ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2022︺ 37 ᠳ᠋ᠤᠭᠠᠷ ᠲᠣᠭᠠᠲᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ | ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠳᠤ ᠥᠭᠡᠷᠡᠴᠢᠯᠡᠯᠲᠡ ᠬᠢᠵᠦ ᠲᠡᠭᠦᠯᠳᠡᠷᠵᠢᠭᠦᠯᠬᠦ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠬᠡᠷᠡᠭᠵᠢᠭᠦᠯᠬᠦ ᠰᠠᠨᠠᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ︽ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ | ᠬᠠᠮᠢᠶᠠᠷᠤᠯᠲᠠ ᠳᠤ ᠥᠭᠡᠷᠡᠴᠢᠯᠡᠯᠲᠡ ᠬᠢᠵᠦ ᠲᠡᠭᠦᠯᠳᠡᠷᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠰᠠᠨᠠᠯ ᠤᠳ︾ ︵ᠲᠥᠷᠥ ᠠᠯᠪᠠᠨ ᠲᠠᠷᠬᠠᠭᠠᠭᠰᠠᠨ ︹ 2021 ︺32 ᠳ᠋ᠤᠭᠠᠷ ᠲᠣᠭᠠᠲᠤ︶ | ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ | ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ | ᠬᠡᠷᠡᠭᠯᠡᠯᠲᠡ ᠶᠢᠨ ᠡᠵᠡ ᠮᠡᠳᠡᠬᠦ ᠡᠷᠬᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠤ ᠰᠤᠳᠤᠯᠤᠭᠴᠢᠳ ᠤᠨ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠰᠠᠨᠠᠯ ᠤᠳ ᠢ ᠳᠤᠷᠠᠳᠪᠠ᠃ | ᠨᠢᠭᠡ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ | ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠲᠥᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠪᠠ | ᠲᠥᠷᠥᠯ ᠵᠦᠢᠯ ᠤᠨ ᠬᠠᠷᠢᠭᠤᠴᠠᠯᠭᠠᠲᠠᠳ ︽ᠬᠡᠷᠡᠭᠯᠡᠬᠦ ᠬᠥᠮᠥᠨ ᠬᠠᠷᠢᠭᠤᠴᠠᠬᠤ︾ ᠵᠠᠷᠴᠢᠮ ᠶᠣᠰᠣᠭᠠᠷ ᠥᠪᠡᠷᠲᠡᠭᠡᠨ | ᠡᠵᠡ ᠮᠡᠳᠡᠨ ᠬᠠᠮᠢᠶᠠᠷᠴᠤ ᠬᠡᠷᠡᠭᠯᠡᠨ᠎ᠡ︔ ᠲᠥᠷᠦᠯ ᠵᠦᠢᠯ ᠢ ᠬᠠᠮᠢᠶᠠᠷᠬᠤ ᠰᠠᠯᠠᠭ᠎ᠠ ᠮᠥᠴᠢᠷ ᠨᠢ ︽ᠬᠡᠨ ᠲᠥᠷᠦᠯ | ᠵᠦᠢᠯ ᠲᠣᠭᠲᠠᠭᠰᠠᠨ ᠪᠣᠯ ᠲᠡᠷᠡ ᠬᠢᠨᠠᠨ ᠬᠠᠮᠢᠶᠠᠷᠬᠤ︾ ᠵᠠᠷᠴᠢᠮ ᠶᠣᠰᠣᠭᠠᠷ ᠵᠢᠭᠠᠨ ᠵᠢᠯᠤᠭᠤᠳᠬᠤ ᠪᠠ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠨᠢᠭᠡ︶ ᠲᠥᠷᠥᠯ ᠵᠦᠢᠯ ᠢ ᠬᠠᠷᠢᠭᠤᠴᠠᠬᠤ ᠨᠢᠭᠡᠴᠢ ᠶᠢᠨ ᠡᠭᠦᠷᠭᠡ ᠬᠠᠷᠢᠭᠤᠴᠠᠯᠭ᠎ᠠ᠃ ᠲᠥᠷᠥᠯ ᠵᠦᠢᠯ ᠢ | ᠳᠠᠭᠠᠭᠠᠨ ᠬᠠᠷᠢᠭᠤᠴᠠᠬᠤ ᠨᠢᠭᠡᠴᠢ ᠪᠣᠯ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠬᠠᠮᠢᠶᠠᠷᠬᠤ | ᠬᠠᠷᠢᠭᠤᠴᠠᠯᠭ᠎ᠠ ᠲᠠᠢ ᠭᠤᠣᠯ ᠴᠣᠭᠴᠠ ᠮᠥᠨ᠂ ᠲᠤᠰ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠢᠶᠠᠨ ︽ᠡᠷᠬᠡ ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠬᠤ᠂ ᠥᠪᠡᠷ ᠢ ᠪᠠᠨ ᠬᠢᠵᠠᠭᠠᠷᠯᠠᠬᠤ᠂ | ᠥᠪᠡᠷ ᠢ ᠪᠠᠨ ᠵᠢᠷᠤᠮᠵᠢᠭᠤᠯᠬᠤ᠂ ᠲᠥᠷᠦᠯ ᠵᠦᠢᠯ ᠢ ᠭᠥᠯᠢᠶᠡᠨ ᠠᠪᠴᠤ ᠰᠠᠶᠢᠲᠤᠷ ᠬᠠᠮᠢᠶᠠᠷᠬᠤ︾ ᠵᠠᠷᠴᠢᠮ | ᠶᠣᠰᠣᠭᠠᠷ ᠥᠪᠡᠰᠦᠪᠡᠨ ᠬᠠᠮᠢᠶᠠᠷᠤᠨ ᠬᠡᠷᠡᠭᠯᠡᠨ᠎ᠡ᠃ ᠪᠣᠳᠠᠲᠠᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠄ | 1. ᠬᠠᠮᠢᠶ᠎ᠠ ᠪᠦᠬᠦᠢ ᠠᠵᠢᠯ ᠤᠨ ᠲᠣᠭᠲᠠᠯᠴᠠᠭ᠎ᠠ ᠪᠠ ᠲᠥᠬᠦᠷ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ | ᠳᠤᠰ ᠨᠢᠭᠡᠴᠢ ᠶᠢᠨ ᠡᠳ᠋ ᠤᠨ ᠶᠠᠪᠤᠳᠠᠯ᠂ ᠬᠥᠷᠥᠩᠭᠡ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠠᠵᠢᠯ ᠤᠨ | ᠠᠮᠵᠢᠯᠲᠠ ᠪᠦᠲᠦᠮᠵᠢ ᠶᠢ ᠦᠨᠡᠯᠡᠬᠦ᠂ ᠦᠷ᠎ᠡ ᠪᠦᠲᠦᠭᠡᠯ ᠢ ᠤᠯᠠᠷᠢᠭᠤᠯᠬᠤ ᠵᠢᠴᠢ ᠡᠳᠡᠭᠡᠷ ᠲᠠᠢ ᠬᠤᠯᠪᠣᠭᠳᠠᠬᠤ | ᠰᠢᠨᠵᠢᠯᠡᠬᠦ ᠤᠬᠠᠭᠠᠨ ᠤ ᠰᠤᠳᠤᠯᠤᠯ ᠤᠨ᠂ ᠠᠵᠢᠯᠲᠠᠨ ᠤ ᠶᠠᠪᠤᠳᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ | ᠦᠨᠡᠨᠴᠢ ᠢᠲᠡᠭᠡᠮᠵᠢ᠂ ᠰᠢᠨᠵᠢᠯᠡᠬᠦᠤᠬᠠᠭᠠᠨ ᠤ ᠰᠤᠳᠤᠯᠤᠯ ᠤᠨ ᠶᠣᠰᠣ ᠰᠤᠷᠲᠠᠬᠤᠨ ᠵᠡᠷᠭᠡ ᠳᠣᠲᠣᠭᠠᠳᠤ ᠶᠢᠨ | ᠬᠠᠮᠢᠶᠠᠷᠤᠯᠲᠠ ᠶᠢᠨ ᠳᠦᠷᠢᠮ ᠪᠠ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠮᠥᠷᠲᠡᠭᠡᠨ ᠲᠡᠭᠦᠯᠳᠡᠷᠵᠢᠭᠦᠯᠦᠨ᠎ᠡ᠃ | 2. ᠲᠤᠰ ᠨᠢᠭᠡᠴᠢ ᠶᠢᠨ ᠢᠶᠠᠨ ᠪᠣᠳᠠᠲᠤ ᠪᠠᠶᠢᠳᠠᠯ ᠳᠤ ᠲᠣᠬᠢᠷᠠᠭᠰᠠᠨ ᠳᠣᠲᠣᠭᠠᠳᠤ ᠡᠵᠡᠮᠰᠢᠯ ᠤᠨ | ᠲᠣᠭᠲᠠᠯᠴᠠᠭ᠎ᠠ ᠶᠢ ᠪᠠᠶᠢᠭᠤᠯᠬᠤ ᠮᠥᠷᠲᠡᠭᠡᠨ ᠲᠡᠭᠦᠯᠳᠡᠷᠵᠢᠭᠦᠯᠦᠨ᠂ ᠳᠣᠲᠣᠭᠠᠳᠤ ᠶᠢᠨ ᠴᠤᠪᠤᠷᠠᠯ ᠤᠨ ᠡᠵᠡᠮᠰᠢᠯ ᠢ | ᠴᠢᠩᠭᠠᠳᠬᠠᠨ᠎ᠠ᠃ ᠲᠤᠰ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠲᠥᠰᠥᠪ ᠢ | ᠲᠣᠬᠢᠷᠠᠭᠤᠯᠬᠤ᠂ ᠳᠠᠮ ᠵᠠᠷᠤᠳᠠᠯ ᠢ ᠨᠢᠭᠡᠳᠦᠯᠲᠡᠢ ᠲᠥᠯᠥᠪᠯᠡᠬᠦ᠂ ᠬᠦᠳᠡᠯᠮᠦᠷᠢ ᠦᠢᠯᠡᠴᠢᠯᠡᠭᠡᠨ ᠤ ᠵᠠᠷᠤᠳᠠᠯ ᠪᠠ | ᠠᠵᠢᠯᠲᠠᠨ ᠤ ᠵᠠᠷᠤᠳᠠᠯ ᠤᠨ ᠵᠠᠷᠤᠯᠭ᠎ᠠ ᠶᠢᠨ ᠬᠠᠮᠢᠶᠠᠷᠤᠯᠲᠠ᠂ ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠶᠢᠨ | ᠬᠤᠪᠢᠶᠠᠷᠢᠯᠠᠯᠲᠠ᠂ ᠰᠤᠳᠤᠯᠭᠠᠨ ᠤ ᠰᠡᠳᠦᠪ ᠢᠶᠠᠨ ᠲᠡᠭᠦᠰᠬᠡᠬᠦ ᠡᠳ᠋ ᠤᠨ ᠶᠠᠪᠤᠳᠠᠯ ᠤᠨ ᠬᠢᠨᠠᠨ ᠪᠣᠳᠣᠯᠲᠠ᠂ | ᠦᠯᠡᠳᠡᠪᠦᠷᠢ ᠪᠡᠯᠡ ᠮᠥᠩᠭᠦᠨ ᠤ ᠬᠡᠷᠡᠭᠯᠡᠯᠲᠡ᠂ ᠪᠠᠴᠢᠮ ᠬᠡᠷᠡᠭᠰᠡᠬᠦ ᠰᠢᠨᠵᠢᠯᠡᠬᠦ ᠤᠬᠠᠭᠠᠨ ᠤ ᠰᠤᠳᠤᠯᠤᠯ ᠤᠨ | ᠪᠡᠯᠡᠳᠬᠡᠮᠵᠢ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠵᠡᠷᠭᠡ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ | ᠪᠠ ᠬᠢᠨᠠᠨ ᠬᠠᠷᠭᠤᠭᠤᠯᠬᠤ ᠴᠤᠪᠤᠷᠠᠯ ᠢ ᠲᠣᠳᠣᠷᠬᠠᠶᠢᠯᠠᠨ᠎ᠠ᠃ | 3. ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠡᠷᠡᠭᠯᠡᠯᠲᠡ ᠶᠢᠨ ᠬᠠᠮᠢᠶᠠᠷᠤᠯᠲᠠ ᠶᠢ | ᠴᠢᠩᠭᠠᠳᠬᠠᠨ᠎ᠠ᠃ ᠲᠤᠰ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠪᠠᠨ | ᠲᠡᠭᠦᠯᠳᠡᠷᠵᠢᠭᠦᠯᠵᠦ᠂ ᠲᠤᠰᠬᠠᠢ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠥᠪᠡᠷᠲᠡᠭᠡᠨᠵᠠᠰᠠᠬᠤ ᠣᠷᠣᠨ ᠤ | ᠲᠥᠷᠦᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠥᠷᠦᠯ ᠵᠦᠢᠯ ᠤᠨ ᠬᠡᠷᠡᠭᠵᠢᠭᠦᠯᠦᠯᠲᠡ᠂ ᠪᠡᠯᠡ | ᠮᠥᠩᠭᠦᠨ ᠤ ᠬᠡᠷᠡᠭᠯᠡᠯᠲᠡ᠂ ᠠᠵᠢᠯ ᠤᠨ ᠠᠮᠵᠢᠯᠲᠠ ᠪᠦᠲᠦᠮᠵᠢ ᠶᠢᠨ ᠥᠪᠡᠷ ᠤᠨ ᠦᠨᠡᠯᠡᠯᠲᠡ ᠵᠡᠷᠭᠡ | ᠪᠠᠶᠢᠳᠠᠯ ᠤᠳ ᠢᠶᠠᠨ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠶᠠᠮᠠᠷ ᠨᠢᠭᠡᠨ ᠰᠢᠯᠲᠠᠭᠠᠨᠡᠴᠠ ᠪᠣᠯᠵᠤ | ᠵᠣᠭᠰᠤᠭᠠᠬᠤ ᠪᠤᠶᠤ ᠬᠦᠴᠦᠨ ᠦᠭᠡᠢ ᠪᠣᠯᠭᠠᠬᠤ ᠲᠥᠷᠥᠯ ᠵᠦᠢᠯ ᠢ ᠡᠷᠬᠡᠪᠰᠢ ᠴᠠᠭ ᠲᠤᠬᠠᠢ ᠳᠤ ᠨᠢ ᠥᠪᠡᠷᠲᠡᠭᠡᠨ | ᠵᠠᠰᠠᠬᠤ ᠣᠷᠣᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ | ᠵᠥᠪᠰᠢᠶᠡᠷᠡᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠡᠳ᠋ ᠤᠨ ᠵᠠᠰᠠᠭ ᠤᠨ ᠪᠡᠯᠡ ᠮᠥᠩᠭᠦ ᠶᠢ ᠨᠢ ᠪᠤᠴᠠᠭᠠᠬᠤ | ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠨ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ | ᠲᠤᠰᠠᠯᠠᠭᠴᠢ ᠶᠢᠨ ᠠᠵᠢᠯ ᠤᠨ ᠪᠠᠶᠢᠷᠢ ᠲᠣᠬᠢᠷᠠᠭᠤᠯᠤᠨ᠂ ᠬᠠᠮᠢᠶ᠎ᠠ ᠪᠦᠬᠦᠢ ᠲᠥᠬᠦᠷ ᠳᠦᠷᠢᠮ ᠢ ᠲᠡᠭᠦᠯᠳᠡᠷᠵᠢᠭᠦᠯᠵᠦ᠂ | ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠲᠤ ᠲᠤᠰᠬᠠᠶᠢᠵᠢᠭᠰᠠᠨ ᠦᠢᠯᠡᠴᠢᠯᠡᠭᠡ ᠬᠠᠩᠭᠠᠨ᠎ᠠ᠃ | 4. ᠳᠣᠲᠣᠭᠠᠳᠤ ᠳᠤ ᠪᠠᠨ ᠢᠯᠡ ᠪᠣᠯᠭᠠᠬᠤ ᠳᠦᠷᠢᠮ ᠢ ᠬᠡᠷᠡᠭᠵᠢᠭᠦᠯᠦᠨ᠎ᠡ᠃ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ᠂ ᠴᠢᠬᠤᠯᠠ ᠶᠡᠭᠡ ᠠᠵᠢᠯ ᠶᠠᠪᠤᠳᠠᠯ᠂ ᠴᠢᠬᠤᠯᠠ ᠳᠦᠷᠢᠮ ᠵᠡᠷᠭᠡ ᠶᠢ ᠢᠯᠡ ᠪᠣᠯᠭᠠᠬᠤ ᠶᠢ ᠢᠳᠡᠪᠬᠢᠲᠡᠢ | ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡ ᠮᠥᠩᠭᠦ ᠶᠢᠨ ᠬᠡᠷᠡᠭᠯᠡᠯᠲᠡ᠂ ᠦᠯᠡᠳᠡᠪᠦᠷᠢ ᠪᠡᠯᠡ | ᠮᠥᠩᠭᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠵᠡᠷᠭᠡ ᠮᠡᠳᠡᠭᠡ ᠵᠠᠩᠭᠢ ᠨᠤᠭᠤᠳ ᠢ ᠲᠣᠭᠲᠠᠮᠠᠯ | ᠬᠤᠭᠤᠴᠠᠭ᠎ᠠ ᠲᠠᠢ ᠪᠠᠷ ᠢᠯᠡ ᠪᠣᠯᠭᠠᠨ᠂ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ | ︵ᠬᠤᠶᠠᠷ︶ ᠲᠥᠷᠥᠯ ᠵᠦᠢᠯ ᠤᠨ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ᠃ ᠲᠥᠷᠥᠯ ᠵᠦᠢᠯ ᠤᠨ | ᠬᠠᠷᠢᠭᠤᠴᠠᠯᠭᠠᠲᠠᠨ ᠪᠣᠯ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠡᠷᠡᠭᠯᠡᠯᠲᠡ ᠶᠢᠨ ᠰᠢᠭᠤᠳ | ᠬᠠᠷᠢᠭᠤᠴᠠᠯᠭᠠᠲᠠᠨ ᠪᠠᠶᠢᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠪᠠ ᠲᠥᠷᠥᠯ ᠵᠦᠢᠯ ᠤᠨ ᠪᠡᠯᠡ | ᠮᠥᠩᠭᠦᠨ ᠤ ᠬᠡᠷᠡᠭᠯᠡᠯᠲᠡ ᠶᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠂ ᠲᠣᠭᠲᠠᠭᠠᠯ ᠳᠤ ᠨᠡᠶᠢᠴᠡᠬᠦ | ᠴᠢᠨᠠᠷ ᠪᠠ ᠬᠤᠯᠪᠣᠭᠳᠠᠯᠲᠤ ᠴᠢᠨᠠᠷ ᠲᠤ ᠠᠵᠤ ᠠᠬᠤᠢ ᠬᠢᠭᠡᠳ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠂ | ᠪᠣᠳᠠᠲᠠᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠄ | 1. ᠲᠥᠷᠥᠯ ᠵᠦᠢᠯ ᠤᠨ ᠲᠥᠰᠥᠪ ᠪᠠ ᠠᠮᠵᠢᠯᠲᠠ ᠪᠦᠲᠦᠮᠵᠢ ᠶᠢᠨ ᠬᠠᠷᠠᠯᠲᠠ ᠶᠢ ᠵᠦᠢ ᠵᠣᠬᠢᠰᠲᠠᠢ | ᠨᠠᠶᠢᠷᠠᠭᠤᠯᠤᠨ ᠵᠣᠬᠢᠶᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠬᠠᠤᠯᠢ ᠲᠣᠭᠲᠠᠭᠠᠯ ᠳᠤ | ᠨᠡᠶᠢᠴᠡᠭᠦᠯᠦᠨ ᠬᠡᠷᠡᠭᠯᠡᠨ᠎ᠡ᠃ | 2. ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠣᠣᠷ ᠲᠡᠮᠳᠡᠭᠯᠡᠯ ᠢ ᠴᠢᠩᠭᠠᠳᠬᠠᠨ᠂ | ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠵᠢᠴᠢ ᠵᠠᠷᠤᠳᠠᠯ ᠢ ᠬᠡᠷᠡᠭᠯᠡᠭᠰᠡᠨ ᠬᠠᠮᠢᠶ᠎ᠠ ᠪᠦᠬᠦᠢ | ᠠᠭᠤᠯᠭ᠎ᠠ ᠶᠢ ᠦᠨᠡᠨ ᠪᠣᠳᠠᠲᠠᠢ ᠪᠠᠷ ᠲᠡᠮᠳᠡᠭᠯᠡᠨ᠎ᠡ᠃ ᠲᠥᠷᠥᠯ ᠵᠦᠢᠯ ᠤᠨ ᠲᠥᠰᠥᠪ ᠤᠨ ᠭᠦᠢᠴᠡᠳᠬᠡᠯ ᠢ ᠦᠨᠡᠨ | ᠮᠥᠨ ᠢᠶᠠᠷ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ᠂ ᠪᠠᠶᠢᠴᠠᠭᠠᠯᠲᠠ᠂ ᠬᠢᠨᠠᠨ | ᠪᠣᠳᠣᠯᠲᠠ ᠪᠠ ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ | 3. ᠶᠠᠮᠠᠷ ᠨᠢᠭᠡᠨ ᠰᠢᠯᠲᠠᠭᠠᠨ ᠠᠴᠠ ᠪᠣᠯᠵᠤ ᠵᠣᠭᠰᠤᠭᠠᠬᠤ ᠪᠤᠶᠤ ᠬᠦᠴᠦᠨ ᠦᠭᠡᠢ ᠪᠣᠯᠭᠠᠬᠤ ᠴᠢᠬᠤᠯᠠᠲᠠᠢ | ᠲᠥᠷᠥᠯ ᠵᠦᠢᠯ ᠢ ᠡᠷᠬᠡᠪᠰᠢ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠵᠢᠴᠢ ᠲᠥᠷᠥᠯ ᠵᠦᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠥᠷᠥᠯ ᠵᠦᠢᠯ ᠢᠶᠠᠨ ᠵᠣᠭᠰᠤᠭᠠᠬᠤ ᠪᠤᠶᠤ ᠬᠦᠴᠦᠨ ᠦᠭᠡᠢ ᠪᠣᠯᠭᠠᠬᠤ | ᠭᠤᠶᠤᠴᠢᠯᠠᠯ ᠤᠨ ᠪᠢᠴᠢᠭ ᠳᠡᠪᠰᠢᠭᠦᠯᠬᠦ ᠶᠢᠨ ᠬᠠᠮᠲᠤ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ | ︵ᠭᠤᠷᠪᠠ︶ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠃ | ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠤᠨ ᠲᠥᠰᠥᠪ ᠢ ᠭᠦᠢᠴᠡᠳᠬᠡᠬᠦ᠂ ᠲᠤᠰᠬᠠᠢ ᠵᠦᠢᠯ ᠤᠨ ᠪᠡᠯᠡ ᠮᠥᠩᠭᠦ ᠶᠢ ᠬᠤᠪᠢᠶᠠᠷᠢᠯᠠᠬᠤ᠂ ᠲᠥᠷᠥᠯ | ᠵᠦᠢᠯ ᠢ ᠬᠢᠨᠠᠨ ᠬᠠᠮᠢᠶᠠᠷᠬᠤ ᠪᠠ ᠠᠵᠢᠯ ᠤᠨ ᠠᠮᠵᠢᠯᠲᠠ ᠪᠦᠲᠦᠮᠵᠢ ᠶᠢ ᠬᠠᠮᠢᠶᠠᠷᠬᠤ ᠭᠤᠣᠯ ᠴᠣᠭᠴᠠ ᠮᠥᠨ᠃ | ᠪᠣᠳᠠᠲᠠᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠄ | 1. ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠳᠤ ᠨᠤᠲᠠᠯᠠᠯᠲᠠ ᠬᠢᠵᠦ ᠦᠨᠡᠯᠡᠨ ᠬᠢᠨᠠᠬᠤ ᠶᠢ | ᠵᠣᠬᠢᠶᠠᠨ ᠪᠠᠶᠢᠭᠤᠯᠵᠤ᠂ ᠪᠡᠯᠡ ᠮᠥᠩᠭᠦ ᠶᠢ ᠬᠤᠪᠢᠶᠠᠷᠢᠯᠠᠬᠤ ᠲᠥᠰᠥᠯ ᠰᠤᠳᠤᠯᠤᠨ ᠳᠤᠷᠠᠳᠴᠤ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠵᠢᠯᠴᠠᠨ ᠰᠢᠨᠵᠢᠯᠡᠬᠦ ᠤᠬᠠᠭᠠᠨ ᠤ | ᠰᠤᠳᠤᠯᠤᠯ ᠤᠨ ᠵᠠᠷᠤᠳᠠᠯ ᠢ ᠪᠠᠭᠤᠯᠭᠠᠵᠤ ᠥᠭᠭᠦᠨ᠎ᠡ᠃ | 2. ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢ ᠵᠢᠯᠣᠭᠤᠳᠤᠨ ᠲᠥᠷᠥᠯ ᠵᠦᠢᠯ ᠤᠨ | ᠬᠠᠮᠢᠶᠠᠷᠤᠯᠲᠠ᠂ ᠳᠣᠲᠣᠭᠠᠳᠤ ᠡᠵᠡᠮᠳᠡᠯ ᠤᠨ ᠳᠦᠷᠢᠮ ᠢ ᠨᠢ ᠲᠡᠭᠦᠯᠳᠡᠷᠵᠢᠭᠦᠯᠵᠦ᠂ ᠲᠥᠷᠥᠯ ᠵᠦᠢᠯ ᠢ ᠳᠠᠭᠠᠭᠠᠨ | ᠬᠠᠷᠢᠭᠤᠴᠠᠬᠤ ᠨᠢᠭᠡᠴᠢ ᠳᠤ ᠬᠢᠨᠠᠯᠲᠠ ᠲᠠᠯᠪᠢᠵᠤ ᠪᠠᠶᠢᠭᠠᠳ ᠬᠠᠮᠢᠶᠠᠷᠤᠯᠲᠠ ᠶᠢ ᠨᠢ ᠵᠢᠷᠤᠮᠵᠢᠭᠤᠯᠤᠨ᠂ ᠰᠢᠨᠵᠢᠯᠡᠬᠦ | ᠤᠬᠠᠭᠠᠨ ᠤ ᠰᠤᠳᠤᠯᠤᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | 3. ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠪᠠ ᠲᠦᠷᠦᠯ ᠵᠦᠢᠯ ᠢ ᠬᠡᠷᠡᠭᠵᠢᠭᠦᠯᠬᠦ | ᠰᠡᠭᠦᠯᠴᠢ ᠶᠢᠨ ᠬᠤᠭᠤᠴᠠᠭᠠᠨ ᠳᠤ ᠠᠮᠵᠢᠯᠲᠠ ᠪᠦᠲᠦᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠲᠡᠭᠦᠯᠳᠡᠷᠵᠢᠭᠦᠯᠦᠨ᠎ᠡ᠃ | 4. ᠲᠥᠷᠥᠯ ᠵᠦᠢᠯ ᠳᠤ ᠬᠡᠷᠡᠭᠵᠢᠭᠦᠯᠬᠦ ᠴᠢᠬᠤᠯᠠ ᠶᠡᠭᠡ ᠠᠵᠢᠯ ᠶᠠᠪᠤᠳᠠᠯ ᠢ ᠬᠢᠨᠠᠨ ᠵᠥᠪᠰᠢᠶᠡᠷᠡᠨ᠎ᠡ᠃ ᠶᠠᠮᠠᠷ | ᠨᠢᠭᠡᠨ ᠰᠢᠯᠲᠠᠭᠠᠨ ᠠᠴᠠ ᠪᠣᠯᠵᠤ ᠵᠣᠭᠰᠤᠭᠠᠬᠤ ᠪᠤᠶᠤ ᠬᠦᠴᠦᠨ ᠦᠭᠡᠢ ᠪᠣᠯᠭᠠᠬᠤ ᠴᠢᠬᠤᠯᠠᠲᠠᠢ ᠲᠥᠷᠥᠯ ᠵᠦᠢᠯ ᠤᠨ | ᠦᠯᠡᠳᠡᠪᠦᠷᠢ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ | ᠬᠠᠮᠲᠤᠷᠠᠨ ᠬᠠᠷᠭᠤᠭᠤᠯᠤᠨ ᠲᠣᠭᠲᠠᠭᠠᠬᠤ ᠶᠢᠨ ᠬᠠᠮᠲᠤ ᠰᠢᠢᠳᠪᠦᠷᠢᠯᠡᠬᠦ ᠰᠠᠨᠠᠯ ᠳᠤᠷᠠᠳᠴᠤ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠲᠠᠢ ᠬᠠᠮᠵᠢᠯᠴᠠᠨ ᠦᠯᠡᠳᠡᠪᠦᠷᠢ ᠪᠡᠯᠡ ᠮᠥᠩᠭᠦ ᠶᠢ ᠨᠢ ᠲᠣᠭᠲᠠᠭᠠᠯ ᠶᠣᠰᠣᠭᠠᠷ ᠬᠤᠷᠢᠶᠠᠨ ᠠᠪᠤᠨ᠎ᠠ᠃ | | 5. ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠪᠠ ᠬᠤᠯᠪᠤᠭᠠᠯᠠᠨ | ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠪᠠ ᠶᠣᠰᠣ ᠰᠤᠷᠲᠠᠬᠤᠨ ᠤ | ᠱᠠᠭᠠᠷᠳᠠᠯᠭ᠎ᠠ ᠶᠢ ᠬᠦᠨᠳᠦ ᠨᠣᠴᠢᠲᠠᠢ ᠵᠥᠷᠢᠴᠡᠭᠰᠡᠨ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠵᠢᠴᠢ | ᠰᠢᠨᠵᠢᠯᠡᠬᠦ ᠤᠬᠠᠭᠠᠨ ᠤ ᠰᠤᠳᠤᠯᠤᠯ ᠤᠨᠠᠵᠢᠯᠲᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠬᠤᠯᠪᠣᠭᠠᠯᠠᠵᠤ | ᠵᠠᠯᠬᠠᠭᠠᠨ ᠴᠡᠭᠡᠷᠯᠡᠭᠦᠯᠦᠨ᠎ᠡ᠃ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯ ᠰᠢᠨᠵᠢᠯᠡᠬᠦ | ᠤᠬᠠᠭᠠᠨ ᠤ ᠰᠤᠳᠤᠯᠤᠯ ᠤᠨ ᠵᠠᠷᠤᠳᠠᠯ ᠤᠨ ᠲᠥᠰᠥᠪ ᠢ ᠨᠠᠶᠢᠷᠠᠭᠤᠯᠤᠨ ᠵᠣᠬᠢᠶᠠᠬᠤ᠂ ᠵᠠᠷᠤᠯᠭ᠎ᠠ ᠶᠢᠨ ᠲᠥᠷᠥ ᠶᠢᠨ | ᠪᠣᠳᠣᠯᠭ᠎ᠠ ᠶᠢ ᠬᠢᠨᠠᠨ ᠬᠠᠷᠭᠤᠭᠤᠯᠬᠤ ᠪᠠ ᠲᠥᠰᠥᠪ ᠤᠨ ᠠᠮᠵᠢᠯᠲᠠ ᠪᠦᠲᠦᠮᠵᠢ ᠶᠢ ᠬᠠᠮᠢᠶᠠᠷᠬᠤ ᠭᠤᠣᠯ ᠴᠣᠭᠴᠠ | ᠪᠣᠯᠣᠨ᠎ᠠ᠂ ᠪᠣᠳᠠᠲᠠᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠄ | 1. ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠣᠨ ᠤ ᠲᠥᠰᠥᠪ ᠢ ᠨᠠᠶᠢᠷᠠᠭᠤᠯᠤᠨ ᠵᠣᠬᠢᠶᠠᠵᠤ᠂ | ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠤᠷᠠᠳᠤᠭᠰᠠᠨ | ᠪᠡᠯᠡ ᠮᠥᠩᠭᠦ ᠬᠤᠪᠢᠶᠠᠷᠢᠯᠠᠬᠤ ᠰᠠᠨᠠᠯ ᠢ ᠬᠢᠨᠠᠨ ᠬᠠᠷᠭᠤᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ | ᠴᠠᠭ ᠲᠤᠬᠠᠢ ᠳᠤ ᠨᠢ ᠪᠠᠭᠤᠯᠭᠠᠨ᠎ᠠ᠃ | 2. ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ | ᠬᠠᠮᠲᠤᠷᠠᠨ ᠬᠠᠮᠢᠶ᠎ᠠ ᠪᠦᠬᠦᠢ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠨᠤᠭᠤᠳ ᠢ | ᠲᠣᠭᠲᠠᠭᠠᠨ᠎ᠠ᠃ | 3. ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ | ᠬᠡᠷᠡᠭᠯᠡᠭᠰᠡᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ | 4. ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠵᠣᠭᠰᠤᠭᠠᠬᠤ ᠪᠤᠶᠤ ᠬᠦᠴᠦᠨ ᠦᠭᠡᠢ ᠪᠣᠯᠭᠠᠬᠤ ᠪᠠᠷ ᠨᠤᠲᠠᠯᠠᠨ ᠲᠣᠭᠲᠠᠭᠠᠭᠰᠠᠨ ᠲᠥᠷᠥᠯ ᠵᠦᠢᠯ ᠤᠨ ᠦᠯᠡᠳᠡᠪᠦᠷᠢ | ᠪᠡᠯᠡ ᠮᠥᠩᠭᠦ ᠶᠢ ᠴᠠᠭ ᠲᠤᠬᠠᠢ ᠳᠤ ᠨᠢ ᠬᠤᠷᠢᠶᠠᠨ ᠠᠪᠤᠨ᠎ᠠ᠃ | ᠬᠤᠶᠠᠷ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠢ ᠬᠠᠮᠢᠶᠠᠷᠬᠤ ᠡᠵᠡ | ᠮᠡᠳᠡᠬᠦ ᠡᠷᠬᠡ ᠶᠢ ᠥᠷᠭᠡᠳᠬᠡᠨ᠎ᠡ | ︵ᠨᠢᠭᠡ︶ ᠲᠥᠰᠥᠪ ᠢ ᠨᠠᠶᠢᠷᠠᠭᠤᠯᠤᠨ ᠵᠣᠬᠢᠶᠠᠬᠤ ᠠᠵᠢᠯ ᠢ ᠴᠣᠮᠬᠠᠳᠬᠠᠨ᠎ᠠ᠃ ᠲᠥᠰᠥᠪ ᠢ ᠨᠠᠶᠢᠷᠠᠭᠤᠯᠤᠨ | ᠵᠣᠬᠢᠶᠠᠬᠤ ᠵᠦᠢᠯ ᠢᠯᠭᠠᠯ ᠢ ᠤᠯᠠᠮ ᠨᠢᠭᠡ ᠠᠯᠬᠤᠮ ᠴᠣᠮᠬᠠᠳᠬᠠᠵᠤ᠂ ᠰᠢᠭᠤᠳ ᠵᠠᠷᠤᠳᠠᠯ ᠤᠨ ᠲᠥᠰᠥᠪ ᠢ | ᠲᠥᠬᠦᠭᠡᠷᠦᠮᠵᠢ ᠶᠢᠨ ᠵᠠᠷᠤᠳᠠᠯ᠂ ᠲᠤᠬᠠᠶᠢᠯᠠᠭᠰᠠᠨ ᠠᠵᠢᠯ ᠤᠨ ᠵᠠᠷᠤᠳᠠᠯ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ | ᠭᠡᠬᠦ ᠭᠤᠷᠪᠠᠨ ᠶᠡᠭᠡ ᠲᠦᠷᠦᠯ ᠬᠤᠪᠢᠶᠠᠨ ᠨᠠᠶᠢᠷᠠᠭᠤᠯᠤᠨ ᠵᠣᠬᠢᠶᠠᠨ᠎ᠠ᠃ | ᠲᠥᠬᠦᠭᠡᠷᠦᠮᠵᠢ ᠶᠢᠨ ᠵᠠᠷᠤᠳᠠᠯ ᠳᠤ ᠭᠤᠣᠯᠳᠠᠭᠤ ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠲᠤᠰᠬᠠᠢ | ᠬᠡᠮᠵᠢᠭᠦᠷᠯᠢᠭ ᠲᠥᠬᠦᠭᠡᠷᠦᠮᠵᠢ ᠶᠢ ᠬᠤᠳᠠᠯᠳᠤᠨ ᠠᠪᠬᠤ ᠪᠤᠶᠤ ᠲᠤᠷᠰᠢᠨ ᠦᠢᠯᠡᠳᠬᠦ᠂ ᠤᠳᠤ ᠶᠢᠨ ᠪᠠᠶᠢᠭ᠎ᠠ | ᠬᠡᠮᠵᠢᠭᠦᠷᠯᠢᠭ ᠲᠥᠬᠦᠭᠡᠷᠦᠮᠵᠢ ᠪᠠᠨ ᠲᠡᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ ᠵᠢᠴᠢ ᠪᠤᠰᠤᠳ ᠨᠢᠭᠡᠴᠢ ᠠᠴᠠ | ᠬᠡᠮᠵᠢᠭᠦᠷᠯᠢᠭ ᠲᠥᠬᠦᠭᠡᠷᠦᠮᠵᠢ ᠲᠦᠷᠢᠶᠡᠰᠦᠯᠡᠬᠦ ᠵᠠᠷᠤᠳᠠᠯ ᠢ ᠪᠠᠭᠲᠠᠭᠠᠨ᠎ᠠ᠃ ᠪᠣᠳᠣᠯᠭ᠎ᠠ ᠶᠢᠨ ᠲᠦᠷᠦᠯ ᠤᠨ | ᠬᠡᠮᠵᠢᠭᠦᠷᠯᠢᠭ ᠲᠥᠬᠦᠭᠡᠷᠦᠮᠵᠢ ᠪᠠ ᠵᠥᠭᠡᠯᠡᠨ ᠲᠣᠨᠤᠭ ᠤᠨ ᠪᠠᠭᠠᠵᠢ ᠶᠢ ᠲᠥᠬᠦᠭᠡᠷᠦᠮᠵᠢ ᠶᠢᠨ ᠵᠠᠷᠤᠳᠠᠯ ᠤᠨ ᠵᠦᠢᠯ | ᠢᠯᠭᠠᠯ ᠳᠤ ᠵᠢᠭᠰᠠᠭᠠᠵᠤ ᠪᠣᠯᠣᠨ᠎ᠠ᠃ | ᠲᠤᠬᠠᠶᠢᠯᠠᠭᠰᠠᠨ ᠠᠵᠢᠯ ᠤᠨ ᠵᠠᠷᠤᠳᠠᠯ ᠳᠤ ᠭᠤᠣᠯᠳᠠᠭᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ | ᠡᠯ᠎ᠡ ᠵᠦᠢᠯ ᠤᠨ ᠬᠤᠷᠣᠭᠳᠠᠯ ᠮᠠᠲ᠋ᠧᠷᠢᠶᠠᠯ᠂ ᠬᠠᠪᠰᠤᠷᠤᠯᠲᠠ ᠮᠠᠲ᠋ᠧᠷᠢᠶᠠᠯ ᠮᠡᠲᠦ ᠶᠢᠨ ᠳᠣᠣᠷ᠎ᠠ ᠥᠷᠲᠡᠭᠲᠦ | ᠬᠤᠷᠣᠭᠳᠠᠯ ᠶᠡᠬᠡᠲᠡᠢ ᠡᠳ᠋ ᠢ ᠬᠤᠳᠠᠯᠳᠤᠨ ᠠᠪᠬᠤ᠂ ᠵᠥᠭᠡᠭᠡᠪᠦᠷᠢᠯᠡᠬᠦ᠂ ᠠᠴᠢᠶᠠᠯᠠᠬᠤ ᠪᠠᠭᠤᠯᠭᠠᠬᠤ᠂ ᠲᠢᠭᠯᠢᠬᠦ ᠵᠡᠷᠭᠡ | ᠵᠠᠷᠤᠳᠠᠯ᠂ ᠬᠡᠮᠵᠢᠨ ᠲᠤᠷᠰᠢᠵᠤ ᠰᠢᠨᠵᠢᠯᠡᠨ ᠰᠢᠯᠭᠠᠬᠤ ᠪᠠ ᠡᠳ᠋ᠰᠢᠭᠦᠯᠵᠦ ᠪᠣᠯᠪᠠᠰᠤᠷᠠᠭᠤᠯᠬᠤ ᠵᠠᠷᠤᠳᠠᠯ᠂ ᠲᠦᠯᠡᠰᠢ | ᠰᠢᠲᠠᠭᠠᠯᠭ᠎ᠠ ᠶᠢᠨ ᠬᠥᠳᠡᠯᠭᠡᠭᠦ ᠬᠦᠴᠦᠨ᠂ ᠬᠡᠪᠯᠡᠯ / ᠰᠤᠷᠪᠤᠯᠵᠢ ᠪᠢᠴᠢᠭ / ᠮᠡᠳᠡᠭᠡ ᠵᠠᠩᠭᠢ ᠶᠢᠨ ᠳᠠᠮᠵᠢᠭᠤᠯᠭ᠎ᠠ / | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠶᠠᠪᠤᠳᠠᠯ᠂ ᠬᠤᠷᠠᠯ / ᠠᠯᠪᠠᠨ ᠠᠵᠢᠯ ᠢᠶᠠᠷ | ᠭᠠᠳᠠᠭᠰᠢ ᠭᠠᠷᠬᠤ / ᠣᠯᠠᠨ ᠤᠯᠤᠰ ᠤᠨ ᠬᠤᠭᠤᠷᠤᠨᠳᠤᠬᠢ ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠶᠢᠨ ᠵᠠᠷᠤᠳᠠᠯ | ᠵᠢᠴᠢ ᠬᠤᠯᠪᠣᠭᠳᠠᠯ ᠪᠦᠬᠦᠢ ᠪᠤᠰᠤᠳ ᠵᠠᠷᠤᠯᠭ᠎ᠠ ᠨᠤᠭᠤᠳ ᠢ ᠪᠠᠭᠲᠠᠭᠠᠨ᠎ᠠ᠃ | ᠬᠥᠳᠡᠯᠮᠦᠷᠢ ᠦᠢᠯᠡᠴᠢᠯᠡᠭᠡᠨ ᠤ ᠵᠠᠷᠤᠳᠠᠯ ᠳᠤ ᠭᠤᠣᠯᠳᠠᠭᠤ ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠤ | ᠲᠦᠷᠦᠯ ᠵᠦᠢᠯ ᠳᠤ ᠣᠷᠣᠯᠴᠠᠭᠰᠠᠨ ᠰᠤᠳᠤᠯᠬᠤ ᠰᠤᠷᠤᠭᠴᠢ᠂ ᠫᠤᠰᠲ ᠳ᠋ᠣᠺᠲ᠋ᠣᠷ᠂ ᠵᠣᠴᠢᠨ ᠡᠷᠳᠡᠮᠲᠡᠨ ᠪᠠ ᠤᠷᠢᠨ | ᠬᠡᠷᠡᠭᠯᠡᠬᠦ ᠰᠤᠳᠤᠯᠤᠭᠴᠢ᠂ ᠰᠢᠨᠵᠢᠯᠡᠬᠦ ᠤᠬᠠᠭᠠᠨ ᠤ ᠰᠤᠳᠤᠯᠤᠯ ᠳᠤ ᠲᠤᠰᠠᠯᠠᠬᠤ ᠠᠵᠢᠯᠲᠠᠨ ᠵᠡᠷᠭᠡ ᠬᠥᠮᠥᠰ ᠲᠤ | ᠥᠭᠬᠦ ᠬᠥᠳᠡᠯᠮᠦᠷᠢ ᠦᠢᠯᠡᠴᠢᠯᠡᠭᠡᠨ ᠤ ᠴᠢᠨᠠᠷᠲᠠᠢ ᠵᠠᠷᠤᠳᠠᠯ ᠵᠢᠴᠢ ᠲᠦᠷ ᠴᠠᠭ ᠤᠷᠢᠭᠰᠠᠨ ᠵᠥᠪᠯᠡᠯᠭᠡ ᠥᠭᠬᠦ | ᠲᠤᠰᠬᠠᠢ ᠮᠡᠷᠭᠡᠵᠢᠯᠲᠡᠨ ᠳᠤ ᠥᠭᠬᠦ ᠵᠠᠷᠤᠳᠠᠯ ᠵᠡᠷᠭᠡ ᠶᠢ ᠪᠠᠭᠲᠠᠭᠠᠨ᠎ᠠ᠃ | 50 ᠲᠦᠮᠡᠨ ᠲᠥᠭᠦᠷᠢᠭ ᠠᠴᠠ ᠳᠡᠭᠡᠭᠰᠢᠬᠢ ᠲᠥᠬᠦᠭᠡᠷᠦᠮᠵᠢ ᠶᠢᠨ ᠵᠠᠷᠤᠳᠠᠯ ᠠᠴᠠ ᠪᠤᠰᠤᠳ ᠰᠢᠭᠤᠳ | ᠵᠠᠷᠤᠳᠠᠯ ᠨᠢ ᠵᠥᠪᠬᠡᠨ ᠦᠨᠳᠦᠰᠦᠨ ᠲᠥᠰᠥᠭᠡᠯᠡᠨ ᠪᠤᠳᠤᠭᠰᠠᠨ ᠲᠣᠳᠣᠷᠬᠠᠶᠢᠯᠠᠯᠲᠠ ᠬᠠᠩᠭᠠᠪᠠᠯ ᠪᠣᠯᠴᠢᠬᠠᠨ᠎ᠠ᠂ ᠨᠠᠷᠢᠨ | ᠳᠠᠩᠰᠠ ᠬᠠᠩᠭᠠᠬᠤ ᠴᠢᠬᠤᠯᠠ ᠦᠭᠡᠢ᠃ ᠲᠥᠷᠥᠯ ᠵᠦᠢᠯ ᠢ ᠬᠢᠨᠠᠨ ᠲᠣᠭᠲᠠᠭᠠᠬᠤ ᠪᠠ ᠲᠥᠰᠥᠪ ᠢ ᠬᠢᠨᠠᠨ | ᠲᠣᠭᠲᠠᠭᠠᠬᠤ ᠶᠢ ᠨᠡᠶᠢᠯᠡᠭᠦᠯᠵᠦ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠥᠷᠥᠯ ᠵᠦᠢᠯ ᠪᠠ | ᠲᠥᠰᠥᠪ ᠢ ᠵᠡᠷᠭᠡ ᠪᠠᠷ ᠬᠢᠨᠠᠨ ᠲᠣᠭᠲᠠᠭᠠᠨ᠎ᠠ᠃ ᠲᠥᠷᠥᠯ ᠵᠦᠢᠯ ᠤᠨ ᠲᠥᠰᠥᠪ ᠢ ᠬᠢᠨᠠᠨ ᠲᠣᠭᠲᠠᠭᠠᠬᠤ ᠠᠵᠢᠯ ᠤᠨ | ᠭᠤᠣᠯᠳᠠᠯᠭ᠎ᠠ ᠨᠢ ᠲᠥᠷᠥᠯ ᠵᠦᠢᠯ ᠤᠨ ᠲᠥᠰᠥᠪ ᠤᠨ ᠬᠠᠷᠠᠯᠲᠠ ᠶᠢᠨ ᠬᠤᠯᠪᠣᠭᠳᠠᠯᠲᠤ ᠴᠢᠨᠠᠷ᠂ ᠲᠥᠷᠥ ᠶᠢᠨ | ᠪᠣᠳᠣᠯᠭ᠎ᠠ ᠶᠢᠨ ᠬᠠᠷᠢᠯᠴᠠᠨ ᠨᠡᠶᠢᠴᠡᠬᠦ ᠴᠢᠨᠠᠷ᠂ ᠠᠵᠤ ᠠᠬᠤᠢ ᠶᠢᠨ ᠵᠦᠢ ᠶᠣᠰᠣᠴᠢ ᠴᠢᠨᠠᠷ ᠪᠣᠯᠣᠨ᠎ᠠ᠂ ᠲᠥᠰᠥᠪ ᠢ | ᠨᠠᠶᠢᠷᠠᠭᠤᠯᠤᠨ ᠵᠣᠬᠢᠶᠠᠭᠰᠠᠨ ᠨᠠᠷᠢᠯᠢᠭ ᠤᠨ ᠬᠡᠮᠵᠢᠶ᠎ᠡ ᠶᠢ ᠲᠥᠰᠥᠪ ᠢ ᠬᠢᠨᠠᠨ ᠲᠣᠭᠲᠠᠭᠠᠬᠤ ᠬᠦᠴᠦᠨ ᠵᠦᠢᠯ ᠪᠣᠯᠭᠠᠵᠤ | ᠪᠣᠯᠬᠤ ᠦᠭᠡᠢ᠃ ︵ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵ᠬᠤᠶᠠᠷ︶ ᠲᠥᠰᠥᠪ ᠤᠨ ᠲᠣᠬᠢᠷᠠᠭᠤᠯᠤᠯᠲᠠ ᠶᠢᠨ ᠡᠷᠬᠡ ᠶᠢ ᠳᠣᠣᠷ᠎ᠠ ᠱᠠᠲᠤᠨ ᠳᠤ ᠣᠯᠭᠤᠨ᠎ᠠ᠃ | ᠲᠥᠰᠥᠪ ᠢ ᠲᠣᠬᠢᠷᠠᠭᠤᠯᠬᠤ ᠡᠷᠬᠡ ᠮᠡᠳᠡᠯ ᠤᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ | ᠲᠥᠬᠦᠭᠡᠷᠦᠮᠵᠢ ᠶᠢᠨ ᠵᠠᠷᠤᠳᠠᠯ ᠤᠨ ᠲᠥᠰᠥᠪ ᠢ ᠲᠣᠬᠢᠷᠠᠭᠤᠯᠬᠤ ᠪᠦᠬᠦ ᠡᠷᠬᠡ ᠶᠢ ᠲᠥᠷᠥᠯ ᠵᠦᠢᠯ ᠢ ᠳᠠᠭᠠᠭᠠᠨ | ᠬᠠᠷᠢᠭᠤᠴᠠᠬᠤ ᠨᠢᠭᠡᠴᠢ ᠳᠤ ᠣᠯᠭᠤᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠲᠥᠰᠥᠪ ᠤᠨ ᠲᠣᠬᠢᠷᠠᠭᠤᠯᠤᠯᠲᠠ ᠶᠢᠨ ᠨᠡᠮᠡᠭᠳᠡᠯ ᠢ ᠬᠢᠨᠠᠨ ᠵᠥᠪᠰᠢᠶᠡᠷᠡᠬᠦ ᠠᠵᠢᠯ ᠢ ᠲᠠᠬᠢᠵᠤ ᠬᠠᠷᠢᠭᠤᠴᠠᠬᠤ ᠦᠭᠡᠢ᠃ | ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠣᠲᠣ ᠶᠢᠨ ᠪᠠᠶᠢᠭ᠎ᠠ ᠲᠥᠬᠦᠭᠡᠷᠦᠮᠵᠢ ᠶᠢᠨ | ᠲᠣᠬᠢᠷᠠᠭᠤᠯᠤᠯᠲᠠ ᠶᠢᠨ ᠪᠠᠶᠢᠳᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠣᠳᠠᠲᠠᠢ | ᠬᠡᠷᠡᠭᠴᠡᠭᠡ ᠵᠡᠷᠭᠡ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠭᠠᠳ ᠲᠣᠬᠢᠷᠠᠭᠤᠯᠬᠤ ᠭᠠᠷᠳᠠᠮ ᠢᠶᠠᠨ ᠴᠠᠭ | ᠲᠤᠬᠠᠢ ᠳᠤ ᠨᠢ ᠭᠦᠢᠴᠡᠳᠬᠡᠬᠦ ᠬᠡᠷᠡᠭᠲᠡᠢ᠃ ᠲᠦᠷᠦᠯ ᠵᠦᠢᠯ ᠢ ᠬᠠᠷᠢᠭᠤᠴᠠᠬᠤ ᠨᠢᠭᠡᠴᠢ ᠨᠢ ᠲᠥᠬᠦᠭᠡᠷᠦᠮᠵᠢ ᠶᠢᠨ | ᠵᠠᠷᠤᠳᠠᠯ ᠠᠴᠠ ᠪᠤᠰᠤᠳ ᠰᠢᠭᠤᠳ ᠵᠠᠷᠤᠳᠠᠯ ᠢ ᠲᠣᠬᠢᠷᠠᠭᠤᠯᠬᠤ ᠪᠦᠬᠦ ᠡᠷᠬᠡ ᠶᠢ ᠲᠦᠷᠦᠯ ᠵᠦᠢᠯ ᠤᠨ | ᠬᠠᠷᠢᠭᠤᠴᠠᠯᠭᠠᠲᠠᠨ ᠳᠤ ᠣᠯᠭᠤᠵᠤ᠂ ᠲᠦᠷᠦᠯ ᠵᠦᠢᠯ ᠤᠨ ᠬᠠᠷᠢᠭᠤᠴᠠᠯᠭᠠᠲᠠᠨ ᠨᠢ ᠰᠤᠳᠤᠯᠭᠠᠨ ᠤ ᠠᠵᠢᠯᠯᠠᠭ᠎ᠠ ᠶᠢᠨ | ᠪᠣᠳᠠᠲᠤ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠲᠣᠬᠢᠷᠠᠭᠤᠯᠤᠨ᠎ᠠ᠃ ᠲᠥᠷᠥᠯ ᠵᠦᠢᠯ ᠤᠨ ᠳᠠᠮ ᠵᠠᠷᠤᠳᠠᠯ ᠤᠨ | ᠲᠥᠰᠥᠪ ᠤᠨ ᠶᠡᠷᠦᠩᠬᠡᠢ ᠲᠤᠭ᠎ᠠ ᠶᠢ ᠵᠠᠷᠴᠢᠮ ᠳᠡᠭᠡᠷ᠎ᠡ ᠪᠠᠨ ᠨᠡᠮᠡᠨ ᠲᠣᠬᠢᠷᠠᠭᠤᠯᠵᠤ ᠪᠣᠯᠬᠤ ᠦᠭᠡᠢ᠂ ᠲᠥᠷᠥᠯ | ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠬᠢᠭᠡᠳ ᠲᠥᠷᠥᠯ ᠵᠦᠢᠯ ᠤᠨ ᠬᠠᠷᠢᠭᠤᠴᠠᠯᠭᠠᠲᠠᠨ ᠨᠢ ᠵᠥᠪᠳᠡᠯᠴᠡᠭᠡᠳ | ᠰᠠᠨᠠᠯ ᠨᠢᠭᠡᠳᠦᠭᠰᠡᠨ ᠤ ᠳᠠᠷᠠᠭ᠎ᠠ᠂ ᠳᠠᠮ ᠵᠠᠷᠤᠳᠠᠯ ᠢ ᠲᠣᠬᠢᠷᠠᠭᠤᠯᠤᠨ ᠬᠠᠰᠤᠭᠠᠳ ᠰᠢᠭᠤᠳ ᠵᠠᠷᠤᠳᠠᠯ ᠢᠶᠠᠷ ᠬᠡᠷᠡᠭᠯᠡᠵᠦ | ᠪᠣᠯᠣᠨ᠎ᠠ᠃ ︵ᠲᠥᠷᠦᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠢ ᠳᠠᠭᠠᠭᠠᠨ | ᠬᠠᠷᠢᠭᠤᠴᠠᠬᠤ ᠨᠢᠭᠡᠴᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠭᠤᠷᠪᠠ︶ ᠵᠠᠷᠤᠳᠠᠯ ᠤᠨ ᠳᠠᠭᠠᠭᠠᠴᠢᠯᠠᠯᠲᠠ ᠶᠢᠨ ᠳᠦᠷᠢᠮ ᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠎ᠡ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ︽ᠰᠣᠳᠣᠨ | ᠵᠠᠯᠠᠭᠤᠴᠤᠳ︾ ᠤᠨ ᠲᠥᠷᠥᠯ ᠤᠨ ᠲᠥᠷᠥᠯ ᠵᠦᠢᠯ ᠤᠳ ᠲᠤ ᠵᠠᠷᠤᠳᠠᠯ ᠤᠨ ᠳᠠᠭᠠᠭᠠᠴᠢᠯᠠᠯᠲᠠ ᠶᠢᠨ ᠳᠦᠷᠢᠮ ᠢ | ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠳᠠᠭᠠᠭᠠᠴᠢᠯᠠᠯᠲᠠ ᠶᠢᠨ ᠳᠦᠷᠢᠮ ᠤᠨ ᠬᠡᠪᠴᠢᠶ᠎ᠡ ᠶᠢ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠪᠣᠶ ᠪᠦᠬᠦᠢ ᠲᠥᠷᠥᠯ ᠵᠦᠢᠯ᠂ ᠴᠢᠳᠠᠪᠤᠷᠢᠲᠠᠨ ᠤ ᠲᠥᠷᠥᠯ ᠤᠨ | ᠲᠥᠷᠥᠯ ᠵᠦᠢᠯ ᠪᠠ ᠵᠥᠭᠡᠯᠡᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠳᠤ ᠬᠦᠷᠲᠡᠯ᠎ᠡ | ᠥᠷᠭᠡᠳᠬᠡᠵᠦ᠂ ᠲᠥᠷᠥᠯ ᠵᠦᠢᠯ ᠤᠨ ᠲᠥᠰᠥᠪ ᠢ ᠳᠠᠭᠢᠵᠤ ᠨᠠᠶᠢᠷᠠᠭᠤᠯᠤᠨ ᠵᠣᠬᠢᠶᠠᠬᠤ ᠦᠭᠡᠢ᠃ ᠲᠥᠷᠥᠯ ᠵᠦᠢᠯ ᠤᠨ | ᠬᠠᠷᠢᠭᠤᠴᠠᠯᠭᠠᠲᠠᠨ ᠰᠢᠨᠵᠢᠯᠡᠬᠦ ᠤᠬᠠᠭᠠᠨ ᠤ ᠰᠤᠳᠤᠯᠤᠯ ᠤᠨ ᠶᠣᠰᠣ ᠰᠤᠷᠲᠠᠬᠤᠨ ᠡᠰᠢ ᠮᠣᠷᠠᠯ ᠪᠠ ᠠᠵᠢᠯ ᠠᠮᠢᠳᠤᠷᠠᠯ | ᠰᠤᠳᠤᠯᠭᠠᠨ ᠤ ᠣᠪᠣᠷ ᠪᠠᠶᠢᠳᠠᠯ ᠦᠨᠡᠨᠴᠢ ᠢᠲᠡᠭᠡᠮᠵᠢᠲᠡᠢ ᠪᠠᠶᠢᠬᠤ ᠱᠠᠭᠠᠷᠳᠠᠯᠭ᠎ᠠ ᠶᠢ ᠵᠢᠷᠤᠮᠯᠠᠨ ᠰᠠᠬᠢᠵᠤ᠂ ᠪᠦᠬᠦ | ᠵᠠᠷᠤᠳᠠᠯ ᠢ ᠲᠣᠰ ᠲᠥᠷᠥᠯ ᠵᠦᠢᠯ ᠤᠨ ᠰᠤᠳᠤᠯᠤᠯ ᠤᠨ ᠠᠵᠢᠯ ᠤᠨ ᠬᠠᠮᠢᠶ᠎ᠠ ᠪᠦᠬᠦᠢ ᠵᠠᠷᠤᠯᠭ᠎ᠠ ᠳᠤ ᠬᠡᠷᠡᠭᠯᠡᠬᠦ ᠪᠠᠷ | ᠠᠮᠠᠯᠠᠭᠰᠠᠨ ᠰᠠᠭᠤᠷᠢᠨ ᠳᠡᠭᠡᠷ᠎ᠡ᠂ ᠲᠥᠷᠥᠯ ᠵᠦᠢᠯ ᠤᠨ ᠵᠠᠷᠤᠳᠠᠯ ᠤᠨ ᠬᠡᠷᠡᠭᠯᠡᠯᠲᠡ ᠶᠢ ᠥᠪᠡᠷᠲᠡᠭᠡᠨ ᠡᠵᠡ ᠮᠡᠳᠡᠨ | ᠲᠣᠭᠲᠠᠭᠠᠵᠤ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠵᠠᠷᠤᠳᠠᠯ ᠤᠨ ᠳᠠᠭᠠᠭᠠᠴᠢᠯᠠᠯᠲᠠ ᠶᠢᠨ | ᠳᠦᠷᠢᠮ ᠤᠨ ᠬᠠᠮᠢᠶ᠎ᠠ ᠪᠦᠬᠦᠢ ᠳᠣᠲᠣᠭᠠᠳᠤ ᠬᠠᠮᠢᠶᠠᠷᠤᠯᠲᠠ ᠶᠢᠨ ᠲᠣᠭᠲᠠᠭᠠᠯ ᠢ ᠲᠣᠭᠲᠠᠭᠠᠨ᠎ᠠ᠃ ︵ᠲᠥᠷᠥᠯ | ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠠᠶᠢᠮᠠᠭ ᠬᠤᠲᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ᠭᠤᠷᠪᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠢ ᠰᠠᠯᠭᠠᠨ ᠥᠭᠬᠦ | ᠲᠣᠭᠲᠠᠴᠠ ᠶᠢ ᠰᠠᠶᠢᠵᠢᠷᠠᠭᠤᠯᠤᠨ᠎ᠠ | ︵ᠨᠢᠭᠡ︶ ᠵᠠᠷᠤᠳᠠᠯ ᠰᠠᠯᠭᠠᠨ ᠥᠭᠬᠦ ᠠᠬᠢᠴᠠ ᠶᠢ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠲᠥᠷᠥᠯ ᠵᠦᠢᠯ ᠤᠨᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠠᠯᠠᠭ᠎ᠠ | ᠮᠥᠴᠢᠷ ᠤᠨ ᠲᠥᠰᠥᠪ ᠲᠤ ᠴᠣᠬᠤᠯᠲᠠ ᠥᠭᠬᠦ ᠠᠴᠠ ᠡᠮᠦᠨ᠎ᠡ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ | ᠤᠷᠢᠳᠴᠢᠯᠠᠨ ᠰᠠᠯᠭᠠᠨ ᠥᠭᠴᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠬᠢᠭᠡᠳ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠰᠠᠯᠭᠠᠨ ᠥᠭᠬᠦ ᠠᠬᠢᠴᠠ ᠪᠠᠨ ᠦᠨᠡᠨ ᠬᠦ | ᠲᠦᠷᠭᠡᠳᠬᠡᠵᠦ᠂ ᠣᠨᠴᠠᠭᠠᠢ ᠪᠠᠶᠢᠳᠠᠯ ᠦᠭᠡᠢ ᠪᠣᠯ᠂ ᠵᠠᠷᠴᠢᠮ ᠳᠡᠭᠡᠷ᠎ᠡ ᠪᠠᠨ ᠪᠡᠯᠡ ᠮᠥᠩᠭᠦ ᠶᠢ ᠪᠠᠭᠤᠯᠭᠠᠬᠤ ᠪᠢᠴᠢᠭ | ᠮᠠᠲ᠋ᠧᠷᠢᠶᠠᠯ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭᠠᠬᠢ 30 ᠡᠳᠦᠷ ᠤᠨ ᠳᠣᠲᠣᠷ᠎ᠠ ᠭᠦᠢᠴᠡᠳᠬᠡᠯ ᠲᠤᠭ᠎ᠠ ᠪᠠᠨ | ᠲᠣᠰ ᠱᠠᠲᠤᠨ ᠤ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠳᠤ ᠪᠠᠭᠤᠯᠭᠠᠵᠤ ᠥᠭᠬᠦ ᠬᠡᠷᠡᠭᠲᠡᠢ᠃ | ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠳᠣᠷᠣᠭᠰᠢ ᠰᠢᠯᠵᠢᠭᠦᠯᠦᠨ ᠥᠭᠬᠦ ᠳᠤ ᠪᠠᠨ ᠲᠤᠰᠠᠭᠠᠷ | ᠰᠢᠯᠵᠢᠭᠦᠯᠦᠨ ᠥᠭᠬᠦ᠂ ᠲᠤᠰᠠᠭᠠᠷ ᠢᠯᠭᠠᠷᠠᠭᠤᠯᠤᠨ ᠪᠤᠳᠤᠬᠤ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠵᠦ᠂ | ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠲᠤᠰᠬᠠᠢ ᠲᠠᠩᠰᠠᠨ ᠡᠷᠦᠬᠡ ᠪᠠᠷ ᠬᠠᠮᠢᠶᠠᠷᠬᠤ᠂ ᠪᠢᠲᠡᠭᠦᠮᠵᠢᠯᠡᠨ | ᠠᠵᠢᠯᠯᠠᠭᠤᠯᠬᠤ ᠶᠢ ᠪᠡᠶᠡᠯᠡᠭᠦᠯᠦᠨ᠎ᠡ᠃ ᠲᠥᠷᠥᠯ ᠵᠦᠢᠯ ᠢ ᠲᠦᠷᠦᠭᠦᠯᠡᠨ ᠬᠢᠬᠦ ᠨᠢᠭᠡᠴᠢ ᠨᠢ ᠲᠥᠷᠥᠯ ᠵᠦᠢᠯ ᠤᠨ | ᠬᠠᠷᠢᠭᠤᠴᠠᠯᠭᠠᠲᠠᠨ ᠤ ᠰᠠᠨᠠᠯ ᠢ ᠦᠨᠳᠦᠰᠦᠯᠡᠨ᠂ ᠲᠥᠷᠥᠯ ᠵᠦᠢᠯ ᠳᠤ ᠣᠷᠣᠯᠴᠠᠭᠰᠠᠨ ᠨᠢᠭᠡᠴᠢ ᠳᠤ ᠵᠠᠷᠤᠳᠠᠯ ᠢ ᠨᠢ | ᠴᠠᠭ ᠲᠤᠬᠠᠢ ᠳᠤ ᠨᠢ ᠰᠢᠯᠵᠢᠭᠦᠯᠦᠨ ᠥᠭᠬᠦ ᠶᠢᠨ ᠬᠠᠮᠲᠤ᠂ ᠳᠣᠲᠣᠭᠠᠳᠤ ᠡᠵᠡᠮᠳᠡᠯ ᠤᠨ ᠳᠦᠷᠢᠮ ᠢ ᠰᠠᠶᠢᠲᠤᠷ | ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠤ᠂ | ᠨᠢᠭᠡᠴᠢ ᠶᠢᠨ ᠰᠤᠳᠤᠯᠤᠯ ᠤᠨ ᠵᠠᠷᠤᠳᠠᠯ ᠤᠨ ᠳᠣᠲᠣᠭᠠᠳᠤ ᠳᠤ ᠪᠠᠨ ᠰᠢᠯᠵᠢᠭᠦᠯᠦᠨ ᠥᠭᠬᠦ ᠴᠤᠪᠤᠷᠠᠯ ᠢ ᠴᠣᠮᠬᠠᠳᠬᠠᠬᠤ | ᠬᠡᠷᠡᠭᠲᠡᠢ᠃ ᠲᠥᠷᠥᠯ ᠵᠦᠢᠯ ᠢ ᠬᠠᠷᠢᠭᠤᠴᠠᠬᠤ ᠨᠢᠭᠡᠴᠢ ᠶᠢᠨ ᠬᠢᠨ ᠤ ︽ᠢᠯᠭᠠᠬᠤ ᠲᠡᠮᠳᠡᠭ ᠲᠠᠢ ᠰᠢᠨᠵᠢᠯᠡᠬᠦ | ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠡᠯᠡ ᠮᠥᠩᠭᠦ︾ ᠶᠢᠨ ᠪᠡᠯᠡ ᠮᠥᠩᠭᠦ ᠶᠢ ᠨᠢ ᠨᠢᠭᠡᠴᠢ ᠶᠢᠨ | ᠪᠣᠳᠠᠲᠠᠢ ᠪᠠᠶᠢᠭ᠎ᠠ ᠪᠡᠯᠡ ᠮᠥᠩᠭᠦᠨ ᠤ ᠲᠠᠩᠰᠠᠨ ᠡᠷᠦᠬᠡ ᠳᠤ ᠰᠢᠯᠵᠢᠭᠦᠯᠦᠨ ᠥᠭᠬᠦ ᠶᠢ ᠵᠥᠪᠰᠢᠶᠡᠷᠡᠨ᠎ᠡ᠃ ︵ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠦᠯᠡᠳᠡᠪᠦᠷᠢ ᠪᠡᠯᠡ ᠮᠥᠩᠭᠦᠨ ᠤ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ ᠲᠥᠷᠥᠯ | ᠵᠦᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠦᠭᠰᠡᠨ ᠮᠥᠷᠲᠡᠭᠡᠨ ᠶᠡᠷᠦᠩᠬᠡᠶᠢᠯᠡᠭᠰᠡᠨ ᠠᠵᠢᠯ ᠤᠨ ᠠᠮᠵᠢᠯᠲᠠ | ᠪᠦᠲᠦᠮᠵᠢ ᠶᠢᠨ ᠦᠨᠡᠯᠡᠯᠲᠡ ᠳᠤ ᠬᠢᠷᠢ ᠲᠡᠩᠴᠡᠭᠰᠡᠨ ᠤ ᠳᠠᠷᠠᠭ᠎ᠠ᠂ ᠦᠯᠡᠳᠡᠪᠦᠷᠢ ᠪᠡᠯᠡ ᠮᠥᠩᠭᠦ ᠶᠢ ᠲᠥᠷᠥᠯ ᠵᠦᠢᠯ ᠢ | ᠳᠠᠭᠠᠭᠠᠨ ᠬᠠᠷᠢᠭᠤᠴᠠᠬᠤ ᠨᠢᠭᠡᠴᠢ ᠳᠤ ᠦᠯᠡᠳᠡᠭᠡᠨ ᠥᠭᠴᠦ ᠬᠡᠷᠡᠭᠯᠡᠭᠦᠯᠦᠨ᠎ᠡ᠃ ᠲᠥᠷᠥᠯ ᠵᠦᠢᠯ ᠢ ᠳᠠᠭᠠᠭᠠᠨ | ᠬᠠᠷᠢᠭᠤᠴᠠᠬᠤ ᠨᠢᠭᠡᠴᠢ ᠨᠢ ᠦᠯᠡᠳᠡᠪᠦᠷᠢ ᠪᠡᠯᠡ ᠮᠥᠩᠭᠦ ᠪᠠᠨ ᠰᠢᠨᠵᠢᠯᠡᠬᠦ ᠤᠬᠠᠭᠠᠨ ᠤ ᠰᠤᠳᠤᠯᠤᠯ ᠤᠨ | ᠠᠵᠢᠯᠯᠠᠭ᠎ᠠ ᠶᠢᠨ ᠰᠢᠭᠤᠳ ᠵᠠᠷᠤᠯᠭ᠎ᠠ ᠳᠤ ᠬᠡᠷᠡᠭᠯᠡᠬᠦ ᠪᠠᠷ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠤᠤᠯ ᠤᠨ | ᠲᠥᠷᠥᠯ ᠵᠦᠢᠯ ᠤᠨ ᠰᠤᠳᠤᠯᠤᠯ ᠤᠨ ᠪᠦᠯᠬᠦᠮ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ ᠪᠣᠳᠣᠯᠬᠢᠯᠠᠵᠤ᠂ | ᠦᠯᠡᠳᠡᠪᠦᠷᠢ ᠪᠡᠯᠡ ᠮᠥᠩᠭᠦ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ ᠦᠯᠡᠳᠡᠪᠦᠷᠢ | ᠪᠡᠯᠡ ᠮᠥᠩᠭᠦ ᠶᠢ ᠴᠢᠯᠦᠭᠡᠲᠡᠢ ᠭᠦᠢᠯᠭᠡᠭᠡᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠠᠬᠢᠴᠠ ᠶᠢ ᠲᠦᠷᠭᠡᠳᠬᠡᠨ᠎ᠡ᠃ | ︵ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ | ᠬᠠᠷᠢᠭᠤᠴᠠᠨ ᠨᠠᠶᠢᠳᠠᠪᠤᠷᠢᠵᠢᠭᠤᠯᠤᠨ᠎ᠠ︶ | ᠳᠥᠷᠪᠡ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠢ ᠤᠷᠮᠠᠰᠢᠭᠤᠯᠬᠤ ᠡᠷᠴᠢᠮ ᠢ | ᠴᠢᠩᠭᠠᠷᠠᠭᠤᠯᠤᠨ᠎ᠠ | ︵ᠨᠢᠭᠡ︶ ᠳᠠᠮ ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠦᠨ᠎ᠡ᠃ ᠲᠥᠷᠥᠯ ᠵᠦᠢᠯ ᠢ ᠳᠠᠭᠠᠭᠠᠨ | ᠬᠠᠷᠢᠭᠤᠴᠠᠬᠤ ᠨᠢᠭᠡᠴᠢ ᠨᠢ ᠰᠢᠭᠤᠳ ᠵᠠᠷᠤᠳᠠᠯ ᠠᠴᠠ ᠲᠥᠬᠦᠭᠡᠷᠦᠮᠵᠢ ᠬᠤᠳᠠᠯᠳᠤᠨ ᠠᠪᠤᠭᠰᠠᠨ ᠵᠠᠷᠤᠳᠠᠯ ᠢ | ᠰᠠᠭᠤᠯᠭᠠᠨ ᠠᠪᠤᠭᠰᠠᠨ ᠤ ᠳᠠᠷᠠᠭᠠᠬᠢ ᠬᠡᠰᠡᠭ ᠤᠨ ᠵᠣᠬᠢᠬᠤ ᠬᠠᠷᠢᠴᠠᠯ ᠢᠶᠠᠷ ᠳᠠᠮ ᠵᠠᠷᠤᠳᠠᠯ ᠢ ᠬᠠᠷᠭᠤᠭᠤᠯᠤᠨ | ᠲᠣᠭᠲᠠᠭᠠᠬᠤ ᠪᠥᠭᠡᠳ ᠨᠢᠭᠡᠳᠦᠯᠲᠡᠢ ᠲᠥᠯᠥᠪᠯᠡᠵᠦ ᠲᠣᠬᠢᠷᠠᠭᠤᠯᠤᠨ ᠬᠡᠷᠡᠭᠯᠡᠨ᠎ᠡ᠂ ᠡᠭᠦᠨ ᠳᠤ᠂ 500 ᠲᠦᠮᠡᠨ | ᠲᠥᠭᠦᠷᠢᠭ ᠠᠴᠠ ᠳᠣᠷᠣᠭᠰᠢᠬᠢ ︵500 ᠲᠦᠮᠡᠨ ᠲᠥᠭᠦᠷᠢᠭ ᠢ ᠪᠠᠭᠲᠠᠭᠠᠨ᠎ᠠ︶ ᠬᠡᠰᠡᠭ ᠤᠨ ᠳᠠᠮ ᠵᠠᠷᠤᠳᠠᠯ ᠢ | ᠬᠠᠮᠤᠭ ᠤᠨ ᠶᠡᠭᠡ ᠳᠤ ᠪᠠᠨ 30% ᠳᠤ ᠬᠦᠷᠲᠡᠯ᠎ᠡ ᠳᠡᠭᠡᠭᠰᠢᠯᠡᠭᠦᠯᠵᠦ᠂ 500 ᠲᠦᠮᠡᠨ ᠲᠥᠭᠦᠷᠢᠭ ᠠᠴᠠ 1000 | ᠲᠦᠮᠡᠨ ᠲᠥᠭᠦᠷᠢᠭ ︵1000 ᠲᠦᠮᠡᠨ ᠲᠥᠭᠦᠷᠢᠭ ᠢ ᠪᠠᠭᠲᠠᠭᠠᠨ᠎ᠠ︶ ᠤᠨ ᠬᠡᠰᠡᠭ ᠤᠨ ᠳᠠᠮ ᠵᠠᠷᠤᠳᠠᠯ ᠢ | ᠬᠠᠮᠤᠭ ᠤᠨ ᠶᠡᠭᠡ ᠳᠤ ᠪᠠᠨ 25% ᠬᠦᠷᠲᠡᠯ᠎ᠡ ᠳᠡᠭᠡᠭᠰᠢᠯᠡᠭᠦᠯᠵᠦ᠂ 1000 ᠲᠦᠮᠡᠨ ᠲᠥᠭᠦᠷᠢᠭ ᠠᠴᠠ ᠳᠡᠭᠡᠭᠰᠢᠬᠢ | ᠬᠡᠰᠡᠭ ᠤᠨ ᠳᠠᠮ ᠵᠠᠷᠤᠳᠠᠯ ᠢ ᠬᠠᠮᠤᠭ ᠤᠨ ᠶᠡᠭᠡ ᠳᠤ ᠪᠠᠨ 20% ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ︔ | ᠲᠣᠭᠠᠨ ᠤ ᠤᠬᠠᠭᠠᠨ ᠵᠡᠷᠭᠡ ᠴᠤᠯ ᠤᠨᠤᠯ ᠤᠨ ᠰᠠᠭᠤᠷᠢ ᠰᠤᠳᠤᠯᠤᠯ ᠤᠨ ᠲᠥᠷᠦᠯ ᠵᠦᠢᠯ ᠤᠨ ᠲᠠᠮ ᠵᠠᠷᠤᠳᠠᠯ ᠤᠨ | ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠂ ᠭᠡᠬᠦ ᠳᠤ ᠪᠠᠨ 60% ᠠᠴᠠ ᠬᠡᠲᠦᠷᠡᠭᠦᠯᠬᠦ ᠦᠭᠡᠢ᠃ | ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠳᠠᠮ ᠵᠠᠷᠤᠳᠠᠯ ᠢ ᠪᠦᠬᠦᠨ ᠢ ᠠᠵᠢᠯ ᠤᠨ ᠠᠮᠵᠢᠯᠲᠠ | ᠪᠦᠲᠦᠮᠵᠢ ᠶᠢᠨ ᠵᠠᠷᠤᠯᠭ᠎ᠠ ᠳᠤ ᠬᠡᠷᠡᠭᠯᠡᠵᠦ ᠪᠣᠯᠬᠤ ᠪᠥᠭᠡᠳ ᠰᠢᠨ᠎ᠡ ᠶᠢ ᠡᠭᠦᠳᠦᠭᠰᠡᠨ ᠠᠵᠢᠯ ᠤᠨ ᠠᠮᠵᠢᠯᠲᠠ | ᠪᠦᠲᠦᠮᠵᠢ ᠪᠠᠷ ᠲᠣᠪᠤᠶᠢᠮ᠎ᠠ ᠨᠡᠶᠢᠲᠡ ᠪᠠ ᠬᠤᠪᠢ ᠬᠥᠮᠥᠨ ᠲᠡᠶᠢᠰᠢ ᠬᠡᠯᠪᠠᠶᠢᠯᠭᠡᠨ᠎ᠡ᠃ ︵ᠲᠥᠷᠥᠯ ᠵᠦᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵ᠬᠤᠶᠠᠷ︶ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠵᠠᠷᠤᠬᠤ ᠬᠡᠪᠴᠢᠶ᠎ᠡ ᠶᠢ ᠥᠷᠭᠡᠳᠬᠡᠨ᠎ᠡ᠃ ᠲᠥᠷᠥᠯ | ᠵᠦᠢᠯ ᠳᠤ ᠤᠷᠢᠨ ᠬᠡᠷᠡᠭᠯᠡᠭᠰᠡᠨ ᠬᠥᠮᠥᠰ ᠤᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠵᠠᠷᠤᠯᠭ᠎ᠠ ᠶᠢᠨ | ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠ ᠮᠡᠷᠭᠡᠵᠢᠯ ᠤᠨ | ᠦᠢᠯᠡᠴᠢᠯᠡᠭᠡᠨ ᠤ ᠦᠢᠯᠡᠰ ᠡᠷᠬᠢᠯᠡᠭᠰᠡᠳ ᠤᠨ ᠳᠤᠮᠳᠠᠴᠢ ᠴᠠᠯᠢᠩ ᠤᠨ ᠬᠢᠷᠢ ᠲᠦᠪᠰᠢᠨ ᠢᠶᠠᠷ ᠯᠠᠪᠯᠠᠯᠲᠠ ᠪᠣᠯᠭᠠᠵᠤ᠂ | ᠲᠡᠳᠡᠨᠦᠰ ᠤᠨ ᠲᠥᠷᠥᠯ ᠵᠦᠢᠯ ᠤᠨ ᠰᠤᠳᠤᠯᠤᠯ ᠳᠤ ᠡᠭᠦᠷᠭᠡᠯᠡᠭᠰᠡᠨ ᠡᠭᠦᠷᠭᠡ ᠶᠢ ᠨᠢ ᠦᠨᠳᠦᠰᠦᠯᠡᠨ ᠲᠣᠭᠲᠠᠭᠠᠵᠤ᠂ | ᠪᠠᠶᠢᠭᠤᠯᠭ᠎ᠠ ᠨᠢᠭᠡᠴᠢ ᠶᠢᠨ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠵᠦᠢᠯ ᠳᠤ | ᠣᠷᠣᠭᠤᠯᠤᠨ᠎ᠠ᠃ ︵ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ᠂ ᠲᠥᠷᠥᠯ ᠵᠦᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠭᠤᠷᠪᠠ︶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠳᠤ ᠬᠥᠳᠡᠯᠦᠩᠭᠦᠢ | ᠲᠣᠬᠢᠷᠠᠭᠤᠯᠤᠯᠲᠠ ᠬᠢᠨ᠎ᠡ᠃ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ | ᠬᠥᠭᠵᠢᠯᠲᠡ ᠶᠢᠨ ᠱᠠᠲᠤ ᠦᠶ᠎ᠡ᠂ ᠲᠥᠷᠥᠯ ᠬᠡᠯᠪᠡᠷᠢ ᠶᠢᠨ ᠪᠠᠶᠢᠷᠢ ᠲᠣᠭᠲᠠᠭᠠᠯᠲᠠ᠂ ᠡᠭᠦᠷᠭᠡᠯᠡᠬᠦ ᠡᠭᠦᠷᠭᠡ᠂ | ᠴᠢᠳᠠᠪᠤᠷᠢᠲᠠᠳ ᠤᠨ ᠪᠦᠲᠦᠴᠡ᠂ ᠪᠠᠶᠢᠭ᠎ᠠ ᠭᠠᠵᠠᠷ ᠣᠷᠣᠨ᠂ ᠣᠲᠣ ᠶᠢᠨ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠤᠨ ᠬᠢᠷᠢ ᠲᠦᠪᠰᠢᠨ᠂ ᠡᠳ᠋ ᠤᠨ ᠶᠠᠪᠤᠳᠠᠯ ᠤᠨ ᠪᠠᠶᠢᠳᠠᠯ ᠢᠯᠠᠩᠭᠤᠶ᠎ᠠ ᠡᠳ᠋ ᠤᠨ ᠵᠠᠰᠠᠭ ᠤᠨ ᠰᠢᠨᠵᠢᠯᠡᠬᠦ | ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠳᠤ ᠬᠡᠷᠡᠭᠯᠡᠵᠦ | ᠪᠣᠯᠬᠤ ᠳᠠᠮ ᠵᠠᠷᠤᠳᠠᠯ ᠵᠡᠷᠭᠡ ᠪᠣᠳᠠᠲᠤ ᠪᠠᠶᠢᠳᠠᠯ ᠤᠳ ᠲᠠᠢ ᠤᠶᠠᠯᠳᠤᠭᠤᠯᠤᠨ᠂ ᠠᠮᠵᠢᠯᠲᠠᠪᠦ᠋ᠲᠦᠮᠵᠢ ᠶᠢᠨ | ᠴᠠᠯᠢᠩ ᠤᠨ ᠬᠢᠷᠢ ᠲᠦᠪᠰᠢᠨ ᠪᠠ ᠶᠡᠷᠦᠩᠬᠡᠢ ᠬᠡᠮᠵᠢᠶ᠎ᠡ ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠢ ᠬᠤᠪᠢᠶᠠᠷᠢᠯᠠᠬᠤ ᠳᠤ ᠪᠠᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠤ ᠰᠤᠳᠤᠯᠤᠯ ᠤᠨ ᠡᠭᠦᠷᠭᠡ ᠶᠢ ᠨᠡᠯᠢᠶᠡᠳ ᠣᠯᠠᠨ ᠡᠭᠦᠷᠭᠡᠯᠡᠭᠰᠡᠨ᠂ ᠦᠷ᠎ᠡ ᠪᠦᠲᠦᠮᠵᠢ ᠪᠠᠷ ᠲᠣᠪᠤᠶᠢᠮ᠎ᠠ | ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠲᠡᠶᠢᠰᠢ ᠬᠡᠯᠪᠠᠶᠢᠯᠭᠡᠬᠦ ᠬᠡᠷᠡᠭᠲᠡᠢ᠃ ᠤᠯᠤᠰ ᠪᠠ ᠥᠪᠡᠷᠲᠡᠭᠡᠨ | ᠵᠠᠰᠠᠬᠤ ᠣᠷᠣᠨ ᠤ ᠵᠠᠩᠭᠢᠯᠠᠭ᠎ᠠ ᠶᠢᠨ ᠬᠦᠷᠢᠶᠡᠨ ᠳᠠᠬᠢ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠬᠢᠬᠦ ᠡᠭᠦᠷᠭᠡ ᠶᠢ | ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ ᠣᠨ ᠤ ᠴᠠᠯᠢᠩ ᠤᠨ ᠳᠦᠷᠢᠮ ᠤᠨ | ᠲᠤᠷᠰᠢᠯᠭ᠎ᠠ ᠪᠠᠷ ᠲᠣᠯᠢ ᠪᠣᠯᠭᠠᠨ᠂ ᠪᠠᠴᠢᠮ ᠬᠡᠷᠡᠭᠰᠡᠭᠳᠡᠵᠦ ᠪᠠᠶᠢᠭ᠎ᠠ᠂ ᠠᠵᠢᠯ ᠲᠥᠷᠥᠯ ᠳᠤ ᠪᠠᠨ ᠮᠡᠳᠡᠷᠡᠭᠳᠡᠭᠰᠡᠨ᠂ | ᠠᠵᠢᠯ ᠤᠨ ᠠᠮᠵᠢᠯᠲᠠ ᠪᠦᠲᠦᠮᠵᠢ ᠪᠠᠷ ᠲᠣᠪᠤᠶᠢᠮ᠎ᠠ ᠲᠦᠢᠯ ᠤᠨ ᠴᠥᠭᠡᠨ ᠲᠣᠭᠠᠨ ᠤ ᠳᠡᠭᠡᠳᠦ ᠲᠠᠰ ᠤᠨ | ᠴᠢᠳᠠᠪᠤᠷᠢᠲᠠᠳ ᠲᠤ ᠣᠨ ᠤ ᠴᠠᠯᠢᠩ ᠤᠨ ᠳᠦᠷᠢᠮ ᠬᠡᠷᠡᠭᠵᠢᠭᠦᠯᠬᠦ ᠶᠢ ᠰᠦᠪᠡᠭᠴᠢᠯᠡᠨ᠎ᠡ᠃ ︵ᠥᠪᠡᠷᠲᠡᠭᠡᠨ ᠵᠠᠰᠠᠬᠤ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠬᠢᠨᠠᠨ ᠬᠠᠮᠢᠶᠠᠷᠬᠤ ᠵᠥᠪᠯᠡᠯ᠂ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ | ᠱᠠᠩᠨᠠᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠨᠢᠭᠡᠴᠢ ᠨᠦᠭᠦᠳ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ | ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠤᠳ ᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠥᠪᠳᠡᠯᠴᠡᠭᠡᠷ ᠢᠶᠠᠷ | ᠦᠨ᠎ᠡ ᠲᠣᠭᠲᠠᠭᠠᠬᠤ᠂ ᠮᠡᠷᠭᠡᠵᠢᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠫᠠᠶᠢᠰᠠ ᠡᠯᠭᠦᠨ ᠠᠷᠠᠯᠵᠢᠶᠠᠯᠠᠬᠤ᠂ | ᠦᠨ᠎ᠡ ᠬᠠᠶᠠᠯᠴᠠᠨ ᠬᠤᠳᠠᠯᠳᠤᠬᠤ ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠳᠣ ᠪᠠᠶᠢᠭ᠎ᠠ ᠦᠷ᠎ᠡ ᠪᠦᠲᠦᠭᠡᠯ ᠢᠶᠠᠨ ᠤᠯᠠᠷᠢᠭᠤᠯᠬᠤ ᠬᠡᠷᠡᠭᠲᠡᠢ᠃ ᠬᠠᠤᠯᠢ ᠴᠠᠭᠠᠵᠠ ᠶᠢᠨ | ᠲᠣᠭᠲᠠᠭᠠᠯ ᠶᠣᠰᠣᠭᠠᠷ᠂ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ | ᠭᠠᠷᠭᠠᠭᠴᠢ ᠪᠠ ᠤᠯᠠᠷᠢᠭᠤᠯᠤᠯᠲᠠ ᠳᠤ ᠴᠢᠬᠤᠯᠠ ᠬᠤᠪᠢ ᠨᠡᠮᠡᠷᠢᠯᠡᠭᠰᠡᠨ ᠬᠥᠮᠥᠰ ᠲᠤ ᠤᠯᠠᠷᠢᠭᠤᠯᠤᠯᠲᠠ ᠠᠴᠠ | ᠣᠯᠣᠭᠰᠠᠨ ᠠᠰᠢᠭ ᠣᠷᠣᠯᠭ᠎ᠠ ᠶᠢ ᠱᠠᠩᠨᠠᠯ ᠬᠥᠬᠢᠭᠦᠯᠦᠯ ᠪᠠ ᠬᠠᠷᠠᠮᠵᠢ ᠪᠣᠯᠭᠠᠨ ᠣᠯᠭᠤᠵᠤ᠂ ᠦᠯᠡᠳᠡᠭᠰᠡᠨ | ᠬᠡᠰᠡᠭ ᠢ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠬᠢᠭᠡᠳ ᠦᠷ᠎ᠡ ᠪᠦᠲᠦᠭᠡᠯ ᠢ | ᠤᠯᠠᠷᠢᠭᠤᠯᠬᠤ ᠵᠡᠷᠭᠡ ᠬᠠᠮᠢᠶ᠎ᠠ ᠪᠦᠬᠦᠢ ᠠᠵᠢᠯ ᠳᠤ ᠬᠡᠷᠡᠭᠯᠡᠭᠦᠯᠬᠦ ᠪᠠᠷ ᠲᠥᠷᠥᠯ ᠵᠦᠢᠯ ᠢ ᠳᠠᠭᠠᠭᠠᠨ ᠬᠠᠷᠢᠭᠤᠴᠠᠬᠤ | ᠨᠢᠭᠡᠴᠢ ᠳᠤ ᠦᠯᠡᠳᠡᠭᠡᠨ ᠥᠭᠭᠦᠨ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠤᠭᠰᠠᠨ ᠠᠰᠢᠭ ᠣᠷᠣᠯᠭ᠎ᠠ ᠶᠢ ᠬᠤᠪᠢᠶᠠᠷᠢᠯᠠᠬᠤ ᠪᠣᠳᠠᠲᠠᠢ ᠠᠷᠭ᠎ᠠ ᠮᠠᠶ᠋ᠢᠭ ᠪᠠ ᠬᠠᠷᠢᠴᠠᠯ ᠢ ᠲᠣᠰ | ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠤᠨ ᠰᠠᠨᠠᠯ ᠢ ᠭᠦᠢᠴᠡᠳ ᠰᠣᠨᠣᠰᠤᠭᠰᠠᠨ | ᠰᠠᠭᠤᠷᠢᠨ ᠳᠡᠭᠡᠷ᠎ᠡ ᠬᠡᠯᠡᠯᠴᠡᠨ ᠲᠣᠬᠢᠷᠠᠨ᠎ᠠ᠃ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠤᠭᠰᠠᠨ ᠪᠡᠯᠡᠨ ᠮᠥᠩᠭᠦᠨ ᠤ ᠱᠠᠩᠨᠠᠯ ᠢ ᠪᠠᠶᠢᠭ᠎ᠠ ᠨᠢᠭᠡᠴᠢ ᠶᠢᠨ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶᠡᠨ ᠳᠤ ᠪᠤᠳᠤᠵᠤ ᠣᠷᠣᠭᠤᠯᠤᠨ᠎ᠠ᠂ ᠭᠡᠪᠡᠴᠦ ᠨᠢᠭᠡᠨᠲᠡ ᠬᠠᠷᠭᠤᠭᠤᠯᠤᠨ | ᠲᠣᠭᠲᠠᠭᠠᠭᠰᠠᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶᠡᠨ ᠳᠤ ᠬᠢᠵᠠᠭᠠᠷᠯᠠᠭᠳᠠᠬᠤ | ᠦᠭᠡᠢ᠂ ᠳᠠᠷᠠᠭ᠎ᠠ ᠵᠢᠯ ᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ | ᠲᠣᠭᠲᠠᠭᠠᠬᠤ ᠰᠠᠭᠤᠷᠢ ᠲᠤᠭ᠎ᠠ ᠪᠣᠯᠭᠠᠵᠤ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠬᠠᠷᠢᠭᠤᠴᠠᠨ ᠨᠠᠶᠢᠳᠠᠪᠤᠷᠢᠵᠢᠭᠤᠯᠤᠨ᠎ᠠ︶ | ᠲᠠᠪᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠤᠨ ᠠᠵᠢᠯ ᠶᠠᠪᠤᠳᠠᠯ ᠤᠨ ᠴᠢᠨᠠᠷᠲᠠᠢ | ᠳᠠᠷᠤᠭᠠᠰᠤ ᠶᠢ ᠬᠥᠩᠭᠡᠷᠡᠭᠦᠯᠦᠨ᠎ᠡ | ︵ᠨᠢᠭᠡ︶ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠶᠢᠨ ᠳᠦᠷᠢᠮ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠰᠢᠨᠵᠢᠯᠡᠬᠦ | ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠬᠡᠷᠡᠭᠴᠡᠭᠡ ᠪᠠᠨ ᠦᠨᠳᠦᠰᠦᠯᠡᠨ᠂ ᠰᠢᠨᠵᠢᠯᠡᠬᠦ ᠤᠬᠠᠭᠠᠨ ᠤ | ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠶᠢᠨ ᠳᠣᠲᠣᠭᠠᠳᠤ ᠬᠠᠮᠢᠶᠠᠷᠤᠯᠲᠠ ᠶᠢᠨ ᠳᠦᠷᠢᠮ ᠢ | ᠲᠣᠭᠲᠠᠭᠠᠵᠤ᠂ ᠣᠯᠠᠨ ᠵᠦᠢᠯ ᠤᠨ ᠬᠡᠯᠪᠡᠷᠢ ᠪᠠᠷ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ | ᠲᠤᠰᠠᠯᠠᠭᠴᠢ ᠤᠷᠢᠨ ᠬᠡᠷᠡᠭᠯᠡᠬᠦ ᠶᠢ ᠡᠵᠡ ᠮᠡᠳᠡᠨ ᠰᠣᠩᠭᠤᠵᠤ᠂ ᠲᠥᠷᠥᠯ ᠵᠦᠢᠯ ᠨᠢᠭᠡ ᠪᠦᠷᠢ ᠳᠤ ᠬᠠᠷᠢᠴᠠᠩᠭᠤᠢ | ᠲᠣᠭᠲᠠᠪᠤᠷᠢᠲᠠᠢ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠲᠠᠢ ᠪᠠᠶᠢᠬᠤ ᠶᠢ | ᠦᠨᠡᠨ ᠬᠦ ᠪᠠᠲᠤᠯᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠲᠤ ᠲᠥᠰᠥᠪ ᠨᠠᠶᠢᠷᠠᠭᠤᠯᠤᠨ | ᠵᠣᠬᠢᠶᠠᠬᠤ᠂ ᠵᠠᠷᠤᠳᠠᠯ ᠤᠨ ᠲᠠᠩᠰᠠ ᠲᠠᠶᠢᠯᠬᠤ ᠵᠡᠷᠭᠡ ᠲᠠᠯ᠎ᠠ ᠪᠠᠷ ᠲᠤᠰᠬᠠᠶᠢᠵᠢᠭᠰᠠᠨ ᠦᠢᠯᠡᠴᠢᠯᠡᠭᠡ ᠬᠠᠩᠭᠠᠨ᠎ᠠ᠃ | ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠤᠷᠢᠨ ᠬᠡᠷᠡᠭᠯᠡᠬᠦ ᠳᠤ ᠬᠡᠷᠡᠭᠰᠡᠬᠦ | ᠬᠥᠮᠥᠨ ᠤ ᠬᠦᠴᠦᠨ ᠤ ᠥᠪᠡᠷ ᠤᠨ ᠥᠷᠲᠡᠭ ᠤᠨ ᠵᠠᠷᠤᠳᠠᠯ ︵ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠭᠲᠠᠨ᠎ᠠ︶ ᠢ ᠲᠥᠷᠥᠯ ᠵᠦᠢᠯ ᠢ ᠳᠠᠭᠠᠭᠠᠨ | ᠬᠠᠷᠢᠭᠤᠴᠠᠬᠤ ᠨᠢᠭᠡᠴᠢ ᠨᠢ ᠪᠠᠶᠢᠳᠠᠯ ᠢᠶᠠᠨ ᠦᠨᠳᠦᠰᠦᠯᠡᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ | ᠵᠦᠢᠯ ᠤᠨ ᠵᠠᠷᠤᠳᠠᠯ ᠠᠴᠠ ᠭᠠᠷᠭᠠᠬᠤ ᠵᠡᠷᠭᠡ ᠠᠷᠭ᠎ᠠ ᠪᠠᠷ ᠨᠢᠭᠡᠳᠦᠯᠲᠡᠢ ᠲᠥᠯᠥᠪᠯᠡᠨ ᠰᠢᠢᠳᠪᠦᠷᠢᠯᠡᠵᠦ ᠪᠣᠯᠣᠨ᠎ᠠ᠃ ︵ | ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠡᠳ᠋ ᠤᠨ ᠶᠠᠪᠤᠳᠠᠯ ᠤᠨ ᠲᠠᠩᠰᠠ ᠲᠠᠶᠢᠯᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠢ | ᠰᠠᠶᠢᠵᠢᠷᠠᠭᠤᠯᠤᠨ᠎ᠠ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠰᠢᠨᠵᠢᠯᠡᠬᠦ ᠤᠬᠠᠭᠠᠨ ᠤ | ᠰᠤᠳᠤᠯᠤᠯ ᠤᠨ ᠪᠣᠳᠠᠲᠤ ᠬᠡᠷᠡᠭᠴᠡᠭᠡ ᠳᠤ ᠨᠡᠶᠢᠴᠡᠭᠰᠡᠨ ᠳᠣᠲᠣᠭᠠᠳᠤ ᠶᠢᠨ ᠲᠠᠩᠰᠠ ᠲᠠᠶᠢᠯᠬᠤ ᠲᠣᠭᠲᠠᠭᠠᠯ ᠢ | ᠲᠣᠭᠲᠠᠭᠠᠨ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠪᠣᠳᠠᠲᠤ ᠬᠡᠷᠡᠭᠴᠡᠭᠡᠨ ᠠᠴᠠ ᠪᠣᠯᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠲᠤᠰᠬᠠᠢ ᠮᠡᠷᠭᠡᠵᠢᠯᠲᠡᠳ᠂ ᠡᠷᠳᠡᠮᠲᠡᠳ ᠪᠠ ᠬᠤᠯᠪᠣᠭᠳᠠᠯ ᠪᠦᠬᠦᠢ | ᠬᠥᠮᠥᠰ ᠢ ᠭᠤᠣᠯᠯᠠᠨ ᠡᠷᠭᠢᠯᠡᠭᠰᠡᠨ ᠬᠤᠷᠠᠯ ᠵᠡᠷᠭᠡ ᠳᠤ ᠪᠠᠨ ᠤᠷᠢᠨ ᠣᠷᠣᠯᠴᠠᠭᠤᠯᠬᠤ ᠳᠤ ᠭᠠᠷᠤᠭᠰᠠᠨ ᠵᠠᠪᠠᠯ | ᠬᠠᠷᠢᠭᠤᠴᠠᠬᠤ ᠴᠢᠬᠤᠯᠠᠲᠠᠢ ᠬᠤᠲᠠ ᠬᠤᠭᠤᠷᠣᠨᠳᠣᠬᠢ ᠪᠠ ᠤᠯᠤᠰ ᠬᠤᠭᠤᠷᠣᠨᠳᠣᠬᠢ ᠵᠠᠮ ᠬᠠᠷᠢᠯᠴᠠᠭᠠᠨ ᠤ | ᠵᠠᠷᠤᠳᠠᠯ ᠢ ᠬᠤᠷᠠᠯ ᠤᠨ ᠵᠠᠷᠤᠳᠠᠯ ᠵᠡᠷᠭᠡ ᠠᠴᠠ ᠭᠠᠷᠭᠠᠵᠤ ᠪᠣᠯᠣᠨ᠎ᠠ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ | ᠨᠢᠭᠡᠴᠢ ᠶᠢᠨ ᠬᠢᠨ ᠤᠯᠤᠰ ᠤᠨ ᠳᠣᠲᠣᠭᠠᠳᠤ ᠶᠢᠨ ᠵᠠᠮ ᠤᠨ ᠵᠠᠷᠤᠳᠠᠯ ᠤᠨ ᠳᠣᠲᠣᠷᠠᠬᠢ ᠬᠤᠭᠤᠯᠠᠨ ᠤ ᠨᠥᠬᠦᠪᠦᠷᠢ᠂ | ᠬᠤᠲᠠ ᠶᠢᠨ ᠳᠣᠲᠣᠷᠠᠬᠢ ᠵᠠᠮ ᠬᠠᠷᠢᠯᠴᠠᠭᠠᠨ ᠤ ᠵᠠᠷᠤᠳᠠᠯ ᠪᠠ ᠪᠠᠷᠢᠮᠲᠠ ᠣᠯᠬᠤ ᠳᠤ ᠬᠦᠴᠢᠷᠲᠡᠢ ᠬᠤᠨᠤᠭ ᠤᠨ | ᠵᠠᠷᠤᠳᠠᠯ ᠳᠤ ᠳᠠᠭᠠᠭᠠᠴᠢᠯᠠᠯᠲᠠ ᠶᠢᠨ ᠳᠦᠷᠢᠮ ᠬᠡᠷᠡᠭᠵᠢᠭᠦᠯᠬᠦ ᠶᠢ ᠵᠥᠪᠰᠢᠶᠡᠷᠡᠨ᠎ᠡ᠃ ︵ᠲᠥᠷᠥᠯ ᠵᠦᠢᠯ ᠢ ᠳᠠᠭᠠᠭᠠᠨ | ᠬᠠᠷᠢᠭᠤᠴᠠᠬᠤ ᠨᠢᠭᠡᠴᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠭᠤᠷᠪᠠ︶ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠴᠠᠭᠠᠰᠤ ᠬᠡᠷᠡᠭᠯᠡᠬᠦ ᠦᠭᠡᠢ ᠪᠠᠷ ᠲᠠᠩᠰᠠ | ᠲᠠᠶᠢᠯᠬᠤ ᠲᠤᠷᠰᠢᠯᠲᠠ ᠶᠢᠨ ᠴᠡᠭ ᠢ ᠬᠡᠷᠡᠭᠵᠢᠭᠦᠯᠦᠨ᠎ᠡ᠃ ᠡᠯᠧᠺᠳ᠋ᠷᠣᠨ ᠫᠢᠶᠣᠣ ᠪᠠᠷᠢᠮᠲᠠ ᠶᠢ ᠭᠥᠯᠢᠶᠡᠨ ᠠᠪᠬᠤ᠂ | ᠲᠠᠩᠰᠠᠨ ᠳᠤ ᠣᠷᠣᠭᠤᠯᠬᠤ᠂ ᠲᠠᠩᠰᠠ ᠡᠪᠬᠡᠮᠡᠯ ᠳᠤ ᠣᠷᠣᠭᠤᠯᠤᠨ ᠰᠢᠢᠳᠪᠦᠷᠢᠯᠡᠬᠦ ᠠᠵᠢᠯ ᠤᠨ ᠬᠡᠮᠵᠢᠶ᠎ᠡ ᠪᠠᠷ | ᠨᠡᠯᠢᠶᠡᠳ ᠶᠡᠭᠡ ᠪᠠᠶᠢᠳᠠᠭ ᠬᠡᠰᠡᠭ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠤ ᠠᠬᠤᠶᠢᠯᠠᠯ ᠢ ᠰᠣᠩᠭᠤᠨ᠂ ᠲᠠᠩᠰᠠᠨ ᠳᠤ | ᠣᠷᠣᠭᠤᠯᠤᠭᠰᠠᠨ ᠡᠯᠧᠺᠳ᠋ᠷᠣᠨ ᠭᠡᠷᠡᠴᠢ ᠪᠠᠷᠢᠮᠲᠠ ᠶᠢ ᠨᠢᠭᠲᠠᠯᠠᠨ ᠪᠣᠳᠣᠬᠤ ᠲᠤᠭ᠎ᠠ ᠪᠠᠷᠢᠮᠲᠠ ᠶᠢᠨ ᠪᠠᠷᠢᠮᠵᠢᠶ᠎ᠠ ᠶᠢ | ᠳᠡᠯᠭᠡᠷᠡᠭᠦᠯᠬᠦ ᠬᠡᠪᠴᠢᠶᠡᠨ ᠳᠤ ᠣᠷᠣᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠲᠠᠩᠰᠠ | ᠲᠠᠶᠢᠯᠬᠤ ᠶᠢ ᠲᠣᠭᠠᠵᠢᠭᠤᠯᠬᠤ᠂ ᠴᠠᠭᠠᠰᠤ ᠬᠡᠷᠡᠭᠯᠡᠬᠦ ᠦᠭᠡᠢ ᠪᠣᠯᠭᠠᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ | ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠳᠥᠷᠪᠡ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠰᠢᠯᠭᠠᠨ ᠬᠤᠷᠢᠶᠠᠵᠤ ᠠᠪᠬᠤ | ᠰᠤᠳᠤᠯᠭᠠᠨ ᠤ ᠰᠡᠳᠦᠪ ᠢ ᠲᠡᠭᠦᠰᠬᠡᠬᠦ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠬᠢᠯᠪᠠᠷᠴᠢᠯᠠᠨ᠎ᠠ᠃ ᠡᠳ᠋ ᠤᠨ | ᠶᠠᠪᠤᠳᠠᠯ ᠪᠠ ᠮᠡᠷᠭᠡᠵᠢᠯ ᠤᠨ ᠰᠢᠯᠭᠠᠨ ᠬᠤᠷᠢᠶᠠᠨ ᠠᠪᠤᠯᠲᠠ ᠶᠢ ᠨᠡᠶᠢᠯᠡᠭᠦᠯᠵᠦ᠂ ᠠᠮᠵᠢᠯᠲᠠ ᠪᠦᠲᠦᠮᠵᠢ ᠶᠢᠨ | ᠶᠡᠷᠦᠩᠬᠡᠶᠢᠯᠡᠭᠰᠡᠨ ᠦᠨᠡᠯᠡᠯᠲᠡ ᠶᠢ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭᠠᠨ ᠤ ᠡᠴᠦᠰ ᠲᠤ ᠨᠢᠭᠡ ᠯᠠ | ᠤᠳᠠᠭ᠎ᠠ ᠶᠢᠨ ᠴᠢᠨᠠᠷᠲᠠᠢ ᠬᠢᠨ᠎ᠡ᠃ ᠲᠦᠷᠦᠯ ᠵᠦᠢᠯ ᠢ ᠰᠢᠯᠭᠠᠨ ᠬᠤᠷᠢᠶᠠᠵᠤ ᠠᠪᠬᠤ ᠪᠠ ᠰᠢᠨᠵᠢᠯᠡᠬᠦ ᠤᠬᠠᠭᠠᠨ ᠤ | ᠰᠤᠳᠤᠯᠤᠯ ᠤᠨ ᠰᠡᠳᠦᠪ ᠢ ᠲᠡᠭᠦᠰᠬᠡᠬᠦ ᠠᠵᠢᠯᠯᠠᠭᠠᠨ ᠤ ᠵᠦᠭᠯᠡᠭᠦᠷ ᠢ ᠲᠡᠭᠦᠯᠳᠡᠷᠵᠢᠭᠦᠯᠵᠦ᠂ ᠲᠥᠰᠥᠪ ᠤᠨ | ᠲᠣᠬᠢᠷᠠᠭᠤᠯᠤᠯᠲᠠ᠂ ᠲᠥᠬᠦᠭᠡᠷᠦᠮᠵᠢ ᠶᠢᠨ ᠬᠠᠮᠢᠶᠠᠷᠤᠯᠲᠠ᠂ ᠠᠵᠢᠯᠲᠠᠨ ᠤ ᠵᠠᠷᠤᠳᠠᠯ ᠵᠡᠷᠭᠡ ᠡᠳ᠋ ᠤᠨ ᠶᠠᠪᠤᠳᠠᠯ᠂ | ᠨᠢᠭᠲᠠᠯᠠᠨ ᠪᠤᠳᠤᠬᠤ᠂ ᠬᠢᠨᠠᠨ ᠪᠤᠳᠤᠬᠤ ᠲᠠᠯ᠎ᠠ ᠶᠢᠨ ᠪᠣᠳᠠᠲᠠᠢ ᠱᠠᠭᠠᠷᠳᠠᠯᠭ᠎ᠠ ᠨᠤᠭᠤᠳ ᠢ ᠨᠠᠷᠢᠯᠢᠭᠵᠢᠭᠤᠯᠤᠨ | ᠲᠣᠳᠣᠷᠬᠠᠶᠢᠯᠠᠵᠤ᠂ ᠬᠤᠯᠪᠣᠭᠳᠠᠯ ᠪᠦᠬᠦᠢ ᠪᠠᠶᠢᠭᠤᠯᠤᠮᠵᠢ ᠪᠠ ᠠᠵᠢᠯᠲᠠᠨ ᠲᠥᠷᠥᠯ ᠵᠦᠢᠯ ᠢ ᠰᠢᠯᠭᠠᠨ ᠬᠤᠷᠢᠶᠠᠵᠤ | ᠠᠪᠬᠤ ᠪᠠ ᠪᠠᠶᠢᠴᠠᠭᠠᠬᠤ ᠳᠤ ᠪᠠᠨ ᠲᠥᠷᠥ ᠶᠢᠨ ᠪᠣᠳᠣᠯᠭ᠎ᠠ ᠶᠢ ᠠᠳᠡᠭᠦᠦ ᠣᠶᠢᠯᠠᠭᠠᠨ ᠪᠤᠷᠤᠭᠤ ᠬᠡᠷᠡᠭᠵᠢᠭᠦᠯᠬᠦ ᠠᠴᠠ | ᠵᠠᠶᠢᠯᠠᠰᠬᠢᠨ᠎ᠡ᠃ ᠰᠢᠨ᠎ᠡ ᠶᠢ ᠡᠭᠦᠳᠬᠦ ᠴᠢᠳᠠᠪᠤᠷᠢ ᠪᠠ ᠳᠠᠯᠳᠠ ᠬᠦᠴᠦᠨ ᠢᠶᠠᠷ ᠲᠣᠪᠤᠶᠢᠮ᠎ᠠ᠂ ᠰᠢᠨ᠎ᠡ ᠶᠢ ᠡᠭᠦᠳᠦᠭᠰᠡᠨ | ᠠᠵᠢᠯ ᠤᠨ ᠠᠮᠵᠢᠯᠲᠠ ᠪᠦᠲᠦᠮᠵᠢ ᠢᠯᠡᠳᠲᠡ᠂ ᠰᠢᠨᠵᠢᠯᠡᠬᠦ ᠤᠬᠠᠭᠠᠨ ᠤ ᠰᠤᠳᠤᠯᠤᠯ ᠳᠤ ᠪᠠᠨ ᠦᠨᠡᠨᠴᠢ | ᠢᠲᠡᠭᠡᠮᠵᠢᠲᠡᠢ ᠬᠡᠰᠡᠭ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ | ᠠᠵᠤ ᠠᠬᠤᠶᠢᠯᠠᠯ ᠢ ᠰᠣᠩᠭᠤᠨ ᠲᠤᠷᠰᠢᠯᠲᠠ ᠶᠢᠨ ᠨᠢᠭᠡᠴᠢ ᠪᠣᠯᠭᠠᠵᠤ᠂ ᠲᠡᠳᠡᠨᠦᠰ ᠤᠨ ᠭᠠᠷᠭᠠᠭᠰᠠᠨ ᠰᠢᠨᠵᠢᠯᠡᠬᠦ | ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠤᠨ ᠲᠥᠰᠥᠪ ᠤᠨ ᠭᠦᠢᠴᠡᠳᠬᠡᠯ ᠮᠡᠳᠡᠭᠦᠯᠬᠦ | ᠬᠦᠰᠦᠨᠦᠭᠲᠦ ᠪᠠᠷ ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠲᠡᠭᠦᠰᠬᠡᠬᠦ ᠦᠨᠳᠦᠰᠦᠯᠡᠯ ᠪᠣᠯᠭᠠᠵᠤ᠂ | ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠰᠡᠳᠦᠪ ᠲᠡᠭᠦᠰᠬᠡᠬᠦ ᠡᠳ᠋ ᠤᠨ ᠶᠠᠪᠤᠳᠠᠯ ᠤᠨ ᠬᠢᠨᠠᠨ | ᠪᠣᠳᠣᠯᠲᠠ ᠶᠢ ᠬᠦᠴᠦᠨ ᠦᠭᠡᠢ ᠪᠣᠯᠭᠠᠨ᠎ᠠ᠃ ᠲᠤᠷᠰᠢᠯᠲᠠ ᠶᠢᠨ ᠴᠡᠭ ᠪᠣᠯᠬᠤ ᠨᠢᠭᠡᠴᠢ ᠨᠦᠭᠦᠳ ᠨᠢ ᠵᠠᠷᠤᠳᠠᠯ ᠤᠨ | ᠲᠥᠰᠥᠪ ᠤᠨ ᠭᠦᠢᠴᠡᠳᠬᠡᠯ ᠮᠡᠳᠡᠭᠦᠯᠬᠦ ᠬᠦᠰᠦᠨᠦᠭᠲᠦ ᠶᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ | ᠣᠨᠣᠪᠴᠢᠲᠤ ᠴᠢᠨᠠᠷ ᠲᠤ ᠬᠠᠷᠢᠭᠤᠴᠠᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠰᠤᠭᠤᠴᠢᠨ ᠪᠠᠶᠢᠴᠠᠭᠠᠬᠤ ᠠᠵᠢᠯ ᠢ ᠲᠣᠬᠢᠷᠠᠮᠵᠢᠲᠠᠢ ᠴᠠᠭ ᠲᠤ ᠨᠢ ᠵᠣᠬᠢᠶᠠᠨ ᠪᠠᠶᠢᠭᠤᠯᠤᠨ᠎ᠠ᠃ ︵ᠲᠥᠷᠥᠯ ᠵᠦᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠲᠠᠪᠤ︶ ᠰᠢᠨᠵᠢᠯᠡᠬᠦ ᠤᠬᠠᠭᠠᠨ ᠤ ᠰᠤᠳᠤᠯᠤᠯ ᠤᠨ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ | ᠠᠵᠢᠯ ᠢ ᠬᠢᠯᠪᠠᠷᠴᠢᠯᠠᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ ᠤᠨ ᠰᠤᠳᠤᠯᠭᠠᠨ ᠤ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠳᠤ ᠰᠢᠨ᠎ᠡ ᠶᠢ ᠡᠭᠦᠳᠦᠨ᠎ᠡ᠃ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠤᠳ ᠰᠤᠳᠤᠯᠭᠠᠨ ᠤ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ | ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠬᠤᠳᠠᠯᠳᠤᠨ ᠠᠪᠬᠤ ᠬᠥᠮᠥᠨ ᠬᠠᠷᠢᠭᠤᠴᠠᠬᠤ︾ | ᠵᠠᠷᠴᠢᠮ ᠶᠣᠰᠣᠭᠠᠷ᠂ ᠬᠤᠳᠠᠯᠳᠤᠨ ᠠᠪᠤᠭᠴᠢ ᠬᠤᠳᠠᠯᠳᠤᠨ ᠠᠪᠬᠤ ᠱᠠᠭᠠᠷᠳᠠᠯᠭ᠎ᠠ ᠪᠠ ᠬᠤᠳᠠᠯᠳᠤᠨ ᠠᠪᠤᠭᠰᠠᠨ | ᠦᠷ᠎ᠡ ᠳ᠋ᠦᠩ ᠳᠤ ᠬᠠᠷᠢᠭᠤᠴᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠳᠣᠲᠣᠭᠠᠳᠤ ᠶᠢᠨ ᠬᠢᠨᠠᠨ ᠵᠥᠪᠰᠢᠶᠡᠷᠡᠬᠦ | ᠴᠤᠪᠤᠷᠠᠯ ᠢ ᠴᠣᠮᠬᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠬᠤᠳᠠᠯᠳᠤᠨ ᠠᠪᠬᠤ ᠰᠦᠯᠵᠢᠶ᠎ᠡ︾ ᠠᠴᠠ ᠵᠢᠭᠠᠨ ᠲᠣᠭᠲᠠᠭᠠᠭᠰᠠᠨ ᠵᠠᠭᠤᠴᠢᠯᠠᠭᠤᠷ ᠪᠠ ᠲᠤᠰᠬᠠᠢ ᠰᠦᠯᠵᠢᠶᠡᠨ ᠤ | ᠳᠠᠪᠠᠭᠤᠯᠢᠭ ᠢ ᠭᠦᠢᠴᠡᠳ ᠠᠰᠢᠭᠯᠠᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠲᠤ ᠬᠤᠳᠠᠯᠳᠤᠨ ᠠᠪᠬᠤ ᠮᠡᠳᠡᠭᠡ ᠵᠠᠩᠭᠢ ᠶᠢ ᠢᠯᠡ ᠨᠡᠶᠢᠲᠡᠯᠡᠬᠦ ᠠᠷᠭ᠎ᠠ ᠵᠠᠮ ᠬᠠᠩᠭᠠᠨ᠎ᠠ︔ | ᠨᠢᠭᠡᠨᠲᠡ ᠪᠠᠶᠢᠭᠤᠯᠤᠭᠳᠠᠭᠰᠠᠨ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠲᠠᠪᠴᠠᠩ ᠤᠨ ᠳᠠᠪᠠᠭᠤᠯᠢᠭ ᠢ | ᠠᠰᠢᠭᠯᠠᠨ ᠪᠠᠭ᠎ᠠ ᠬᠡᠮᠵᠢᠶᠡᠨ ᠤ ᠵᠢᠵᠢᠭ ᠰᠠᠵᠢᠭ ᠰᠤᠳᠤᠯᠭᠠᠨ ᠤ ᠬᠡᠮᠵᠢᠭᠦᠷᠯᠢᠭ ᠲᠥᠬᠦᠭᠡᠷᠦᠮᠵᠢ ᠪᠠ ᠬᠤᠷᠣᠭᠳᠠᠯ | ᠮᠠᠲ᠋ᠧᠷᠢᠶᠠᠯ ᠬᠤᠳᠠᠯᠳᠤᠨ ᠠᠪᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨ ᠤ ᠰᠤᠳᠤᠯᠤᠯ ᠳᠤ ᠪᠠᠴᠢᠮ ᠬᠡᠷᠡᠭᠰᠡᠬᠦ ᠲᠥᠬᠦᠭᠡᠷᠦᠮᠵᠢ ᠪᠠ ᠬᠤᠷᠣᠭᠳᠠᠯ ᠮᠠᠲ᠋ᠧᠷᠢᠶᠠᠯ ᠳᠤ ︽ | ᠣᠨᠴᠠᠭᠠᠶ ᠬᠡᠷᠡᠭ ᠢ ᠣᠨᠴᠠᠭᠠᠶ ᠰᠢᠢᠳᠪᠦᠷᠢᠯᠡᠬᠦ᠂ ᠪᠠᠴᠢᠮ ᠬᠡᠷᠡᠭ ᠢ ᠪᠠᠴᠢᠮ ᠰᠢᠢᠳᠪᠦᠷᠢᠯᠡᠬᠦ︾ ᠬᠤᠳᠠᠯᠳᠤᠨ ᠠᠪᠬᠤ | ᠲᠣᠭᠲᠠᠴᠠ ᠶᠢ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠬᠤ ᠠᠯᠬᠤᠮ | ᠳᠠᠷᠠᠭᠠᠯᠠᠯ ᠢᠶᠠᠷ ᠶᠠᠪᠤᠭᠤᠯᠬᠤ ᠦᠭᠡᠢ ᠪᠠᠶᠢᠵᠤ ᠪᠣᠯᠣᠨ᠎ᠠ᠃ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ | ᠬᠡᠮᠵᠢᠶᠡᠨ ᠤ ᠪᠠᠷᠢᠮᠵᠢᠶ᠎ᠠ ᠳᠤ ᠬᠦᠷᠦᠭᠰᠡᠨ ᠪᠣᠯᠪᠠᠴᠤ ᠳᠠᠭᠠᠭᠠᠴᠢᠯᠠᠯᠲᠠ ᠵᠠᠷᠯᠠᠬᠤ ᠪᠤᠰᠤ ᠠᠷᠭ᠎ᠠ ᠮᠠᠶ᠋ᠢᠭ ᠢ | ᠬᠡᠷᠡᠭᠯᠡᠭᠰᠡᠨ ᠳᠤ ᠨᠢ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠡᠳ᠋ ᠤᠨ ᠵᠠᠰᠠᠭ ᠤᠨ ᠰᠠᠯᠠᠭ᠎ᠠ | ᠮᠥᠴᠢᠷ ᠲᠤ ᠬᠠᠤᠯᠢ ᠶᠣᠰᠣᠭᠠᠷ ᠭᠤᠶᠤᠴᠢᠯᠠᠯ ᠭᠠᠷᠭᠠᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠣᠭᠲᠠᠭᠰᠠᠨ | ᠴᠠᠭ ᠲᠤ ᠭᠦᠢᠴᠡᠳᠬᠡᠵᠦ ᠳᠠᠭᠤᠰᠬᠠᠬᠤ ᠳᠦᠷᠢᠮ ᠢ ᠬᠡᠷᠡᠭᠵᠢᠭᠦᠯᠦᠨ᠎ᠡ᠂ ᠵᠠᠷᠴᠢᠮ ᠳᠡᠭᠡᠷ᠎ᠡ ᠪᠠᠨ ᠭᠤᠶᠤᠴᠢᠯᠠᠯ ᠢ | ᠣᠯᠣᠭᠰᠠᠨ ᠤ ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠬᠡᠷᠡᠭᠲᠡᠢ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ | ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠠᠵᠢᠯ ᠢ ᠰᠤᠳᠤᠯᠤᠨ ᠠᠬᠢᠭᠤᠯᠵᠤ᠂ | ᠪᠤᠰᠤᠳ ᠵᠦᠢᠯ ᠵᠤᠷᠪᠤᠰ ᠤᠳ ᠢ ᠤᠯᠠᠮ ᠨᠢᠭᠡ ᠠᠯᠬᠤᠮ ᠲᠣᠳᠣᠷᠬᠠᠢ ᠲᠣᠭᠲᠠᠭᠠᠬᠤ ᠬᠡᠷᠡᠭᠲᠡᠢ᠃ ︵ᠲᠥᠷᠦᠯ | ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠲᠥᠷᠥᠯ ᠵᠦᠢᠯ ᠢ | ᠳᠠᠭᠠᠭᠠᠨ ᠬᠠᠷᠢᠭᠤᠴᠠᠬᠤ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠵᠢᠷᠭᠤᠭ᠎ᠠ︶ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ ᠠᠯᠪᠠᠨ ᠠᠵᠢᠯ ᠢᠶᠠᠷ ᠭᠠᠳᠠᠭᠠᠳᠤ ᠳᠤ | ︵ᠬᠢᠯᠢ ᠠᠴᠠ︶ ᠭᠠᠷᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠠᠶᠢᠵᠢᠷᠠᠭᠤᠯᠤᠨ᠎ᠠ᠃ ᠣᠯᠠᠨ ᠤᠯᠤᠰ ᠤᠨ | ᠬᠠᠮᠲᠤᠷᠠᠯᠴᠠᠭ᠎ᠠ ᠪᠠ ᠰᠣᠯᠢᠯᠴᠠᠭ᠎ᠠ ᠥᠷᠨᠢᠭᠦᠯᠬᠦ ᠠᠯᠪᠠᠨ ᠤ ᠠᠵᠢᠯ ᠢᠶᠠᠷ ᠭᠠᠳᠠᠭᠠᠳᠤ ᠳᠤ ︵ᠬᠢᠯᠢ ᠠᠴᠠ︶ ᠭᠠᠷᠬᠤ | ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠤᠨ ᠬᠠᠮᠢᠶᠠᠷᠤᠯᠲᠠ ᠶᠢ ᠵᠠᠰᠠᠭ ᠵᠠᠬᠢᠷᠭᠠᠨ ᠤ | ᠠᠵᠢᠯᠲᠠᠳ ᠤᠨ ᠠᠴᠠ ᠢᠯᠭᠠᠭ᠎ᠠ ᠲᠠᠢ ᠪᠠᠶᠢᠯᠭᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ | ᠡᠭᠦᠷᠭᠡ ᠬᠠᠷᠠᠯᠲᠠ ᠪᠠᠨ ᠪᠡᠶᠡᠯᠡᠭᠦᠯᠦᠭᠡᠳᠦᠢ ᠪᠠᠶᠢᠳᠠᠯ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠠᠴᠠ | ᠵᠠᠷᠤᠳᠠᠯ ᠭᠠᠷᠭᠠᠭᠰᠠᠨ ᠣᠯᠠᠨ ᠤᠯᠤᠰ ᠤᠨ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠶᠢ ᠲᠤᠬᠠᠶᠢᠯᠠᠭᠰᠠᠨ ᠠᠵᠢᠯ ᠢᠶᠠᠷ | ᠲᠤᠰᠠᠭᠠᠷ ᠬᠠᠮᠢᠶᠠᠷᠴᠤ᠂ ᠬᠡᠷᠡᠭᠴᠡᠭᠡ ᠪᠠᠨ ᠦᠨᠳᠦᠰᠦᠯᠡᠨ ᠠᠵᠢᠯ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ | ᠰᠤᠳᠤᠯᠤᠯ ᠤᠨ ᠵᠠᠷᠤᠳᠠᠯ ᠠᠴᠠ ᠭᠠᠷᠭᠠᠭᠰᠠᠨ ᠤᠯᠠᠨ ᠤᠯᠤᠰ ᠤᠨ ᠬᠠᠮᠲᠤᠷᠠᠯᠴᠠᠭ᠎ᠠ ᠪᠠ ᠰᠣᠯᠢᠯᠴᠠᠭᠠᠨ ᠤ ᠵᠠᠷᠤᠳᠠᠯ ᠢ | ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠪᠦᠷᠢᠳᠬᠡᠯ ᠤᠨ ᠬᠡᠪᠴᠢᠶᠡᠨ ᠳᠤ ᠣᠷᠣᠭᠤᠯᠬᠤ ᠦᠭᠡᠢ᠂ | ᠥᠰᠦᠯᠲᠡ ᠦᠭᠡᠢ ᠪᠠᠶᠢᠯᠭᠠᠬᠤ ᠱᠠᠭᠠᠷᠳᠠᠯᠭ᠎ᠠ ᠳᠤ ᠬᠢᠵᠠᠭᠠᠷᠯᠠᠭᠳᠠᠬᠤ ᠦᠭᠡᠢ᠃ ︵ᠲᠥᠷᠦᠯ ᠵᠦᠢᠯ ᠢ ᠳᠠᠭᠠᠭᠠᠨ | ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ᠵᠢᠷᠭᠤᠭ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠵᠠᠰᠠᠭ ᠤᠨ ᠵᠠᠷᠤᠳᠠᠯ ᠳᠠᠬᠢ | ᠣᠷᠣᠭᠤᠯᠤᠯᠲᠠ ᠶᠢ ᠳᠡᠮᠵᠢᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ | ︵ᠨᠢᠭᠡ︶ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠵᠠᠰᠠᠭ ᠤᠨ ᠵᠠᠷᠤᠳᠠᠯ ᠳᠠᠬᠢ | ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠎ᠡ᠃ ᠡᠳ᠋ ᠤᠨ ᠵᠠᠰᠠᠭ ᠤᠨ ᠵᠠᠷᠤᠳᠠᠯ ᠤᠨ ᠬᠥᠰᠢᠭᠦᠷᠭᠡ ᠶᠢᠨ | ᠨᠥᠯᠥᠭᠡᠯᠡᠯ ᠪᠠ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠣᠷᠤᠯᠴᠠᠬᠤ ᠶᠢ ᠬᠥᠲᠥᠯᠥᠨ | ᠵᠢᠯᠤᠭᠤᠳᠴᠤ᠂ ᠮᠥᠩᠭᠦᠨ ᠭᠦᠢᠯᠭᠡᠭᠡᠨ ᠤ ᠪᠡᠯᠡ ᠮᠥᠩᠭᠦᠨ ᠤ ᠦᠢᠯᠡᠳᠦᠯ ᠢ ᠪᠠᠳᠠᠷᠠᠭᠤᠯᠤᠨ᠂ ᠠᠷᠠᠳ ᠤᠨ ᠳᠤᠮᠳᠠᠬᠢ | ᠬᠥᠷᠥᠩᠭᠡ ᠶᠢ ᠲᠠᠲᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ | ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠥᠷᠥᠯ ᠤᠨ ᠰᠠᠭᠤᠷᠢ ᠮᠥᠩᠭᠦ ᠶᠢ ᠰᠠᠶᠢᠲᠤᠷ ᠠᠰᠢᠭᠯᠠᠨ᠂ ᠡᠯ᠎ᠡ ᠲᠥᠷᠥᠯ ᠤᠨ ᠨᠡᠶᠢᠭᠡᠮ ᠤᠨ ᠬᠥᠷᠥᠩᠭᠡ ᠶᠢ | ᠳᠠᠶᠢᠴᠢᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠳᠤ ᠪᠡᠯᠡ ᠣᠷᠣᠭᠤᠯᠵᠤ᠂ ᠨᠡᠶᠢᠭᠡᠮ ᠤᠨ | ᠬᠦᠴᠦᠨ ᠪᠠ ᠣᠷᠣᠨ ᠨᠤᠲᠤᠭ ᠤᠨ ᠵᠠᠰᠠᠭ ᠤᠨ ᠣᠷᠳᠣᠨ ᠢ ᠲᠠᠲᠠᠵᠤ ᠪᠠᠶᠢᠭᠠᠳᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠠᠬᠤᠶᠢᠯᠠᠯ ᠢ ᠲᠡᠳᠬᠦᠬᠦ ᠡᠷᠴᠢᠮ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠪᠠ ᠬᠡᠷᠡᠭᠯᠡᠭᠡ ᠶᠢ ᠲᠦᠷᠭᠡᠳᠬᠡᠨ᠎ᠡ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠳᠤ ᠰᠢᠨ᠎ᠡ ᠶᠢ | ᠡᠭᠦᠳᠬᠦ ᠶᠢ ᠵᠣᠷᠢᠭᠵᠢᠭᠤᠯᠵᠤ᠂ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ ᠡᠷᠬᠡ᠂ ᠲᠤᠰᠬᠠᠢ ᠠᠰᠢᠭ ᠤᠨ ᠡᠷᠬᠡ᠂ | ᠬᠤᠷᠢᠶᠠᠪᠠᠰᠤ ᠵᠣᠬᠢᠬᠤ ᠲᠠᠩᠰᠠᠨ ᠵᠣᠭᠤᠰ ᠵᠡᠷᠭᠡ ᠳᠠᠨᠵᠢᠯᠠᠭ᠎ᠠ ᠲᠠᠢ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ | ᠢᠳᠡᠪᠬᠢᠲᠡᠢ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ | ᠬᠡᠷᠡᠭᠯᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠤ ᠰᠠᠭᠤᠷᠢ ᠰᠤᠳᠤᠯᠤᠯ ᠳᠤ | ᠣᠷᠣᠭᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠰ ᠪᠠ ᠠᠷᠠᠳ ᠤᠨ ᠠᠮᠢᠳᠤᠷᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠪᠥᠬᠦ | ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠳᠠᠪᠠᠭᠤᠯᠢᠭ ᠬᠦᠴᠦᠨ ᠢ ᠲᠠᠲᠠᠵᠤ ᠪᠠᠶᠢᠭᠠᠳ ᠨᠢᠭᠡ ᠪᠦᠯᠦᠭ ︽ | ᠠᠮᠢᠨ ᠭᠤᠣᠯ︾ ᠮᠡᠷᠭᠡᠵᠢᠯ ᠢ ᠲᠥᠪᠯᠡᠷᠡᠭᠦᠯᠦᠨ ᠡᠵᠡᠮᠰᠢᠵᠦ᠂ ᠰᠠᠭᠤᠷᠢ ᠰᠤᠳᠤᠯᠤᠯ ᠬᠢᠭᠡᠳ ᠬᠡᠷᠡᠭᠴᠡᠭᠡ | ᠱᠠᠭᠠᠷᠳᠠᠯᠭ᠎ᠠ ᠶᠢᠨ ᠤᠳᠤᠷᠢᠳᠤᠮᠵᠢ ᠶᠢᠨ ᠰᠠᠶᠢᠨ ᠨᠥᠯᠦᠭᠡᠯᠡᠯᠴᠢᠯ ᠢ ᠠᠬᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ | ᠬᠥᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ︽ᠲᠥᠰᠥᠪ + | ᠠᠯᠳᠠᠭᠳᠠᠯ ᠲᠠᠢ ᠵᠦᠢᠯᠡᠰ ᠤᠨ ᠨᠠᠷᠢᠨ ᠲᠠᠩᠰᠠ︾ ᠶᠢᠨ ᠬᠠᠮᠢᠶᠠᠷᠤᠯᠲᠠ ᠶᠢᠨ ᠵᠠᠭᠪᠤᠷ ᠬᠡᠷᠡᠭᠵᠢᠭᠦᠯᠬᠦ ᠶᠢ ᠳᠡᠮᠵᠢᠨ᠎ᠡ᠃ | ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ | ᠬᠡᠷᠡᠭᠯᠡᠬᠦ ᠶᠢ ᠵᠣᠷᠢᠭᠵᠢᠭᠤᠯᠵᠤ᠂ ᠬᠡᠷᠡᠭ ᠡᠷᠬᠢᠯᠡᠭᠴᠢᠳ ᠤᠨ ᠵᠥᠪᠯᠡᠯ ︵ᠬᠡᠷᠡᠭ ᠮᠡᠳᠡᠭᠴᠢᠳ ᠤᠨ ᠵᠥᠪᠯᠡᠯ︶ ᠤᠨ | ᠤᠳᠤᠷᠢᠳᠤᠯᠭ᠎ᠠ ᠳᠣᠣᠷᠠᠬᠢ ᠬᠦᠷᠢᠶᠡᠯᠡᠩ ︵ᠭᠠᠵᠠᠷ︶ ᠤᠨ ᠳᠠᠷᠤᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ | ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠵᠠᠰᠠᠭ ᠤᠨ ᠵᠠᠷᠤᠳᠠᠯ ᠤᠨ ᠳᠡᠮᠵᠢᠯᠭᠡ ᠶᠢᠨ ᠠᠷᠭ᠎ᠠ ᠮᠠᠶ᠋ᠢᠭ ᠤᠨ | ᠲᠠᠯ᠎ᠠ ᠪᠠᠷ ᠰᠢᠨ᠎ᠡ ᠶᠢ ᠡᠭᠦᠳᠴᠦ᠂ ᠪᠡᠯᠡ ᠮᠥᠩᠭᠦᠨ ᠤ ᠲᠠᠯ᠎ᠠ ᠳᠤ ᠲᠣᠭᠲᠠᠪᠤᠷᠢᠲᠠᠢ ᠳᠡᠮᠵᠢᠯᠭᠡ ᠦᠵᠡᠭᠦᠯᠵᠦ᠂ | ᠠᠯᠳᠠᠭᠳᠠᠯ ᠲᠠᠢ ᠵᠦᠢᠯᠡᠰ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠡᠵᠡ | ᠮᠡᠳᠡᠨ ᠵᠠᠷᠤᠳᠠᠯ ᠬᠡᠷᠡᠭᠯᠡᠬᠦ ᠲᠠᠯ᠎ᠠ ᠪᠠᠷ ᠨᠡᠩ ᠶᠡᠭᠡ ᠡᠷᠬᠡ ᠣᠯᠭᠤᠨ᠎ᠠ᠃ ᠠᠮᠵᠢᠯᠲᠠ ᠪᠦᠲᠦᠮᠵᠢ ᠶᠢᠨ ᠦᠨᠡᠯᠡᠯᠲᠡ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠣᠷᠣᠭᠤᠯᠤᠯᠲᠠ᠂ ᠰᠢᠨ᠎ᠡ ᠶᠢ | ᠡᠭᠦᠳᠬᠦ ᠦᠢᠯᠡᠳᠪᠦᠷᠢᠯᠡᠯ ᠤᠨ ᠶᠠᠰᠤ ᠴᠢᠨᠠᠷ᠂ ᠦᠷ᠎ᠡ ᠪᠦᠲᠦᠭᠡᠯ ᠤᠨ ᠤᠯᠠᠷᠢᠭᠤᠯᠤᠯᠲᠠ᠂ ᠠᠩᠬᠠᠨ ᠤ | ᠡᠭᠦᠳᠦᠯᠲᠡ ᠶᠢᠨ ᠥᠷᠲᠡᠭ᠂ ᠪᠣᠳᠠᠲᠠᠢ ᠬᠤᠪᠢ ᠨᠡᠮᠡᠷᠢ᠂ ᠴᠢᠳᠠᠪᠤᠷᠢᠲᠠᠨ ᠢ ᠲᠥᠪᠯᠡᠷᠡᠭᠦᠯᠬᠦ ᠪᠠ ᠬᠥᠮᠥᠵᠢᠭᠦᠯᠬᠦ ᠵᠡᠷᠭᠡ | ᠲᠠᠯ᠎ᠠ ᠪᠠᠷ ᠭᠤᠣᠯᠯᠠᠭᠤᠯᠵᠤ ᠦᠨᠡᠯᠡᠨ ᠵᠢᠱᠢᠨ᠎ᠡ᠃ ᠣᠨᠴᠠᠭᠠᠶ ᠲᠣᠭᠲᠠᠭᠠᠯ ᠲᠠᠢ ᠠᠴᠠ ᠭᠠᠳᠠᠨ᠎ᠠ᠂ ᠡᠳ᠋ ᠤᠨ | ᠵᠠᠰᠠᠭ ᠤᠨ ᠪᠡᠯᠡ ᠮᠥᠩᠭᠦᠨ ᠤ ᠳᠡᠮᠵᠢᠯᠭᠡ ᠪᠠᠷ ᠪᠣᠶ ᠪᠣᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠵᠢᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ | ᠪᠠᠶᠢᠭᠤᠯᠤᠮᠵᠢ ᠠᠴᠠ ᠬᠠᠤᠯᠢ ᠶᠣᠰᠣᠭᠠᠷ ᠣᠯᠬᠤ᠂ ᠡᠵᠡ ᠮᠡᠳᠡᠨ ᠬᠤᠪᠢᠷᠠᠭᠤᠯᠬᠤ ᠪᠠ ᠳᠡᠯᠭᠡᠷᠡᠭᠦᠯᠦᠨ ᠬᠡᠷᠡᠭᠯᠡᠬᠦ ᠶᠢ | ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠬᠠᠷᠢᠭᠤᠴᠠᠨ ᠵᠢᠯᠣᠭᠤᠳᠤᠨ᠎ᠠ︶ | ᠲᠤᠯᠤᠭ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠬᠠᠯᠠᠨ ᠰᠠᠶᠢᠵᠢᠷᠠᠭᠤᠯᠤᠨ᠎ᠠ | ︵ᠨᠢᠭᠡ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠠᠵᠢᠯ ᠤᠨ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠶᠠᠪᠤᠴᠠ ᠶᠢ ᠴᠢᠬᠤᠯᠠᠴᠢᠯᠠᠵᠤ ᠪᠠᠶᠢᠭᠰᠠᠨ ᠠᠴᠠ ᠦᠷ᠎ᠡ ᠳ᠋ᠦᠩ ᠢ ᠴᠢᠬᠤᠯᠠᠴᠢᠯᠠᠬᠤ ᠲᠡᠶᠢᠰᠢ | ᠬᠤᠪᠢᠷᠠᠭᠤᠯᠵᠤ᠂ ᠲᠥᠷᠥᠯ ᠬᠤᠪᠢᠶᠠᠨ ᠠᠵᠢᠯ ᠤᠨᠠᠮᠵᠢᠯᠲᠠ ᠪᠦᠲᠦᠮᠵᠢ ᠦᠨᠡᠯᠡᠬᠦ ᠶᠢ ᠴᠢᠩᠭᠠᠳᠬᠠᠵᠤ᠂ ᠰᠠᠭᠤᠷᠢ | ᠰᠤᠳᠤᠯᠤᠯ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠷ᠎ᠡ ᠪᠦᠲᠦᠭᠡᠯ ᠤᠨ ᠤᠯᠠᠷᠢᠭᠤᠯᠤᠯᠲᠠ ᠵᠡᠷᠭᠡ ᠠᠳᠠᠯᠢ ᠪᠤᠰᠤ | ᠲᠥᠷᠥᠯ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠵᠦᠢᠯ ᠢᠯᠭᠠᠯ ᠳᠤ ᠵᠥᠷᠢᠶᠡᠴᠢᠯᠡᠭᠰᠡᠨ ᠠᠵᠢᠯ ᠤᠨ | ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ︔ | ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠠᠮᠵᠢᠯᠲᠠ | ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠲᠥᠷᠥᠯ ᠵᠦᠢᠯ ᠳᠤ ᠲᠣᠬᠢᠷᠠᠭᠤᠯᠤᠯᠲᠠ ᠬᠢᠬᠦ᠂ ᠦᠷᠭᠦᠯᠵᠢᠯᠡᠨ | ᠳᠡᠮᠵᠢᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠦᠭᠦᠳ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠰᠢᠨᠵᠢᠯᠡᠬᠦ ᠤᠬᠠᠭᠠᠨ ᠤ | ᠰᠤᠳᠤᠯᠤᠯ ᠤᠨ ᠡᠬᠢ ᠪᠠᠶᠠᠯᠢᠭ ᠢ ᠬᠥᠲᠥᠯᠥᠨ ᠵᠢᠯᠤᠭᠤᠳᠴᠤ ᠪᠠᠶᠢᠭᠠᠳ ᠰᠢᠯᠢᠳᠡᠭ ᠴᠢᠳᠠᠪᠤᠷᠢᠲᠠᠨ ᠪᠠ | ᠪᠦᠯᠬᠦᠮᠨᠡᠶᠢᠲᠡ ᠲᠡᠶᠢᠰᠢ ᠬᠡᠯᠪᠠᠶᠢᠯᠭᠡᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠡᠷᠡᠭᠯᠡᠯᠲᠡ ᠶᠢᠨ | ᠦᠷ᠎ᠡ ᠠᠰᠢᠭ ᠢ ᠳᠡᠭᠡᠭᠰᠢᠯᠡᠭᠦᠯᠦᠨ᠎ᠡ᠃ ︵ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ | ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠴᠢᠩᠭᠠᠷᠠᠭᠤᠯᠤᠨ᠎ᠠ᠃ ᠬᠢᠨᠠᠨ ᠪᠤᠳᠤᠬᠤ᠂ ᠡᠳ᠋ ᠤᠨ ᠵᠠᠰᠠᠭ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠪᠠ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠰ ᠪᠦᠷᠢ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠬᠢᠨᠠᠨ ᠪᠣᠳᠣᠯᠲᠠ ᠳᠤ ᠬᠢᠨᠠᠯᠲᠠ ᠲᠠᠯᠪᠢᠬᠤ᠂ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ ᠬᠢᠭᠡᠳ | ᠡᠳᠦᠷ ᠲᠤᠲᠤᠮ ᠤᠨ ᠬᠢᠨᠠᠯᠲᠠ ᠲᠠᠯᠪᠢᠬᠤ ᠶᠢᠨ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠨ᠂ ᠬᠢᠨᠠᠯᠲᠠ | ᠲᠠᠯᠪᠢᠬᠤ ᠨᠡᠶᠢᠯᠡᠮᠡᠯ ᠬᠦᠴᠦᠨ ᠢ ᠴᠢᠩᠭᠠᠷᠠᠭᠤᠯᠵᠤ᠂ ᠰᠠᠬᠢᠯᠭ᠎ᠠ ᠪᠠᠲᠤ ᠳᠦᠷᠢᠮ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠠᠵᠢᠯ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ | ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠪᠠ ᠪᠠᠶᠢᠴᠠᠭᠠᠯᠲᠠ ᠬᠢᠬᠦ ᠶᠢ ᠬᠡᠷᠡᠭᠵᠢᠭᠦᠯᠦᠨ᠂ ᠬᠢᠨᠠᠯᠲᠠ ᠲᠠᠯᠪᠢᠵᠤ | ᠪᠠᠶᠢᠴᠠᠭᠠᠭᠰᠠᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠵᠤ ᠬᠠᠮᠲᠤ ᠪᠠᠷ ᠭᠥᠷᠳᠡᠬᠦ ᠪᠠ ᠦᠷ᠎ᠡ ᠳ᠋ᠦᠩ ᠢ | ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠶᠠᠪᠤᠴᠠ ᠶᠢᠨ ᠪᠠᠶᠢᠴᠠᠭᠠᠯᠲᠠ ᠶᠢ ᠴᠥᠭᠡᠳᠬᠡᠵᠦ᠂ ᠲᠣᠮᠣ ᠳ᠋ᠠᠶᠢᠲ᠋ᠠ ᠵᠡᠷᠭᠡ | ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠶᠢ ᠭᠦᠢᠴᠡᠳ ᠠᠰᠢᠭᠯᠠᠨ᠂ ᠬᠢᠨᠠᠯᠲᠠ ᠲᠠᠯᠪᠢᠨ ᠪᠠᠶᠢᠴᠠᠭᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠬᠠᠤᠯᠢ ᠶᠢᠨ | ᠡᠷᠬᠡᠲᠡᠨ ᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ | ᠵᠠᠷᠤᠳᠠᠯ ᠤᠨ ᠬᠡᠷᠡᠭᠯᠡᠯᠲᠡ ᠶᠢ ᠬᠥᠳᠡᠯᠦᠩᠭᠦᠢ ᠪᠠᠷ ᠬᠢᠨᠠᠨ ᠬᠠᠮᠢᠶᠠᠷᠬᠤ ᠶᠢᠨ ᠬᠠᠮᠲᠤ ᠴᠠᠭ ᠲᠤᠬᠠᠢ ᠳᠤ ᠨᠢ | ᠰᠡᠷᠡᠮᠵᠢᠯᠡᠭᠦᠯᠦᠨ ᠰᠠᠨᠠᠭᠤᠯᠵᠤ᠂ ᠵᠠᠷᠤᠳᠠᠯ ᠢ ᠵᠦᠢ ᠵᠣᠬᠢᠰᠲᠠᠢ ᠵᠢᠷᠤᠮᠵᠢᠭᠤᠯᠤᠨ ᠬᠡᠷᠡᠭᠯᠡᠬᠦ ᠶᠢ ᠦᠨᠡᠨ ᠬᠦ ᠪᠠᠲᠤᠯᠠᠬᠤ | ᠬᠡᠷᠡᠭᠲᠡᠢ︔ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ | ᠠᠵᠢᠯᠲᠠᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠬᠠᠮᠢᠶᠠᠷᠴᠤ ᠬᠡᠷᠡᠭᠯᠡᠬᠦ ᠶᠠᠪᠤᠴᠠ ᠳᠤ ᠢᠯᠡᠷᠡᠭᠰᠡᠨ | ᠢᠲᠡᠭᠡᠮᠵᠢ ᠠᠯᠳᠠᠭᠰᠠᠨ ᠪᠠᠶᠢᠳᠠᠯ ᠢ ᠢᠲᠡᠭᠡᠮᠵᠢ ᠶᠢᠨ ᠲᠡᠮᠳᠡᠭᠯᠡᠯ ᠤᠨ ᠬᠠᠮᠢᠶᠠᠷᠤᠯᠲᠠ ᠳᠤ ᠣᠷᠣᠭᠤᠯᠵᠤ᠂ ᠬᠦᠨᠳᠦ | ᠨᠣᠴᠢᠲᠠᠢ ᠢᠲᠡᠭᠡᠮᠵᠢ ᠠᠯᠳᠠᠭᠰᠠᠨ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠪᠠ ᠵᠠᠯᠬᠠᠭᠠᠨ ᠴᠡᠭᠡᠷᠯᠡᠭᠦᠯᠦᠨ᠎ᠡ᠃ | ᠬᠠᠮᠢᠶ᠎ᠠ ᠪᠦᠬᠦᠢ ᠠᠯᠳᠠᠭᠳᠠᠯ ᠲᠠᠢ ᠵᠦᠢᠯᠡᠰ ᠤᠨ ᠨᠠᠷᠢᠨ ᠲᠠᠩᠰᠠ ᠶᠢ ᠰᠦᠪᠡᠭᠴᠢᠯᠡᠨ ᠲᠣᠭᠲᠠᠭᠠᠵᠤ᠂ ᠰᠢᠨᠵᠢᠯᠡᠬᠦ | ᠤᠬᠠᠭᠠᠨ ᠤ ᠰᠤᠳᠤᠯᠤᠯ ᠤᠨ ᠲᠦᠷᠦᠯ ᠵᠦᠢᠯ ᠤᠨ ᠵᠠᠷᠤᠳᠠᠯ ᠤᠨ ᠬᠡᠷᠡᠭᠯᠡᠯᠲᠡ ᠶᠢᠨ ᠴᠠᠭᠠᠵᠠᠯᠠᠬᠤ ᠴᠢᠨᠠᠷᠲᠠᠢ | ᠠᠵᠢᠯᠯᠠᠭ᠎ᠠ ᠶᠢ ᠲᠣᠳᠣᠷᠬᠠᠶᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠤᠯᠢ ᠴᠠᠭᠠᠵᠠ ᠬᠠᠤᠯᠢ | ᠲᠣᠭᠲᠠᠭᠠᠯ ᠪᠠ ᠠᠯᠳᠠᠭᠳᠠᠯ ᠲᠠᠢ ᠵᠦᠢᠯᠡᠰ ᠤᠨ ᠨᠠᠷᠢᠨ ᠲᠠᠩᠰᠠ ᠶᠢ ᠦᠨᠳᠦᠰᠦᠯᠡᠨ ᠪᠠᠶᠢᠴᠠᠭᠠᠬᠤ᠂ ᠬᠢᠨᠠᠨ | ᠲᠣᠭᠲᠠᠭᠠᠬᠤ᠂ ᠰᠢᠯᠭᠠᠨ ᠬᠤᠷᠢᠶᠠᠵᠤ ᠠᠪᠬᠤ᠂ ᠬᠢᠨᠠᠨ ᠪᠤᠳᠤᠬᠤ ᠠᠵᠢᠯ ᠬᠢᠵᠦ᠂ ᠲᠤᠰᠢᠶᠠᠯ ᠢᠶᠠᠨ ᠭᠦᠢᠴᠡᠳᠬᠡᠬᠦ ᠳᠤ | ᠣᠰᠣᠯ ᠪᠤᠷᠤᠭᠤ ᠦᠭᠡᠢ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠠᠴᠠ ᠬᠠᠷᠢᠭᠤᠴᠠᠯᠭ᠎ᠠ | ᠨᠡᠬᠡᠮᠵᠢᠯᠡᠬᠦ ᠠᠴᠠ ᠬᠡᠯᠲᠦᠷᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠦᠷᠦᠯ ᠵᠦᠢᠯ ᠢ ᠳᠠᠭᠠᠭᠠᠨ | ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ᠨᠠᠢᠮᠠ᠂ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ | ︵ᠨᠢᠭᠡ︶ ᠬᠠᠮᠢᠶ᠎ᠠ ᠪᠦᠬᠦᠢ ᠲᠣᠭᠲᠠᠭᠠᠯ ᠢ ᠴᠠᠭ ᠲᠤᠬᠠᠢ ᠳᠤ ᠨᠢ ᠢᠯᠭᠠᠷᠠᠭᠤᠯᠤᠨ ᠵᠠᠰᠠᠪᠤᠷᠢ ᠣᠷᠣᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠰᠠᠨᠠᠯ ᠤᠨ ᠵᠣᠷᠢᠭ ᠰᠠᠨᠠᠭ᠎ᠠ | ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠭᠤᠣᠯᠴᠢᠯᠠᠨ ᠬᠠᠮᠢᠶᠠᠷᠴᠤ ᠪᠦᠬᠦᠢ ᠥᠪᠡᠷᠲᠡᠭᠡᠨ ᠵᠠᠰᠠᠬᠤ ᠣᠷᠣᠨ ᠤ | ᠳᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠶᠢ | ᠴᠠᠭ ᠲᠤᠬᠠᠢ ᠳᠤ ᠨᠢᠡᠮᠬᠢᠯᠡᠨ ᠲᠢᠭᠯᠡᠬᠦ ᠶᠢᠨ ᠬᠠᠮᠲᠤ ᠵᠠᠰᠠᠪᠤᠷᠢ ᠣᠷᠣᠭᠤᠯᠬᠤ ᠬᠡᠷᠡᠭᠲᠡᠢ᠃ ᠲᠥᠷᠥᠯ ᠵᠦᠢᠯ ᠢ | ᠳᠠᠭᠠᠭᠠᠨ ᠬᠠᠷᠢᠭᠤᠴᠠᠬᠤ ᠨᠢᠭᠡᠴᠢ ᠨᠦᠭᠦᠳ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠬᠡᠷᠡᠭᠵᠢᠭᠦᠯᠬᠦ | ᠪᠠ ᠵᠠᠷᠤᠳᠠᠯ ᠢ ᠬᠠᠮᠢᠶᠠᠷᠴᠤ ᠬᠡᠷᠡᠭᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠬᠢᠭᠡᠳ ᠲᠡᠭᠦᠯᠳᠡᠷᠵᠢᠭᠦᠯᠦᠯᠲᠡ ᠶᠢ | ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠪᠣᠯᠪᠠᠰᠤᠷᠠᠯ ᠬᠢᠬᠦ ᠡᠷᠴᠢᠮ ᠢ | ᠴᠢᠩᠭᠠᠷᠠᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠰᠦᠯᠵᠢᠶᠡᠨ ᠥᠷᠲᠡᠭᠡ᠂ | ᠰᠢᠨ᠎ᠡ ᠵᠠᠭᠤᠴᠢᠯᠠᠭᠤᠷ ᠵᠡᠷᠭᠡ ᠣᠯᠠᠨ ᠵᠦᠢᠯ ᠤᠨ ᠠᠷᠭ᠎ᠠ ᠵᠠᠮ ᠵᠢᠴᠢ ᠲᠤᠰᠬᠠᠢ ᠪᠤᠯᠤᠩ ᠨᠡᠭᠡᠭᠡᠬᠦ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ ᠨᠡᠶᠢᠭᠡᠮ ᠳᠤ ᠣᠶᠢᠯᠠᠭᠠᠭᠤᠯᠬᠤ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ᠂ ᠡᠳ᠋ ᠤᠨ | ᠶᠠᠪᠤᠳᠠᠯ ᠤᠨ ᠠᠵᠢᠯᠲᠠᠳ᠂ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠨᠠᠷ᠂ | ᠬᠢᠨᠠᠨ ᠪᠤᠳᠤᠬᠤ ᠠᠵᠢᠯᠲᠠᠳ ᠵᠡᠷᠭᠡ ᠬᠥᠮᠥᠰ ᠲᠤ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠬᠦ ᠡᠷᠴᠢᠮ ᠢ | ᠴᠢᠩᠭᠠᠷᠠᠭᠤᠯᠵᠤ᠂ ᠭᠠᠷᠲᠠᠨ ᠭᠦᠢᠴᠡᠳᠬᠡᠵᠦ ᠦᠢᠯᠡᠴᠢᠯᠡᠵᠦ ᠴᠢᠳᠠᠪᠤᠷᠢ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵ᠭᠤᠷᠪᠠ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠵᠢᠯᠤᠭᠤᠳᠬᠤ ᠶᠢ | ᠴᠢᠩᠭᠠᠳᠬᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ | ᠲᠦᠷᠭᠡᠳᠬᠡᠵᠦ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠮᠦᠷᠳᠡᠨ ᠳᠠᠭᠠᠵᠤ ᠵᠢᠭᠠᠨ | ᠵᠢᠯᠤᠭᠤᠳᠬᠤ ᠪᠠᠨ ᠴᠢᠩᠭᠠᠳᠬᠠᠵᠤ᠂ ᠲᠦᠷᠦᠯ ᠵᠦᠢᠯ ᠢ ᠬᠠᠷᠢᠭᠤᠴᠠᠬᠤ ᠨᠢᠭᠡᠴᠢ ᠶᠢᠨ ᠰᠢᠨᠵᠢᠯᠡᠬᠦ ᠤᠬᠠᠭᠠᠨ ᠤ | ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠪᠠᠶᠢᠴᠠᠭᠠᠯᠲᠠ ᠬᠢᠬᠦ ᠶᠢ ᠲᠣᠬᠢᠷᠠᠮᠵᠢᠲᠠᠢ ᠴᠠᠭ ᠲᠤ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ | ᠪᠦᠬᠦᠢ ᠠᠰᠠᠭᠤᠳᠠᠯ ᠤᠳ ᠢ ᠴᠠᠭ ᠲᠤᠬᠠᠢ ᠳᠤ ᠨᠢ ᠢᠯᠡᠷᠡᠭᠦᠯᠬᠦ ᠶᠢᠨ ᠬᠠᠮᠲᠤ ᠵᠣᠬᠢᠴᠠᠭᠤᠯᠤᠨ ᠰᠢᠢᠳᠪᠦᠷᠢᠯᠡᠵᠦ᠂ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠬᠤᠯᠪᠣᠭᠳᠠᠯ | ᠪᠦᠬᠦᠢ ᠲᠤᠷᠰᠢᠯᠲᠠ ᠶᠢᠨ ᠳᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠮᠵᠢᠲᠠᠢ ᠴᠠᠭ ᠲᠤ ᠳ᠋ᠦᠩᠨᠡᠨ | ᠦᠨᠡᠯᠡᠵᠦ᠂ ᠪᠦᠲᠦᠮᠵᠢᠲᠡᠶ ᠲᠤᠷᠰᠢᠯᠭ᠎ᠠ ᠪᠠ ᠠᠷᠭ᠎ᠠ ᠬᠢᠳᠡᠯ ᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠬᠦ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵ᠳᠥᠷᠪᠡ︶ ᠰᠢᠨ᠎ᠡ ᠬᠠᠭᠤᠴᠢᠨ ᠲᠦᠷᠦ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠬᠤ ᠬᠡᠷᠡᠭᠲᠡᠢ᠃ ᠲᠤᠰ | ᠰᠠᠨᠠᠯ ᠢ ᠳᠠᠷᠤᠮᠠᠯᠯᠠᠨ ᠲᠠᠷᠬᠠᠭᠠᠬᠤ ᠦᠶ᠎ᠡ ᠳᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ | ᠬᠡᠷᠡᠭᠵᠢᠭᠦᠯᠬᠦ ᠬᠤᠭᠤᠴᠠᠭ᠎ᠠ ᠨᠢᠭᠡᠨᠲᠡ ᠳᠠᠭᠤᠰᠴᠤ᠂ ᠰᠤᠳᠤᠯᠤᠯ ᠤᠨ ᠰᠡᠳᠦᠪ ᠢ ᠰᠢᠯᠭᠠᠨ ᠬᠤᠷᠢᠶᠠᠵᠤ ᠠᠪᠬᠤ | ᠭᠤᠭᠴᠣᠭᠠᠨ ᠳᠤ ᠣᠷᠣᠭᠰᠠᠨ ᠲᠥᠷᠥᠯ ᠵᠦᠢᠯ ᠤᠨ ᠬᠠᠮᠢᠶ᠎ᠠ ᠪᠦᠬᠦᠢ ᠵᠠᠷᠤᠳᠠᠯ ᠤᠨ ᠬᠠᠮᠢᠶᠠᠷᠤᠯᠲᠠ ᠪᠠ ᠵᠠᠷᠤᠯᠭ᠎ᠠ ᠶᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ | ᠤᠬᠠᠭᠠᠨ ᠤ ᠰᠤᠳᠤᠯᠤᠯ ᠤᠨ ᠲᠦᠷᠦᠯ ᠵᠦᠢᠯ ᠤᠨ ᠵᠠᠷᠤᠳᠠᠯ ᠤᠨ ᠬᠠᠮᠢᠶᠠᠷᠤᠯᠲᠠ ᠵᠡᠷᠭᠡ ᠲᠦᠷᠦ ᠶᠢᠨ ᠪᠣᠳᠣᠯᠭ᠎ᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ︾ ᠤᠨ ᠶᠣᠰᠣᠭᠠᠷ ᠵᠢᠴᠢ 2018 ᠣᠨ ᠳᠤ ᠵᠠᠰᠠᠪᠤᠷᠢ | ᠣᠷᠣᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠪᠡᠯᠡ | ᠮᠥᠩᠭᠦ ᠶᠢᠨ ᠡᠯ᠎ᠡ ᠲᠥᠷᠥᠯ ᠤᠨ ᠬᠠᠮᠢᠶᠠᠷᠤᠯᠲᠠ ᠶᠢᠨ ᠠᠷᠭ᠎ᠠ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︽ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠪᠡᠯᠡ ᠮᠥᠩᠭᠦᠨ ᠤ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ︵ᠥᠪᠥᠷ | ᠰᠢᠨᠵᠢᠯᠡᠬᠦ ᠬᠥᠭᠵᠢᠭᠦᠯᠦᠯᠲᠡ ᠪᠡᠯᠡ ᠥᠰᠥᠭ ︹2021︺ 1 ᠳ᠋ᠦ᠋ᠭᠡᠷ ᠲᠣᠭᠠᠲᠤ︶ ᠵᠡᠷᠭᠡ ᠤᠤᠯ ᠤᠨ ᠲᠥᠷᠥ ᠶᠢᠨ | ᠪᠣᠳᠣᠯᠭ᠎ᠠ ᠳᠤ ᠵᠣᠬᠢᠴᠠᠭᠤᠯᠤᠨ ᠬᠡᠷᠡᠭᠵᠢᠭᠦᠯᠵᠦ᠂ ᠳᠠᠭᠢᠵᠤ ᠲᠣᠬᠢᠷᠠᠭᠤᠯᠤᠯᠲᠠ ᠬᠢᠬᠦ ᠦᠭᠡᠢ︔ ᠣᠳᠤ ᠶᠠᠭ | ᠬᠡᠷᠡᠭᠵᠢᠭᠦᠯᠬᠦ ᠬᠤᠭᠤᠴᠠᠭᠠᠨ ᠳᠤ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠪᠣᠯ ᠳᠠᠭᠠᠭᠠᠨ | ᠬᠠᠷᠢᠭᠤᠴᠠᠬᠤ ᠨᠢᠭᠡᠴᠢ ᠨᠢ ᠲᠣᠰ ᠨᠢᠭᠡᠴᠢ ᠶᠢᠨ ᠢᠶᠠᠨ ᠪᠣᠳᠠᠲᠤ ᠪᠠᠶᠢᠳᠠᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ | ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠲᠠᠢ ᠭᠦᠢᠴᠡᠳ ᠵᠥᠪᠳᠡᠯᠴᠡᠭᠰᠡᠨ ᠤ ᠳᠠᠷᠠᠭ᠎ᠠ᠂ ᠤᠤᠯ ᠤᠨ | ᠲᠥᠷᠥ ᠶᠢᠨ ᠪᠣᠳᠣᠯᠭ᠎ᠠ ᠪᠤᠶᠤ ᠰᠢᠨ᠎ᠡ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠵᠢᠭᠦᠯᠵᠦ ᠪᠣᠯᠣᠨ᠎ᠠ᠂ ᠰᠣᠩᠭᠤᠨ | ᠲᠣᠭᠲᠠᠭᠠᠭᠰᠠᠨ ᠤ ᠳᠠᠷᠠᠭ᠎ᠠ ᠳᠤᠷ᠎ᠠ ᠪᠠᠷ ᠢᠶᠠᠨ ᠰᠣᠯᠢᠵᠤ ᠪᠣᠯᠬᠤ ᠦᠭᠡᠢ᠃ ᠲᠥᠷᠥᠯ ᠵᠦᠢᠯ ᠤᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠴᠢᠬᠤᠯᠠᠲᠠᠢ ᠵᠦᠢᠯᠡᠰ ᠢ ᠬᠠᠮᠢᠶ᠎ᠠ ᠪᠦᠬᠦᠢ ᠠᠯᠬᠤᠮ ᠳᠠᠷᠠᠭᠠᠯᠠᠯ ᠢ | ᠭᠦᠢᠴᠡᠳᠬᠡᠭᠰᠡᠨ ᠤ ᠳᠠᠷᠠᠭ᠎ᠠ ᠬᠡᠷᠡᠭᠵᠢᠭᠦᠯᠦᠨ᠎ᠡ︔ ᠰᠢᠨ᠎ᠡ ᠪᠠᠷ ᠲᠣᠭᠲᠠᠭᠠᠭᠰᠠᠨ ᠰᠢᠨᠵᠢᠯᠡᠬᠦ ᠤᠬᠠᠭᠠᠨ ᠤ | ᠰᠤᠳᠤᠯᠤᠯ ᠤᠨ ᠲᠥᠷᠥᠯ ᠵᠦᠢᠯ ᠢ ᠰᠢᠨ᠎ᠡ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ︵ᠲᠥᠷᠥᠯ ᠵᠦᠢᠯ ᠢ | ᠳᠠᠭᠠᠭᠠᠨ ᠬᠠᠷᠢᠭᠤᠴᠠᠬᠤ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ | ᠬᠠᠷᠢᠭᠤᠴᠠᠨ ᠨᠠᠶᠢᠳᠠᠪᠤᠷᠢᠵᠢᠭᠤᠯᠤᠨ᠎ᠠ︶ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠨᠡᠶᠢᠭᠡᠮ ᠤᠨ ᠰᠢᠨᠵᠢᠯᠡᠬᠦ ᠤᠬᠠᠭᠠᠨ ᠤ | ᠲᠥᠷᠥᠯ ᠤᠨ ᠰᠤᠳᠤᠯᠤᠯ ᠤᠨ ᠲᠥᠷᠥᠯ ᠵᠦᠢᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠡᠶᠢᠭᠡᠮ ᠤᠨ | ᠰᠢᠨᠵᠢᠯᠡᠬᠦ ᠤᠬᠠᠭᠠᠨ ᠤ ᠰᠤᠳᠤᠯᠤᠯ ᠤᠨ ᠵᠢᠮ᠎ᠡ ᠶᠣᠰᠣ ᠪᠠ ᠣᠨᠴᠠᠯᠢᠭ ᠲᠠᠢ ᠤᠶᠠᠯᠳᠤᠭᠤᠯᠤᠨ᠂ ᠲᠣᠰ ᠰᠠᠨᠠᠯ ᠢᠶᠠᠷ | ᠯᠠᠪᠯᠠᠯᠲᠠ ᠪᠣᠯᠭᠠᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ | ᠲᠥᠷᠥᠯ ᠤᠨ ᠰᠤᠳᠤᠯᠤᠯ ᠤᠨ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠦᠷᠭᠡᠬᠡᠨ | ᠲᠣᠭᠲᠠᠭᠠᠬᠤ ᠬᠡᠷᠡᠭᠲᠡᠢ᠃ | ᠡᠯ᠎ᠡ ᠠᠶᠢᠮᠠᠭ ᠬᠤᠲᠠ ᠨᠢ ᠲᠣᠰ ᠰᠠᠨᠠᠯ ᠤᠨ ᠵᠣᠷᠢᠭ ᠰᠠᠨᠠᠭ᠎ᠠ ᠪᠠᠷ ᠯᠠᠪᠯᠠᠯᠲᠠ ᠪᠣᠯᠭᠠᠵᠤ᠂ ᠪᠣᠳᠠᠲᠠᠢ ᠲᠠᠢ ᠪᠠᠨ | ᠤᠶᠠᠯᠳᠤᠭᠤᠯᠤᠨ᠂ ᠲᠣᠰ ᠭᠠᠵᠠᠷ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠲᠡᠢ᠃ | 2022 ᠣᠨ ᠤ 5 ᠳ᠋ᠤᠭᠠᠷ ᠰᠠᠷ᠎ᠠ ᠶᠢᠨ 31 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠠᠭᠤᠯᠤᠨ ᠢᠯᠡᠭᠡᠬᠦ ᠨᠢ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠲᠥᠷᠦ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ | ᠬᠤᠷᠢᠶ᠎ᠠ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ | 2022 ᠣᠨ ᠤ 6 ᠳ᠋ᠤᠭᠠᠷ ᠰᠠᠷ᠎ᠠ ᠶᠢᠨ 1 ᠤ ᠡᠳᠦᠷ ᠳᠠᠷᠤᠮᠠᠯᠯᠠᠨ ᠲᠠᠷᠬᠠᠭᠠᠪᠠ |