠᠰᠠᠭ ᠭᠠᠶᠢᠯᠢ | ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠳᠡᠮᠵᠢᠭᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠲᠥᠪ ᠤᠨ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠥᠪ᠂ | ᠠᠰᠠᠷᠠᠮᠵᠢ ᠶᠢᠨ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠵᠡᠷᠭᠡ ᠲᠤᠰᠬᠠᠢ ᠪᠡᠯᠡ ᠮᠥᠩᠭᠦᠨ ᠤ | ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠥᠬᠦᠴᠡᠯ ᠳᠤ ᠨᠡᠶᠢᠴᠡᠬᠦ ᠨᠠᠰᠤᠵᠢᠯ ᠤᠨ | ᠦᠢᠯᠡᠴᠢᠯᠡᠭᠡᠨ᠂ ᠡᠷᠡᠭᠦᠯᠵᠢᠯ ᠤᠨ ᠬᠠᠪᠰᠤᠷᠤᠮᠵᠢ ᠬᠡᠷᠡᠭᠰᠡᠯ᠂ ᠣᠶᠤᠨᠯᠢᠭ ᠢᠶᠠᠷ ᠨᠠᠰᠤᠲᠠᠨ ᠢ ᠠᠰᠠᠷᠠᠬᠤ ᠵᠡᠷᠭᠡ ᠠᠵᠤ | ᠠᠬᠤᠶᠢᠯᠠᠯ ᠪᠠ ᠲᠥᠷᠥᠯ ᠵᠦᠢᠯ ᠳᠤ ᠳᠡᠮᠵᠢᠯᠭᠡ ᠦᠵᠡᠭᠦᠯᠭᠦ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ | ᠣᠷᠣᠨ ᠤ ᠵᠢᠵᠢᠭ ᠪᠢᠴᠢᠯ ᠠᠵᠤ ᠠᠬᠤᠶᠢᠯᠠᠯ ᠢ ᠲᠡᠳᠬᠦᠬᠦ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠵᠢᠵᠢᠭ | ᠬᠡᠯᠪᠡᠷᠢ ᠶᠢᠨ ᠠᠰᠢᠭ ᠣᠯᠵᠠᠪᠤᠷᠢ ᠪᠠᠭᠠᠲᠠᠢ ᠨᠠᠰᠤᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠤᠯᠤᠰ ᠤᠨ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠥᠷᠳᠡᠭ ᠨᠡᠮᠡᠭᠳᠡᠯ ᠤᠨ ᠭᠠᠶᠢᠯᠢ᠂ ᠣᠯᠵᠠᠪᠤᠷᠢ ᠶᠢᠨ ᠭᠠᠶᠢᠯᠢ ᠵᠡᠷᠭᠡ ᠭᠠᠶᠢᠯᠢ ᠲᠠᠲᠠᠪᠤᠷᠢ ᠶᠢᠨ ᠬᠠᠷᠠᠭᠠᠯᠵᠠᠯ | ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ᠎ᠠ | ︶ | ︵ᠠᠷᠪᠠ︶ ᠣᠶᠤᠨᠴᠢ ᠡᠷᠡᠭᠦᠯ ᠡᠩᠬᠡ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ | ᠠᠬᠢᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ᠂ ᠪᠣᠳᠠᠰᠯᠢᠭ ᠬᠤᠯᠪᠣᠭᠠᠲᠤ ᠰᠦᠯᠵᠢᠶ᠎ᠡ᠂ ᠡᠭᠦᠯᠡᠨ | ᠪᠣᠳᠣᠯᠲᠠ᠂ ᠲᠣᠮᠣ ᠳ᠋ᠠᠶᠢᠲ᠋ᠠ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠣᠶᠤᠨᠴᠢ | ᠵᠥᠭᠡᠯᠡᠨ ᠬᠠᠲᠠᠭᠤ ᠲᠣᠨᠤᠭ ᠤᠨ ᠦᠢᠯᠡᠳᠬᠦᠨ ᠢ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠤ ᠭᠦᠨᠵᠡᠭᠡᠢ | ᠬᠡᠷᠡᠭᠯᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠢᠨ ᠤ ᠨᠠᠰᠤᠲᠠᠶᠢᠴᠤᠳ ᠤᠨ ᠬᠡᠷᠡᠭᠯᠡᠬᠦ ᠳᠤ ᠲᠣᠬᠢᠷᠠᠬᠤ | ᠣᠶᠤᠨᠴᠢ ᠲᠥᠬᠦᠭᠡᠷᠦᠮᠵᠢ ᠰᠤᠳᠤᠯᠤᠨ ᠨᠡᠭᠡᠭᠡᠬᠦ ᠶᠢ ᠳᠡᠮᠵᠢᠵᠦ᠂ ᠨᠠᠰᠤᠲᠠᠶᠢᠴᠤᠳ ᠤᠨ ᠡᠳᠦᠷ ᠲᠤᠲᠤᠮ ᠤᠨ | ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠰᠦᠯᠵᠢᠶᠡᠨ ᠥᠷᠲᠡᠭᠡ᠂ APP ᠵᠡᠷᠭᠡ ᠳᠤ ᠥᠲᠡᠭᠦᠰ ᠲᠤ | ᠲᠣᠬᠢᠷᠠᠭᠤᠯᠤᠨ ᠥᠭᠡᠷᠡᠴᠢᠯᠡᠵᠦ ᠰᠢᠨᠡᠴᠢᠯᠡᠬᠦ ᠶᠢ ᠠᠬᠢᠭᠤᠯᠤᠨ᠂ ︽ᠲᠣᠭᠠᠵᠢᠭᠤᠯᠬᠤ ᠲᠠᠯ᠎ᠠ ᠶᠢᠨ ᠵᠠᠭᠠᠭ︾ ᠢ ᠠᠯᠬᠤᠮ | ᠠᠯᠬᠤᠮ ᠢᠶᠠᠷ ᠪᠠᠭᠠᠰᠬᠠᠵᠤ᠂ ᠨᠠᠰᠤᠲᠠᠶᠢᠴᠤᠳ ᠤᠨ ᠣᠶᠤᠨᠴᠢ ᠮᠡᠷᠭᠡᠵᠢᠯ ᠢ ᠬᠡᠷᠡᠭᠯᠡᠬᠦ ᠶᠢᠨ ᠬᠦᠴᠢᠷᠳᠡᠯ ᠢ ᠦᠨᠡᠨ ᠬᠦ | ᠰᠢᠢᠳᠪᠦᠷᠢᠯᠡᠨ᠂ ᠨᠠᠰᠤᠲᠠᠶᠢᠴᠤᠳ ᠢ ᠬᠥᠲᠥᠯᠥᠨ ᠵᠢᠯᠤᠭᠤᠳᠬᠤ ᠪᠠ ᠬᠠᠪᠰᠤᠷᠴᠤ ᠪᠠᠶᠢᠭᠠᠳ ᠮᠡᠳᠡᠭᠡ | ᠵᠠᠩᠭᠢᠴᠢᠯᠠᠯᠲᠠ ᠶᠢᠨ ᠨᠡᠶᠢᠭᠡᠮ ᠳᠤ ᠠᠭᠤᠰᠤᠯᠴᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠲᠣᠮᠣ | ᠳ᠋ᠠᠶᠢᠲ᠋ᠠ ᠶᠢᠨ ᠲᠥᠪ ᠠᠴᠠ ᠬᠠᠷᠢᠭᠤᠴᠠᠨ᠎ᠠ︶ | ᠭᠤᠷᠪᠠ᠂ ᠨᠠᠰᠤᠵᠢᠯ ᠤᠨ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠬᠦ ᠬᠡᠷᠡᠭᠲᠡᠢ | ︵ᠠᠷᠪᠠᠨ ᠨᠢᠭᠡ︶ ᠣᠯᠠᠨ ᠳᠡᠰ ᠳᠠᠪᠬᠤᠷᠭ᠎ᠠ ᠪᠦᠬᠦᠢ ᠨᠠᠰᠤᠵᠢᠯ ᠤᠨ ᠳᠠᠭᠠᠳᠬᠠᠯ ᠢ ᠲᠦᠷᠭᠡᠳᠬᠡᠨ | ᠬᠥᠭᠵᠢᠭᠦᠯᠬᠦ ᠬᠡᠷᠡᠭᠲᠡᠢ᠃ ᠡᠯ᠎ᠡ ᠲᠥᠷᠥᠯ ᠤᠨ ᠬᠤᠳᠠᠯᠳᠤᠭᠠᠨ ᠤ ᠨᠠᠰᠤᠵᠢᠯ ᠤᠨ ᠳᠠᠭᠠᠳᠬᠠᠯ ᠢ ᠶᠡᠭᠡ ᠪᠠᠷ | ᠬᠥᠭᠵᠢᠭᠦᠯᠵᠦ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠪᠦᠯᠬᠦᠮ ᠨᠡᠶᠢᠲᠡ ᠶᠢᠨ ᠬᠡᠯᠪᠡᠷᠢ ᠪᠦᠬᠦᠢ | ᠬᠦᠨᠳᠦ ᠨᠣᠴᠢᠲᠠᠢ ᠡᠪᠡᠳᠴᠢᠨ ᠡᠮᠭᠡᠭ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠵᠡᠷᠭᠡ ᠳᠠᠭᠠᠳᠬᠠᠯ ᠤᠨ | ᠵᠦᠢᠯ ᠢ ᠨᠡᠭᠡᠭᠡᠨ ᠬᠥᠭᠵᠢᠭᠦᠯᠬᠦ ᠶᠢ ᠨᠢ ᠳᠠᠮᠵᠢᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ | ᠨᠠᠰᠤᠲᠠᠶᠢᠴᠤᠳ ᠤᠨ ᠠᠳᠡᠭᠳᠡᠯ ᠤᠨ ᠳᠠᠭᠠᠳᠬᠠᠯ᠂ ᠨᠠᠰᠤᠲᠠᠶᠢᠴᠤᠳ ᠤᠨ ᠵᠢᠭᠤᠯᠴᠢᠯᠠᠯ ᠤᠨ ᠳᠠᠭᠠᠳᠬᠠᠯ ᠵᠡᠷᠭᠡ | ᠨᠠᠰᠤᠲᠠᠶᠢᠴᠤᠳ ᠤᠨ ᠣᠨᠴᠠᠯᠢᠭ ᠲᠤ ᠨᠡᠶᠢᠴᠡᠭᠰᠡᠨ ᠳᠠᠭᠠᠳᠬᠠᠯ ᠤᠨ ᠵᠦᠢᠯ ᠢ ᠨᠡᠭᠡᠭᠡᠨ ᠬᠥᠭᠵᠢᠭᠦᠯᠬᠦ ᠶᠢ ᠨᠢ | ᠵᠣᠷᠢᠭᠵᠢᠭᠤᠯᠵᠤ᠂ ᠣᠯᠠᠨ ᠵᠠᠮ ᠮᠥᠷ ᠢᠶᠠᠷ ᠨᠠᠰᠤᠲᠠᠶᠢᠴᠤᠳ ᠲᠤ ᠪᠠᠲᠤᠯᠠᠭ᠎ᠠ ᠬᠠᠩᠭᠠᠬᠤ ᠬᠡᠷᠡᠭᠲᠡᠢ᠃ ᠣᠯᠠᠨ ᠳᠡᠰ | ᠳᠠᠪᠬᠤᠷᠭ᠎ᠠ ᠪᠦᠬᠦᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢᠨ ᠬᠥᠭᠵᠢᠯᠲᠡ ᠶᠢ ᠠᠬᠢᠭᠤᠯᠵᠤ᠂ ᠬᠤᠪᠢ | ᠬᠥᠮᠥᠨ ᠤ ᠨᠠᠰᠤᠵᠢᠯ ᠤᠨ ᠮᠥᠩᠭᠦ ᠶᠢᠨ ᠬᠥᠭᠵᠢᠯᠲᠡ ᠶᠢ ᠠᠬᠢᠭᠤᠯᠬᠤ ᠲᠤᠬᠠᠢ ᠤᠯᠤᠰ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠤᠪᠢ ᠬᠥᠮᠥᠨ ᠤ ᠨᠠᠰᠤᠵᠢᠯ ᠤᠨ ᠮᠥᠩᠭᠦ ᠶᠢᠨ ᠳᠦᠷᠢᠮ ᠢ | ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶ | ︵ᠠᠷᠪᠠᠨ ᠬᠤᠶᠠᠷ︶ ᠨᠠᠰᠤᠵᠢᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠮᠥᠩᠭᠦᠨ ᠭᠦᠢᠯᠭᠡᠭᠡᠨ ᠢ | ᠵᠣᠷᠢᠭᠵᠢᠭᠤᠯᠤᠨ ᠬᠥᠭᠵᠢᠭᠦᠯᠬᠦ ᠬᠡᠷᠡᠭᠲᠡᠢ᠃ ᠪᠠᠩᠬᠢ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠰᠦᠯᠵᠢᠶ᠎ᠡ ᠪᠠ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠴᠤᠪᠤᠷᠠᠯ ᠢᠶᠠᠨ | ᠰᠢᠯᠢᠳᠡᠭᠵᠢᠭᠦᠯᠬᠦ ᠶᠢ ᠨᠢ ᠵᠣᠷᠢᠭᠵᠢᠭᠤᠯᠵᠤ᠂ ᠤᠯᠠᠮᠵᠢᠯᠠᠯᠲᠤ ᠦᠢᠯᠡᠴᠢᠯᠡᠭᠡᠨ ᠤ ᠠᠷᠭ᠎ᠠ ᠮᠠᠶ᠋ᠢᠭ ᠪᠠ ᠣᠶᠤᠨᠴᠢ | ᠦᠢᠯᠡᠴᠢᠯᠡᠭᠡᠨ ᠤ ᠠᠷᠭ᠎ᠠ ᠮᠠᠶ᠋ᠢᠭ ᠢ ᠵᠡᠷᠭᠡ ᠪᠠᠷ ᠶᠠᠪᠤᠭᠳᠠᠭᠤᠯᠬᠤ ᠶᠢ ᠪᠠᠷᠢᠮᠲᠠᠯᠠᠨ᠂ ᠥᠲᠡᠭᠦᠰ ᠬᠡᠷᠡᠭᠯᠡᠭᠴᠢᠳ ᠲᠤ | ᠨᠠᠩ ᠳᠥᠭᠦᠮ ᠳᠥᠲᠡ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠲᠣᠭᠲᠠᠭᠤᠨ ᠴᠢᠨᠠᠷ ᠪᠠ ᠠᠰᠢᠭ | ᠣᠯᠵᠠᠪᠤᠷᠢ ᠶᠢᠨ ᠴᠢᠨᠠᠷ ᠢ ᠬᠠᠮᠲᠤ ᠳᠤ ᠨᠢ ᠬᠠᠷᠠᠭᠠᠯᠵᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠨᠠᠰᠤᠲᠠᠶᠢᠴᠤᠳ ᠲᠤ ᠲᠣᠬᠢᠷᠠᠬᠤ ᠨᠠᠰᠤᠵᠢᠯ ᠤᠨ ᠬᠡᠯᠪᠡᠷᠢ ᠪᠦᠬᠦᠢ ᠬᠥᠷᠥᠩᠭᠡ ᠮᠥᠩᠭᠦ ᠠᠬᠤᠶᠢᠯᠠᠬᠤ᠂ ᠢᠲᠡᠭᠡᠮᠵᠢ | ᠵᠡᠷᠭᠡ ᠮᠥᠩᠭᠦᠨ ᠭᠦᠢᠯᠭᠡᠭᠡᠨ ᠤ ᠨᠡᠷᠡᠳᠭᠦᠨ ᠨᠡᠭᠡᠭᠡᠨ ᠬᠥᠭᠵᠢᠭᠦᠯᠬᠦ ᠳᠤ ᠳᠡᠮᠵᠢᠯᠭᠡ ᠦᠵᠡᠭᠦᠯᠬᠦ ᠬᠡᠷᠡᠭᠲᠡᠢ᠃ | ᠨᠠᠰᠤᠲᠠᠶᠢᠴᠤᠳ ᠲᠤ ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠬᠢᠬᠦ ᠪᠠᠨ ᠴᠢᠩᠭᠠᠳᠬᠠᠵᠤ᠂ | ᠤᠬᠠᠮᠵᠢᠲᠠᠢ ᠬᠥᠷᠥᠩᠭᠡ ᠮᠥᠩᠭᠦ ᠠᠬᠤᠶᠢᠯᠠᠬᠤ ᠦᠵᠡᠯᠲᠡ ᠪᠦᠷᠢᠯᠳᠦᠭᠦᠯᠬᠦ ᠶᠢ ᠰᠠᠨᠠᠭᠠᠴᠢᠯᠠᠨ᠎ᠠ᠃ ︵ᠥᠪᠥᠷ | ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ | ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶ | ︵ᠠᠷᠪᠠᠨ ᠭᠤᠷᠪᠠ︶ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ ᠳᠦᠷᠢᠮ ᠢ | ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ | ᠳᠦᠷᠢᠮ ᠤᠨ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠳᠤ ᠨᠡᠶᠢᠴᠡᠭᠰᠡᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠢᠳᠡᠪᠬᠢᠲᠡᠢ | ᠰᠦᠪᠡᠭᠴᠢᠯᠡᠨ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠯᠤᠭ᠎ᠠ | ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠶᠢᠨ ᠤᠷᠲᠤ ᠬᠤᠭᠤᠴᠠᠭᠠᠨ ᠤ | ᠰᠤᠪᠢᠯᠠᠯᠲᠠ ᠶᠢᠨ ᠳᠠᠭᠠᠳᠬᠠᠯ ᠤᠨ ᠨᠡᠷᠡᠳᠭᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠬᠤᠳᠠᠯᠳᠤᠭᠠᠨ ᠤ | ᠳᠠᠭᠠᠳᠬᠠᠯ ᠤᠨ ᠺᠣᠮᠫᠠᠨᠢ ᠶᠢᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ | ᠦᠢᠯᠡᠴᠢᠯᠡᠭᠡ ᠳᠤ ᠣᠷᠤᠯᠴᠠᠬᠤ ᠶᠢ ᠨᠢ ᠳᠡᠮᠵᠢᠨ ᠠᠬᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ | ᠠᠰᠠᠷᠠᠮᠵᠢ᠂ ᠨᠢᠭᠦᠯᠡᠰᠦᠩᠭᠦᠢ ᠶᠢᠨ ᠦᠢᠯᠡᠰ᠂ ᠬᠤᠳᠠᠯᠳᠤᠭᠠᠨ ᠤ ᠳᠠᠭᠠᠳᠬᠠᠯ ᠤᠨ ᠨᠥᠬᠦᠪᠦᠷᠢᠯᠡᠬᠦ ᠦᠢᠯᠡᠳᠦᠯ ᠢ | ᠭᠦᠢᠴᠡᠳ ᠪᠠᠳᠠᠷᠠᠭᠤᠯᠵᠤ᠂ ᠠᠳᠠᠯᠢ ᠪᠤᠰᠤ ᠳᠡᠰ ᠳᠠᠪᠬᠤᠷᠭ᠎ᠠ ᠶᠢᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠠᠷᠭᠠᠴᠠᠭᠠᠨ ᠰᠢᠢᠳᠪᠦᠷᠢᠯᠡᠵᠦ᠂ ᠳᠠᠭᠠᠳᠬᠠᠯ᠂ ᠠᠰᠠᠷᠠᠮᠵᠢ ᠪᠠ ᠠᠪᠤᠷᠠᠨ ᠲᠤᠰᠠᠯᠠᠬᠤ ᠶᠢ | ᠬᠠᠷᠢᠯᠴᠠᠨ ᠵᠣᠯᠭᠠᠭᠤᠯᠤᠭᠰᠠᠨ ᠤᠷᠲᠤ ᠬᠤᠭᠤᠴᠠᠭᠠᠨ ᠤ ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ ᠳᠦᠷᠢᠮ | ᠪᠠᠶᠢᠭᠤᠯᠬᠤ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠥᠪᠥᠷ | ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶ | ︵ᠠᠷᠪᠠᠨ ᠳᠥᠷᠪᠡ︶ ᠳᠠᠯᠳᠠ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠥᠭᠵᠢᠭᠡᠬᠦ ᠬᠡᠷᠡᠭᠲᠡᠢ᠃ | ᠡᠷᠡᠭᠦᠯ ᠡᠩᠬᠡ ᠪᠥᠭᠡᠳ ᠰᠢᠨᠵᠢᠯᠡᠬᠦ ᠤᠬᠠᠭᠠᠨᠴᠢ ᠨᠠᠰᠤᠵᠢᠯ ᠤᠨ ᠣᠨᠣᠯᠵᠢᠬᠤᠨ ᠢ ᠰᠠᠨᠠᠭᠠᠴᠢᠯᠠᠵᠤ᠂ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠪᠠ ᠨᠠᠰᠤᠲᠠᠶᠢᠴᠤᠳ ᠤᠨ ᠬᠡᠷᠡᠭᠯᠡᠭᠡᠨ ᠤ ᠨᠥᠬᠦᠪᠦᠷᠢ ᠦᠭᠭᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠥᠬᠦᠴᠡᠯ ᠲᠠᠢ ᠨᠠᠰᠤᠲᠠᠶᠢᠴᠤᠳ ᠤᠨ ᠲᠣᠬᠢᠷᠠᠮᠵᠢᠲᠠᠢ ᠲᠤᠰᠬᠠᠢ ᠦᠢᠯᠡᠴᠢᠯᠡᠭᠡ | ᠪᠠ ᠬᠠᠪᠰᠤᠷᠤᠮᠵᠢ ᠬᠡᠷᠡᠭᠰᠡᠯ ᠬᠤᠳᠠᠯᠳᠤᠨ ᠠᠪᠬᠤ ᠳᠤ ᠬᠥᠲᠥᠯᠥᠨ ᠵᠢᠯᠣᠭᠤᠳᠤᠨ᠎ᠠ᠃ ᠥᠲᠡᠭᠦᠰ ᠤᠨ ᠡᠳ᠋ᠯᠡᠯ | ᠬᠡᠷᠡᠭᠰᠡᠯ ᠢ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠦᠵᠡᠭᠦᠯᠭᠡ᠂ ᠬᠤᠳᠠᠯᠳᠤᠭᠠᠨ ᠤ ᠲᠠᠯᠠᠪᠤᠷ᠂ | ᠪᠠᠶᠢᠭᠤᠯᠤᠮᠵᠢ᠂ ᠨᠡᠶᠢᠭᠡᠮ ᠲᠣᠭᠤᠷᠢᠭ ᠪᠠ ᠭᠡᠷ ᠪᠦᠯᠢ ᠳᠤ ᠣᠷᠣᠭᠤᠯᠬᠤ ᠶᠢ ᠠᠬᠢᠭᠤᠯᠤᠨ᠎ᠠ᠃ ᠡᠯ᠎ᠡ ᠲᠣᠮᠣ | ᠡᠯᠧᠺᠳ᠋ᠷᠣᠨ ᠬᠤᠳᠠᠯᠳᠤᠭᠠᠨ ᠤ ᠲᠠᠪᠴᠠᠩ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ︽ᠨᠠᠰᠤᠲᠠᠨ ᠢ | ᠠᠴᠢᠯᠠᠵᠤ ᠨᠠᠰᠤᠲᠠᠨ ᠢ ᠬᠠᠶᠢᠷᠠᠯᠠᠨ ᠬᠠᠯᠠᠮᠵᠢᠯᠠᠬᠤ︾ ᠪᠠᠷᠠᠭ᠎ᠠ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠬᠦ ᠶᠢ | ᠵᠣᠷᠢᠭᠵᠢᠭᠤᠯᠵᠤ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠷᠠᠳ ᠤᠨ | ᠶᠠᠪᠤᠳᠠᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠠᠷᠢᠭᠤᠴᠠᠨ᠎ᠠ︶ | ᠳᠥᠷᠪᠡ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ | ︵ᠠᠷᠪᠠᠨ ᠲᠠᠪᠤ︶ ᠡᠮᠴᠢᠯᠡᠭᠡ ᠰᠤᠪᠢᠯᠠᠯᠲᠠ ᠡᠷᠡᠭᠦᠯᠵᠢᠭᠦᠯᠬᠦ ᠰᠤᠪᠢᠯᠠᠯᠲᠠ ᠶᠢᠨ ᠭᠦᠨᠵᠡᠭᠡᠢ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ ᠨᠠᠰᠤᠵᠢᠯ ᠤᠨ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠶᠢᠨ ᠡᠯ᠎ᠡ | ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠣᠯᠵᠣᠨ ᠡᠮᠨᠡᠭᠦᠯᠬᠦ᠂ ᠬᠤᠶᠠᠷ ᠲᠡᠶᠢᠰᠢ ᠰᠢᠯᠵᠢᠭᠦᠯᠦᠨ | ᠡᠮᠨᠡᠭᠦᠯᠬᠦ᠂ ᠲᠦᠷᠭᠡᠨ ᠡᠮᠨᠡᠯᠭᠡ ᠳᠤ ᠡᠮᠨᠡᠭᠦᠯᠬᠦ ᠵᠡᠷᠭᠡ ᠡᠮᠴᠢᠯᠡᠭᠡᠨ ᠤ ᠦᠢᠯᠡᠴᠢᠯᠡᠭᠡ ᠶᠢᠨ ᠰᠠᠭᠠᠳ ᠦᠭᠡᠢ ᠨᠡᠪᠲᠡᠷᠡᠬᠦ | ᠵᠠᠮ ᠢ ᠪᠠᠶᠢᠭᠤᠯᠵᠤ᠂ ᠨᠠᠰᠤᠲᠠᠶᠢᠴᠤᠳ ᠤᠨ ᠡᠮᠴᠢᠯᠡᠭᠡᠨ ᠤ ᠦᠢᠯᠡᠴᠢᠯᠡᠭᠡ ᠭᠥᠷᠳᠡᠬᠦ ᠳᠤ ᠲᠥᠬᠦᠮ ᠦᠵᠡᠭᠦᠯᠭᠦ | ᠬᠡᠷᠡᠭᠲᠡᠢ᠃ ᠲᠣᠭᠲᠠᠭᠠᠯ ᠳᠤ ᠨᠡᠶᠢᠴᠡᠭᠰᠡᠨ ᠨᠠᠰᠤᠵᠢᠯ ᠤᠨ ᠪᠠᠶᠢᠭᠤᠯᠤᠮᠵᠢ ᠶᠢᠨ ᠡᠷᠬᠢᠯᠡᠭᠰᠡᠨ ᠡᠮᠴᠢᠯᠡᠭᠡᠨ ᠤ | ᠪᠠᠶᠢᠭᠤᠯᠤᠮᠵᠢ ᠶᠢ ᠴᠠᠭ ᠲᠤᠬᠠᠢ ᠳᠤ ᠨᠢ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠡᠪᠴᠢᠶᠡᠨ ᠳᠤ | ᠣᠷᠣᠭᠤᠯᠤᠨ᠎ᠠ᠃ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠡᠮᠴᠢᠯᠡᠭᠡ᠂ | ᠡᠷᠡᠭᠦᠯ ᠡᠩᠬᠡ᠂ ᠰᠤᠪᠢᠯᠠᠯᠲᠠ᠂ ᠨᠠᠰᠤᠵᠢᠯ᠂ ᠰᠤᠷᠭᠠᠨ ᠬᠥᠮᠦᠵᠢᠯ᠂ ᠵᠤᠭ᠎ᠠ ᠴᠡᠩᠭᠡᠯ᠂ ᠵᠢᠭᠤᠯᠴᠢᠯᠠᠯ ᠵᠡᠷᠭᠡ | ᠦᠢᠯᠡᠳᠦᠯ ᠴᠢᠳᠠᠮᠵᠢ ᠲᠠᠢ ᠡᠷᠡᠭᠦᠯᠵᠢᠭᠦᠯᠬᠦ ᠰᠤᠪᠢᠯᠠᠯᠲᠠ ᠶᠢᠨ ᠠᠵᠤ ᠦᠢᠯᠡᠰ ᠤᠨ ᠲᠥᠷᠥᠯ ᠵᠦᠢᠯ ᠢ ᠨᠡᠭᠡᠭᠡᠨ | ᠬᠥᠭᠵᠢᠭᠦᠯᠬᠦ ᠶᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠠᠴᠠ ᠬᠠᠷᠢᠭᠤᠴᠠᠨ᠎ᠠ | ︶ | ︵ᠠᠷᠪᠠᠨ ᠵᠢᠷᠭᠤᠭ᠎ᠠ︶ ᠨᠠᠰᠤᠵᠢᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠬᠢᠨᠠᠨ ᠰᠢᠨᠵᠢᠬᠦ ᠠᠵᠢᠯ ᠢ | ᠦᠨᠡᠨ ᠬᠦ ᠰᠠᠶᠢᠲᠤᠷ ᠬᠢᠬᠦ ᠬᠡᠷᠡᠭᠲᠡᠢ᠃ ᠤᠯᠤᠰ ᠤᠨ ᠨᠠᠰᠤᠵᠢᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠤᠨ | ᠲᠥᠷᠥᠯ ᠬᠤᠪᠢᠶᠠᠷᠢᠯᠠᠯ ᠢ ᠦᠨᠳᠦᠰᠦᠯᠡᠨ᠂ ᠨᠠᠰᠤᠵᠢᠯ ᠤᠨ ᠠᠵᠤ ᠦᠢᠯᠡᠰ ᠤᠨ ᠪᠦᠷᠢᠳᠬᠡᠬᠦ ᠬᠡᠪᠴᠢᠶ᠎ᠡ ᠶᠢ ᠰᠢᠨᠵᠢᠯᠡᠬᠦ | ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ | ᠣᠨᠣᠪᠴᠢᠲᠠᠶ ᠲᠤᠰᠬᠠᠬᠤ ᠬᠡᠷᠡᠭᠲᠡᠢ᠃ ᠨᠠᠰᠤᠵᠢᠯ ᠤᠨ ᠠᠵᠤ ᠦᠢᠯᠡᠰ ᠤᠨ ᠲᠤᠭ᠎ᠠ ᠪᠠᠷᠢᠮᠲᠠ ᠶᠢᠨ ᠪᠦᠷᠢᠳᠬᠡᠵᠦ | ᠬᠢᠨᠠᠨ ᠰᠢᠨᠵᠢᠬᠦ ᠠᠵᠢᠯ ᠢ ᠢᠳᠡᠪᠬᠢᠲᠡᠢ ᠮᠥᠷᠳᠡᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠪᠦᠷᠢᠳᠬᠡᠨ ᠵᠠᠳᠠᠯᠬᠤ | ᠠᠵᠢᠯ ᠢ ᠥᠷᠨᠢᠭᠦᠯᠦᠨ᠂ ᠴᠠᠭ ᠲᠤ ᠨᠢ ᠲᠣᠬᠢᠷᠠᠭᠤᠯᠤᠨ ᠨᠡᠶᠢᠭᠡᠮ ᠨᠡᠶᠢᠲᠡ ᠳᠤ ᠨᠠᠰᠤᠵᠢᠯ ᠤᠨ ᠠᠵᠤ ᠦᠢᠯᠡᠰ ᠤᠨ | ᠬᠠᠮᠢᠶ᠎ᠠ ᠪᠦᠬᠦᠢ ᠲᠤᠭ᠎ᠠ ᠪᠦᠷᠢᠳᠬᠡᠯ ᠢ ᠨᠡᠶᠢᠲᠡᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠬᠠᠷᠢᠭᠤᠴᠠᠨ᠎ᠠ︶ | ︵ᠠᠷᠪᠠᠨ ᠳᠣᠯᠤᠭ᠎ᠠ︶ ᠨᠠᠰᠤᠵᠢᠯ ᠤᠨ ᠦᠢᠯᠡᠴᠢᠯᠡᠭᠡᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠨᠡᠭᠡᠭᠡᠯᠲᠡ ᠲᠠᠢ᠂ ᠥᠷᠢᠰᠦᠯᠳᠦᠭᠡᠨ ᠲᠠᠢ᠂ ᠡᠷᠬᠡ ᠲᠡᠭᠰᠢ᠂ ᠡᠮᠬᠢ | ᠵᠢᠷᠤᠮ ᠲᠠᠢ ᠨᠠᠰᠤᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ | ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠥᠬᠦᠴᠡᠯ ᠢᠶᠠᠨ ᠠᠭᠤᠵᠢᠭᠤ ᠪᠤᠯᠭᠠᠬᠤ ᠬᠡᠷᠡᠭᠲᠡᠢ᠃ ᠦᠨᠳᠦᠰᠦᠨ | ᠨᠠᠰᠤᠵᠢᠯ ᠤᠨ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠲᠣᠭᠲᠠᠭᠠᠬᠤ ᠶᠢᠨ ᠬᠠᠮᠲᠤ ᠨᠡᠶᠢᠲᠡᠯᠡᠵᠦ᠂ | ᠦᠨᠳᠦᠰᠦᠨ ᠨᠠᠰᠤᠵᠢᠯ ᠤᠨ ᠦᠢᠯᠡᠴᠢᠯᠡᠭᠡᠨ ᠢ ᠵᠠᠰᠠᠭ ᠤᠨ ᠣᠷᠳᠣᠨ ᠠᠴᠠ ᠦᠢᠯᠡᠴᠢᠯᠡᠭᠡᠨ ᠬᠤᠳᠠᠯᠳᠤᠨ ᠠᠪᠬᠤ ᠶᠢᠨ | ᠵᠢᠯᠤᠭᠤᠳᠬᠤ ᠴᠢᠨᠠᠷᠲᠠᠢ ᠭᠠᠷᠴᠠᠭ ᠲᠤ ᠣᠷᠣᠭᠤᠯᠬᠤ ᠬᠡᠷᠡᠭᠲᠡᠢ᠃ ᠨᠠᠰᠤᠵᠢᠯ ᠤᠨ ᠦᠢᠯᠡᠴᠢᠯᠡᠭᠡᠨ ᠤ ᠬᠠᠩᠭᠠᠯᠭ᠎ᠠ | ᠬᠡᠷᠡᠭᠴᠡᠭᠡ ᠶᠢᠨ ᠵᠦᠭᠯᠡᠭᠦᠷ ᠪᠠ ᠦᠢᠯᠡᠴᠢᠯᠡᠭᠡᠨ ᠤ ᠪᠠᠷᠢᠮᠵᠢᠶ᠎ᠠ ᠶᠢ ᠨᠡᠶᠢᠲᠡᠯᠡᠵᠦ᠂ ᠨᠠᠰᠤᠵᠢᠯ ᠤᠨ ᠦᠢᠯᠡᠴᠢᠯᠡᠭᠡᠨ ᠤ | ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ | ᠲᠣᠭᠤᠷᠢᠭ ᠤᠨ ᠭᠡᠷ ᠲᠤ ᠪᠠᠨ ᠠᠰᠠᠷᠠᠭᠤᠯᠬᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠨᠠᠰᠤᠵᠢᠯ ᠤᠨ | ᠪᠠᠶᠢᠭᠤᠯᠤᠮᠵᠢ ᠶᠢᠨ ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ᠂ ᠨᠠᠰᠤᠵᠢᠯ ᠤᠨ ᠪᠠᠶᠢᠭᠤᠯᠤᠮᠵᠢ ᠵᠢᠴᠢ ᠬᠤᠪᠢ | ᠬᠥᠮᠥᠨ ᠢ ᠰᠠᠶᠢᠰᠢᠶᠠᠨ ᠬᠥᠬᠢᠭᠦᠯᠵᠦ ᠱᠠᠩᠨᠠᠨ ᠬᠥᠬᠢᠭᠦᠯᠦᠭᠰᠡᠨ ᠢ ᠨᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠬᠤ | ᠬᠡᠷᠡᠭᠲᠡᠢ᠃ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠠᠬᠢ ᠬᠠᠮᠢᠶ᠎ᠠ ᠪᠦᠬᠦᠢ ᠲᠡᠳᠬᠦᠨ ᠳᠡᠮᠵᠢᠬᠦ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠠᠷᠠᠳ ᠤᠨ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠬᠠᠷᠢᠭᠤᠴᠠᠨ᠎ᠠ︶ | ︵ᠠᠷᠪᠠᠨ ᠨᠠᠢᠮᠠ︶ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠢ᠃ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠨᠠᠰᠤᠲᠠᠶᠢᠴᠤᠳ ᠲᠤ ᠡᠯ᠎ᠡ ᠲᠥᠷᠥᠯ ᠤᠨ ᠦᠢᠯᠡᠳᠬᠦᠨ ᠪᠠ | ᠦᠢᠯᠡᠴᠢᠯᠡᠭᠡ ᠶᠢ ᠮᠡᠬᠡᠯᠡᠨ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠨᠠᠰᠤᠲᠠᠶᠢᠴᠤᠳ ᠤᠨ ᠮᠡᠬᠡᠯᠡᠭᠳᠡᠬᠦ ᠠᠴᠠ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠦᠨ᠂ ᠨᠠᠰᠤᠲᠠᠶᠢᠴᠤᠳ ᠤᠨ ᠬᠡᠷᠡᠭᠯᠡᠭᠡ ᠶᠢᠨ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠢ | ᠃ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠠᠬᠢ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠲᠦᠷᠭᠡᠳᠬᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠶᠢ ᠢᠯᠡ | ᠪᠣᠯᠭᠠᠬᠤ ᠪᠠᠨ ᠴᠢᠩᠭᠠᠳᠬᠠᠨ᠂ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠠᠬᠢ ᠠᠵᠤ ᠠᠬᠤᠶᠢᠯᠠᠯ ᠤᠨ | ᠢᠲᠡᠭᠡᠮᠵᠢ ᠶᠢᠨ ᠲᠡᠮᠳᠡᠭᠯᠡᠯ ᠪᠠ ᠠᠵᠢᠯᠲᠠᠨ ᠤ ᠲᠠᠩᠰᠠ ᠡᠪᠬᠡᠮᠡᠯ ᠤᠨ ᠳ᠋ᠠᠶᠢᠲ᠋ᠠ ᠶᠢᠨ ᠬᠥᠮᠥᠷᠭᠡ ᠶᠢ ᠲᠡᠭᠦᠯᠳᠡᠷᠵᠢᠭᠦᠯᠬᠦ | ᠬᠡᠷᠡᠭᠲᠡᠢ᠃ ᠡᠷᠬᠡ ᠠᠰᠢᠭ ᠢ ᠬᠠᠮᠠᠭᠠᠯᠠᠬᠤ᠂ ᠵᠢᠭᠤᠷᠠᠯᠳᠤᠭᠠᠨ ᠢ ᠰᠢᠢᠳᠪᠦᠷᠢᠯᠡᠬᠦ᠂ ᠠᠵᠢᠯ ᠲᠥᠷᠥᠯ ᠤᠨ | ᠢᠲᠡᠭᠡᠮᠵᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠢᠳᠡᠪᠬᠢᠲᠡᠢ ᠪᠠᠳᠠᠷᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2022 ᠣᠨ ᠤ 7 ᠳ᠋ᠤᠭᠠᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ |