ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2022﹈ 56 ᠳ᠋ᠤᠭᠠᠷ ᠲᠣᠭᠠᠲᠤ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠣᠷᠣᠭᠴᠢ ᠶᠢ | ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠠᠵᠢᠯ ᠦᠢᠯᠡᠰ ᠤᠨ ᠨᠢᠭᠡᠴᠢ ᠳᠤ᠄ | ︽ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵ | ᠲᠥᠪ ᠲᠠᠷᠬᠠᠭᠠᠭᠰᠠᠨ ﹇2018﹈ 34 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ | ᠬᠥᠮᠦᠵᠢᠯ ᠤᠨ ᠰᠤᠷᠤᠨᠨᠴᠢ ᠶᠢ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠶᠢᠨ ᠲᠤᠰᠠᠳᠠ᠂ ︽ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠳᠠᠬᠢ ᠲᠥᠪ ᠤᠨ ᠪᠠ ᠣᠷᠣᠨ | ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 27 ᠳ᠋ᠤᠭᠠᠷ | ᠲᠣᠭᠠᠲᠤ︶᠂ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠩᠰᠠ ᠡᠪᠬᠡᠮᠡᠯ ᠪᠠᠶᠢᠭᠤᠯᠤᠨ | ᠺᠠᠷᠲ ᠲᠤ ᠣᠷᠣᠭᠤᠯᠤᠭᠰᠠᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢᠣᠨ ᠤᠨ ᠰᠤᠷᠤᠯᠭ᠎ᠠ ᠶᠢᠨ | ᠰᠤᠯᠠ ᠵᠠᠷᠤᠳᠠᠯ ᠢ ᠬᠡᠯᠲᠦᠷᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ ᠶᠠᠮᠤᠨ ᠤ ᠰᠠᠨᠠᠯ︾ | ︵ᠡᠳ᠋ ᠤᠨ ᠵᠠᠰᠠᠭ ᠰᠤᠷᠭᠠᠨ ᠬᠥᠮᠦᠵᠢᠯ ﹇2016﹈ 292 ᠳ᠋ᠤᠭᠠᠷ ᠲᠣᠭᠠᠲᠤ︶᠂ ︽︿ᠰᠤᠷᠤᠨᠨᠴᠢ ᠶᠢ | ᠮᠥᠩᠭᠦ ᠪᠠᠷ ᠲᠤᠰᠠᠯᠠᠬᠤ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ | ᠲᠤᠬᠠᠢ ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ ᠶᠠᠮᠤᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠮᠤᠨ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠶᠠᠮᠤᠨ ᠤ ᠮᠡᠳᠡᠭᠳᠡᠯ︾ ︵ | ᠡᠳ᠋ ᠤᠨ ᠵᠠᠰᠠᠭ ᠰᠤᠷᠭᠠᠨ ᠬᠥᠮᠦᠵᠢᠯ ﹇2021﹈ 310 ᠳ᠋ᠤᠭᠠᠷ ᠲᠣᠭᠠᠲᠤ︶ ᠵᠡᠷᠭᠡ ᠪᠢᠴᠢᠭ | ᠮᠠᠲ᠋ᠧᠷᠢᠶᠠᠯ ᠤᠳ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠤᠷᠭᠠᠨ ᠬᠥᠮᠦᠵᠢᠯ ᠤᠨ ᠰᠣᠷᠣᠭᠴᠢ ᠶᠢ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ | ᠲᠡᠭᠦᠯᠳᠡᠷᠵᠢᠭᠦᠯᠬᠦ ᠶᠢᠨ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠬᠤᠷᠢᠶᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ | ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠦᠴᠦᠯᠡᠨ ᠪᠠᠲᠤ ᠴᠣᠭᠴᠠᠯᠠᠵᠤ᠂ ᠰᠤᠷᠭᠠᠨ | ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ᠂ ᠰᠤᠷᠭᠠᠨ ᠬᠥᠮᠦᠵᠢᠯ ᠤᠨ ᠪᠦᠲᠦᠴᠡ ᠶᠢ ᠰᠢᠯᠢᠳᠡᠭᠵᠢᠭᠦᠯᠬᠦ᠂ | ᠬᠥᠳᠡᠯᠮᠦᠷᠢᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠪᠠᠷ ᠡᠭᠦᠰᠴᠡ ᠪᠠ ᠲᠤᠰᠤᠯᠲᠠ ᠪᠣᠯᠭᠠᠵᠤ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠤᠨᠨᠴᠢ ᠶᠢ ᠮᠥᠩᠭᠦ ᠪᠠᠷ | ᠲᠤᠰᠠᠯᠠᠬᠤ ᠲᠦᠷᠦ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠵᠣᠩᠬᠢᠯᠠᠬᠤ | ᠲᠣᠭᠠᠨ ᠤ ᠰᠢᠨ᠎ᠡ ᠪᠠᠷ ᠨᠡᠮᠡᠭᠳᠡᠭᠰᠡᠨ ᠬᠥᠳᠡᠯᠮᠦᠷᠢ ᠬᠦᠴᠦᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠰᠤᠷᠭᠠᠨ ᠬᠥᠮᠦᠵᠢᠯ ᠬᠥᠷᠳᠡᠬᠦ ᠶᠢ ᠪᠡᠶᠡᠯᠡᠭᠦᠯᠵᠦ᠂ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ | ᠦᠨᠳᠦᠰᠦᠨ ᠦᠢᠯᠡᠴᠢᠯᠡᠭᠡᠨ ᠤ ᠠᠳᠠᠯᠢ ᠲᠡᠭᠰᠢ ᠪᠣᠯᠬᠤ ᠶᠢ ᠤᠯᠠᠮ ᠨᠢᠭᠡ ᠠᠯᠬᠤᠮ ᠠᠬᠢᠭᠤᠯᠤᠨ᠎ᠠ᠃ | ᠬᠤᠶᠠᠷ᠂ ᠭᠤᠣᠯ ᠠᠭᠤᠯᠭ᠎ᠠ | ︵ᠨᠢᠭᠡ︶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠃ | 1.ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠶᠢᠨ ᠰᠤᠯᠠ | ᠵᠠᠷᠤᠳᠠᠯ ᠢ ᠬᠡᠯᠲᠦᠷᠢᠭᠦᠯᠬᠦ ᠶᠢᠨ ᠬᠠᠮᠲᠤ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ᠃ | ᠪᠥᠬᠦ ᠣᠷᠣᠨ ᠤ ᠰᠤᠷᠭᠠᠭᠤᠯᠢ ᠶᠢᠨ ᠬᠠᠷᠢᠶ᠎ᠠ ᠪᠠᠨ ᠵᠢᠩᠬᠢᠨᠢ ᠪᠠᠷ ᠳᠠᠩᠰᠠᠯᠠᠭᠤᠯᠤᠭᠰᠠᠨ ᠪᠤᠢ ᠪᠦᠬᠦᠢ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠠᠴᠠ ᠰᠤᠷᠤᠯᠭ᠎ᠠ ᠶᠢᠨ ᠰᠤᠯᠠ ᠵᠠᠷᠤᠳᠠᠯ ᠬᠤᠷᠢᠶᠠᠬᠤ | ᠦᠭᠡᠢ ᠮᠥᠷᠲᠡᠭᠡᠨ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ᠃ | ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭᠠᠨ ᠳᠤ ᠵᠢᠯ ᠪᠦᠷᠢ | 2000 ᠲᠥᠭᠦᠷᠢᠭ ᠪᠣᠯᠣᠨ᠎ᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ | ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠲᠥᠷᠥ ᠶᠢᠨ | ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ ᠰᠣᠷᠣᠭᠴᠢ ᠳᠤ ᠥᠪᠡᠷᠲᠡᠭᠡᠨ ᠵᠠᠰᠠᠬᠤ ᠣᠷᠣᠨ ᠠᠴᠠ ᠠᠳᠠᠯᠢ | ᠪᠠᠷᠢᠮᠵᠢᠶ᠎ᠠ ᠪᠠᠷ ᠲᠡᠳᠬᠦᠮᠵᠢ ᠦᠵᠡᠭᠦᠯᠵᠦ᠂ ᠬᠤᠷᠢᠶᠠᠬᠤ ᠰᠤᠷᠤᠯᠭ᠎ᠠ ᠶᠢᠨ ᠰᠤᠯᠠ ᠵᠠᠷᠤᠳᠠᠯ ᠨᠢ ᠲᠡᠳᠬᠦᠮᠵᠢ ᠶᠢᠨ | ᠪᠠᠷᠢᠮᠵᠢᠶ᠎ᠠ ᠠᠴᠠ ᠳᠡᠭᠡᠭᠦᠷ ᠪᠠᠶᠢᠪᠠᠯ᠂ ᠰᠤᠷᠭᠠᠭᠤᠯᠢ ᠨᠢ ᠲᠣᠭᠲᠠᠭᠠᠯ ᠶᠣᠰᠣᠭᠠᠷ ᠰᠤᠷᠤᠭᠴᠢᠳ ᠠᠴᠠ ᠵᠥᠷᠢᠶᠡᠲᠦ | ᠲᠣᠭᠠᠨ ᠤ ᠬᠡᠰᠡᠭ ᠢ ᠨᠢ ᠦᠷᠭᠦᠯᠵᠢᠯᠡᠨ ᠬᠤᠷᠢᠶᠠᠵᠤ ᠪᠣᠯᠣᠨ᠎ᠠ᠃ ᠰᠤᠷᠤᠯᠭ᠎ᠠ ᠶᠢᠨ ᠰᠤᠯᠠ ᠵᠠᠷᠤᠳᠠᠯ ᠢ | ᠬᠡᠯᠲᠦᠷᠢᠭᠦᠯᠬᠦ ᠳᠤ ᠬᠡᠷᠡᠭᠰᠡᠬᠦ ᠵᠠᠷᠤᠳᠠᠯ ᠳᠤ᠂ ᠤᠯᠤᠰ ᠠᠴᠠ ᠲᠣᠭᠲᠠᠭᠠᠭᠰᠠᠨ ᠬᠡᠰᠡᠭ ᠲᠤ ᠤᠯᠤᠰ ᠤᠨ ᠰᠠᠭᠤᠷᠢ | ᠪᠠᠷᠢᠮᠵᠢᠶ᠎ᠠ ᠶᠢ ᠬᠡᠷᠡᠭᠵᠢᠭᠦᠯᠦᠨ᠂ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ᠂ | ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ | ᠨᠡᠶᠢᠲᠡᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ | ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ ᠪᠤᠰᠤᠳ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠯ ᠤᠨ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠨ᠎ᠡ᠃ | ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠪᠠᠷᠢᠮᠵᠢᠶ᠎ᠠ ᠪᠣᠯ ᠥᠨᠳᠥᠷ ᠳᠤᠮᠳᠠᠳᠤ ᠶᠢᠨ | ᠨᠢᠭᠡᠳᠦᠭᠡᠷ ᠣᠨ᠂ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ 550 | ᠲᠥᠭᠦᠷᠢᠭ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ 100 | ᠲᠥᠭᠦᠷᠢᠭ ᠪᠣᠯᠣᠨ᠎ᠠ᠃ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠳᠤ ᠬᠡᠷᠡᠭᠰᠡᠬᠦ | ᠵᠠᠷᠤᠳᠠᠯ ᠳᠠᠬᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ᠂ ᠤᠤᠯ ᠨᠢ | ᠮᠣᠩᠭᠤᠯ ᠬᠡᠯᠡ ᠪᠠᠷ ᠬᠢᠴᠢᠶᠡᠯᠯᠡᠵᠦ ᠪᠠᠶᠢᠭᠰᠠᠨ ᠪᠠ ᠰᠣᠯᠣᠩᠭᠤᠰ ᠬᠡᠯᠡ ᠪᠠᠷ ᠬᠢᠴᠢᠶᠡᠯᠯᠡᠵᠦ ᠪᠠᠶᠢᠭᠰᠠᠨ | ᠰᠣᠷᠣᠭᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ | ᠳᠠᠭᠠᠭᠠᠨ ᠡᠭᠦᠷᠭᠡᠯᠡᠵᠦ᠂ ᠪᠤᠰᠤᠳ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠯ ᠤᠨ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠨ᠎ᠡ᠃ | 2.ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦ᠃ | ᠪᠥᠬᠦ ᠣᠷᠣᠨ ᠤ ᠰᠤᠷᠭᠠᠭᠤᠯᠢ ᠶᠢᠨ ᠬᠠᠷᠢᠶ᠎ᠠ ᠪᠠᠨ ᠵᠢᠩᠬᠢᠨᠢ ᠪᠠᠷ ᠳᠠᠩᠰᠠᠯᠠᠭᠤᠯᠤᠭᠰᠠᠨ ᠪᠤᠢ ᠪᠦᠬᠦᠢ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠶᠢᠭ᠎ᠠ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ | ᠰᠣᠷᠣᠨᠨᠴᠢ ᠳᠤ ᠬᠠᠨᠳᠤᠭᠤᠯᠵᠤ ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦᠨ ᠤ ᠳᠦᠷᠢᠮ ᠪᠠᠶᠢᠭᠤᠯᠵᠤ᠂ | ᠮᠥᠩᠭᠦ ᠪᠠᠷ ᠲᠤᠰᠠᠯᠠᠬᠤ ᠶᠢᠨ ᠳᠤᠮᠳᠠᠴᠢ ᠪᠠᠷᠢᠮᠵᠢᠶ᠎ᠠ ᠨᠢ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ᠂ | ᠪᠣᠳᠠᠲᠠᠢ ᠪᠠᠷᠢᠮᠵᠢᠶ᠎ᠠ ᠶᠢ ᠡᠯ᠎ᠡ ᠭᠠᠵᠠᠷ ᠣᠷᠣᠨ ᠨᠢ ᠪᠣᠳᠠᠲᠠᠢ ᠲᠠᠢ ᠪᠠᠨ ᠤᠶᠠᠯᠳᠤᠭᠤᠯᠵᠤ 1000 ᠲᠥᠭᠦᠷᠢᠭ — | 3000 ᠲᠥᠭᠦᠷᠢᠭ ᠤᠨ ᠬᠡᠪᠴᠢᠶᠡᠨ ᠳᠤ ᠲᠣᠭᠲᠠᠭᠠᠵᠤ᠂ 2 — 3 ᠲᠠᠰ ᠬᠤᠪᠢᠶᠠᠵᠤ ᠪᠣᠯᠣᠨ᠎ᠠ᠃ ᠭᠡᠷ | ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠶᠢ ᠥᠪᠡᠷᠲᠡᠭᠡᠨ ᠵᠠᠰᠠᠬᠤ ᠣᠷᠣᠨ ᠰᠤᠷᠭᠠᠭᠤᠯᠢ ᠳᠤ | ᠪᠠᠶᠢᠭ᠎ᠠ ᠰᠤᠷᠤᠨᠨᠴᠢ ᠶᠢᠨ 30% ᠪᠠᠷ ᠲᠥᠰᠥᠭᠡᠯᠡᠨ ᠪᠤᠳᠤᠵᠤ᠂ ᠡᠯ᠎ᠡ ᠠᠶᠢᠮᠠᠭ ᠬᠤᠲᠠ ᠨᠢ ᠪᠣᠳᠠᠲᠤ ᠪᠠᠶᠢᠳᠠᠯ ᠢᠶᠠᠨ | ᠦᠨᠳᠦᠰᠦᠯᠡᠨ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ᠂ ᠰᠤᠷᠭᠠᠭᠤᠯᠢ ᠪᠠᠷ ᠲᠥᠰᠥᠭᠡᠯᠡᠨ ᠪᠣᠳᠣᠨ᠎ᠡ᠃ | ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ᠂ ᠣᠷᠣᠨ | ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ ᠪᠤᠰᠤᠳ ᠰᠤᠷᠭᠠᠭᠤᠯᠢ ᠶᠢᠨ ᠰᠣᠷᠣᠭᠴᠢᠣᠨ ᠤᠨ ᠬᠡᠷᠡᠭᠰᠡᠬᠦ ᠵᠠᠷᠤᠳᠠᠯ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃ | ︵ᠬᠤᠶᠠᠷ︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠃ | 1.ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠨᠨᠴᠢ ᠶᠢᠨ ᠰᠤᠷᠤᠯᠭ᠎ᠠ ᠶᠢᠨ | ᠰᠦᠢᠳᠬᠡᠯ ᠢ ᠬᠡᠯᠲᠦᠷᠢᠭᠦᠯᠬᠦ ᠶᠢᠨ ᠬᠠᠮᠲᠤ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ᠃ | ᠪᠥᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ | ᠰᠤᠷᠭᠠᠭᠤᠯᠢ ᠪᠠᠭᠲᠠᠨ᠎ᠠ᠂ ᠳᠣᠷᠣᠭᠰᠢ ᠠᠳᠠᠯᠢ︶ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ | ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠰᠤᠷᠭᠠᠭᠤᠯᠢ ᠳᠤ ᠪᠠᠶᠢᠭ᠎ᠠ | ᠰᠣᠷᠣᠭᠴᠢ ᠠᠴᠠ ᠰᠤᠷᠤᠯᠭ᠎ᠠ ᠶᠢᠨ ᠰᠦᠢᠳᠬᠡᠯ ᠬᠤᠷᠢᠶᠠᠬᠤ ᠦᠭᠡᠢ ᠮᠥᠷᠲᠡᠭᠡᠨ ᠰᠦᠢᠳᠬᠡᠯ ᠬᠤᠷᠢᠶᠠᠬᠤ ᠦᠭᠡᠢ ᠪᠠᠷ | ᠰᠤᠷᠬᠤ ᠪᠢᠴᠢᠭ ᠬᠠᠩᠭᠠᠨ᠎ᠠ᠃ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭᠠᠨ ᠳᠤ ᠵᠢᠯ ᠪᠦᠷᠢ 2000 | ᠲᠥᠭᠦᠷᠢᠭ ᠪᠣᠯᠣᠨ᠎ᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ | ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠰᠤᠷᠭᠠᠭᠤᠯᠢ ᠪᠣᠯᠣᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ | ᠠᠷᠠᠳ ᠠᠴᠠ ᠡᠷᠭᠢᠯᠡᠭᠰᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠯᠭ᠎ᠠ ᠶᠢᠨ | ᠰᠦᠢᠳᠬᠡᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ ᠰᠣᠷᠣᠭᠴᠢᠣᠨ ᠲᠤ | ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠲᠡᠳᠬᠦᠮᠵᠢ ᠦᠵᠡᠭᠦᠯᠵᠦ᠂ ᠰᠤᠷᠤᠯᠭ᠎ᠠ ᠶᠢᠨ | ᠰᠦᠢᠳᠬᠡᠯ ᠨᠢ ᠲᠡᠳᠬᠦᠮᠵᠢ ᠶᠢᠨ ᠪᠠᠷᠢᠮᠵᠢᠶ᠎ᠠ ᠠᠴᠠ ᠳᠡᠭᠡᠭᠦᠷ ᠪᠠᠶᠢᠪᠠᠯ᠂ ᠰᠤᠷᠭᠠᠭᠤᠯᠢ ᠨᠢ ᠲᠣᠭᠲᠠᠭᠠᠯ ᠶᠣᠰᠣᠭᠠᠷ | ᠰᠤᠷᠤᠨᠨᠴᠢ ᠠᠴᠠ ᠵᠥᠷᠢᠶᠡᠲᠦ ᠲᠣᠭᠠᠨ ᠤ ᠬᠡᠰᠡᠭ ᠢ ᠨᠢ ᠦᠷᠭᠦᠯᠵᠢᠯᠡᠨ ᠬᠤᠷᠢᠶᠠᠵᠤ ᠪᠣᠯᠣᠨ᠎ᠠ᠃ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠤᠨᠴᠠᠭᠠᠢ ᠲᠥᠷᠥᠯ ᠤᠨ ᠲᠤᠰᠬᠠᠢ ᠮᠡᠷᠭᠡᠵᠢᠯ ᠤᠨ ᠰᠣᠷᠣᠭᠴᠢ ᠶᠢᠨ | ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠰᠦᠢᠳᠬᠡᠯ ᠥᠯᠥ ᠬᠤᠷᠢᠶᠠᠬᠤ | ᠪᠠᠷᠢᠮᠵᠢᠶ᠎ᠠ ᠠᠴᠠ ᠳᠡᠭᠡᠭᠦᠷ ᠭᠠᠷᠤᠭᠰᠠᠨ ᠬᠡᠰᠡᠭ ᠢ ᠨᠢ ᠬᠤᠪᠢ ᠬᠥᠮᠥᠨ ᠦᠪᠡᠰᠦᠪᠡᠨ ᠡᠭᠦᠷᠭᠡᠯᠡᠬᠦ ᠬᠡᠷᠡᠭᠲᠡᠢ᠃ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠳᠤ ᠬᠡᠷᠡᠭᠰᠡᠬᠦ ᠵᠠᠷᠤᠳᠠᠯ ᠳᠤ᠂ ᠤᠯᠤᠰ ᠠᠴᠠ ᠲᠣᠭᠲᠠᠭᠠᠭᠰᠠᠨ | ᠬᠡᠰᠡᠭ ᠲᠤ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠲᠥᠪ ᠬᠢᠭᠡᠳ ᠣᠷᠣᠨ ᠨᠤᠲᠤᠭ 8᠄ 2 ᠤᠨ | ᠬᠠᠷᠢᠴᠠᠯ ᠢᠶᠠᠷ ᠬᠤᠪᠢᠳᠠᠨ ᠡᠭᠦᠷᠭᠡᠯᠡᠵᠦ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ | ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ᠂ ᠥᠪᠡᠷᠲᠡᠭᠡᠨ ᠵᠠᠰᠠᠬᠤ | ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ ᠪᠤᠰᠤᠳ ᠰᠤᠷᠭᠠᠭᠤᠯᠢ ᠶᠢᠨ | ᠰᠣᠷᠣᠭᠴᠢᠣᠨ ᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ | ᠡᠭᠦᠷᠭᠡᠯᠡᠨ᠎ᠡ᠃ | ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠪᠠᠷᠢᠮᠵᠢᠶ᠎ᠠ ᠪᠣᠯ ᠨᠢᠭᠡ ᠬᠤᠶᠠᠳᠤᠭᠠᠷ | ᠣᠨ ᠤ ᠰᠣᠷᠣᠭᠴᠢ ᠪᠣᠯᠭᠠᠨ ᠳᠤ ᠵᠢᠯ ᠪᠦᠷᠢ 550 ᠲᠥᠭᠦᠷᠢᠭ᠂ ᠭᠤᠷᠪᠠᠳᠤᠭᠠᠷ ᠣᠨ ᠤ ᠰᠣᠷᠣᠭᠴᠢ ᠪᠣᠯᠭᠠᠨ ᠳᠤ | ᠵᠢᠯ ᠪᠦᠷᠢ 100 ᠲᠥᠭᠦᠷᠢᠭ ᠪᠣᠯᠣᠨ᠎ᠠ᠃ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠳᠤ | ᠬᠡᠷᠡᠭᠰᠡᠬᠦ ᠵᠠᠷᠤᠳᠠᠯ ᠳᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠤᠷᠤᠨᠨᠴᠢ ᠶᠢᠨ | ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ | ᠡᠭᠦᠷᠭᠡᠯᠡᠵᠦ᠂ ᠪᠤᠰᠤᠳ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ | ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃ | 2.ᠤᠯᠤᠰ ᠤᠨ ᠰᠤᠷᠤᠯᠭ᠎ᠠ ᠶᠢᠨ ᠬᠦᠬᠢᠭᠦᠯᠬᠦ ᠮᠥᠩᠭᠦ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ | ᠰᠤᠷᠭᠠᠭᠤᠯᠢ ᠳᠠᠬᠢ ᠰᠣᠷᠣᠭᠴᠢ ᠶᠢᠨ ᠰᠤᠷᠤᠯᠭ᠎ᠠ ᠶᠢᠨ ᠬᠢᠷᠢ ᠪᠦᠲᠦᠮᠵᠢ᠂ ᠮᠡᠷᠭᠡᠵᠢᠯ ᠴᠢᠳᠠᠪᠤᠷᠢ ᠶᠢᠨ ᠢᠯᠡᠷᠡᠯ ᠵᠡᠷᠭᠡ | ᠲᠠᠯ᠎ᠠ ᠳᠤ ᠣᠨᠴᠠ ᠰᠢᠯᠢᠳᠡᠭ ᠪᠠᠶᠢᠭ᠎ᠠ ᠰᠤᠷᠤᠨᠨᠴᠢ ᠶᠢ ᠱᠠᠩᠨᠠᠨ ᠬᠥᠬᠢᠭᠦᠯᠵᠦ᠂ ᠱᠠᠩᠨᠠᠨ ᠬᠥᠬᠢᠭᠦᠯᠬᠦ ᠪᠠᠷᠢᠮᠵᠢᠶ᠎ᠠ ᠪᠣᠯ | ᠰᠣᠷᠣᠭᠴᠢ ᠪᠣᠯᠭᠠᠨ ᠳᠤ ᠵᠢᠯ ᠪᠦᠷᠢ 6000 ᠲᠥᠭᠦᠷᠢᠭ᠂ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠠᠴᠠ | ᠳᠠᠭᠠᠭᠠᠨ ᠡᠭᠦᠷᠭᠡᠯᠡᠨ᠎ᠡ᠃ | 3.ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ | ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠨᠢᠭᠡ ᠬᠤᠶᠠᠳᠤᠭᠠᠷ | ᠣᠨ ᠤ ᠪᠣᠶ ᠪᠦᠬᠦᠢ ᠲᠠᠷᠢᠶᠠᠯᠠᠬᠤ ᠮᠠᠯᠵᠢᠬᠤ ᠣᠷᠣᠨ ︵ᠰᠢᠶᠠᠨ ᠪᠠᠯᠭᠠᠰᠤ ᠪᠠᠭᠲᠠᠨ᠎ᠠ︶ ᠤ ᠰᠤᠷᠭᠠᠭᠤᠯᠢ ᠳᠤ ᠪᠠᠶᠢᠭ᠎ᠠ | ᠰᠣᠷᠣᠭᠴᠢ ᠵᠢᠴᠢ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠰᠣᠷᠣᠭᠴᠢ ᠪᠠ | ᠲᠠᠷᠢᠶᠠᠯᠠᠩ ᠳᠤ ᠦᠯᠦ ᠬᠤᠯᠪᠣᠭᠳᠠᠬᠤ ᠲᠤᠰᠬᠠᠢ ᠮᠡᠷᠭᠡᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ | ᠰᠤᠷᠤᠨᠨᠴᠢ ᠳᠤ ᠬᠠᠨᠳᠤᠭᠤᠯᠵᠤ ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦᠨ ᠤ ᠳᠦᠷᠢᠮ ᠢ ᠪᠠᠶᠢᠭᠤᠯᠵᠤ᠂ | ᠮᠥᠩᠭᠦ ᠪᠠᠷ ᠲᠤᠰᠠᠯᠠᠬᠤ ᠪᠠᠷᠢᠮᠵᠢᠶ᠎ᠠ ᠪᠣᠯ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ | ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ᠂ ᠨᠢᠭᠡ ᠬᠤᠶᠠᠳᠤᠭᠠᠷ ᠣᠨ ᠤ ᠲᠠᠷᠢᠶᠠᠯᠠᠩ ᠳᠤ | ᠬᠤᠯᠪᠣᠭᠳᠠᠬᠤ ᠲᠤᠰᠬᠠᠢ ᠮᠡᠷᠭᠡᠵᠢᠯ ᠪᠠ ᠲᠠᠷᠢᠶᠠᠯᠠᠩ ᠳᠤ ᠦᠯᠦ ᠬᠤᠯᠪᠣᠭᠳᠠᠬᠤ ᠲᠤᠰᠬᠠᠢ ᠮᠡᠷᠭᠡᠵᠢᠯ ᠤᠨ ᠭᠡᠷ | ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠵᠢᠴᠢ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠢ ᠶᠢᠨ | ᠠᠭᠤᠯᠠᠷᠬᠠᠭ ᠣᠷᠣᠨ ︵ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤ᠂ ᠲᠦᠴᠢᠦᠸᠠᠨ ᠰᠢᠶᠠᠨ︶᠂ ᠶᠠᠨ ᠱᠠᠨ — ᠲᠠᠢ | ᠬᠠᠩ ᠱᠠᠨ ᠠᠭᠤᠯᠠᠷᠬᠠᠭ ᠣᠷᠣᠨ ︵ᠬᠤᠸᠠᠳᠧ ᠰᠢᠶᠠᠨ᠂ ᠱᠠᠩᠳᠤ ᠰᠢᠶᠠᠨ᠂ ᠰᠢᠩᠾᠧ ᠰᠢᠶᠠᠨ︶ ᠤ ᠲᠠᠷᠢᠶᠠᠯᠠᠬᠤ | ᠮᠠᠯᠵᠢᠬᠤ ᠣᠷᠣᠨ ︵ᠰᠢᠶᠠᠨ ᠤ ᠬᠤᠲᠠ ᠶᠢ ᠪᠠᠭᠲᠠᠭᠠᠬᠤ ᠦᠭᠡᠢ︶ ᠤ ᠰᠣᠷᠣᠭᠴᠢ ᠪᠣᠯᠭᠠᠨ ᠳᠤ ᠵᠢᠯ ᠪᠦᠷᠢ 2000 | ᠲᠥᠭᠦᠷᠢᠭ᠂ ᠪᠤᠰᠤᠳ ᠰᠣᠷᠣᠭᠴᠢ ᠳᠤ ᠬᠥᠮᠥᠨ ᠪᠣᠯᠭᠠᠨ ᠳᠤ ᠵᠢᠯ ᠪᠦᠷᠢ 1500 ᠲᠥᠭᠦᠷᠢᠭ ᠪᠣᠯᠣᠨ᠎ᠠ᠃ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦᠨ ᠤ | ᠤᠯᠤᠰ ᠠᠴᠠ ᠲᠣᠭᠲᠠᠭᠠᠭᠰᠠᠨ ᠬᠡᠰᠡᠭ ᠲᠤ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ | ᠵᠠᠷᠤᠳᠠᠯ ᠢ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ᠂ ᠣᠷᠣᠨ | ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠲᠡᠳᠬᠦᠪᠦᠷᠢ | ᠮᠥᠩᠭᠦᠨ ᠤ ᠲᠥᠷᠥ ᠶᠢᠨ ᠪᠣᠳᠣᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ | ᠰᠣᠷᠣᠭᠴᠢ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ | ᠳᠠᠭᠠᠭᠠᠨ ᠡᠭᠦᠷᠭᠡᠯᠡᠵᠦ᠂ ᠪᠤᠰᠤᠳ ᠰᠤᠷᠭᠠᠭᠤᠯᠢ ᠶᠢᠨ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃ | 4.ᠪᠠᠶᠢᠷᠢ ᠳᠤ ᠰᠠᠭᠤᠭ᠎ᠠ ᠰᠤᠷᠤᠨᠨᠴᠢ ᠳᠤ ᠬᠤᠨᠤᠭ ᠤᠨ ᠵᠠᠷᠤᠳᠠᠯ ᠤᠨ ᠲᠡᠳᠬᠦᠮᠵᠢ ᠦᠭᠭᠦ᠃ | ᠪᠥᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ | ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠣᠨ ᠤ ᠪᠠᠶᠢᠷᠢ ᠳᠤ ᠰᠠᠭᠤᠭ᠎ᠠ ᠰᠣᠷᠣᠭᠴᠢ ︵ᠠᠵᠢᠯᠯᠠᠵᠤ | ᠰᠤᠷᠤᠯᠴᠠᠬᠤ ᠶᠢᠨ ᠰᠣᠯᠪᠢᠴᠠᠬᠤ ᠶᠢ ᠬᠡᠷᠡᠭᠵᠢᠭᠦᠯᠦᠭᠰᠡᠨ ᠰᠣᠷᠣᠭᠴᠢ ᠪᠠᠭᠲᠠᠬᠤ ᠦᠭᠡᠢ︶ ᠳᠤ ᠬᠤᠨᠤᠭ ᠤᠨ | ᠵᠠᠷᠤᠳᠠᠯ ᠤᠨ ᠲᠡᠳᠬᠦᠮᠵᠢ ᠥᠭᠴᠦ᠂ ᠲᠡᠳᠬᠦᠮᠵᠢ ᠶᠢᠨ ᠪᠠᠷᠢᠮᠵᠢᠶ᠎ᠠ ᠪᠣᠯ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠠᠬᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠪᠣᠯᠭᠠᠨ ᠳᠤ ᠵᠢᠯ | ᠪᠦᠷᠢ 800 ᠲᠥᠭᠦᠷᠢᠭ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠪᠣᠯᠭᠠᠨ ᠳᠤ | ᠵᠢᠯ ᠪᠦᠷᠢ 500 ᠲᠥᠭᠦᠷᠢᠭ ᠪᠣᠯᠣᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠪᠠᠶᠢᠷᠢ ᠳᠤ ᠰᠠᠭᠤᠬᠤ ᠰᠣᠷᠣᠭᠴᠢ ᠳᠤ ᠣᠯᠭᠤᠬᠤ ᠬᠤᠨᠤᠭ ᠤᠨ ᠵᠠᠷᠤᠳᠠᠯ ᠤᠨ ᠲᠡᠳᠬᠦᠮᠵᠢ ᠶᠢᠨ ᠪᠡᠯᠡ ᠮᠥᠩᠭᠦ ᠶᠢ | ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ | ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠨᠢᠯᠲᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ | ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ᠂ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠲᠥᠷᠥ ᠶᠢᠨ ᠪᠣᠳᠣᠯᠭ᠎ᠠ ᠶᠢᠨ | ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠵᠤ᠂ ᠰᠠᠭᠤᠷᠢ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠠᠯᠪᠠᠨ ᠠᠴᠠ ᠡᠷᠭᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠨᠤᠭᠤᠳ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠦᠭᠰᠡᠨ ᠠᠴᠠ ᠪᠣᠯᠵᠤ ᠪᠤᠰᠤᠳ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠪᠤᠶᠤ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠲᠥᠷᠥᠯ ᠵᠦᠢᠯ | ᠭᠠᠷᠭᠠᠵᠤ ᠪᠣᠯᠬᠤ ᠦᠭᠡᠢ᠃ ᠡᠯ᠎ᠡ ᠭᠠᠵᠠᠷ ᠣᠷᠣᠨ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠵᠢᠴᠢ ᠬᠡᠷᠡᠭᠵᠢᠭᠦᠯᠬᠦ ᠳᠦᠷᠢᠮ ᠤᠨ | ᠱᠠᠭᠠᠷᠳᠠᠯᠭ᠎ᠠ ᠶᠣᠰᠣᠭᠠᠷ᠂ ᠠᠷᠠᠳ ᠠᠴᠠ ᠡᠷᠭᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠳᠤ ᠬᠤᠷᠢᠶᠠᠬᠤ ᠡᠯ᠎ᠡ ᠵᠦᠢᠯ ᠤᠨ ᠰᠦᠢᠳᠬᠡᠯ ᠳᠠᠬᠢ ᠬᠠᠮᠢᠶᠠᠷᠤᠯᠲᠠ ᠪᠠᠨ ᠤᠯᠠᠮ ᠨᠢᠭᠡ ᠠᠯᠬᠤᠮ | ᠵᠢᠷᠤᠮᠵᠢᠭᠤᠯᠬᠤ ᠬᠡᠷᠡᠭᠲᠡᠢ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠠᠬᠢ ᠰᠤᠷᠭᠠᠭᠤᠯᠢ ᠶᠢᠨ | ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠰᠣᠷᠣᠭᠴᠢ ᠶᠢᠨ | ᠰᠤᠷᠭᠠᠭᠤᠯᠢ ᠶᠢᠨ ᠬᠠᠷᠢᠶ᠎ᠠ ᠶᠢᠨ ᠮᠡᠳᠡᠭᠡ ᠵᠠᠩᠭᠢ ᠪᠠ ᠮᠥᠩᠭᠦ ᠪᠠᠷ ᠲᠤᠰᠠᠯᠠᠬᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ︽ᠰᠤᠷᠭᠠᠭᠤᠯᠢ ᠶᠢᠨ ᠳᠠᠪᠬᠤᠷ | ᠬᠠᠷᠢᠶ᠎ᠠ︾ ᠲᠠᠢ ᠪᠠᠶᠢᠬᠤ ᠦᠵᠡᠭᠳᠡᠯ ᠢ ᠡᠷᠡᠰ ᠬᠤᠷᠢᠭᠯᠠᠵᠤ᠂ ᠰᠣᠷᠣᠭᠴᠢᠣᠨ ᠤᠨ ᠦᠨᠳᠦᠰᠦᠨ ᠮᠡᠳᠡᠭᠡ ᠵᠠᠩᠭᠢ ᠶᠢᠨ | ᠪᠦᠷᠢᠨ ᠪᠦᠲᠦᠨ ᠪᠠ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠢ᠃ ᠠᠷᠠᠳ ᠤᠨ ᠶᠠᠪᠤᠳᠠᠯ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠣᠭᠠᠲᠤ ᠬᠤᠷᠠᠯ᠂ ᠠᠵᠢᠯᠴᠢᠨ ᠤ ᠡᠪᠯᠡᠯ ᠵᠡᠷᠭᠡ | ᠰᠠᠯᠠᠭ᠎ᠠ ᠮᠥᠴᠢᠷ ᠯᠦᠭᠡ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠯᠭᠠᠭᠤᠯᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ | | ︵ᠭᠤᠷᠪᠠ︶ ᠵᠠᠷᠤᠳᠠᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠡᠯᠡ ᠮᠥᠩᠭᠦᠨ ᠤ | ᠬᠠᠮᠢᠶᠠᠷᠤᠯᠲᠠ ᠪᠠᠨ ᠴᠢᠩᠭᠠᠷᠠᠭᠤᠯᠬᠤ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ ᠲᠥᠪ᠂ ᠥᠪᠡᠷᠲᠡᠭᠡᠨ ᠵᠠᠰᠠᠬᠤ ᠣᠷᠣᠨ ᠤ ᠲᠡᠳᠬᠦᠮᠵᠢ ᠶᠢᠨ ᠪᠡᠯᠡ ᠮᠥᠩᠭᠦ ᠪᠠ ᠣᠷᠣᠨ | ᠨᠤᠲᠤᠭ ᠤᠨ ᠳᠠᠭᠠᠭᠠᠨ ᠡᠭᠦᠷᠭᠡᠯᠡᠪᠡᠰᠦ ᠵᠣᠬᠢᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ | ᠬᠠᠮᠲᠤ᠂ ᠴᠠᠭ ᠲᠤᠬᠠᠢ ᠳᠤ ᠨᠢ ᠲᠤᠭ᠎ᠠ ᠶᠣᠰᠣᠭᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠪᠡᠯᠡ ᠮᠥᠩᠭᠦᠨ ᠤ | ᠲᠥᠰᠥᠪ ᠤᠨ ᠬᠠᠮᠢᠶᠠᠷᠤᠯᠲᠠ ᠪᠠᠨ ᠴᠢᠩᠭᠠᠳᠬᠠᠵᠤ᠂ ᠲᠥᠰᠥᠪ ᠢ ᠨᠠᠷᠢᠯᠢᠬᠵᠢᠭᠤᠨ ᠨᠠᠶᠢᠷᠠᠭᠤᠯᠤᠨ ᠵᠣᠬᠢᠶᠠᠵᠤ᠂ | ᠲᠥᠰᠥᠪ ᠤᠨ ᠬᠡᠷᠡᠭᠵᠢᠭᠦᠯᠦᠯᠲᠡ ᠶᠢ ᠴᠢᠩᠳᠠᠯᠠᠵᠤ᠂ ᠲᠥᠰᠥᠪ ᠲᠤ ᠬᠢᠨᠠᠯᠲᠠ ᠲᠠᠯᠪᠢᠬᠤ ᠪᠠᠨ ᠴᠢᠩᠭᠠᠷᠠᠭᠤᠯᠬᠤ | ᠬᠡᠷᠡᠭᠲᠡᠢ᠃ ᠰᠤᠷᠭᠠᠭᠤᠯᠢ ᠶᠢᠨ ᠡᠳ᠋ ᠤᠨ ᠶᠠᠪᠤᠳᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠰᠠᠭᠤᠷᠢᠯᠠᠬᠤ | ᠴᠢᠨᠠᠷᠲᠠᠢ ᠠᠵᠢᠯ ᠢᠶᠠᠨ ᠴᠢᠩᠭᠠᠳᠬᠠᠵᠤ᠂ ᠨᠢᠭᠲᠠᠯᠠᠨ ᠪᠤᠳᠤᠵᠦ ᠲᠣᠭᠠᠴᠠᠭ᠎ᠠ ᠬᠢᠬᠦ ᠪᠠᠨ ᠵᠢᠷᠤᠮᠵᠢᠭᠤᠯᠤᠨ᠂ | ᠲᠣᠭᠲᠠᠭᠠᠭᠰᠠᠨ ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ ᠵᠠᠷᠤᠯᠭ᠎ᠠ ᠵᠠᠷᠤᠴᠠᠭᠤᠯᠵᠤ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠤ ᠰᠣᠷᠣᠭᠴᠢ ᠶᠢ ᠮᠥᠩᠭᠦ ᠪᠠᠷ ᠲᠤᠰᠠᠯᠠᠬᠤ ᠡᠯ᠎ᠡ ᠵᠦᠢᠯ ᠤᠨ ᠪᠡᠯᠡ | ᠮᠥᠩᠭᠦᠨ ᠤ ᠬᠡᠷᠡᠭᠯᠡᠯᠲᠡ ᠶᠢᠨ ᠠᠮᠤᠷ ᠲᠦᠪᠰᠢᠨ᠂ ᠵᠢᠷᠤᠮᠵᠢᠯ ᠲᠠᠢ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ᠃ | ︵ᠳᠥᠷᠪᠡ︶ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ ᠬᠢᠨᠠᠯᠲᠠ ᠲᠠᠯᠪᠢᠵᠤ ᠪᠠᠶᠢᠴᠠᠭᠠᠬᠤ ᠪᠠ ᠮᠡᠳᠡᠭᠡ ᠵᠠᠩᠭᠢ ᠶᠢ | ᠢᠯᠡ ᠪᠣᠯᠭᠠᠬᠤ ᠠᠵᠢᠯ ᠢᠶᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ | ᠲᠣᠭᠲᠠᠭᠠᠯ ᠶᠣᠰᠣᠭᠠᠷ ᠨᠡᠶᠢᠲᠡᠯᠡᠬᠦ ᠶᠢᠨ ᠬᠠᠮᠲᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ | ᠰᠣᠷᠣᠭᠴᠢ ᠶᠢᠨ ᠲᠤᠭ᠎ᠠ ᠶᠢ ᠬᠤᠳᠠᠯ ᠢᠶᠠᠷ ᠮᠡᠳᠡᠭᠦᠯᠭᠦ᠂ ᠲᠡᠳᠬᠦᠮᠵᠢ ᠶᠢᠨ ᠪᠡᠯᠡ ᠮᠥᠩᠭᠦ ᠶᠢ ᠮᠡᠬᠡᠯᠡᠨ ᠠᠪᠬᠤ ᠵᠡᠷᠭᠡ | ᠦᠢᠯᠡ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾ ︽ᠡᠳ᠋ ᠤᠨ ᠵᠠᠰᠠᠭ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ︾ ᠵᠡᠷᠭᠡ ᠤᠯᠤᠰ ᠤᠨ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢᠶᠠᠷ ᠴᠢᠩᠭ᠎ᠠ ᠰᠢᠢᠳᠪᠦᠷᠢᠯᠡᠬᠦ ᠶᠢᠨ | ᠬᠠᠮᠲᠤ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠡᠯ᠎ᠡ ᠱᠠᠲᠤᠨ ᠤ ᠬᠢᠨᠠᠨ ᠪᠤᠳᠤᠬᠤ ᠰᠠᠯᠠᠭ᠎ᠠ ᠮᠥᠴᠢᠷ ᠨᠢ ᠲᠡᠳᠬᠦᠮᠵᠢ ᠶᠢᠨ ᠪᠡᠯᠡ ᠮᠥᠩᠭᠦ ᠶᠢ ᠲᠤᠰᠬᠠᠢ ᠵᠦᠢᠯ ᠢᠶᠠᠷ | ᠬᠢᠨᠠᠨ ᠪᠤᠳᠤᠬᠤ ᠪᠠ ᠣᠨ ᠤ ᠬᠢᠨᠠᠨ ᠪᠤᠳᠤᠬᠤ ᠠᠵᠢᠯ ᠢᠶᠠᠨ ᠬᠢᠨᠠᠮᠠᠭᠠᠢ ᠰᠠᠶᠢᠲᠤᠷ ᠬᠢᠵᠦ᠂ ᠪᠡᠯᠡ ᠮᠥᠩᠭᠦ ᠶᠢ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ᠃ | ︵ᠲᠠᠪᠤ︶ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠰᠠᠶᠢᠨ ᠰᠠᠶᠢᠬᠠᠨ ᠠᠭᠤᠷ | ᠠᠮᠢᠰᠬᠤᠯ ᠢ ᠪᠦᠷᠢᠯᠳᠦᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠤᠷᠭᠠᠭᠤᠯᠢ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ | ᠰᠤᠷᠤᠨᠨᠴᠢ ᠶᠢ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠢ ᠥᠷᠭᠡᠨ ᠢᠶᠠᠷ ᠠᠰᠢᠭᠯᠠᠨ᠂ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠨᠡᠶᠢᠭᠡᠮ ᠳᠤ ᠭᠦᠨᠵᠡᠭᠡᠢ ᠤᠬᠠᠭᠤᠯᠵᠤ᠂ ᠨᠠᠮ ᠪᠠ ᠵᠠᠰᠠᠭ ᠤᠨ ᠣᠷᠳᠣᠨ ᠤ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠥᠮᠥᠨ ᠪᠦᠬᠦᠨ ᠳᠤ ᠮᠡᠳᠡᠭᠦᠯᠵᠦ᠂ ᠬᠥᠮᠥᠰ ᠤᠨ | ᠰᠡᠳᠬᠢᠯ ᠳᠤ ᠬᠠᠳᠠᠩᠰᠢᠭᠤᠯᠤᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠢ᠃ | ᠲᠣᠰ ᠮᠡᠳᠡᠭᠳᠡᠯ ᠢ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ | ᠬᠡᠷᠡᠭᠵᠢᠭᠦᠯᠦᠨ᠎ᠡ᠃ ᠤᠤᠯ ᠳᠤ ᠪᠠᠨ ᠬᠡᠷᠡᠭᠵᠢᠭᠦᠯᠵᠦ ᠪᠠᠶᠢᠭᠰᠠᠨ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠣᠷᠣᠭᠴᠢ ᠪᠣᠯᠣᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠠᠬᠢ ᠮᠣᠩᠭᠤᠯ | ᠬᠡᠯᠡ ︵ᠰᠣᠯᠣᠩᠭᠤᠰ ᠬᠡᠯᠡ︶ ᠪᠠᠷ ᠬᠢᠴᠢᠶᠡᠯᠯᠡᠵᠦ ᠪᠠᠶᠢᠭ᠎ᠠ ᠰᠤᠷᠤᠨᠨᠴᠢ ᠶᠢᠨ ᠭᠡᠷ ᠪᠦᠯᠢ ᠶᠢᠨ ᠠᠵᠤ ᠠᠬᠤᠢ ᠨᠢ | ᠬᠦᠴᠢᠷᠳᠡᠯᠲᠡᠢ ᠰᠤᠷᠤᠭᠴᠢᠳ ᠲᠤ ︿ᠬᠤᠶᠠᠷ ᠢ ᠬᠡᠯᠲᠦᠷᠢᠭᠦᠯᠬᠦ﹀ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ | ᠰᠠᠨᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠠᠴᠠ ᠤᠯᠠᠮᠵᠢᠯᠠᠨ ᠶᠠᠪᠤᠭᠤᠯᠬᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2011﹈ 23 ᠳ᠋ᠤᠭᠠᠷ | ᠲᠣᠭᠠᠲᠤ︶᠂ ︽ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ︿ | ᠬᠤᠶᠠᠷ ᠢ ᠬᠡᠯᠲᠦᠷᠢᠭᠦᠯᠬᠦ﹀ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2012﹈ 147 | ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | 2022 ᠣᠨ ᠤ 8 ᠳ᠋ᠤᠭᠠᠷ ᠰᠠᠷ᠎ᠠ ᠶᠢᠨ 1 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ | ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠲᠦᠷᠦ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2022 ᠣᠨ ᠤ 8 ᠳ᠋ᠤᠭᠠᠷ ᠰᠠᠷ᠎ᠠ ᠶᠢᠨ 1 ᠤ ᠡᠳᠦᠷ ᠳᠠᠷᠤᠮᠠᠯᠯᠠᠨ ᠲᠠᠷᠬᠠᠭᠠᠪᠠ |