1.48 ᠲᠦᠮᠡᠨ ᠺᠢᠯᠤᠮᠧᠲᠷ︕ ᠮᠠᠨ ᠤ ᠣᠷᠣᠨ ᠤ ᠲᠡᠮᠦᠷ ᠵᠠᠮ ᠤᠨ ᠡᠵᠡᠩᠨᠡᠯᠲᠡ ᠶᠢᠨ ᠵᠠᠮ ᠤᠨ ᠵᠠᠢ ᠪᠥᠬᠦ ᠤᠯᠤᠰ ᠤᠨ ᠨᠢᠭᠡᠳᠦᠭᠡᠷ ᠲᠤ ᠣᠷᠣᠪᠠ
ᠨᠡᠶᠢᠲᠡᠯᠡᠭᠰᠡᠨ ᠴᠠᠭ᠄
2023/3/23
      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾  ᠤᠨ ᠲᠥᠯᠦᠪᠵᠢᠭᠦᠯᠭᠡ ᠶᠢᠨ ᠬᠤᠭᠤᠴᠠᠭ᠎ᠠ ᠠᠴᠠ ᠨᠠᠭᠠᠰᠢ᠂ ᠮᠠᠨ ᠤ ᠣᠷᠣᠨ ᠤ ᠲᠡᠮᠦᠷ ᠵᠠᠮ ᠪᠠ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ 2022 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠲᠡᠮᠦᠷ ᠵᠠᠮ ᠤᠨ ᠡᠵᠡᠩᠨᠡᠯᠲᠡ ᠶᠢᠨ ᠵᠠᠮ ᠤᠨ ᠵᠠᠢ 1.48 ᠲᠦᠮᠡᠨ ᠺᠢᠯᠤᠮᠧᠲᠷ ᠲᠤ ᠬᠦᠷᠴᠦ᠂ ᠪᠥᠬᠦ ᠤᠯᠤᠰ ᠤᠨ ᠨᠢᠭᠡᠳᠦᠭᠡᠷ ᠲᠤ ᠣᠷᠣᠪᠠ᠃ ᠵᠠᠮ ᠤᠨ ᠲᠣᠣᠷ ᠤᠨ ᠨᠢᠭᠲᠠᠴᠠ 125 ᠺᠢᠯᠤᠮᠧᠲᠷ / ᠲᠦᠮᠡᠨ ᠺᠦᠸᠠᠳ᠋ ᠺᠢᠯᠤᠮᠧᠲᠷ᠂ ᠵᠡᠷᠭᠡᠴᠡᠮᠡᠯ ᠵᠠᠮ ᠤᠨ ᠨᠣᠷᠮ᠎ᠠ 45%᠂ ᠴᠠᠬᠢᠯᠭᠠᠨᠵᠢᠭᠤᠯᠤᠯᠲᠠ ᠶᠢᠨ ᠨᠣᠷᠮ᠎ᠠ 40% ᠳᠤ ᠬᠦᠷᠴᠡᠢ᠃ ᠪᠥᠬᠦ ᠣᠷᠣᠨ ᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ 48 ᠪᠠᠶᠢᠵᠤ᠂ ᠪᠥᠬᠦ ᠤᠯᠤᠰ ᠤᠨ ᠭᠤᠷᠪᠠᠳᠤᠭᠠᠷ ᠲᠤ ᠣᠷᠣᠪᠠ᠃ ᠡᠭᠦᠨ ᠳᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ 20᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ 28 ᠪᠣᠶ᠃ ᠡᠲᠡᠭᠡᠷ ᠲᠡᠮᠦᠷ ᠵᠠᠮ ᠪᠠ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠭᠤᠷᠢ ᠪᠡᠯᠡᠳᠬᠡᠮᠵᠢ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃       2023 ᠣᠨ ᠳᠤ᠂ ᠮᠠᠨ ᠤ ᠣᠷᠣᠨ ᠤ ᠭᠤᠣᠯᠳᠠᠯᠭ᠎ᠠ ᠲᠠᠢ ᠲᠡᠮᠦᠷ ᠵᠠᠮ ᠤᠨ ᠪᠠᠶᠢᠭᠤᠯᠵᠤ ᠪᠠᠶᠢᠭ᠎ᠠ ᠲᠥᠷᠥᠯ ᠵᠦᠢᠯ 4 ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 1723 ᠺᠢᠯᠤᠮᠧᠲᠷ ︵ᠥᠪᠥᠷ ᠮᠣᠩᠭᠤᠯ ᠤᠨ ᠬᠡᠰᠡᠭ ᠲᠤ 1471 ᠺᠢᠯᠤᠮᠧᠲᠷ︶᠂ ᠶᠡᠷᠦᠩᠬᠡᠢ ᠪᠡᠯᠡ ᠣᠷᠣᠭᠤᠯᠤᠯᠲᠠ ᠨᠢ 1017 ᠳ᠋ᠦᠩᠰᠢᠭᠤᠷ ᠲᠥᠭᠦᠷᠢᠭ ︵ᠥᠪᠥᠷ ᠮᠣᠩᠭᠤᠯ ᠤᠨ ᠬᠡᠰᠡᠭ ᠲᠤ 719 ᠳ᠋ᠦᠩᠰᠢᠭᠤᠷ ᠲᠥᠭᠦᠷᠢᠭ︶᠂ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠨᠢ 203 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 29.1% ᠪᠠᠷ ᠨᠡᠮᠡᠭᠳᠡᠪᠡ᠃ ᠪᠥᠬᠦ ᠣᠷᠣᠨ ᠤ ᠭᠤᠣᠯᠳᠠᠯᠭ᠎ᠠ ᠲᠠᠢ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ 90 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ 2022 ᠣᠨ ᠤ ᠬᠢ ᠠᠴᠠ 95% ᠪᠠᠷ ᠨᠡᠮᠡᠭᠳᠡᠪᠡ᠃ ᠣᠳᠣᠬᠠᠨ ᠳᠤ᠂ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠵᠢᠨᠢᠩ ᠠᠴᠠ ᠳ᠋ᠠᠲ᠋ᠦ᠋ᠩ ᠬᠦᠷᠬᠦ᠂ ᠳ᠋ᠠᠲ᠋ᠦ᠋ᠩ ᠠᠴᠠ ᠲᠠᠶᠢᠶᠤᠸᠠᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠢᠨᠵᠧᠨᠧᠷᠢᠩ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠵᠡᠷᠭᠡ ᠲᠦᠷᠦᠯ ᠵᠦᠢᠯ ᠨᠢ ᠴᠥᠮ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠦᠭᠰᠡᠨ ᠪᠠᠶᠢᠨ᠎ᠠ᠃       ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠬᠦ ᠳᠤ ᠪᠠᠨ᠂ ︽ᠳᠡᠭᠡᠷ᠎ᠡ ᠳᠤᠷᠠᠳᠤᠭᠰᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠨᠡ ᠨᠢ ᠰᠢᠨ᠎ᠡ ᠱᠠᠲᠤ ᠦᠶ᠎ᠡ ᠳᠤ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠢᠶᠠᠨ ᠡᠬᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ︿ᠡᠬᠢᠯᠡᠮᠡᠭᠴᠡ ᠰᠢᠪᠲᠤᠯᠤᠯᠲᠠ ᠬᠢᠵᠦ᠂ ᠡᠬᠢᠯᠡᠮᠡᠭᠴᠡ ᠬᠤᠷᠳᠤᠯᠠᠬᠤ﹀ ᠴᠤᠭ ᠰᠦᠯᠳᠡ ᠪᠠᠷ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦᠭᠦᠦ ᠤᠯᠠᠷᠢᠯ ᠤᠨ ︿ᠡᠬᠢᠯᠡᠮᠡᠭᠴᠡ ᠠᠮᠵᠢᠯᠲᠠ ᠣᠯᠵᠤ﹀ ︿ᠡᠬᠢᠯᠡᠮᠡᠭᠴᠡ ᠲᠣᠭᠲᠠᠪᠤᠷᠢᠵᠢᠬᠤ﹀ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ︾ ᠭᠡᠵᠡᠢ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号