ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ | 2023 ᠣᠨ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠵᠠᠮ | ᠬᠠᠷᠢᠯᠴᠠᠭᠠᠨ ᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ᠭᠤᠣᠯᠳᠠᠯᠭ᠎ᠠ ᠲᠠᠢ ᠵᠠᠰᠠᠮᠠᠯ | ᠵᠠᠮ ᠤᠨ 62 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠤᠢ᠂ ᠪᠦᠲᠦᠭᠡᠨ ᠪᠠᠶᠢᠭᠤᠯᠤᠯᠲᠠ ᠶᠢᠨ | ᠬᠡᠪᠴᠢᠶ᠎ᠡ ᠨᠢ ᠪᠠᠷᠤᠭ 5000 ᠺᠢᠯᠤᠮᠧᠲᠷ ᠪᠣᠯᠣᠨ᠎ᠠ᠃ | 2022 ᠣᠨ ᠳᠤ᠂ ᠮᠠᠨ ᠤ ᠣᠷᠣᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠳᠤ 354.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠳᠠᠯᠢ | ᠬᠤᠭᠤᠴᠠᠭᠠᠨ ᠤ ᠬᠢ ᠠᠴᠠ 22.1% ᠨᠡᠮᠡᠭᠳᠡᠭᠰᠡᠨ ᠪᠠᠶᠢᠨ᠎ᠠ᠃ ᠪᠥᠬᠦ ᠣᠷᠣᠨ ᠤ 1181 ᠺᠢᠯᠤᠮᠧᠲᠷ ᠤᠨ | ᠤᠯᠤᠰ ᠤᠨ ᠲᠦᠷᠭᠡᠨ ᠤ ᠵᠠᠮ ᠪᠠ 4130 ᠺᠢᠯᠤᠮᠧᠲᠷ ᠤᠨ ᠡᠩ ᠤᠨ ᠤᠯᠤᠰ ᠤᠨ ᠵᠠᠮ ᠤᠨ ᠲᠥᠷᠥᠯ ᠵᠦᠢᠯ ᠤᠳ ᠢ | ︽ᠤᠯᠤᠰ ᠤᠨ ᠵᠠᠰᠠᠮᠠᠯ ᠵᠠᠮ ᠤᠨ ᠲᠣᠣᠷ ᠤᠨ ᠲᠥᠯᠦᠪᠵᠢᠭᠦᠯᠭᠡ ︵2021 — 2035︶︾ ᠳᠤ ᠣᠷᠣᠭᠤᠯᠵᠤ | ᠂ ᠲᠦᠷᠭᠡᠨ ᠤ ᠵᠠᠮ ᠢ 709 ᠺᠢᠯᠤᠮᠧᠲᠷ ᠰᠢᠨ᠎ᠡ ᠪᠠᠷ ᠨᠡᠮᠡᠭᠳᠡᠭᠦᠯᠵᠦ᠂ ᠡᠷᠢᠶᠡᠨ ᠬᠤᠲᠠ ᠠᠴᠠ ᠰᠠᠶᠢᠬᠠᠨᠲᠠᠯ᠎ᠠ ᠬᠦᠷᠬᠦ | G55 ᠶᠢᠨ ᠬᠡᠰᠡᠭ᠂ ᠭᠦᠩᠵᠦ ᠶᠢᠨ ᠳᠠᠯᠠᠩ ᠠᠴᠠ ᠪᠢᠷᠠᠭᠤ ᠬᠦᠷᠬᠦ᠂ ᠳ᠋ᠠᠪᠠᠨ ᠠᠴᠠ ᠴᠠᠪᠠ ᠶᠢᠨ ᠲᠠᠯ᠎ᠠ ᠬᠦᠷᠬᠦ | G5511 ᠶᠢᠨ ᠬᠡᠰᠡᠭ ᠵᠡᠷᠭᠡ ᠲᠦᠷᠭᠡᠨ ᠤ ᠵᠠᠮ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠪᠠ᠃ ᠬᠥᠳᠡᠭᠡ | ᠲᠤᠰᠬᠤᠨ ᠮᠠᠯᠵᠢᠬᠤ ᠣᠷᠣᠨ ᠳᠤ 7785 ᠺᠢᠯᠤᠮᠧᠲᠷ ᠤᠨ ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠵᠦ᠂ 6261 ᠺᠢᠯᠤᠮᠧᠲᠷ ᠤᠨ ᠵᠠᠰᠠᠮᠠᠯ ᠵᠠᠮ ᠤᠨ ᠪᠠᠷᠢᠯᠭ᠎ᠠ ᠶᠢ ᠳᠠᠭᠤᠰᠬᠠᠭᠠᠳ᠂ | ᠣᠨ ᠤ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠵᠡᠢ᠃ | 2023 ᠣᠨ ᠳᠤ᠂ ᠮᠠᠨ ᠤ ᠣᠷᠣᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠳᠤ 350 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 1 | ᠲᠦᠮᠡᠨ ᠺᠢᠯᠤᠮᠧᠲᠷ ᠤᠨ ᠵᠠᠰᠠᠮᠠᠯ ᠵᠠᠮ ᠤᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ | G5511 ᠶᠡᠭᠡ ᠨᠡᠪᠲᠡᠷᠡᠯ ᠵᠠᠮ᠂ G331 ᠬᠢᠯᠢ ᠳᠠᠭᠠᠤ ᠶᠢᠨ ᠵᠠᠰᠠᠮᠠᠯ ᠵᠠᠮ ᠵᠡᠷᠭᠡ ᠲᠥᠷᠥᠯ ᠵᠦᠢᠯ ᠤᠳ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠡᠬᠢ ᠪᠠᠶᠠᠯᠢᠭ ᠤᠨ ᠵᠠᠮ᠂ ᠠᠵᠤ ᠦᠢᠯᠡᠰ ᠤᠨ ᠵᠠᠮ᠂ | ᠵᠢᠭᠤᠯᠴᠢᠯᠠᠯ ᠤᠨ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ | ᠵᠢᠱᠢᠯᠲᠡ ᠪᠠᠷ ᠵᠢᠯ ᠤᠨ ᠡᠴᠦᠰ ᠲᠤ 26 ᠭᠤᠣᠯ ᠴᠣᠭᠴᠠ ᠶᠢ ᠪᠠᠶᠢᠭᠤᠯᠤᠨ ᠳᠠᠭᠤᠰᠬᠠᠵᠤ᠂ ᠵᠡᠭᠦᠨᠰᠢ | ᠪᠠᠷᠠᠭᠤᠨᠰᠢ ᠶᠢᠨ ᠶᠡᠭᠡ ᠨᠡᠪᠲᠡᠷᠡᠯ ᠵᠠᠮ ᠤᠨ ᠲᠦᠩᠯᠢᠶᠣᠣ ᠳᠠᠬᠢ 108 ᠺᠢᠯᠤᠮᠧᠲᠷ ᠤᠨ ᠬᠡᠰᠡᠭ ᠠᠴᠠ ᠪᠤᠰᠤᠳ ᠢ ᠨᠢ | ᠪᠦᠬᠦᠨ ᠢ ᠨᠠᠪᠲᠠᠷᠡᠭᠦᠯᠵᠦ᠂ ᠮᠠᠨᠵᠤᠤᠷ ᠬᠢᠯᠢ ᠶᠢᠨ ᠪᠣᠭᠤᠮᠲᠠ ᠶᠢᠨ ᠲᠦᠷᠭᠡᠨ ᠤ ᠵᠠᠮ ᠢ ᠨᠡᠪᠲᠡᠷᠡᠭᠦᠯᠦᠨ᠂ | ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠳᠤ ᠨᠡᠪᠲᠡᠷᠡᠬᠦ ᠲᠦᠷᠭᠡᠨ ᠤ ᠵᠠᠮ ᠤᠨ ᠬᠠᠷᠢᠴᠠᠯ ᠢ 66. 7% ᠳᠤ | ᠬᠦᠷᠦᠭᠦᠯᠦᠨ᠎ᠡ︔ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠲᠤ ᠨᠡᠪᠲᠡᠷᠡᠬᠦ ᠲᠦᠷᠭᠡᠨ ᠤ ᠵᠠᠮ ᠢ ᠰᠢᠨ᠎ᠡ ᠪᠠᠷ | ᠨᠡᠮᠡᠭᠳᠡᠭᠦᠯᠵᠦ ᠪᠥᠬᠦ ᠣᠷᠣᠨ ᠤ ᠲᠦᠷᠭᠡᠨ ᠤ ᠵᠠᠮ ᠨᠡᠪᠲᠡᠷᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠤ | ᠬᠠᠷᠢᠴᠠᠯ ᠢ 75.7% ᠳᠤ ᠬᠦᠷᠦᠭᠦᠯᠦᠨ᠎ᠡ᠃ 15 ᠵᠤᠷᠪᠤᠰ ᠤᠯᠤᠰ ᠪᠠ ᠮᠤᠵᠢ ᠶᠢᠨ ᠭᠤᠣᠯ ᠱᠤᠭᠤᠮ ᠤᠨ ︽ | ᠮᠤᠬᠤᠷ ᠵᠠᠮ︾ ᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠤᠰ ᠵᠢᠯ ᠤᠨ ᠳᠣᠲᠣᠷ᠎ᠠ 8 ᠵᠤᠷᠪᠤᠰ ᠢ | ᠨᠡᠪᠲᠡᠷᠡᠭᠦᠯᠦᠨ᠎ᠡ᠃ 3 ᠶᠡᠷᠦᠩᠬᠡᠶᠢᠯᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠦᠢᠰᠦ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠬᠥᠬᠡᠬᠤᠲᠠ᠂ ᠪᠤᠭᠤᠲᠤ ᠶᠢ ᠤᠯᠤᠰ ᠤᠨ ᠶᠡᠷᠦᠩᠬᠡᠶᠢᠯᠡᠭᠰᠡᠨ ᠲᠡᠭᠡᠭᠡᠪᠦᠷᠢ ᠶᠢᠨ | ᠬᠦᠢᠰᠦ ᠶᠢᠨ ᠬᠡᠯᠬᠢᠶ᠎ᠡ ᠶᠢ ᠨᠥᠬᠦᠨ ᠬᠡᠯᠬᠢᠶ᠎ᠡ ᠶᠢ ᠬᠦᠴᠦᠷᠬᠡᠭᠵᠢᠭᠦᠯᠬᠦ ᠬᠤᠳᠠ ᠳᠤ ᠣᠷᠣᠭᠤᠯᠬᠤ ᠪᠠᠷ ᠴᠢᠷᠮᠠᠶᠢᠨ᠎ᠠ᠃ |