3 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ | ᠳᠤᠭᠤᠶᠢᠯᠠᠩ ᠤᠨ ᠭᠦᠢᠴᠡᠳᠬᠡᠬᠦ ᠳᠤᠭᠤᠶᠢᠯᠠᠩ ᠤᠨ ᠳᠠᠷᠤᠭ᠎ᠠ᠂ ᠥᠪᠥᠷ ᠮᠣᠩᠭᠤᠯ ᠤᠨ ᠪᠤᠭᠤᠲᠤ ᠶᠢᠨ ᠪᠣᠯᠣᠳ | ᠲᠡᠮᠦᠷ ᠤᠨ ᠺᠣᠮᠫᠠᠨᠢ ᠶᠢᠨ ᠡᠮᠨᠡᠯᠭᠡ ᠶᠢᠨ ᠬᠤᠷᠢᠶ᠎ᠠ ᠶᠢᠨ ᠳᠡᠳ᠋ ᠳᠠᠷᠤᠭ᠎ᠠ ᠯᠢᠦ ᠳ᠋ᠠᠶ ᠲᠤᠰᠬᠠᠶ ᠮᠡᠷᠭᠡᠵᠢᠯᠲᠡᠨ ᠤ | ᠳᠤᠭᠤᠶᠢᠯᠠᠩ ᠢ ᠳᠠᠭᠠᠭᠤᠯᠤᠨ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠳᠤ ᠭᠤᠷᠪᠠᠳᠤᠭᠠᠷ ᠳᠡᠰ ᠤᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠢᠨᠠᠨ ᠲᠤᠭᠲᠠᠭᠠᠬᠤ ᠠᠵᠢᠯ ᠦᠷᠨᠢᠭᠦᠯᠪᠡ᠃ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠢᠦ ᠴᠧᠩ ᠹᠦ᠋᠂ ᠰᠦᠩᠱᠠᠨ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠵᠢᠶᠠᠩ ᠼᠦᠩ ᠬᠢᠨᠠᠨ ᠲᠣᠭᠲᠠᠭᠠᠬᠤ ᠠᠵᠢᠯ ᠤᠨ ᠡᠬᠢᠯᠡᠯᠲᠡ ᠶᠢᠨ ᠬᠤᠷᠠᠯ ᠳᠤ ᠣᠷᠣᠯᠴᠠᠵᠤ᠂ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠬᠤᠷᠠᠯ ᠢ ᠡᠷᠭᠢᠯᠡᠪᠡ᠃ | ᠯᠢᠦ ᠴᠧᠩ ᠹᠦ᠋ ᠤᠯᠠᠭᠠᠨᠬᠠᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ | ᠬᠠᠯᠠᠮᠵᠢᠯᠠᠨ ᠳᠡᠮᠵᠢᠭᠰᠡᠨ ᠡᠯ᠎ᠡ ᠤᠳᠤᠷᠢᠳᠤᠯᠭ᠎ᠠ ᠪᠣᠯᠤᠨ ᠲᠤᠰᠬᠠᠶ ᠮᠡᠷᠭᠡᠵᠢᠯᠲᠡᠳ ᠢ ᠬᠠᠯᠠᠭᠤᠨ ᠢᠶᠠᠷ ᠤᠭᠲᠤᠵᠤ | ᠪᠠᠶᠢᠬᠤ ᠪᠠᠨ ᠢᠯᠡᠳᠬᠡᠵᠦ᠂ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠶᠢᠨ ᠬᠢᠨ ᠲᠤᠰ ᠤᠳᠠᠭ᠎ᠠ ᠶᠢᠨ | ᠬᠢᠨᠠᠨ ᠲᠣᠭᠲᠠᠭᠠᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠲᠤᠰᠬᠠᠢ ᠮᠡᠷᠭᠡᠵᠢᠯᠲᠡᠳ ᠲᠠᠢ ᠢᠯᠡᠭᠦᠬᠡᠨ | ᠰᠠᠨᠠᠯ ᠢᠶᠠᠨ ᠰᠣᠯᠢᠯᠴᠠᠵᠤ᠂ ᠲᠡᠷᠢᠭᠦᠨ ᠤ ᠤᠢᠢᠯᠠᠭᠠᠭᠳᠠᠬᠤᠨ ᠪᠣᠯᠤᠨ ᠠᠵᠢᠯᠯᠠᠬᠤ ᠠᠷᠭ᠎ᠠ ᠶᠢ ᠢᠳᠡᠪᠬᠢᠲᠡᠢ | ᠰᠤᠷᠤᠯᠴᠠᠵᠤ᠂ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠠᠶᠠᠨ ᠵᠠᠮ ᠳᠠᠭᠠᠨ ᠲᠠᠬᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠵᠤ᠂ ︽ᠡᠷᠡᠭᠦᠯ ᠡᠩᠭᠡ ᠤᠯᠠᠭᠠᠨᠬᠠᠳᠠ︾ ᠶᠢᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ | ᠯᠢᠦ ᠳ᠋ᠠᠢ ᠬᠤᠷᠠᠯ ᠳᠤ ᠣᠷᠣᠯᠴᠠᠭᠰᠠᠳ ᠲᠤ ᠲᠤᠬᠠᠢ ᠶᠢᠨ ᠲᠠᠯᠠᠪᠠᠢ ᠶᠢᠨ ᠬᠢᠨᠠᠨ ᠲᠣᠭᠲᠠᠭᠠᠬᠤ ᠠᠭᠤᠯᠭ᠎ᠠ | ᠪᠣᠯᠤᠨ ᠶᠠᠪᠤᠴᠠ ᠶᠢ ᠲᠠᠨᠢᠯᠴᠠᠭᠤᠯᠪᠠ᠃ ᠡᠭᠦᠨ ᠤ ᠵᠡᠷᠭᠡ ᠳᠤ᠂ ᠡᠮᠨᠡᠯᠭᠡ ᠶᠢᠨ ᠬᠤᠷᠢᠶᠠᠨ ᠤ ᠬᠢᠨᠠᠨ ᠲᠣᠭᠲᠠᠭᠠᠬᠤ | ᠠᠵᠢᠯ ᠤᠨ ᠠᠴᠢ ᠬᠤᠯᠪᠣᠭᠳᠠᠯ ᠪᠣᠯᠤᠨ ᠴᠢᠬᠤᠯᠠ ᠴᠢᠨᠠᠷ ᠢ ᠴᠢᠬᠤᠯᠠᠴᠢᠯᠠᠭᠰᠠᠨ ᠪᠥᠭᠡᠳ ᠬᠢᠨᠠᠨ ᠲᠣᠭᠲᠠᠭᠠᠬᠤ | ᠠᠵᠢᠯ ᠤᠨ ᠰᠠᠬᠢᠯᠭ᠎ᠠ ᠪᠠᠲᠤ ᠶᠢᠨ ᠲᠠᠯ᠎ᠠ ᠪᠠᠷ ᠱᠠᠭᠠᠷᠳᠠᠯᠭ᠎ᠠ ᠳᠤᠷᠠᠳᠪᠠ᠃ | ᠵᠢᠶᠠᠩ ᠼᠦᠩ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠬᠤ ᠳᠤᠭᠤᠶᠢᠯᠠᠩ ᠤᠨ ᠲᠤᠰᠬᠠᠶ | ᠮᠡᠷᠭᠡᠵᠢᠯᠲᠡᠳ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠡᠮ | ᠡᠮᠨᠡᠯᠭᠡ ᠶᠢᠨ ᠦᠢᠯᠡᠰ ᠤᠨ ᠬᠥᠭᠵᠢᠯᠲᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ | ᠰᠦᠩᠱᠠᠨ ᠲᠣᠭᠤᠷᠢᠭ ᠲᠤ ᠬᠠᠯᠠᠮᠵᠢᠯᠠᠯ ᠳᠡᠮᠵᠢᠯᠭᠡ ᠦᠵᠡᠭᠦᠯᠦᠭᠰᠡᠨ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠢᠰᠲ᠋ᠧᠮ ᠤᠨ ᠤᠳᠤᠷᠢᠳᠤᠯᠭ᠎ᠠ ᠪᠣᠯᠤᠨ ᠲᠤᠰᠬᠠᠶ ᠮᠡᠷᠭᠡᠵᠢᠯᠲᠡᠳ ᠲᠤ ᠴᠢᠩ ᠰᠡᠳᠬᠢᠯ ᠤᠨ | ᠲᠠᠯᠠᠷᠬᠠᠯ ᠢᠶᠠᠨ ᠢᠯᠡᠳᠬᠡᠪᠡ᠃ | ᠵᠢᠶᠠᠩ ᠼᠦᠩ᠂ ᠰᠦᠩᠱᠠᠨ ᠲᠣᠭᠤᠷᠢᠭ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ | ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠶᠡᠬᠡᠪᠡᠷ ᠠᠬᠢᠭᠤᠯᠵᠤ᠂ ︽ᠪᠠᠭᠲᠠᠭᠠᠮᠵᠢ ᠶᠢ | ᠥᠷᠭᠡᠳᠬᠡᠬᠦ᠂ ᠲᠡᠩᠴᠡᠭᠦᠷᠢᠲᠡᠢ ᠪᠠᠶᠢᠯᠭᠠᠬᠤ᠂ ᠶᠠᠰᠤ ᠴᠢᠨᠠᠷ ᠢ ᠳᠡᠭᠡᠭᠰᠢᠯᠡᠭᠦᠯᠬᠦ︾ ᠭᠤᠷᠪᠠᠨ ᠶᠠᠪᠤᠳᠠᠯ ᠢ ᠰᠠᠶᠢᠲᠤᠷ | ᠬᠢᠬᠦ ᠶᠢ ᠢᠮᠠᠭᠲᠠ ᠪᠠᠷᠢᠮᠲᠠᠯᠠᠵᠤ᠂ ᠬᠤᠳᠠ ᠬᠥᠳᠡᠭᠡ ᠶᠢᠨ ᠡᠮ ᠡᠮᠨᠡᠯᠭᠡ ᠶᠢᠨ ᠡᠬᠢ ᠪᠠᠶᠠᠯᠢᠭ ᠤᠨ | ᠲᠤᠬᠢᠷᠠᠭᠤᠯᠤᠯᠳᠠ ᠶᠢ ᠴᠢᠨᠠᠭᠰᠢᠳᠠ ᠰᠢᠯᠢᠳᠡᠭᠵᠢᠭᠦᠯᠵᠦ᠂ ᠪᠦᠬᠦ ᠲᠣᠭᠤᠷᠢᠭ ᠤᠨ ᠡᠮ ᠡᠮᠨᠡᠯᠭᠡ ᠶᠢᠨ ᠬᠠᠩᠭᠠᠯᠭ᠎ᠠ ᠶᠢᠨ | ᠴᠢᠳᠠᠪᠤᠷᠢ ᠪᠣᠯᠤᠨ ᠦᠢᠯᠡᠴᠢᠯᠡᠭᠡᠨ ᠤ ᠲᠦᠪᠰᠢᠨ ᠢ ᠶᠡᠬᠡᠪᠡᠷ ᠳᠡᠭᠡᠭᠰᠢᠯᠡᠭᠦᠯᠦᠨ᠎ᠡ ᠭᠡᠵᠦ ᠢᠯᠡᠷᠬᠡᠶᠢᠯᠡᠪᠡ᠃ | ᠵᠢᠶᠠᠩ ᠼᠦᠩ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠰᠢᠯᠭᠠᠷᠠᠭᠤᠯᠤᠯᠲᠠ ᠨᠢ ᠰᠦᠩᠱᠠᠨ | ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠬᠥᠰᠢᠶ᠎ᠡ ᠳᠤᠷᠠᠰᠬᠠᠯ ᠤᠨ | ᠴᠢᠨᠠᠷᠲᠠᠶ ᠠᠴᠢ ᠬᠤᠯᠪᠣᠭᠳᠠᠯ ᠲᠠᠢ ᠪᠠᠶᠢᠵᠤ᠂ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠶᠢᠨ | ᠴᠢᠳᠠᠪᠤᠷᠢ ᠶᠢᠨ ᠬᠢᠷᠢ ᠲᠦᠪᠰᠢᠨ ᠤ ᠨᠢᠭᠡ ᠤᠳᠠᠭᠠᠨ ᠤ ᠶᠡᠭᠡ ᠰᠢᠯᠭᠠᠯᠲᠠ ᠪᠣᠯᠬᠤ ᠪᠠᠷ ᠪᠠᠷᠠᠬᠤ ᠥᠬᠡᠶ᠂ ᠪᠠᠰᠠ ᠴᠤ | ᠪᠥᠬᠦ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠨᠢᠭᠡ ᠤᠳᠠᠭᠠᠨ ᠤ ᠰᠢᠯᠭᠠᠨ | ᠪᠠᠶᠢᠴᠠᠭᠠᠯᠲᠠ ᠪᠣᠯᠤᠨ᠎ᠠ᠃ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠵᠢᠴᠢ ᠪᠦᠬᠦ ᠲᠣᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠲᠤᠰ ᠤᠳᠠᠭ᠎ᠠ ᠶᠢᠨ ᠬᠤᠪᠣᠷ ᠨᠠᠨᠳᠢᠨ ᠠᠵᠠ | ᠲᠣᠬᠢᠶᠠᠯ ᠢ ᠨᠠᠨᠳᠢᠩᠨᠠᠵᠤ᠂ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠵᠢᠭᠠᠪᠤᠷᠢ ᠠᠪᠴᠤ᠂ ᠳᠠᠷᠤᠤ | ᠬᠢᠴᠢᠶᠡᠩᠭᠦᠢ ᠪᠠᠷ ᠲᠤᠷᠰᠢᠯᠭ᠎ᠠ ᠰᠤᠷᠤᠯᠴᠠᠵᠤ᠂ ᠲᠤᠰ ᠪᠡᠶ᠎ᠡ ᠶᠢᠨ ᠦᠢᠯᠡᠴᠢᠯᠡᠭᠡᠨ ᠤ ᠴᠢᠳᠠᠪᠤᠷᠢ ᠶᠢᠨ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠦᠩᠱᠠᠨ ᠡᠮᠨᠡᠯᠭᠡ ᠶᠢᠨ ᠬᠤᠷᠢᠶ᠎ᠠ ᠶᠢᠨ ︽ ᠨᠡᠷᠡᠲᠦ ᠲᠡᠮᠲᠡᠭᠲᠦ ᠫᠠᠶᠢᠰᠠ︾ | ᠶᠢ ᠦᠷᠭᠦᠯᠵᠢᠯᠡᠨ ᠪᠠᠲᠤᠳᠬᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠬᠡᠷᠡᠭᠲᠡᠢ᠃ | ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶᠠᠨ ᠤ ᠭᠤᠣᠯ ᠬᠠᠷᠢᠭᠤᠴᠠᠯᠭᠠᠲᠠᠨ ᠡᠬᠢᠯᠡᠯᠲᠡ ᠶᠢᠨ | ᠬᠤᠷᠠᠯ ᠳᠡᠭᠡᠷ᠎ᠡ ᠣᠪᠣᠷ ᠢᠶᠠᠨ ᠢᠯᠡᠳᠬᠡᠬᠦ ᠦᠭᠡ ᠬᠡᠯᠡᠪᠡ᠃ |