ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠨᠥ ᠵᠢᠯ ᠪᠦᠬᠦ ᠣᠷᠣᠨ ᠳᠤ 1.1 ᠲᠦᠮᠡᠨ ᠢᠵᠢ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠡᠯᠡᠳᠬᠡᠨ ᠪᠠᠶᠢᠭᠤᠯᠵᠤ᠂ ᠳᠦᠭᠦᠮ ᠪᠦᠲᠦᠴᠡᠲᠦ | ᠣᠷᠣᠨ ᠰᠠᠭᠤᠴᠠ ᠶᠢᠨ ᠲᠣᠭᠤᠷᠢᠭ ᠢ 1.5 ᠲᠦᠮᠡᠨ ᠢᠵᠢ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠵᠦ᠂ ᠬᠤᠲᠠ | ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠲᠦᠷᠢᠶᠡᠰᠦᠯᠡᠬᠦ ᠨᠥᠬᠦᠪᠦᠷᠢ ᠶᠢ 2.6 | ᠲᠦᠮᠡᠨ ᠡᠷᠦᠬᠡ ᠳᠤ ᠲᠠᠷᠬᠠᠭᠠᠬᠤ ᠪᠠᠷ ᠲᠥᠯᠥᠪᠯᠡᠵᠦ ᠪᠤᠢ᠃ | ︽ᠥᠨᠥ ᠵᠢᠯ ᠪᠢᠳᠡ᠂ ᠠᠷᠠᠳ ᠣᠯᠠᠨ ᠤ ᠣᠷᠣᠨ ᠰᠠᠭᠤᠴᠠ ᠶᠢᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ | ᠪᠠᠲᠤᠯᠠᠬᠤ ᠪᠠᠷ ᠡᠭᠦᠰᠴᠡ ᠪᠣᠯᠭᠠᠨ᠂ ︿ᠥᠨᠳᠥᠷ ᠣᠷᠣᠯᠭ᠎ᠠ ᠲᠠᠢ ᠳᠤ ᠨᠢ ᠵᠠᠬ᠎ᠠ ᠳᠡᠯᠭᠡᠭᠦᠷ ᠬᠠᠩᠭᠠᠬᠤ᠂ | ᠳᠤᠮᠳᠠ ᠶᠢᠨ ᠣᠷᠣᠯᠭ᠎ᠠ ᠲᠠᠢ ᠳᠤ ᠨᠢ ᠳᠡᠮᠵᠢᠯᠭᠡ ᠦᠵᠡᠭᠦᠯᠬᠦ᠂ ᠳᠣᠣᠷ᠎ᠠ ᠣᠷᠣᠯᠭ᠎ᠠ ᠲᠠᠢ ᠬᠦᠴᠢᠷᠳᠡᠯᠲᠡᠢ ᠳᠤ ᠨᠢ | ᠪᠠᠲᠤᠯᠠᠭ᠎ᠠ ᠬᠠᠩᠭᠠᠬᠤ﹀ ᠵᠠᠷᠴᠢᠮ ᠶᠣᠰᠣᠭᠠᠷ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ | ᠲᠦᠷᠭᠡᠨ ᠬᠥᠭᠵᠢᠭᠦᠯᠵᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠵᠢᠷᠤᠮᠵᠢᠭᠤᠯᠤᠨ | ᠬᠥᠭᠵᠢᠭᠦᠯᠵᠦ᠂ ᠣᠯᠠᠨ ᠭᠤᠣᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ | ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠬᠤᠣᠰᠯᠠᠭᠤᠯᠤᠭᠰᠠᠨ ᠣᠷᠣᠨ ᠰᠠᠭᠤᠴᠠ ᠶᠢᠨ ᠳᠦᠷᠢᠮ ᠢ ᠲᠦᠷᠭᠡᠬᠡᠨ | ᠪᠠᠶᠢᠭᠤᠯᠤᠨ᠎ᠠ᠃ ᠳᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ | ᠯᠠᠪᠳᠠᠭᠤᠨ ᠢᠶᠠᠷ ᠬᠡᠷᠡᠭᠵᠢᠭᠦᠯᠵᠦ᠂ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠬᠤᠲᠠ ᠪᠠᠯᠭᠠᠰᠤᠨ ᠤ | ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠠ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠷᠢᠭᠤᠴᠠᠯᠭᠠᠲᠠᠨ ᠬᠡᠯᠡᠵᠡᠢ᠃ | ᠵᠢᠷᠤᠭ ᠲᠥᠯᠥᠪᠯᠡᠭᠡ ᠶᠢ ᠬᠡᠷᠬᠢᠨ ᠪᠣᠳᠠᠲᠠᠶᠢᠵᠢᠭᠤᠯᠬᠤ ᠪᠣᠢ︖ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠴᠠᠭ ᠤᠨ ᠬᠦᠰᠦᠨᠦᠭ᠂ | ᠠᠵᠢᠯ ᠤᠨ ᠵᠠᠮ ᠤᠨ ᠱᠤᠭᠤᠮ ᠪᠠᠨ ᠲᠥᠯᠥᠪᠯᠡᠵᠦ᠂ ᠨᠠᠷᠢᠯᠢᠭ ᠣᠨᠣᠴᠠᠲᠠᠢ ᠪᠠᠷ ᠬᠦᠴᠦᠯᠡᠨ ᠬᠤᠯᠪᠣᠭᠳᠠᠯ ᠪᠦᠬᠦᠢ | ᠠᠵᠢᠯ ᠤᠳ ᠢᠶᠠᠨ ᠠᠬᠢᠭᠤᠯᠵᠤ ᠪᠠᠶᠢᠨ᠎ᠠ᠃ 2 ᠳ᠋ᠤᠭᠠᠷ ᠰᠠᠷ᠎ᠠ ᠶᠢᠨ 3 ᠤ ᠡᠳᠦᠷ᠂ ᠲᠤᠰ ᠲᠢᠩᠬᠢᠮ ᠨᠢ ᠪᠦᠬᠦ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠢ | ᠬᠤᠷᠠᠯᠳᠤᠭᠤᠯᠤᠭᠠᠳ᠂ 2023 ᠣᠷᠣᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠂ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠪᠠ ᠳᠦᠭᠦᠮ ᠪᠦᠲᠦᠴᠡᠲᠦ ᠣᠷᠣᠨ ᠰᠠᠭᠤᠴᠠ ᠶᠢᠨ | ᠲᠣᠭᠤᠷᠢᠭ ᠤᠨ ᠥᠭᠡᠷᠡᠴᠢᠯᠡᠨ ᠪᠠᠶᠢᠭᠤᠯᠤᠯᠲᠠ ᠵᠡᠷᠭᠡ ᠠᠵᠢᠯ ᠤᠳ ᠢ ᠲᠣᠬᠢᠷᠠᠭᠤᠯᠤᠨ ᠪᠠᠶᠢᠷᠢᠰᠢᠯᠠᠭᠤᠯᠪᠠ᠃ | ᠣᠶᠢᠯᠠᠭᠠᠭᠰᠠᠨ ᠢᠶᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠴᠠ ᠨᠢᠭᠡᠨᠲᠡ ᠪᠦᠬᠦ ᠣᠷᠣᠨ ᠤ | ᠣᠷᠣᠨ ᠰᠠᠭᠤᠴᠠ ᠶᠢᠨ ᠠᠵᠢᠯ ᠡᠭᠦᠷᠭᠡ ᠨᠦᠭᠦᠳ ᠢ ᠠᠶᠢᠮᠠᠭ ᠬᠤᠲᠠ ᠬᠦᠷᠲᠡᠯ᠎ᠡ ᠨᠠᠷᠢᠯᠢᠭᠵᠢᠭᠤᠯᠤᠨ᠂ ᠪᠣᠳᠠᠲᠠᠢ | ᠲᠦᠷᠦᠯ ᠵᠦᠢᠯ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠪᠡᠶᠡᠯᠡᠭᠦᠯᠬᠦ ᠠᠷᠭ᠎ᠠ ᠵᠠᠮ ᠪᠠ ᠴᠠᠭ ᠤᠨ ᠬᠢᠵᠠᠭᠠᠷ ᠢ | ᠲᠣᠳᠣᠷᠬᠠᠶᠢᠯᠠᠭᠰᠠᠨ ᠪᠠᠶᠢᠨ᠎ᠠ᠃ ᠡᠭᠦᠨ ᠤ ᠬᠠᠮᠲᠤ᠂ ᠡᠯ᠎ᠡ ᠠᠶᠢᠮᠠᠭ ᠬᠤᠲᠠ ᠶᠢ ᠵᠣᠬᠢᠶᠠᠨ ᠪᠠᠶᠢᠭᠤᠯᠤᠨ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠳ ᠢ ᠰᠠᠶᠢᠲᠤᠷ ᠬᠢᠯᠭᠡᠨ᠂ ᠲᠥᠪ ᠤᠨ ᠲᠥᠰᠥᠪ ᠤᠨ ᠳᠣᠲᠣᠷᠠᠬᠢ | ᠪᠡᠯᠡ ᠣᠷᠣᠭᠤᠯᠤᠯᠲᠠ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ | ᠲᠡᠮᠳᠡᠭᠲᠦ ᠵᠡᠷᠭᠡ ᠪᠡᠯᠡ ᠮᠥᠩᠭᠦᠨ ᠤ ᠳᠡᠮᠵᠢᠯᠭᠡ ᠶᠢ ᠣᠯᠬᠤ ᠪᠠᠷ ᠬᠦᠴᠦᠯᠡᠨ ᠴᠢᠷᠮᠠᠶᠢᠵᠤ ᠪᠤᠢ᠃ ᠲᠡᠷᠡᠴᠢᠯᠡᠨ᠂ ᠡᠯ᠎ᠡ | ᠭᠠᠵᠠᠷ ᠣᠷᠣᠨ ᠢ ᠰᠢᠮᠳᠠᠭᠤᠯᠤᠨ ᠵᠢᠯᠤᠭᠤᠳᠴᠤ ᠲᠦᠷᠦᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠬᠦ ᠮᠡᠲᠦ ᠶᠢᠨ | ᠡᠮᠦᠨᠡᠬᠢ ᠬᠤᠭᠤᠴᠠᠭᠠᠨ ᠤ ᠠᠵᠢᠯ ᠤᠳ ᠢ ᠬᠤᠷᠳᠤᠬᠠᠨ ᠥᠷᠨᠢᠭᠦᠯᠵᠦ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠵᠦ | ᠪᠡᠯᠡ ᠮᠥᠩᠭᠦ ᠵᠢᠭᠡᠯᠡᠨ ᠴᠤᠭᠯᠠᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ | ᠢᠵᠢ ᠲᠥᠬᠦᠷ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠠᠮᠲᠤ ᠳᠤ ᠨᠢ ᠬᠡᠷᠡᠭᠵᠢᠭᠦᠯᠵᠦ᠂ | ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠪᠠᠷᠢᠯᠭ᠎ᠠ ᠳᠠᠭᠤᠰᠬᠠᠵᠤ᠂ ᠡᠷᠲᠡᠬᠡᠨ ᠦᠷ᠎ᠡ ᠠᠰᠢᠭ ᠭᠠᠷᠭᠠᠬᠤ ᠪᠠᠷ | ᠴᠢᠷᠮᠠᠶᠢᠵᠤ ᠪᠠᠶᠢᠨ᠎ᠠ᠃ |