ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ | ᠡᠨᠡ ᠵᠢᠯ ᠮᠠᠨ ᠤ ᠣᠷᠣᠨ ᠭᠤᠣᠯᠳᠠᠯᠭ᠎ᠠ ᠲᠠᠢ ᠬᠦᠷᠢᠶᠡᠨ ᠳᠤ ᠬᠤᠳᠠᠯᠳᠤᠭᠠᠴᠢᠨ ᠤᠷᠢᠬᠤ ᠳᠤ ᠠᠩᠬᠠᠷᠤᠯ ᠢᠶᠠᠨ | ᠲᠥᠪᠯᠡᠷᠡᠭᠦᠯᠬᠦ᠂ ᠭᠤᠣᠯᠳᠠᠯᠭ᠎ᠠ ᠲᠠᠢ ᠣᠷᠣᠨ ᠬᠡᠪᠴᠢᠶᠡᠨ ᠳᠤ ᠬᠤᠳᠠᠯᠳᠤᠭᠠᠴᠢᠨ ᠤᠷᠢᠬᠤ ᠶᠢ ᠨᠢᠭᠲᠠ ᠠᠩᠬᠠᠷᠬᠤ᠂ | ᠴᠢᠨᠠᠷ ᠰᠠᠶᠢᠲᠠᠢ ᠲᠠᠪᠴᠠᠩ ᠪᠠᠶᠢᠭᠤᠯᠤᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠤᠷᠢᠬᠤ ᠮᠡᠳᠡᠭᠡ | ᠵᠠᠩᠭᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠨᠠᠷᠢᠯᠢᠭ ᠣᠨᠣᠴᠠᠲᠠᠢ ᠪᠥᠭᠡᠳ ᠥᠨᠳᠥᠷ | ᠪᠦᠲᠦᠮᠵᠢᠲᠡᠶ ᠪᠠᠷ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠲᠤᠰᠬᠠᠢ ᠠᠵᠢᠯᠯᠠᠭ᠎ᠠ ᠶᠢ | ᠬᠡᠷᠡᠭᠵᠢᠭᠦᠯᠬᠦ ᠪᠠᠷ ᠪᠤᠢ᠃ | ᠮᠠᠨ ᠤ ᠣᠷᠣᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ | ᠵᠢᠴᠢ ᠡᠷᠬᠢᠨ ᠲᠣᠭᠤᠷᠢᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠡᠯᠬᠢᠶ᠎ᠡ ᠶᠢ | ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠪᠠ ᠬᠡᠯᠬᠢᠶ᠎ᠡ ᠶᠢ ᠴᠢᠩᠭᠠᠳᠬᠠᠬᠤ ᠭᠤᠣᠯᠳᠠᠯᠭ᠎ᠠ ᠲᠠᠢ ᠬᠦᠷᠢᠶ᠎ᠡ ᠪᠠ | ᠭᠤᠣᠯ ᠰᠢᠪᠲᠤᠯᠤᠯᠲᠠ ᠶᠢᠨ ᠴᠢᠭᠯᠡᠯ ᠢ ᠲᠣᠭᠲᠠᠭᠠᠵᠤ᠂ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠪᠠ ᠠᠵᠤ | ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠲᠥᠷᠥᠯ ᠵᠦᠢᠯ ᠢ ᠴᠢᠩᠭ᠎ᠠ ᠠᠳᠬᠤᠨ᠂ ︽ᠬᠤᠶᠠᠷ ᠵᠢᠷᠤᠭ᠂ ᠬᠤᠶᠠᠷ | ᠬᠦᠰᠦᠨᠦᠭᠲᠦ᠂ ᠬᠤᠶᠠᠷ ᠬᠥᠮᠥᠷᠭᠡ᠂ ᠬᠤᠶᠠᠷ ᠵᠠᠳᠠᠯᠤᠯᠲᠠ︾ ᠶᠢᠨ ᠠᠷᠭ᠎ᠠ ᠶᠢ ᠬᠡᠷᠡᠭᠯᠡᠨ ᠨᠠᠷᠢᠯᠢᠭ ᠣᠨᠣᠴᠠᠲᠠᠢ ᠪᠠᠷ | ᠬᠤᠳᠠᠯᠳᠤᠭᠠᠴᠢᠨ ᠤᠷᠢᠨ᠎ᠠ᠃ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ᠂ | ᠭᠤᠣᠯᠯᠠᠬᠤ ᠠᠵᠤ ᠠᠬᠤᠶᠢᠯᠠᠯ ᠪᠠ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠦᠭᠰᠡᠨ ᠠᠵᠤ | ᠠᠬᠤᠶᠢᠯᠠᠯ ᠢ ᠬᠦᠴᠦ ᠲᠠᠯᠪᠢᠨ ᠣᠷᠣᠭᠤᠯᠤᠨ ᠠᠪᠴᠢᠷᠠᠵᠤ᠂ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ᠂ | ᠳᠠᠭᠠᠭᠤᠯᠤᠭᠴᠢ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ︽ᠵᠢᠵᠢᠭ ᠠᠪᠤᠷᠭᠤ︾ ᠠᠵᠤ | ᠠᠬᠤᠶᠢᠯᠠᠯ ᠢ ᠨᠢᠭᠡ ᠴᠣᠭᠴᠠᠵᠢᠭᠤᠯᠤᠨ ᠣᠷᠣᠭᠤᠯᠤᠨ ᠠᠪᠴᠢᠷᠠᠵᠤ᠂ ᠳᠡᠭᠡᠳᠦ ᠲᠠᠰ ᠤᠨ ᠬᠡᠯᠬᠢᠶ᠎ᠡ ᠶᠢ ᠨᠥᠬᠦᠪᠦᠷᠢᠯᠡᠬᠦ᠂ | ᠲᠡᠭᠦᠰᠬᠡᠯ ᠦᠵᠦᠭᠦᠷ ᠤᠨ ᠬᠡᠯᠬᠢᠶ᠎ᠡ ᠶᠢ ᠤᠷᠲᠤᠳᠬᠠᠬᠤ᠂ ᠪᠦᠬᠦᠯᠢ ᠴᠣᠭᠴᠠ ᠪᠠᠷ ᠬᠡᠯᠬᠢᠶ᠎ᠡ ᠶᠢ ᠴᠢᠩᠭᠠᠷᠠᠭᠤᠯᠬᠤ ᠶᠢ | ᠠᠬᠢᠭᠤᠯᠤᠨ᠎ᠠ᠃ | ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠴᠧᠩᠳᠦ᠋ ᠴᠦᠩᠴᠢᠩ ᠤᠨ ᠠᠵᠤ | ᠠᠬᠤᠢ ᠶᠢᠨ ᠲᠣᠭᠤᠷᠢᠭ᠂ ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠭᠤᠸᠠᠩᠳᠦ᠋ᠩ ᠰᠢᠶᠠᠩᠭᠠᠩ ᠣᠣᠮᠧᠨ ᠤ | ᠲᠣᠮᠣ ᠪᠤᠯᠤᠩ ᠤᠨ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠬᠠᠨᠳᠤᠭᠤᠯᠤᠨ᠂ | ᠳᠡᠯᠡᠬᠡᠢ ᠶᠢᠨ 500 ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ᠂ ᠠᠷᠠᠳ ᠠᠴᠠ ᠡᠵᠡᠩᠨᠡᠭᠰᠡᠨ | 500 ᠬᠦᠴᠦᠷᠬᠡᠭ᠂ ᠦᠢᠯᠡᠳᠬᠡᠯ ᠤᠨ ᠦᠢᠯᠡᠰ ᠤᠨ 500 ᠬᠦᠴᠦᠷᠬᠡᠭ ᠢ ᠣᠨᠢᠯᠠᠵᠤ᠂ ᠳᠠᠭᠠᠭᠤᠯᠤᠭᠴᠢ ᠠᠵᠤ | ᠠᠬᠤᠶᠢᠯᠠᠯ᠂ ᠪᠦᠯᠦᠭᠵᠢᠯ ᠤᠨ ᠭᠤᠣᠯᠯᠠᠬᠤ ᠠᠵᠤ ᠠᠬᠤᠶᠢᠯᠠᠯ᠂ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠢ | ᠡᠵᠡᠮᠳᠡᠵᠦ᠂ ᠡᠯ᠎ᠡ ᠠᠶᠢᠮᠠᠭ ᠬᠤᠳᠠ ᠶᠢᠨ ᠬᠤᠳᠠᠯᠳᠤᠭᠠᠴᠢᠨ ᠤᠷᠢᠵᠤ ᠵᠣᠯᠭᠠᠭᠤᠯᠬᠤ ᠠᠵᠢᠯᠯᠠᠭ᠎ᠠ ᠶᠢ ᠨᠠᠷᠢᠯᠢᠭ | ᠣᠨᠣᠴᠠᠲᠠᠢ ᠥᠷᠨᠢᠭᠦᠯᠬᠦ ᠶᠢ ᠠᠬᠢᠭᠤᠯᠤᠨ᠎ᠠ᠃ ︽ᠬᠤᠨ ᠭᠠᠯᠠᠭᠤ ᠥᠪᠥᠷ ᠮᠣᠩᠭᠤᠯ ᠳᠤ ᠪᠠᠨ ᠪᠤᠴᠠᠬᠤ︾ | ᠠᠵᠢᠯᠯᠠᠭ᠎ᠠ ᠶᠢ ᠬᠡᠷᠡᠭᠵᠢᠭᠦᠯᠵᠦ᠂ ᠥᠪᠥᠷ ᠮᠣᠩᠭᠤᠯ ᠤᠨ ᠬᠤᠳᠠᠯᠳᠤᠭᠠᠴᠢᠳ ᠤᠨ ᠨᠤᠲᠤᠭ ᠲᠤ ᠪᠠᠨ ᠪᠤᠴᠠᠵᠤ ᠪᠡᠯᠡ | ᠣᠷᠣᠭᠤᠯᠤᠨ ᠦᠢᠯᠡᠰ ᠴᠣᠭᠴᠠᠯᠠᠬᠤ ᠶᠢ ᠤᠷᠮᠠᠰᠢᠭᠤᠯᠤᠨ ᠲᠠᠲᠠᠵᠤ᠂ ᠨᠤᠲᠤᠭ ᠤᠰᠤᠨ ᠤ ᠪᠠᠨ ᠬᠥᠭᠵᠢᠯᠲᠡ ᠳᠤ | ᠬᠦᠴᠦᠨ ᠨᠡᠮᠡᠷᠢᠯᠡᠬᠦ ᠶᠢ ᠵᠣᠷᠢᠭᠵᠢᠭᠤᠯᠤᠨ᠎ᠠ᠃ ᠨᠡᠶᠢᠭᠡᠮ ᠤᠨ ᠬᠤᠳᠠᠯᠳᠤᠭᠠᠴᠢᠨ ᠤᠷᠢᠬᠤ ᠶᠢ ᠭᠦᠨᠵᠡᠭᠡᠶᠢᠷᠡᠭᠦᠯᠵᠦ᠂ | ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠥᠷᠭᠡᠨ ᠢᠶᠠᠷ | ᠬᠠᠮᠲᠤᠷᠠᠯᠴᠠᠭ᠎ᠠ ᠥᠷᠨᠢᠭᠦᠯᠵᠦ᠂ ︽ᠡᠭᠦᠯᠡᠨ ᠳᠡᠭᠡᠷᠡᠬᠢ ᠬᠤᠳᠠᠯᠳᠤᠭᠠᠴᠢᠨ ᠤᠷᠢᠬᠤ︾᠂ ᠰᠤᠷᠭᠠᠭᠤᠯᠢ ᠶᠢᠨ | ᠬᠠᠨᠢᠲᠠᠨ ᠤ ᠬᠤᠳᠠᠯᠳᠤᠭᠠᠴᠢᠨ ᠤᠷᠢᠬᠤ᠂ ᠮᠥᠩᠭᠦᠨ ᠭᠦᠢᠯᠭᠡᠭᠡᠨ ᠤ ᠬᠤᠳᠠᠯᠳᠤᠭᠠᠴᠢᠨ ᠤᠷᠢᠬᠤ᠂ ᠠᠵᠤ | ᠠᠬᠤᠶᠢᠯᠠᠯ ᠤᠨ ᠬᠤᠳᠠᠯᠳᠤᠭᠠᠴᠢᠨ ᠤᠷᠢᠬᠤ᠂ ᠨᠠᠶᠢᠳᠠᠯᠭ᠎ᠠ ᠪᠠᠷ ᠬᠤᠳᠠᠯᠳᠤᠭᠠᠴᠢᠨ ᠤᠷᠢᠬᠤ ᠵᠡᠷᠭᠡ ᠨᠠᠷᠢᠯᠢᠭ | ᠣᠨᠣᠴᠠᠲᠠᠢ ᠪᠠᠷ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︽ᠤᠷᠢᠵᠤ ᠠᠪᠴᠢᠷᠠᠬᠤ︾ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ | ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ — ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠤ | ᠬᠤᠭᠤᠴᠠᠭᠠᠨ ᠳᠤ᠂ ᠤᠯᠤᠰ ᠤᠨ ᠶᠠᠮᠤᠨ ᠵᠥᠪᠯᠡᠯ ᠤᠨ ᠳᠡᠮᠵᠢᠯᠭᠡ ᠶᠢ ᠣᠯᠵᠤ ︽ᠤᠯᠤᠰ ᠤᠨ ᠤᠮᠠᠷᠠᠰᠢ ᠨᠡᠭᠡᠭᠡᠯᠲᠡ | ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ︾ ᠢ ᠡᠭᠦᠳᠦᠨ ᠡᠷᠭᠢᠯᠡᠬᠦ ᠪᠠᠷ ᠴᠢᠷᠮᠠᠶᠢᠨ᠎ᠠ᠃ ︽ | ᠭᠠᠷᠴᠤ ᠶᠠᠪᠤᠬᠤ︾ ᠬᠤᠳᠠᠯᠳᠤᠭᠠᠴᠢᠨ ᠤᠷᠢᠬᠤ ᠶᠢ ᠠᠬᠢᠭᠤᠯᠵᠤ᠂ ᠥᠪᠥᠷ ᠮᠣᠩᠭᠤᠯ ᠪᠡᠭᠡᠵᠢᠩ ᠲᠢᠶᠠᠨᠵᠢᠨ ᠾᠧᠪᠧᠢ | ︵ᠪᠡᠭᠡᠵᠢᠩ︶᠂ ᠥᠪᠥᠷ ᠮᠣᠩᠭᠤᠯ ᠬᠥᠬᠡᠮᠥ᠋ᠷᠡᠨ ᠤ ᠭᠤᠷᠪᠠᠯᠵᠢᠨ ᠬᠤᠶᠢᠭ ︵ᠬᠠᠩᠵᠧᠦ︶᠂ ᠥᠪᠥᠷ ᠮᠣᠩᠭᠤᠯ | ᠭᠤᠸᠠᠩᠳᠦ᠋ᠩ ᠰᠢᠶᠠᠩᠭᠠᠩ ᠣᠣᠮᠧᠨ ︵ᠱᠧᠨᠵᠧᠨ︶ ᠵᠡᠷᠭᠡ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ | ᠠᠵᠢᠯᠯᠠᠭ᠎ᠠ ᠶᠢ ᠡᠷᠭᠢᠯᠡᠨ᠂ ᠬᠠᠷᠠᠯᠲᠠᠲᠤ ᠬᠤᠳᠠᠯᠳᠤᠭᠠᠴᠢᠨ ᠤ ᠴᠣᠭᠴᠠ ᠳᠤ ᠠᠩᠬᠠᠷᠤᠯ ᠢᠶᠠᠨ ᠬᠠᠨᠳᠤᠭᠤᠯᠵᠤ᠂ | ᠲᠡᠷᠢᠭᠦᠨ ᠤ ᠭᠠᠵᠠᠷ ᠣᠷᠣᠨ ᠤ ᠠᠵᠤ ᠦᠢᠯᠡᠰ ᠤᠨ ᠲᠥᠷᠥᠯ ᠵᠦᠢᠯ ᠤᠨ ᠰᠢᠯᠵᠢᠯᠲᠡ ᠶᠢ ᠢᠳᠡᠪᠬᠢᠲᠡᠢ ᠪᠠᠷ ᠳᠠᠭᠠᠭᠠᠨ | ᠠᠪᠤᠨ᠎ᠠ᠃ ︽ᠤᠯᠤᠰ ᠠᠯᠤᠰᠯᠠᠭᠰᠠᠨ ᠺᠣᠮᠫᠠᠨᠢ ᠶᠢᠨ ᠥᠪᠥᠷ ᠮᠣᠩᠭᠤᠯ ᠳᠠᠬᠢ ᠠᠶᠠᠯᠠᠯ︾ ᠠᠵᠢᠯᠯᠠᠭ᠎ᠠ ᠶᠢ ᠡᠷᠭᠢᠯᠡᠵᠦ | ᠂ ᠰᠢᠶᠠᠩᠭᠠᠩ᠂ ᠶᠠᠫᠤᠨ᠂ ᠺᠣᠷᠢᠶᠠ ᠵᠡᠷᠭᠡ ᠤᠯᠤᠰ ᠪᠠ ᠭᠠᠵᠠᠷ ᠣᠷᠣᠨ ᠤ ᠬᠤᠳᠠᠯᠳᠤᠭᠠᠴᠢᠨ ᠤᠷᠢᠵᠤ | ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ | ︽ᠥᠪᠥᠷ ᠮᠣᠩᠭᠤᠯ ᠤᠨ ᠡᠭᠦᠯᠡᠨ ᠳᠡᠭᠡᠷᠡᠬᠢ ᠬᠤᠳᠠᠯᠳᠤᠭᠠᠴᠢᠨ ᠤᠷᠢᠬᠤ︾ ᠮᠡᠳᠡᠭᠡ ᠵᠠᠩᠭᠢᠴᠢᠯᠠᠯᠲᠠ ᠶᠢᠨ | ᠲᠠᠪᠴᠠᠩ ᠤᠨ ᠪᠠᠶᠢᠭᠤᠯᠤᠯᠲᠠ ᠶᠢ ᠡᠬᠢᠯᠡᠭᠦᠯᠵᠦ᠂ ᠮᠠᠨ ᠤ ᠣᠷᠣᠨ ᠤ ᠬᠤᠳᠠᠯᠳᠤᠭᠠᠴᠢᠨ ᠤᠷᠢᠬᠤ ᠲᠥᠷᠥᠯ ᠵᠦᠢᠯ᠂ | ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠂ ᠦᠢᠯᠡᠴᠢᠯᠡᠭᠡᠨ ᠤ | ᠨᠥᠯᠥᠭᠡ ᠦᠢᠯᠡᠳᠦᠯ ᠢ ᠣᠶᠢᠯᠠᠭᠠᠬᠤ ᠨᠣᠷᠮ᠎ᠠ ᠪᠠ ᠨᠥᠯᠥᠭᠡᠯᠡᠬᠦ ᠬᠦᠴᠦᠨ ᠢ ᠥᠷᠭᠡᠳᠬᠡᠨ᠎ᠡ᠃ ᠪᠥᠬᠦ ᠣᠷᠣᠨ ᠤ | ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢᠨ ᠰᠢᠰᠲ᠋ᠧᠮ ᠢ ᠲᠠᠰ | ᠳᠡᠪᠰᠢᠭᠦᠯᠵᠦ᠂ ᠡᠳᠦᠷ ᠲᠤᠲᠤᠮ ᠤᠨ ᠲᠣᠬᠢᠷᠠᠭᠤᠯᠤᠯᠲᠠ ᠬᠢᠨᠠᠨ ᠰᠢᠨᠵᠢᠯᠲᠡ ᠪᠠ ᠵᠠᠳᠠᠯᠤᠯᠲᠠ ᠶᠢ ᠴᠢᠩᠭᠠᠳᠬᠠᠨ᠎ᠠ᠃ | ᠭᠤᠣᠯᠳᠠᠯᠭ᠎ᠠ ᠲᠠᠢ ᠪᠠᠷ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠲᠥᠷᠥᠯ ᠵᠦᠢᠯ ᠤᠨ ᠬᠥᠮᠥᠷᠭᠡ ᠶᠢ | ᠬᠥᠳᠡᠯᠦᠩᠭᠦᠢ ᠪᠠᠷ ᠲᠡᠭᠦᠯᠳᠡᠷᠵᠢᠭᠦᠯᠵᠦ᠂ ᠴᠢᠨᠠᠷ ᠰᠠᠶᠢᠲᠠᠢ ᠲᠥᠷᠥᠯ ᠵᠦᠢᠯ ᠢ ᠤᠬᠠᠭᠠᠯᠠᠨ ᠲᠥᠯᠥᠪᠯᠡᠵᠦ ᠨᠥᠭᠡᠴᠡᠯᠡᠬᠦ | ᠂ ᠨᠤᠲᠠᠯᠠᠯᠲᠠ ᠬᠢᠵᠦ ᠵᠢᠷᠤᠭᠯᠠᠨ ᠲᠥᠯᠥᠪᠯᠡᠬᠦ᠂ ᠤᠬᠠᠭᠠᠯᠠᠨ ᠰᠡᠳᠦᠵᠦ ᠪᠣᠭᠤᠳᠠᠯᠯᠠᠬᠤ᠂ ᠤᠬᠠᠭᠤᠯᠤᠨ | ᠲᠠᠨᠢᠯᠴᠠᠭᠤᠯᠬᠤ᠂ ᠮᠥᠷᠳᠡᠨ ᠦᠢᠯᠡᠴᠢᠯᠡᠬᠦ ᠶᠢ ᠰᠠᠶᠢᠲᠤᠷ ᠬᠢᠵᠦ᠂ ᠭᠡᠷ᠎ᠡ ᠲᠣᠭᠲᠠᠭᠰᠠᠨ ᠲᠥᠷᠥᠯ ᠵᠦᠢᠯ ᠢ | ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠶᠢ | ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ |