ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2022﹈ 41 ᠳ᠋ᠦ᠋ᠭᠡᠷ ᠲᠣᠭᠠᠲᠤ | ᠬᠦᠨᠳᠦ ᠬᠡᠴᠡᠭᠦᠦ ᠣᠨᠴᠠᠭᠠᠢ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ | ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ︽ᠬᠦᠨᠳᠦ ᠬᠡᠴᠡᠭᠦᠦ ᠣᠨᠴᠠᠭᠠᠢ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ | ᠳᠦᠷᠢᠮ ᠢ ᠪᠦᠷᠢᠨᠰᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ | ᠲᠥᠷᠥ ᠠᠯᠪᠠᠨ ᠲᠠᠷᠬᠠᠭᠠᠭᠰᠠᠨ ﹇2021﹈ 42 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠣᠯᠠᠨ ᠲᠦᠮᠡᠨ ᠪᠠ ᠬᠦᠨᠳᠦ ᠡᠪᠡᠳᠴᠢᠲᠡᠨ ᠤ | ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠂ ᠡᠪᠡᠳᠴᠢᠨ ᠠᠴᠠ ᠪᠣᠯᠵᠤ | ᠶᠠᠳᠠᠭᠤᠷᠠᠬᠤ ᠪᠠ ᠪᠤᠴᠠᠭᠠᠳ ᠶᠠᠳᠠᠭᠤᠷᠠᠬᠤ ᠶᠢ ᠰᠡᠷᠭᠡᠶᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠰᠠᠭᠤᠷᠢ ᠱᠤᠭᠤᠮ ᠢ ᠪᠠᠬᠢᠵᠢᠭᠦᠯᠦᠨ᠂ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠮᠲᠤ ᠪᠠᠷ ᠴᠢᠨᠡᠭᠡᠯᠢᠭᠵᠢᠬᠦ ᠴᠢᠭᠯᠡᠯ ᠢ ᠪᠠᠷᠢᠮᠲᠠᠯᠠᠵᠤ᠂ | ᠪᠠᠲᠤᠯᠠᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠪᠠᠲᠤᠯᠠᠬᠤ᠂ ᠦᠨᠳᠦᠰᠦᠨ ᠵᠦᠢᠯ ᠢ ᠪᠠᠲᠤᠯᠠᠬᠤ ᠶᠢ | ᠪᠠᠷᠢᠮᠲᠠᠯᠠᠵᠤ᠂ ᠴᠢᠳᠠᠯ ᠤᠨ ᠢᠶᠠᠨ ᠬᠢᠷᠢ ᠪᠠᠷ ᠴᠢᠷᠮᠠᠶᠢᠨ ᠠᠵᠢᠯᠯᠠᠵᠤ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ | ᠦᠷᠭᠦᠯᠵᠢᠯᠡᠭᠦᠯᠬᠦ ᠶᠢ ᠠᠬᠢᠭᠤᠯᠬᠤ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ ᠤ ᠬᠦᠨᠳᠦ ᠬᠡᠴᠡᠭᠦᠦ ᠣᠨᠴᠠᠭᠠᠢ | ᠡᠪᠡᠳᠴᠢᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠡᠪᠡᠳᠴᠢᠨ ᠠᠴᠠ ᠪᠣᠯᠵᠤ ᠶᠠᠳᠠᠭᠤᠷᠠᠬᠤ ᠪᠠ ᠪᠤᠴᠠᠭᠠᠳ ᠶᠠᠳᠠᠭᠤᠷᠠᠬᠤ ᠶᠢ ᠰᠡᠷᠭᠡᠶᠢᠯᠡᠵᠦ ᠠᠷᠢᠯᠭᠠᠬᠤ ᠣᠷᠳᠣ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠦᠨᠳᠦᠰᠦᠨ | ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ︵ᠳᠣᠷᠣᠭᠰᠢ ᠭᠤᠷᠪᠠᠨ | ᠳᠠᠪᠬᠤᠷ ᠳᠦᠷᠢᠮ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠳᠬᠠᠵᠤ᠂ | ᠬᠦᠴᠢᠷᠳᠡᠯᠲᠡᠢ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠦᠨᠡᠨ | ᠮᠥᠨ ᠢᠶᠠᠷ ᠲᠣᠭᠲᠠᠭᠠᠨ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ | ᠪᠠᠶᠢᠬᠤ ᠶᠢ ᠦᠨᠡᠨ ᠬᠦ ᠪᠠᠲᠤᠯᠠᠵᠤ᠂ ᠬᠦᠨᠳᠦ ᠬᠡᠴᠡᠭᠦᠦ ᠣᠨᠴᠠᠭᠠᠢ ᠡᠪᠡᠳᠴᠢᠨ ᠳᠤ ᠨᠡᠷᠪᠡᠭᠳᠡᠭᠰᠡᠨ ᠪᠣᠯᠪᠠᠴᠤ | ᠦᠨᠳᠦᠰᠦᠨ ᠠᠮᠢᠳᠤᠷᠠᠯ ᠨᠢ ᠨᠥᠯᠥᠭᠡᠯᠡᠭᠳᠡᠬᠦ ᠦᠭᠡᠢ ᠪᠠᠶᠢᠬᠤ ᠶᠢᠨ ᠬᠠᠮᠲᠤ ᠬᠡᠲᠦ ᠶᠡᠭᠡ ᠪᠠᠲᠤᠯᠠᠬᠤ ᠠᠴᠠ ᠵᠠᠶᠢᠯᠠᠰᠬᠢᠬᠦ | ᠬᠡᠷᠡᠭᠲᠡᠢ᠃ ᠭᠤᠷᠪᠠᠨ ᠳᠠᠪᠬᠤᠷ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠬᠢᠭᠡᠳ ᠨᠢᠭᠦᠯᠡᠰᠦᠩᠭᠦᠢ ᠶᠢᠨ ᠠᠪᠤᠷᠠᠨ | ᠲᠤᠰᠠᠯᠠᠬᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠶᠢᠨ ᠬᠠᠮᠵᠢᠯᠴᠠᠨ ᠬᠥᠭᠵᠢᠬᠦ ᠪᠠ | ᠪᠦᠲᠦᠮᠵᠢᠲᠡᠶ ᠵᠣᠯᠭᠠᠯᠳᠤᠬᠤ ᠶᠢ ᠠᠬᠢᠭᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠣᠯᠠᠨ ᠲᠠᠯ᠎ᠠ ᠶᠢᠨ | ᠣᠷᠣᠯᠴᠠᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ | ᠬᠡᠷᠡᠭᠲᠡᠢ᠃ | ᠬᠤᠶᠠᠷ᠂ ᠭᠤᠣᠯᠳᠠᠯᠭ᠎ᠠ ᠪᠣᠯᠬᠤ ᠠᠵᠢᠯ | ︵ᠨᠢᠭᠡ︶ ᠡᠮᠴᠢᠯᠡᠭᠡᠨ ᠤ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠬᠤ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠭᠦᠷᠲᠡᠬᠦ ᠪᠠᠨ | ᠴᠢᠩᠭᠠᠳᠬᠠᠵᠤ᠂ ᠠᠪᠤᠷᠠᠨ ᠲᠤᠰᠠᠯᠠᠬᠤ ᠡᠲᠡᠭᠡᠳ ᠢ ᠴᠠᠭ ᠲᠤᠬᠠᠢ ᠳᠤ ᠨᠢ ᠲᠦᠢᠯ ᠤᠨ ᠣᠨᠣᠴᠠᠲᠠᠢ ᠢᠯᠭᠠᠨ ᠲᠠᠨᠢᠬᠤ | ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠮᠴᠢᠯᠡᠭᠡᠨ ᠤ ᠠᠪᠤᠷᠠᠨ ᠲᠤᠰᠠᠯᠠᠯᠲᠠ ᠨᠢ ᠡᠮᠴᠢᠯᠡᠭᠡᠨ ᠤ ᠵᠠᠷᠤᠳᠠᠯ ᠤᠨ | ᠳᠠᠷᠤᠭᠠᠰᠤ ᠨᠡᠯᠢᠶᠡᠳ ᠬᠦᠨᠳᠦ ᠪᠠᠶᠢᠭ᠎ᠠ ᠬᠦᠴᠢᠷᠳᠡᠯᠲᠡᠢ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ | ᠰᠠᠭᠤᠭᠠᠯᠢ ᠠᠷᠠᠳ ᠢ ᠭᠤᠤᠯᠴᠢ ᠪᠠᠷ ᠬᠠᠮᠤᠷᠴᠤ᠂ ᠠᠪᠤᠷᠠᠨ ᠲᠤᠰᠠᠯᠠᠬᠤ ᠡᠲᠡᠭᠡᠳ ᠤᠨ ᠲᠥᠷᠥᠯ ᠢᠯᠭᠠᠯ ᠢ | ᠦᠨᠳᠦᠰᠦᠯᠡᠨ ᠲᠥᠷᠥᠯ ᠬᠤᠪᠢᠶᠠᠨ ᠠᠪᠤᠷᠠᠨ ᠲᠤᠰᠠᠯᠠᠬᠤ ᠬᠡᠷᠡᠭᠲᠡᠢ᠃ ᠣᠨᠴᠠ ᠬᠦᠴᠢᠷᠳᠡᠯᠲᠡᠢ ᠬᠥᠮᠥᠰ᠂ ᠨᠠᠭᠠᠲᠤ | ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠵᠠᠬ᠎ᠠ ᠳᠤ | ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠪᠠ ᠲᠠᠷᠢᠶᠠᠯᠠᠬᠤ ᠮᠠᠯᠵᠢᠬᠤ ᠣᠷᠣᠨ ᠤ ᠬᠢᠯᠪᠠᠷᠬᠠᠨ ᠪᠤᠴᠠᠭᠠᠳ ᠶᠠᠳᠠᠭᠤᠷᠠᠬᠤ | ᠪᠠ ᠶᠠᠳᠠᠭᠤᠷᠠᠬᠤ ᠶᠢᠨ ᠬᠢᠨᠠᠨ ᠰᠢᠨᠵᠢᠬᠦ ᠬᠡᠪᠴᠢᠶᠡᠨ ᠳᠤ ᠣᠷᠣᠭᠰᠠᠨ ᠬᠥᠮᠥᠨ ᠠᠮᠠ ᠳᠤ ᠲᠣᠭᠲᠠᠭᠠᠯ ᠶᠣᠰᠣᠭᠠᠷ | ᠲᠤᠰᠠᠯᠠᠮᠵᠢ ᠣᠯᠭᠤᠬᠤ ᠬᠡᠷᠡᠭᠲᠡᠢ᠃ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ | ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠤᠶᠤ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠵᠠᠬ᠎ᠠ ᠳᠤ ᠪᠠᠶᠢᠭ᠎ᠠ | ᠭᠡᠷ ᠪᠦᠯᠢ ᠶᠢᠨ ᠨᠥᠬᠦᠴᠡᠯ ᠳᠤ ᠨᠡᠶᠢᠴᠡᠬᠦ ᠦᠭᠡᠢ ᠪᠣᠯᠪᠠᠴᠣ ᠶᠡᠭᠡ ᠲᠣᠭᠠᠨ ᠤ ᠡᠮ ᠡᠮᠨᠡᠯᠭᠡ ᠶᠢᠨ ᠵᠠᠷᠤᠳᠠᠯ ᠤᠨ | ᠵᠠᠷᠤᠯᠭ᠎ᠠ ᠠᠴᠠ ᠪᠣᠯᠵᠤ ᠭᠡᠷ ᠪᠦᠯᠢ ᠶᠢᠨ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠢ ᠬᠦᠴᠢᠷᠳᠡᠯ ᠳᠤ | ᠤᠴᠠᠷᠠᠭᠰᠠᠨ ᠬᠦᠨᠳᠦ ᠡᠪᠡᠳᠴᠢᠲᠡᠨ ︵ᠳᠣᠷᠣᠭᠰᠢ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ | ᠭᠡᠨ᠎ᠡ᠂ ᠡᠨᠡ ᠨᠢ ᠶᠡᠷᠦ ᠳᠤ ᠪᠠᠨ ᠲᠤᠬᠠᠢ ᠶᠢᠨ ᠭᠠᠵᠠᠷ ᠤᠨ ᠡᠷᠦᠬᠡ ᠠᠮᠠ ᠶᠢᠨ ᠳᠠᠩᠰᠠ ᠲᠠᠢ᠂ ᠭᠡᠷ ᠪᠦᠯᠢ ᠶᠢᠨ | ᠬᠥᠮᠥᠨ ᠪᠦᠷᠢ ᠶᠢᠨ ᠳᠤᠮᠳᠠᠴᠢ ᠣᠷᠣᠯᠭ᠎ᠠ ᠨᠢ ᠳᠡᠭᠡᠷ᠎ᠡ ᠨᠢᠭᠡ ᠵᠢᠯ ᠤᠨ ᠲᠤᠬᠠᠢ ᠶᠢᠨ ᠭᠠᠵᠠᠷ ᠤᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠠᠴᠠ ᠳᠣᠣᠷ᠎ᠠ | ᠂ ᠡᠮᠴᠢᠯᠡᠭᠡᠨ ᠤ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠵᠠᠷᠤᠴᠠᠭᠤᠯᠤᠭᠰᠠᠨ | ᠬᠤᠪᠢ ᠬᠥᠮᠥᠨ ᠤ ᠡᠭᠦᠷᠭᠡᠯᠡᠬᠦ ᠡᠮᠨᠡᠯᠬᠡ ᠶᠢᠨ ᠵᠠᠷᠤᠳᠠᠯ ᠢ ᠬᠠᠰᠤᠵᠤ ᠠᠪᠤᠭᠰᠠᠨ ᠤ ᠳᠠᠷᠠᠭ᠎ᠠ᠂ ᠭᠡᠷ ᠪᠦᠯᠢ ᠶᠢᠨ | ᠬᠥᠮᠥᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠳᠣᠣᠷ᠎ᠠ ᠮᠥᠷᠲᠡᠭᠡᠨ ᠭᠡᠷ ᠪᠦᠯᠢ ᠶᠢᠨ ᠡᠳ᠋ ᠬᠥᠷᠥᠩᠭᠡ ᠶᠢᠨ | ᠪᠠᠶᠢᠳᠠᠯ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠬᠦᠨᠳᠦ ᠡᠪᠡᠳᠴᠢᠲᠡᠨ ᠢ ᠵᠢᠭᠠᠵᠤ ᠪᠣᠢ︶ ᠳᠤ᠂ ᠪᠣᠳᠠᠲᠤ | ᠪᠠᠶᠢᠳᠠᠯ ᠢ ᠨᠢ ᠦᠨᠳᠦᠰᠦᠯᠡᠨ ᠵᠣᠬᠢᠬᠤ ᠬᠡᠮᠵᠢᠶᠡᠨ ᠤ ᠲᠤᠰᠠᠯᠠᠮᠵᠢ ᠦᠵᠡᠭᠦᠯᠦᠨ᠎ᠡ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠣᠨᠴᠠᠭᠠᠢ ᠬᠦᠴᠢᠷᠳᠡᠯᠲᠡᠢ | ᠬᠥᠮᠥᠰ ᠲᠤ ᠳᠡᠭᠡᠷ᠎ᠡ ᠳᠤᠷᠠᠳᠤᠭᠰᠠᠨ ᠠᠪᠤᠷᠠᠨ ᠲᠤᠰᠠᠯᠠᠬᠤ ᠡᠲᠡᠭᠡᠳ ᠤᠨ ᠲᠥᠷᠥᠯ ᠢᠯᠭᠠᠯ ᠢᠶᠠᠷ ᠵᠣᠬᠢᠬᠤ ᠠᠪᠤᠷᠠᠨ | ᠲᠤᠰᠠᠯᠠᠯᠲᠠ ᠣᠯᠭᠤᠬᠤ ᠬᠡᠷᠡᠭᠲᠡᠢ᠃ | ︵ᠬᠤᠶᠠᠷ︶ ᠬᠦᠴᠢᠷᠳᠡᠯᠲᠡᠢ ᠣᠯᠠᠨ ᠲᠦᠮᠡᠨ ᠤ ᠪᠠᠲᠤᠯᠠᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ | ᠪᠠᠲᠤᠯᠠᠬᠤ ᠬᠡᠷᠡᠭᠲᠡᠢ᠃ ᠪᠥᠬᠦ ᠠᠷᠠᠳ ᠢ ᠬᠠᠮᠤᠷᠤᠭᠰᠠᠨ᠂ ᠬᠠᠤᠯᠢ ᠶᠣᠰᠣᠭᠠᠷ ᠣᠷᠤᠯᠴᠠᠬᠤ ᠡᠮᠴᠢᠯᠡᠭᠡᠨ ᠤ | ᠦᠨᠳᠦᠰᠦᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠡᠮᠴᠢᠯᠡᠭᠡᠨ ᠤ ᠦᠨᠳᠦᠰᠦᠨ | ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠪᠠ ᠬᠠᠤᠯᠢ ᠶᠣᠰᠣᠭᠠᠷ | ᠳᠠᠭᠠᠳᠬᠠᠯ ᠳᠤ ᠣᠷᠤᠯᠴᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ | ᠰᠠᠯᠠᠭ᠎ᠠ ᠮᠥᠴᠢᠷ ᠬᠠᠮᠵᠢᠯᠴᠠᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ᠂ ᠰᠢᠯᠭᠠᠨ ᠬᠢᠨᠠᠬᠤ ᠶᠢ | ᠴᠢᠩᠭᠠᠳᠬᠠᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠬᠠᠷᠢᠭᠤᠴᠠᠯᠭ᠎ᠠ ᠶᠢ ᠲᠠᠰᠤᠷᠠᠯᠲᠠ ᠦᠭᠡᠢ | ᠴᠢᠩᠭᠠᠷᠠᠭᠤᠯᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠰᠤᠷᠭᠠᠨ ᠬᠥᠮᠦᠵᠢᠯ᠂ | ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠠᠤᠯᠢ ᠴᠠᠭᠠᠵᠠ ᠵᠠᠰᠠᠭ ᠵᠠᠬᠢᠷᠭ᠎ᠠ᠂ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠶᠢᠯᠢ ᠶᠢᠨ ᠶᠠᠪᠤᠳᠠᠯ᠂ ᠵᠡᠮᠳᠡᠭᠴᠦᠳ ᠤᠨ | ᠬᠤᠯᠪᠣᠭ᠎ᠠ ᠵᠡᠷᠭᠡ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ ᠪᠠ ᠰᠣᠯᠢᠯᠴᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠳᠠᠭᠠᠳᠬᠠᠯ ᠳᠤ ᠣᠷᠤᠯᠴᠠᠬᠤ ᠬᠥᠮᠥᠰ ᠤᠨ ᠮᠡᠳᠡᠭᠡ ᠵᠠᠩᠭᠢ ᠶᠢ | ᠬᠠᠷᠭᠤᠭᠤᠯᠬᠤ ᠪᠠᠨ ᠴᠢᠩᠭᠠᠳᠬᠠᠨ᠂ ᠡᠮᠴᠢᠯᠡᠭᠡᠨ ᠤ ᠦᠨᠳᠦᠰᠦᠨ ᠳᠠᠭᠠᠳᠬᠠᠯ ᠳᠤ ᠣᠷᠤᠯᠴᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠬᠦᠴᠢᠷᠳᠡᠯᠲᠡᠢ ᠣᠯᠠᠨ | ᠲᠦᠮᠡᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠠᠤᠯᠢ ᠶᠣᠰᠣᠭᠠᠷ ᠣᠷᠣᠯᠴᠬᠠᠰᠠᠨ ᠪᠣᠯ᠂ ᠲᠣᠭᠲᠠᠭᠠᠯ | ᠶᠣᠰᠣᠭᠠᠷ ᠭᠤᠷᠪᠠᠨ ᠳᠠᠪᠬᠤᠷ ᠳᠦᠷᠢᠮ ᠤᠨ ᠪᠠᠲᠤᠯᠠᠭ᠎ᠠ ᠶᠢᠨ ᠡᠷᠬᠡ ᠠᠰᠢᠭ ᠢ ᠭᠥᠷᠳᠡᠨ᠎ᠡ᠃ ᠬᠥᠮᠥᠨ ᠠᠮᠠ ᠶᠢᠨ | ᠨᠡᠭᠦᠳᠡᠯ ᠪᠠ ᠳᠠᠭᠠᠳᠬᠠᠯ ᠳᠤ ᠣᠷᠤᠯᠴᠠᠬᠤ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠳᠤ ᠲᠣᠬᠢᠷᠠᠭᠤᠯᠤᠨ᠂ | ᠠᠪᠤᠷᠠᠨ ᠲᠤᠰᠠᠯᠠᠬᠤ ᠡᠲᠡᠭᠡᠳ ᠤᠨ ᠳᠠᠭᠠᠳᠬᠠᠯ ᠳᠤ ᠣᠷᠤᠯᠴᠠᠬᠤ ᠪᠠᠷ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ | ᠠᠮᠢᠳᠤᠯᠢᠭ ᠢᠶᠠᠷ ᠲᠣᠬᠢᠷᠠᠭᠤᠯᠵᠤ᠂ ᠬᠤᠪᠢ ᠬᠥᠮᠥᠨ ᠤ ᠳᠠᠭᠠᠳᠬᠠᠯ ᠳᠤ ᠣᠷᠤᠯᠴᠠᠬᠤ ᠪᠠᠷ ᠰᠦᠢᠳᠬᠡᠯ ᠲᠤᠰᠢᠶᠠᠬᠤ | ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ | ᠰᠢᠯᠵᠢᠭᠦᠯᠦᠨ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠵᠦ᠂ ᠴᠠᠭ ᠲᠤᠬᠠᠢ ᠳᠤ ᠨᠢ ᠳᠠᠭᠠᠳᠬᠠᠯ ᠳᠤ ᠣᠷᠤᠯᠴᠠᠬᠤ᠂ | ᠳᠠᠭᠠᠳᠬᠠᠯ ᠳᠤ ᠣᠷᠤᠯᠴᠠᠬᠤ ᠴᠢᠬᠠᠤᠯᠠᠳᠠᠢ ᠶᠢ ᠨᠢ ᠴᠢᠳᠠᠬᠤ ᠶᠢᠨ ᠬᠢᠷᠢ ᠪᠠᠷ ᠳᠠᠭᠠᠳᠬᠠᠯ ᠳᠤ ᠤᠷᠤᠯᠴᠠᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠢ᠃ | ︵ᠭᠤᠷᠪᠠ︶ ᠳᠠᠭᠠᠳᠬᠠᠯ ᠳᠤ ᠣᠷᠤᠯᠴᠠᠬᠤ ᠶᠢ ᠲᠥᠷᠥᠯ ᠬᠤᠪᠢᠶᠠᠨ ᠵᠣᠭᠤᠰ ᠢᠶᠠᠷ ᠲᠤᠰᠠᠯᠠᠬᠤ ᠠᠵᠢᠯ ᠢ | ᠰᠠᠶᠢᠲᠤᠷ ᠬᠢᠬᠦ ᠬᠡᠷᠡᠭᠲᠡᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ | ᠳᠠᠭᠠᠳᠬᠠᠯ ᠳᠤ ᠣᠷᠤᠯᠴᠠᠬᠤ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠪᠢ ᠬᠥᠮᠥᠨ ᠰᠦᠢᠳᠬᠡᠯ ᠲᠤᠰᠢᠶᠠᠬᠤ ᠳᠤ ᠦᠨᠡᠨ ᠬᠦ ᠬᠦᠴᠢᠷᠳᠡᠯᠲᠡᠢ ᠣᠯᠠᠨ | ᠲᠦᠮᠡᠨ ᠢ ᠲᠥᠷᠥᠯ ᠬᠤᠪᠢᠶᠠᠨ ᠵᠣᠭᠤᠰ ᠢᠶᠠᠷ ᠲᠤᠰᠠᠯᠠᠨ᠎ᠠ᠃ ᠣᠨᠴᠠ ᠬᠦᠴᠢᠷᠳᠡᠯᠲᠡᠢ ᠬᠥᠮᠥᠰ ᠢ ᠪᠥᠬᠦ | ᠲᠤᠭ᠎ᠠ ᠪᠠᠷ ᠨᠢ ᠲᠤᠰᠠᠯᠠᠵᠤ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠪᠤᠴᠠᠭᠠᠳ ᠶᠠᠳᠠᠭᠤᠷᠠᠭᠰᠠᠨ ᠪᠠ | ᠶᠠᠳᠠᠭᠤᠷᠠᠭᠰᠠᠨ ᠬᠥᠮᠥᠨ ᠠᠮᠠ ᠶᠢ ᠲᠣᠭᠲᠠᠭᠰᠠᠨ ᠲᠤᠭ᠎ᠠ ᠪᠠᠷ ᠲᠤᠰᠠᠯᠠᠵᠤ᠂ ᠲᠣᠭᠲᠠᠭᠰᠠᠨ ᠲᠤᠭ᠎ᠠ ᠪᠠᠷ ᠲᠤᠰᠠᠯᠠᠬᠤ | ᠪᠠᠷᠢᠮᠵᠢᠶ᠎ᠠ ᠨᠢ ᠲᠤᠰ ᠬᠤᠭᠤᠴᠠᠭᠠᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ | ᠲᠤᠰᠢᠶᠠᠬᠤ ᠰᠦᠢᠳᠬᠡᠯ ᠤᠨ ᠪᠠᠷᠢᠮᠵᠢᠶ᠎ᠠ ᠶᠢᠨ 45% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠪᠣᠳᠠᠲᠠᠢ | ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠡᠮᠴᠢᠯᠡᠭᠡᠨ ᠤ ᠠᠪᠤᠷᠠᠨ | ᠲᠤᠰᠠᠯᠠᠯᠲᠠ ᠶᠢᠨ ᠰᠠᠭᠤᠷᠢ ᠮᠥᠩᠭᠦ ᠶᠢ ᠴᠤᠭᠯᠠᠭᠤᠯᠤᠨ ᠬᠡᠷᠡᠭᠯᠡᠬᠦ ᠪᠠ ᠬᠦᠴᠢᠷᠳᠡᠯᠲᠡᠢ ᠣᠯᠠᠨ ᠲᠦᠮᠡᠨ ᠤ ᠪᠣᠳᠠᠲᠠᠢ | ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤ ᠨᠢ ᠲᠣᠬᠢᠷᠠᠭᠤᠯᠤᠯᠲᠠ ᠬᠢᠨ᠎ᠡ᠃ | ᠬᠦᠴᠢᠷᠳᠡᠯᠲᠡᠢ ᠣᠯᠠᠨ ᠲᠦᠮᠡᠨ ᠳᠤ ᠣᠯᠠᠨ ᠳᠠᠪᠬᠤᠷ ᠣᠨᠴᠠᠭᠠᠢ ᠪᠡᠶ᠎ᠡ ᠶᠢᠨ ᠬᠠᠷᠢᠶᠠᠯᠠᠯᠳᠣ ᠴᠢᠨᠠᠷ ᠲᠠᠢ ᠪᠣᠯ ︽ | ᠥᠨᠳᠥᠷ ᠪᠠᠷᠢᠮᠵᠢᠶ᠎ᠠ ᠪᠠᠷ ᠨᠢ ᠭᠦᠢᠴᠡᠳᠬᠡᠬᠦ︾ ᠵᠠᠷᠴᠢᠮ ᠶᠣᠰᠣᠭᠠᠷ ᠳᠠᠭᠠᠳᠬᠠᠯ ᠳᠤ ᠣᠷᠣᠯᠴᠬᠠᠰᠠᠨ ᠲᠤᠰᠠᠯᠠᠮᠵᠢ | ᠬᠦᠷᠲᠡᠭᠡᠨ᠎ᠡ᠂ ᠳᠠᠪᠬᠤᠷᠳᠠᠭᠤᠯᠤᠨ ᠲᠤᠰᠠᠯᠠᠵᠤ ᠪᠣᠯᠬᠤ ᠦᠭᠡᠢ᠃ | ︵ᠳᠥᠷᠪᠡ︶ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠣᠯᠠᠨ ᠡᠰᠢᠲᠦ ᠪᠡᠯᠡ ᠴᠤᠭᠯᠠᠭᠤᠯᠬᠤ | ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢ ᠣᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠥᠪ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ | ᠪᠠ ᠨᠡᠶᠢᠭᠡᠮ ᠤᠨ ᠡᠯ᠎ᠡ ᠡᠲᠡᠭᠡᠳ ᠤᠨ ᠬᠠᠨᠳᠢᠪᠯᠡᠯ ᠵᠡᠷᠭᠡ ᠠᠷᠭ᠎ᠠ ᠮᠠᠶ᠋ᠢᠭ ᠢᠶᠠᠷ ᠴᠤᠭᠯᠠᠭᠤᠯᠵᠤ᠂ ᠢᠯᠡ ᠲᠣᠳᠣ᠂ | ᠣᠯᠠᠨ ᠨᠡᠶᠢᠲᠡ ᠶᠢᠨ᠂ ᠲᠥᠪ ᠭᠤᠤᠯᠴᠢ᠂ ᠲᠤᠰᠬᠠᠢ ᠵᠣᠭᠤᠰ ᠢ ᠲᠤᠰᠬᠠᠶᠢᠯᠠᠨ ᠬᠡᠷᠡᠭᠯᠡᠬᠦ᠂ ᠣᠷᠣᠯᠭ᠎ᠠ ᠵᠠᠷᠤᠯᠭ᠎ᠠ ᠶᠢ | ᠲᠡᠩᠴᠡᠭᠦᠷᠢᠲᠡᠢ ᠪᠠᠶᠢᠯᠭᠠᠬᠤ ᠵᠠᠷᠴᠢᠮ ᠶᠣᠰᠣᠭᠠᠷ ᠬᠠᠮᠢᠶᠠᠷᠴᠤ ᠬᠡᠷᠡᠭᠯᠡᠬᠦ ᠬᠡᠷᠡᠭᠲᠡᠢ᠃ ᠳᠦᠷᠢᠮ ᠪᠠ ᠲᠥᠷᠥ ᠶᠢᠨ | ᠪᠣᠳᠣᠯᠭ᠎ᠠ ᠶᠢ ᠨᠢᠭᠡᠳᠦᠯᠲᠡᠢ ᠪᠠᠶᠢᠯᠭᠠᠬᠤ᠂ ᠰᠠᠭᠤᠷᠢ ᠮᠥᠩᠭᠦ ᠶᠢ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠬᠤ᠂ | ᠬᠠᠮᠢᠶᠠᠷᠤᠯᠲᠠ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠪᠠᠷᠢᠮᠵᠢᠶ᠎ᠠ ᠶᠣᠰᠣᠭᠠᠷ᠂ ᠡᠮᠴᠢᠯᠡᠭᠡᠨ ᠤ ᠠᠪᠤᠷᠠᠨ | ᠲᠤᠰᠠᠯᠠᠯᠲᠠ ᠶᠢᠨ ᠠᠶᠢᠮᠠᠭ ᠬᠤᠲᠠ ᠶᠢᠨ ᠱᠠᠲᠤᠨ ᠳᠠᠬᠢ ᠨᠢᠭᠡᠳᠦᠯᠲᠡᠢ ᠲᠥᠯᠥᠪᠯᠡᠬᠦ ᠶᠢ ᠪᠥᠬᠦ ᠲᠠᠯ᠎ᠠ ᠪᠠᠷ ᠪᠣᠳᠠᠲᠠᠢ | ᠨᠠᠷᠢᠯᠢᠭ ᠬᠢᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠣᠷᠣᠭᠤᠯᠤᠯᠲᠠ ᠶᠢᠨ ᠪᠠᠲᠤᠯᠠᠭ᠎ᠠ ᠶᠢᠨ | ᠬᠠᠷᠢᠭᠤᠴᠠᠯᠭ᠎ᠠ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠡᠮᠴᠢᠯᠡᠭᠡᠨ ᠤ ᠠᠪᠤᠷᠠᠨ | ᠲᠤᠰᠠᠯᠠᠯᠲᠠ ᠶᠢᠨ ᠬᠡᠷᠡᠭᠴᠡᠭᠡ ᠱᠠᠭᠠᠷᠳᠠᠯᠭ᠎ᠠ᠂ ᠣᠷᠣᠨ ᠨᠤᠲᠤᠭ ᠤᠨ ᠡᠳ᠋ ᠤᠨ ᠵᠠᠰᠠᠭ ᠤᠨ ᠡᠭᠦᠷᠭᠡᠯᠡᠬᠦ ᠴᠢᠳᠠᠪᠤᠷᠢ | ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠲᠤᠰᠠᠯᠠᠮᠵᠢ ᠶᠢᠨ | ᠪᠡᠯᠡ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ᠬᠦᠷᠦᠯᠴᠡᠬᠦ ᠦᠭᠡᠢ ᠬᠡᠰᠡᠭ ᠢ ᠨᠢ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠳᠠᠭᠠᠭᠠᠨ ᠪᠠᠲᠤᠯᠠᠬᠤ ᠬᠡᠷᠡᠭᠲᠡᠢ᠃ ᠪᠡᠯᠡ | ᠮᠥᠩᠭᠦ ᠴᠤᠭᠯᠠᠭᠤᠯᠬᠤ ᠠᠷᠭ᠎ᠠ ᠵᠠᠮ ᠢᠶᠠᠨ ᠥᠷᠭᠡᠳᠬᠡᠵᠦ᠂ ᠨᠡᠶᠢᠭᠡᠮ ᠤᠨ ᠬᠦᠴᠦᠨ ᠢ ᠳᠠᠶᠢᠴᠢᠯᠠᠨ᠂ ᠨᠢᠭᠦᠯᠡᠰᠦᠩᠭᠦᠢ | ᠦᠢᠯᠡᠰ ᠬᠢᠭᠡᠳ ᠨᠡᠶᠢᠭᠡᠮ ᠤᠨ ᠲᠤᠰᠠᠯᠠᠮᠵᠢ ᠵᠡᠷᠭᠡ ᠣᠯᠠᠨ ᠵᠠᠮ ᠮᠥᠷ ᠢᠶᠠᠷ ᠳᠠᠮᠵᠢᠭᠤᠯᠤᠨ ᠪᠡᠯᠡ ᠮᠥᠩᠭᠦ | ᠴᠤᠭᠯᠠᠭᠤᠯᠤᠨ᠎ᠠ᠃ | ︵ᠲᠠᠪᠤ︶ ᠭᠤᠷᠪᠠᠨ ᠳᠠᠪᠬᠤᠷ ᠳᠦᠷᠢᠮ ᠤᠨ ᠬᠠᠷᠢᠯᠴᠠᠨ ᠨᠥᠬᠦᠪᠦᠷᠢᠯᠡᠵᠦ ᠵᠣᠯᠭᠠᠭᠤᠯᠬᠤ ᠶᠢ ᠠᠬᠢᠭᠤᠯᠬᠤ | ᠬᠡᠷᠡᠭᠲᠡᠢ᠃ ᠤᠯᠠᠨ ᠲᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ | ᠭᠤᠷᠪᠠᠨ ᠳᠠᠪᠬᠤᠷ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠬᠤ ᠬᠡᠷᠡᠭᠲᠡᠢ᠃ | ᠤᠯᠤᠰ ᠠᠴᠠ ᠲᠣᠭᠲᠠᠭᠠᠭᠰᠠᠨ ᠡᠮᠴᠢᠯᠡᠭᠡᠨ ᠤ ᠪᠠᠲᠤᠯᠠᠭ᠎ᠠ ᠶᠢᠨ ᠦᠨᠳᠦᠰᠦᠨ ᠳᠦᠷᠢᠮ ᠢ ᠴᠢᠩᠭ᠎ᠠ ᠬᠡᠷᠡᠭᠵᠢᠭᠦᠯᠵᠦ᠂ | ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠦᠨᠳᠦᠰᠦᠨ ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶ᠎ᠡ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ | ᠬᠡᠷᠡᠭᠲᠡᠢ᠃ ᠡᠮᠴᠢᠯᠡᠭᠡᠨ ᠤ ᠦᠨᠳᠦᠰᠦᠨ ᠳᠠᠭᠠᠳᠬᠠᠯ ᠤᠨ ᠭᠤᠣᠯ ᠴᠣᠭᠴᠠ ᠶᠢᠨ ᠪᠠᠲᠤᠯᠠᠭ᠎ᠠ ᠶᠢᠨ ᠴᠢᠳᠠᠮᠵᠢ ᠶᠢ | ᠭᠦᠢᠴᠡᠳ ᠪᠠᠳᠠᠷᠠᠭᠤᠯᠵᠤ᠂ ᠡᠮᠨᠡᠯᠭᠡ ᠳᠤ ᠰᠠᠭᠤᠬᠤ ᠣᠯᠭᠤᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ | ᠪᠠᠬᠢᠵᠢᠭᠦᠯᠦᠨ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠬᠦ ᠬᠡᠷᠡᠭᠲᠡᠢ᠃ ᠬᠦᠨᠳᠦ ᠡᠪᠡᠳᠴᠢᠨ ᠤ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ ᠴᠢᠳᠠᠮᠵᠢ ᠶᠢ | ᠴᠢᠩᠭᠠᠷᠠᠭᠤᠯᠵᠤ᠂ ᠡᠬᠢᠯᠡᠵᠦ ᠲᠦᠯᠦᠬᠦ ᠪᠠᠷᠢᠮᠵᠢᠶ᠎ᠠ ᠪᠠᠨ ᠨᠢᠭᠡᠳᠦᠯᠲᠡᠢ ᠪᠠᠶᠢᠯᠭᠠᠨ᠂ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠤ ᠥᠭᠬᠦ ᠬᠠᠷᠢᠴᠠᠯ ᠢ 60% ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ︔ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠪᠤᠴᠠᠭᠠᠳ | ᠶᠠᠳᠠᠭᠤᠷᠠᠬᠤ ᠪᠠ ᠶᠠᠳᠠᠭᠤᠷᠠᠭᠰᠠᠨ ᠬᠥᠮᠥᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠳᠥᠯᠥᠬᠦ | ᠪᠠᠷᠢᠮᠵᠢᠶ᠎ᠠ ᠶᠢ 50% ᠪᠠᠷ ᠪᠠᠭᠤᠷᠠᠭᠤᠯᠵᠤ᠂ ᠳᠥᠯᠥᠬᠦ ᠬᠠᠷᠢᠴᠠᠯ ᠢ 5 ᠵᠠᠭᠤᠨ ᠤ ᠨᠢᠭᠡᠴᠢ ᠳᠡᠭᠡᠭᠰᠢᠯᠡᠭᠦᠯᠬᠦ ᠶᠢᠨ | ᠬᠠᠮᠲᠤ᠂ ᠳᠥᠯᠥᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠬᠦᠴᠦᠨ ᠦᠭᠡᠢ ᠪᠣᠯᠭᠠᠨ᠎ᠠ᠃ ᠡᠮᠴᠢᠯᠡᠭᠡᠨ ᠤ | ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠤᠨ ᠪᠠᠲᠤᠯᠠᠭ᠎ᠠ ᠶᠢᠨ ᠴᠢᠳᠠᠮᠵᠢ ᠶᠢ ᠪᠠᠲᠤᠳᠬᠠᠵᠤ᠂ ᠨᠢᠭᠡᠳᠦᠯᠲᠡᠢ | ᠵᠢᠷᠤᠮᠵᠢᠭᠰᠠᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠠᠪᠤᠷᠠᠨ | ᠲᠤᠰᠠᠯᠠᠯᠲᠠ ᠶᠢᠨ ᠬᠢᠷᠢ ᠲᠦᠪᠰᠢᠨ ᠪᠠ ᠣᠨ ᠤ ᠠᠪᠤᠷᠠᠨ ᠲᠤᠰᠠᠯᠠᠯᠲᠠ ᠶᠢᠨ ᠬᠢᠵᠠᠭᠠᠷ ᠲᠤᠭ᠎ᠠ ᠶᠢ ᠵᠦᠢ ᠵᠣᠬᠢᠰᠲᠠᠢ | ᠲᠣᠭᠲᠠᠭᠠᠵᠤ᠂ ᠲᠥᠷᠥᠯ ᠬᠤᠪᠢᠶᠠᠨ ᠠᠪᠤᠷᠠᠨ ᠲᠤᠰᠠᠯᠠᠬᠤ ᠶᠢ ᠰᠠᠶᠢᠲᠤᠷ ᠬᠢᠬᠦ ᠬᠡᠷᠡᠭᠲᠡᠢ᠃ ᠲᠣᠭᠲᠠᠭᠠᠯ ᠶᠣᠰᠣᠭᠠᠷ | ᠲᠠᠷᠢᠶᠠᠯᠠᠬᠤ ᠮᠠᠯᠵᠢᠬᠤ ᠣᠷᠣᠨ ᠤ ᠬᠢᠯᠪᠠᠷᠬᠠᠨ ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠬᠥᠮᠥᠨ ᠠᠮᠠ ᠶᠢᠨ | ᠡᠮᠴᠢᠯᠡᠭᠡᠨ ᠤ ᠪᠠᠲᠤᠯᠠᠭ᠎ᠠ ᠶᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠪᠠᠨ | ᠪᠠᠬᠢᠵᠢᠭᠦᠯᠦᠨ ᠥᠷᠭᠡᠳᠬᠡᠬᠦ ᠬᠡᠷᠡᠭᠲᠡᠢ᠃ | ︵ᠵᠢᠷᠭᠤᠭ᠎ᠠ︶ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠲᠣᠳᠣᠷᠬᠠᠶᠢᠯᠠᠬᠤ | ᠬᠡᠷᠡᠭᠲᠡᠢ᠃ ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠠᠪᠤᠷᠠᠨ ᠲᠤᠰᠠᠯᠠᠬᠤ ᠡᠲᠡᠭᠡᠳ ᠤᠨ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠣᠬᠢᠲᠠᠢ | ᠰᠢᠢᠳᠪᠦᠷᠢᠯᠡᠬᠦ ᠬᠡᠷᠡᠭᠲᠡᠢ᠃ ᠠᠪᠤᠷᠠᠨ ᠲᠤᠰᠠᠯᠠᠬᠤ ᠵᠠᠷᠤᠳᠠᠯ ᠨᠢ ᠭᠤᠣᠯᠳᠠᠭᠤ ᠠᠪᠤᠷᠠᠨ ᠲᠤᠰᠠᠯᠠᠯᠲᠠ ᠶᠢ ᠭᠦᠷᠲᠡᠬᠦ | ᠡᠲᠡᠭᠡᠳ ᠤᠨ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠡᠭᠦᠰᠦᠭᠰᠡᠨ ᠡᠮᠨᠡᠯᠭᠡ ᠳᠤ ᠰᠠᠭᠤᠭᠰᠠᠨ | ᠵᠠᠷᠤᠳᠠᠯ᠂ ᠤᠳᠠᠭᠠᠨ ᠴᠢᠨᠠᠷᠲᠠᠢ ᠡᠪᠡᠳᠴᠢᠨ ᠠᠴᠠ ᠪᠣᠯᠵᠤ ᠤᠷᠲᠤ ᠬᠤᠭᠤᠴᠠᠭ᠎ᠠ ᠪᠠᠷ ᠡᠮ ᠤᠤᠭᠤᠭᠰᠠᠨ ᠪᠤᠶᠤ | ᠬᠦᠨᠳᠦ ᠬᠡᠴᠡᠭᠦᠦ ᠣᠨᠴᠠᠭᠠᠢ ᠡᠪᠡᠳᠴᠢᠨ ᠡᠮᠭᠡᠭ ᠲᠤ ᠨᠡᠷᠪᠡᠭᠳᠡᠵᠦ ᠤᠷᠲᠤ ᠬᠤᠭᠤᠴᠠᠭ᠎ᠠ ᠪᠠᠷ ᠡᠭᠦᠳᠡᠨ ᠡᠮᠨᠡᠯᠭᠡ ᠳᠤ | ᠡᠮᠨᠡᠭᠦᠯᠬᠦ ᠴᠢᠬᠤᠯᠠᠲᠠᠢ ᠵᠠᠷᠤᠳᠠᠯ ᠢ ᠬᠠᠮᠤᠷᠤᠨ᠎ᠠ᠃ ᠡᠮᠴᠢᠯᠡᠭᠡᠨ ᠤ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ ᠤᠨ ᠡᠬᠢᠯᠡᠵᠦ ᠲᠦᠯᠦᠬᠦ ᠱᠤᠭᠤᠮ ᠠᠴᠠ ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ | ᠬᠤᠪᠢ ᠬᠥᠮᠥᠨ ᠤ ᠥᠪᠡᠷ ᠢᠶᠠᠨ ᠥᠭᠬᠦ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠠᠪᠤᠷᠠᠨ ᠲᠤᠰᠠᠯᠠᠯᠲᠠ ᠳᠤ | ᠣᠷᠣᠭᠤᠯᠬᠤ ᠬᠡᠷᠡᠭᠲᠡᠢ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢ ᠵᠠᠷᠤᠬᠤ ᠬᠡᠪᠴᠢᠶ᠎ᠡ ᠨᠢ | ᠵᠠᠷᠴᠢᠮ ᠳᠡᠭᠡᠷ᠎ᠡ ᠪᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠡᠮᠴᠢᠯᠡᠭᠡᠨ ᠤ | ᠦᠨᠳᠦᠰᠦᠨ ᠳᠠᠭᠠᠳᠬᠠᠯ ᠤᠨ ᠲᠦᠯᠦᠬᠦ ᠬᠡᠪᠴᠢᠶᠡᠨ ᠤ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠤᠯᠤᠰ ᠤᠨ ᠠᠰᠲᠠᠭᠠᠨ ᠲᠣᠳᠣᠷᠬᠠᠢ ᠲᠣᠭᠲᠠᠭᠠᠯ ᠪᠠᠶᠢᠬᠤ ᠠᠴᠠ ᠭᠠᠳᠠᠨ᠎ᠠ᠂ ᠡᠯ᠎ᠡ ᠭᠠᠵᠠᠷ ᠣᠷᠣᠨ ᠦᠪᠡᠰᠦᠪᠡᠨ | ᠲᠣᠭᠲᠠᠭᠠᠬᠤ ᠪᠤᠶᠤ ᠦᠬᠡᠷᠡᠳᠡᠬᠦᠯᠬᠦ ᠠᠷᠭ᠎ᠠ ᠪᠠᠷ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠵᠠᠷᠤᠳᠠᠯ ᠤᠨ | ᠪᠠᠲᠤᠯᠠᠭ᠎ᠠ ᠶᠢᠨ ᠬᠡᠪᠴᠢᠶ᠎ᠡ ᠶᠢ ᠳᠤᠷ᠎ᠠ ᠪᠠᠷ ᠢᠶᠠᠨ ᠶᠡᠬᠡᠰᠬᠡᠵᠦ ᠪᠣᠯᠬᠤ ᠦᠭᠡᠢ᠃ | ︵ᠳᠣᠯᠤᠭ᠎ᠠ︶ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ | ᠬᠡᠷᠡᠭᠲᠡᠢ᠃ ᠠᠪᠤᠷᠠᠨ ᠲᠤᠰᠠᠯᠠᠯᠲᠠ ᠭᠦᠷᠲᠡᠬᠦ ᠡᠲᠡᠭᠡᠳ ᠤᠨ ᠭᠡᠷ ᠪᠦᠯᠢ ᠶᠢᠨ ᠬᠦᠴᠢᠷᠳᠡᠯ ᠤᠨ ᠪᠠᠶᠢᠳᠠᠯ ᠢ | ᠦᠨᠳᠦᠰᠦᠯᠡᠨ᠂ ᠣᠨ ᠤ ᠠᠪᠤᠷᠠᠨ ᠲᠤᠰᠠᠯᠠᠯᠲᠠ ᠶᠢᠨ ᠡᠬᠢᠯᠡᠵᠦ ᠥᠭᠬᠦ ᠪᠠᠷᠢᠮᠵᠢᠶ᠎ᠠ ︵ᠳᠣᠷᠣᠭᠰᠢ ᠡᠬᠢᠯᠡᠵᠦ ᠥᠭᠬᠦ | ᠪᠠᠷᠢᠮᠵᠢᠶ᠎ᠠ ᠭᠡᠵᠦ ᠲᠣᠪᠴᠢᠯᠠᠨ᠎ᠠ︶ ᠶᠢ ᠲᠥᠷᠥᠯ ᠬᠤᠪᠢᠶᠠᠨ ᠲᠣᠭᠲᠠᠭᠠᠬᠤ ᠬᠡᠷᠡᠭᠲᠡᠢ᠃ ᠨᠠᠭᠠᠲᠤ ᠵᠠᠬ᠎ᠠ ᠶᠢᠨ | ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ ᠲᠤ ᠵᠠᠷᠴᠢᠮ ᠳᠡᠭᠡᠷ᠎ᠡ ᠪᠠᠨ ᠡᠬᠢᠯᠡᠵᠦ ᠥᠭᠬᠦ | ᠪᠠᠷᠢᠮᠵᠢᠶ᠎ᠠ ᠶᠢ ᠬᠦᠴᠦᠨ ᠦᠭᠡᠢ ᠪᠣᠯᠭᠠᠵᠤ᠂ ᠲᠦᠷ ᠨᠥᠬᠦᠴᠡᠯ ᠪᠦᠷᠢᠯᠳᠦᠭᠦᠯᠦᠭᠡᠳᠦᠢ ᠭᠠᠵᠠᠷ ᠣᠷᠣᠨ ᠤ ᠡᠬᠢᠯᠡᠵᠦ | ᠥᠭᠬᠦ ᠪᠠᠷᠢᠮᠵᠢᠶ᠎ᠠ ᠨᠢ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠳᠡᠭᠡᠷ᠎ᠡ ᠵᠢᠯ ᠤᠨ ᠪᠥᠬᠦ ᠰᠠᠭᠤᠭᠠᠯᠢ ᠠᠷᠠᠳ ᠤᠨ | ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ 5% ᠠᠴᠠ ᠥᠨᠳᠥᠷ ᠪᠠᠶᠢᠵᠤ ᠪᠣᠯᠬᠤ ᠦᠭᠡᠢ | ᠪᠥᠭᠡᠳ ᠡᠬᠢᠯᠡᠵᠦ ᠥᠭᠬᠦ ᠪᠠᠷᠢᠮᠵᠢᠶ᠎ᠠ ᠶᠢ ᠬᠦᠴᠦᠨ ᠦᠭᠡᠢ ᠪᠣᠯᠭᠠᠬᠤ ᠶᠢ ᠠᠯᠬᠤᠮ ᠠᠯᠬᠤᠮ ᠢᠶᠠᠷ ᠰᠦᠪᠡᠭᠴᠢᠯᠡᠬᠦ | ᠬᠡᠷᠡᠭᠲᠡᠢ᠃ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠵᠠᠬ᠎ᠠ ᠶᠢᠨ ᠭᠡᠷ ᠪᠦᠯᠢ ᠶᠢᠨ ᠪᠦᠷᠢᠯᠳᠦᠭᠦᠨ ᠤ ᠡᠬᠢᠯᠡᠵᠦ | ᠥᠭᠬᠦ ᠪᠠᠷᠢᠮᠵᠢᠶ᠎ᠠ ᠶᠢ ᠠᠶᠢᠮᠠᠭ ᠬᠤᠲᠠ ᠶᠢᠨ ᠳᠡᠭᠡᠷ᠎ᠡ ᠵᠢᠯ ᠤᠨ ᠪᠦᠬᠦ ᠰᠠᠭᠤᠭᠠᠯᠢ ᠠᠷᠠᠳ ᠤᠨ ᠬᠥᠮᠥᠨ ᠪᠦᠷᠢ ᠶᠢᠨ | ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ 10% ᠣᠷᠴᠢᠮ ᠢᠶᠠᠷ ᠲᠣᠭᠲᠠᠭᠠᠵᠤ᠂ ᠡᠪᠡᠳᠴᠢᠨ ᠠᠴᠠ ᠪᠣᠯᠵᠤ | ᠶᠠᠳᠠᠭᠤᠷᠠᠭᠰᠠᠨ ᠬᠦᠨᠳᠦ ᠡᠪᠡᠳᠴᠢᠲᠡᠨ ᠢ ᠠᠶᠢᠮᠠᠭ ᠬᠤᠲᠠ ᠶᠢᠨ ᠳᠡᠭᠡᠷ᠎ᠡ ᠵᠢᠯ ᠤᠨ ᠪᠦᠬᠦ ᠰᠠᠭᠤᠭᠠᠯᠢ ᠠᠷᠠᠳ ᠤᠨ | ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ 25% ᠣᠷᠴᠢᠮ ᠢᠶᠠᠷ ᠲᠣᠭᠲᠠᠭᠠᠬᠤ ᠬᠡᠷᠡᠭᠲᠡᠢ᠃ | ︽ᠤᠷᠢᠳ ᠢᠶᠠᠷ ᠳᠠᠭᠠᠳᠬᠠᠯ ᠢᠶᠠᠷ ᠲᠥᠯᠥᠵᠦ ᠳᠠᠷᠠᠭ᠎ᠠ ᠨᠢ ᠠᠪᠤᠷᠠᠨ ᠲᠤᠰᠠᠯᠠᠯᠲᠠ ᠬᠢᠬᠦ︾ ᠵᠠᠷᠴᠢᠮ ᠶᠣᠰᠣᠭᠠᠷ᠂ | ᠡᠮᠴᠢᠯᠡᠭᠡᠨ ᠤ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠲᠥᠯᠥᠭᠰᠡᠨ ᠤ ᠳᠠᠷᠠᠭ᠎ᠠ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠥᠨ ᠤ ᠥᠪᠡᠰᠦᠪᠡᠨ ᠥᠭᠬᠦ ᠡᠮᠴᠢᠯᠡᠭᠡᠨ ᠤ ᠵᠠᠷᠤᠳᠠᠯ ᠨᠢ | ᠮᠥᠨᠴᠦ ᠨᠡᠯᠢᠶᠡᠳ ᠬᠦᠨᠳᠦ ᠪᠠᠶᠢᠭ᠎ᠠ ᠠᠪᠤᠷᠠᠨ ᠲᠤᠰᠠᠯᠠᠬᠤ ᠡᠲᠡᠭᠡᠳ ᠲᠤ ᠲᠣᠭᠲᠠᠭᠠᠯ ᠶᠣᠰᠣᠭᠠᠷ ᠠᠪᠤᠷᠠᠨ | ᠲᠤᠰᠠᠯᠠᠯᠲᠠ ᠬᠦᠷᠲᠡᠭᠡᠵᠦ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠪᠤᠴᠠᠭᠠᠳ ᠶᠠᠳᠠᠭᠤᠷᠠᠬᠤ ᠲᠦᠭᠰᠢᠭᠦᠷᠢ ᠶᠢ | ᠬᠦᠴᠦ ᠪᠠᠨ ᠬᠠᠮᠲᠤᠳᠬᠠᠨ ᠰᠡᠷᠭᠡᠶᠢᠯᠡᠬᠦ ᠬᠡᠷᠡᠭᠲᠡᠢ᠃ ᠣᠨ ᠤ ᠠᠪᠤᠷᠠᠨ ᠲᠤᠰᠠᠯᠠᠯᠲᠠ ᠶᠢᠨ ᠬᠢᠵᠠᠭᠠᠷ ᠲᠣᠭᠠᠨ ᠤ | ᠳᠣᠲᠣᠷ᠎ᠠ᠂ ᠣᠨᠴᠠ ᠬᠦᠴᠢᠷᠳᠡᠯᠲᠡᠢ ᠬᠥᠮᠥᠰ ᠲᠤ ᠪᠥᠬᠦ ᠲᠣᠭᠠᠨ ᠤ ᠠᠪᠤᠷᠠᠨ ᠲᠤᠰᠠᠯᠠᠯᠲᠠ ᠶᠢ ᠬᠡᠷᠡᠭᠵᠢᠭᠦᠯᠵᠦ᠂ | ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠲᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ | ᠵᠠᠷᠤᠳᠠᠯ ᠢ ᠨᠢ 70% ᠠᠴᠠ ᠳᠣᠣᠷ᠎ᠠ ᠪᠠᠶᠢᠯᠭᠠᠬᠤ ᠦᠭᠡᠢ ᠬᠠᠷᠢᠴᠠᠯ ᠢᠶᠠᠷ ᠠᠪᠤᠷᠠᠨ ᠲᠤᠰᠠᠯᠠᠵᠤ᠂ ᠪᠤᠰᠤᠳ ᠠᠪᠤᠷᠠᠨ | ᠲᠤᠰᠠᠯᠠᠬᠤ ᠡᠲᠡᠭᠡᠳ ᠲᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠤᠨ ᠠᠪᠤᠷᠠᠨ ᠲᠤᠰᠠᠯᠠᠬᠤ | ᠬᠠᠷᠢᠴᠠᠯ ᠢ ᠨᠢ 60% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠡᠯ᠎ᠡ ᠠᠶᠢᠮᠠᠭ ᠬᠤᠲᠠ ᠨᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠠᠷᠠᠳ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ᠂ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢᠨ ᠲᠤᠯᠭᠠᠭᠤᠷᠢᠯᠠᠬᠤ ᠴᠢᠳᠠᠪᠤᠷᠢ ᠪᠠᠨ ᠦᠨᠳᠦᠰᠦᠯᠡᠨ | ᠂ ᠲᠤᠬᠠᠢ ᠶᠢᠨ ᠭᠠᠵᠠᠷ ᠤᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠠᠷᠢᠴᠠᠯ ᠪᠠ ᠣᠨ ᠤ ᠠᠪᠤᠷᠠᠨ | ᠲᠤᠰᠠᠯᠠᠯᠲᠠ ᠶᠢᠨ ᠬᠢᠵᠠᠭᠠᠷ ᠲᠤᠭ᠎ᠠ ᠶᠢ ᠵᠦᠢ ᠵᠣᠬᠢᠰᠲᠠᠢ ᠲᠣᠭᠲᠠᠭᠠᠵᠤ᠂ ᠨᠠᠷᠮᠠᠢ ᠠᠰᠠᠷᠠᠮᠵᠢ ᠶᠢᠨ ᠴᠢᠨᠠᠷᠲᠠᠢ | ᠪᠣᠯᠬᠤ ᠠᠴᠠ ᠰᠡᠷᠭᠡᠶᠢᠯᠡᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠬᠢᠯᠪᠠᠷᠬᠠᠨ ᠪᠤᠴᠠᠭᠠᠳ ᠶᠠᠳᠠᠭᠤᠷᠠᠬᠤ ᠪᠠ | ᠶᠠᠳᠠᠭᠤᠷᠠᠬᠤ ᠬᠥᠮᠥᠨ ᠠᠮᠠ ᠶᠢ ᠠᠪᠤᠷᠠᠨ ᠲᠤᠰᠠᠯᠠᠬᠤ ᠲᠦᠪᠰᠢᠨ ᠢ ᠪᠣᠯ᠂ ᠡᠮᠴᠢᠯᠡᠭᠡᠨ ᠤ ᠪᠠᠲᠤᠯᠠᠭ᠎ᠠ ᠪᠠᠷ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠯᠤᠭ᠎ᠠ ᠪᠦᠲᠦᠮᠵᠢᠲᠡᠢ ᠵᠣᠯᠭᠠᠭᠤᠯᠬᠤ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠬᠦᠴᠢᠷᠳᠡᠯᠲᠡᠢ | ᠣᠯᠠᠨ ᠲᠦᠮᠡᠨ ᠳᠤ ᠣᠯᠠᠨ ᠳᠠᠪᠬᠤᠷ ᠣᠨᠴᠠᠭᠠᠢ ᠪᠡᠶ᠎ᠡ ᠶᠢᠨ ᠬᠠᠷᠢᠶᠠᠯᠠᠯᠳᠤ ᠴᠢᠨᠠᠷ ᠲᠠᠢ ᠪᠣᠯ ︽ᠥᠨᠳᠥᠷ | ᠪᠠᠷᠢᠮᠵᠢᠶ᠎ᠠ ᠪᠠᠷ ᠨᠢ ᠭᠦᠢᠴᠡᠳᠬᠡᠬᠦ︾ ᠵᠠᠷᠴᠢᠮ ᠶᠣᠰᠣᠭᠠᠷ ᠠᠪᠤᠷᠠᠨ ᠲᠤᠰᠠᠯᠠᠯᠲᠠ ᠶᠢ ᠬᠦᠷᠲᠡᠭᠡᠵᠦ᠂ | ᠳᠠᠪᠬᠤᠷᠳᠠᠭᠤᠯᠤᠨ ᠠᠪᠤᠷᠠᠨ ᠲᠤᠰᠠᠯᠠᠵᠤ ᠪᠣᠯᠬᠤ ᠦᠭᠡᠢ᠃ | ︵ᠨᠠᠢᠮᠠ︶ ᠦᠨᠳᠦᠰᠦᠨ ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ | ᠲᠡᠭᠦᠯᠳᠡᠷᠵᠢᠭᠦᠯᠬᠦ ᠬᠡᠷᠡᠭᠲᠡᠢ᠃ ᠡᠮᠨᠡᠯᠭᠡ ᠳᠤ ᠰᠠᠭᠤᠬᠤ᠂ ᠡᠩ ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠶᠢᠨ | ᠤᠵᠢᠭ ᠤᠨᠴᠠᠭᠠᠢ ᠡᠪᠡᠳᠴᠢᠨ ᠢ ᠠᠪᠤᠷᠠᠨ ᠲᠤᠰᠠᠯᠠᠬᠤ ᠪᠠᠲᠤᠯᠠᠭ᠎ᠠ ᠪᠠᠨ ᠴᠢᠩᠭᠠᠳᠬᠠᠵᠤ᠂ ᠡᠭᠦᠳᠡᠨ ᠡᠮᠨᠡᠯᠭᠡ ᠪᠠ | ᠡᠮᠨᠡᠯᠭᠡ ᠳᠤ ᠰᠠᠭᠤᠬᠤ ᠠᠪᠤᠷᠠᠨ ᠲᠤᠰᠠᠯᠠᠯᠲᠠ ᠳᠤ ᠣᠨ ᠤ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢ ᠬᠠᠮᠲᠤ ᠪᠠᠷ | ᠬᠡᠷᠡᠭᠯᠡᠨ᠎ᠡ᠃ ᠵᠢᠷᠤᠮᠵᠢᠯ ᠲᠠᠢ ᠰᠢᠯᠵᠢᠭᠦᠯᠦᠨ ᠡᠮᠨᠡᠭᠦᠯᠦᠭᠰᠡᠨ ᠮᠥᠷᠲᠡᠭᠡᠨ ᠥᠪᠡᠷᠲᠡᠭᠡᠨ ᠵᠠᠰᠠᠬᠤ ᠣᠷᠣᠨ ᠤ | ᠬᠡᠪᠴᠢᠶᠡᠨ ᠳᠤ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ ᠲᠤ ᠭᠤᠷᠪᠠᠨ ᠳᠠᠪᠬᠤᠷ ᠳᠦᠷᠢᠮ ᠢᠶᠠᠷ | ᠶᠡᠷᠦᠩᠬᠡᠶᠢᠯᠡᠭᠰᠡᠨ ᠪᠠᠲᠤᠯᠠᠭ᠎ᠠ ᠬᠠᠩᠭᠠᠭᠰᠠᠨ ᠤ ᠳᠠᠷᠠᠭ᠎ᠠ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠬᠤᠪᠢ | ᠬᠥᠮᠥᠨ ᠤ ᠳᠠᠷᠤᠭᠠᠰᠤ ᠮᠥᠨ ᠯᠡ ᠨᠡᠯᠢᠶᠡᠳ ᠬᠦᠨᠳᠦ ᠪᠠᠶᠢᠭ᠎ᠠ ᠶᠢ ᠨᠢ ᠲᠤᠰᠠᠯᠠᠬᠤ ᠪᠠᠷ ᠬᠡᠯᠪᠠᠶᠢᠵᠦ᠂ | ᠲᠤᠰᠠᠯᠠᠬᠤ ᠪᠠᠨ ᠬᠡᠯᠪᠠᠶᠢᠯᠭᠡᠬᠦ ᠳᠤ ᠥᠭᠬᠦ ᠵᠠᠭᠠᠭ ᠬᠢᠵᠠᠭᠠᠷ ᠢ ᠬᠦᠨᠳᠦ ᠡᠪᠡᠳᠴᠢᠨ ᠤ ᠳᠠᠭᠠᠳᠬᠠᠯ ᠤᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠲᠣᠭᠲᠠᠭᠠᠵᠤ᠂ ᠪᠣᠳᠠᠲᠠᠢ ᠲᠤᠰᠠᠯᠠᠬᠤ ᠨᠥᠬᠦᠴᠡᠯ ᠪᠠ | ᠪᠠᠷᠢᠮᠵᠢᠶ᠎ᠠ ᠶᠢ ᠡᠯ᠎ᠡ ᠠᠶᠢᠮᠠᠭ ᠬᠤᠲᠠ ᠨᠢ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢᠨ ᠪᠡᠯᠡ | ᠴᠤᠭᠯᠠᠭᠤᠯᠤᠭᠰᠠᠨ ᠪᠠᠶᠢᠳᠠᠯ ᠢᠶᠠᠨ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠳᠦ | ᠪᠠᠲᠤᠯᠠᠬᠤ ᠠᠴᠠ ᠵᠠᠶᠢᠯᠠᠰᠬᠢᠬᠦ ᠬᠡᠷᠡᠭᠲᠡᠢ᠃ | ︵ᠶᠢᠰᠦ︶ ᠡᠮᠴᠢᠯᠡᠭᠡᠨ ᠤ ᠶᠡᠭᠡ ᠲᠣᠭᠠᠨ ᠤ ᠵᠠᠷᠤᠳᠠᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ | ᠰᠢᠨᠵᠢᠬᠦ ᠪᠠᠨ ᠴᠢᠩᠭᠠᠷᠠᠭᠤᠯᠬᠤ ᠬᠡᠷᠡᠭᠲᠡᠢ᠃ ᠡᠮᠴᠢᠯᠡᠭᠡᠨ ᠢᠶᠠᠷ ᠠᠪᠤᠷᠠᠨ ᠲᠤᠰᠠᠯᠠᠬᠤ ᠡᠲᠡᠭᠡᠳ ᠤᠨ ᠮᠡᠳᠡᠭᠡ | ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠪᠡᠳᠴᠢᠨ ᠠᠴᠠ ᠪᠣᠯᠵᠤ ᠶᠠᠳᠠᠭᠤᠷᠠᠬᠤ ᠪᠠ | ᠡᠪᠡᠳᠴᠢᠨ ᠠᠴᠠ ᠪᠣᠯᠵᠤ ᠪᠤᠴᠠᠭᠠᠳ ᠶᠠᠳᠠᠭᠤᠷᠠᠬᠤ ᠶᠢᠨ ᠳᠠᠪᠬᠤᠷ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠲᠥᠷᠥᠯ ᠬᠤᠪᠢᠶᠠᠨ ᠪᠦᠷᠢᠨᠰᠢᠭᠦᠯᠵᠦ᠂ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠢ ᠳᠤ ᠨᠢ ᠠᠪᠤᠷᠠᠨ ᠲᠤᠰᠠᠯᠠᠬᠤ | ᠬᠡᠪᠴᠢᠶᠡᠨ ᠳᠤ ᠣᠷᠣᠭᠤᠯᠬᠤ ᠬᠡᠷᠡᠭᠲᠡᠢ᠃ ᠣᠨ ᠤ ᠡᠮᠴᠢᠯᠡᠭᠡᠨ ᠤ ᠵᠠᠷᠤᠳᠠᠯ ᠢ ᠡᠮᠴᠢᠯᠡᠭᠡᠨ ᠤ ᠦᠨᠳᠦᠰᠦᠨ | ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠳᠡᠮᠵᠢᠨ ᠲᠥᠯᠥᠭᠰᠡᠨ ᠤ ᠳᠠᠷᠠᠭ᠎ᠠ᠂ ᠬᠤᠪᠢ ᠬᠥᠮᠥᠨ ᠤ | ᠪᠦᠭᠦᠳᠡ ᠳᠠᠷᠤᠭᠠᠰᠤ ᠨᠢ ᠲᠤᠬᠠᠢ ᠶᠢᠨ ᠭᠠᠵᠠᠷ ᠤᠨ ᠳᠡᠭᠡᠷ᠎ᠡ ᠵᠢᠯ ᠤᠨ ᠲᠠᠷᠢᠶᠠᠯᠠᠬᠤ ᠮᠠᠯᠵᠢᠬᠤ ᠣᠷᠣᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠬᠡᠲᠦᠷᠡᠭᠰᠡᠨ | ᠪᠠᠶᠢᠪᠠᠯ᠂ ᠡᠪᠡᠳᠴᠢᠨ ᠠᠴᠠ ᠪᠣᠯᠵᠤ ᠶᠠᠳᠠᠭᠤᠷᠠᠬᠤ ᠶᠢ ᠬᠢᠨᠠᠨ ᠰᠢᠨᠵᠢᠬᠦ ᠳᠤ ᠣᠷᠣᠭᠤᠯᠤᠨ᠎ᠠ︔ ᠬᠤᠪᠢ ᠬᠥᠮᠥᠨ ᠤ | ᠪᠦᠭᠦᠳᠡ ᠳᠠᠷᠤᠭᠠᠰᠤ ᠨᠢ ᠲᠤᠬᠠᠢ ᠶᠢᠨ ᠭᠠᠵᠠᠷ ᠤᠨ ᠳᠡᠭᠡᠷ᠎ᠡ ᠵᠢᠯ ᠤᠨ ᠲᠠᠷᠢᠶᠠᠯᠠᠬᠤ ᠮᠠᠯᠵᠢᠬᠤ ᠣᠷᠣᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50% ᠠᠴᠠ | ᠬᠡᠲᠦᠷᠡᠭᠰᠡᠨ ᠪᠠᠶᠢᠪᠠᠯ᠂ ᠡᠪᠡᠳᠴᠢᠨ ᠠᠴᠠ ᠪᠣᠯᠵᠤ ᠪᠤᠴᠠᠭᠠᠳ ᠶᠠᠳᠠᠭᠤᠷᠠᠬᠤ ᠶᠢ ᠬᠢᠨᠠᠨ ᠰᠢᠨᠵᠢᠬᠦ ᠳᠤ ᠣᠷᠣᠭᠤᠯᠤᠨ᠎ᠠ᠃ | ᠡᠮᠴᠢᠯᠡᠭᠡᠨ ᠤ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠲᠥᠯᠥᠭᠰᠡᠨ ᠤ ᠳᠠᠷᠠᠭ᠎ᠠ | ᠬᠤᠪᠢ ᠬᠥᠮᠥᠨ ᠤ ᠣᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠮᠥᠨ ᠯᠡ ᠨᠡᠯᠢᠶᠡᠳ ᠬᠦᠨᠳᠦ ᠪᠠᠶᠢᠭ᠎ᠠ ᠨᠠᠭᠠᠲᠤ | ᠵᠠᠬ᠎ᠠ ᠶᠢᠨ ᠪᠠᠲᠤᠯᠠᠭ᠎ᠠ ᠬᠦᠷᠲᠡᠬᠦ ᠵᠠᠬ᠎ᠠ ᠶᠢᠨ ᠭᠡᠷ ᠪᠦᠯᠢ ᠶᠢᠨ ᠪᠦᠷᠢᠯᠳᠦᠭᠦᠨ ᠪᠠ ᠲᠠᠷᠢᠶᠠᠯᠠᠬᠤ ᠮᠠᠯᠵᠢᠬᠤ ᠣᠷᠣᠨ ᠤ | ᠬᠢᠯᠪᠠᠷᠬᠠᠨ ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠬᠥᠮᠥᠨ ᠠᠮᠠ ᠶᠢ ᠭᠤᠣᠯᠳᠠᠯᠭ᠎ᠠ ᠲᠠᠢ ᠬᠢᠨᠠᠨ ᠰᠢᠨᠵᠢᠵᠦ᠂ | ᠴᠠᠭ ᠲᠤᠬᠠᠢ ᠳᠤ ᠨᠢ ᠰᠡᠷᠡᠮᠵᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃ ᠡᠮᠴᠢᠯᠡᠭᠡᠨ ᠤ ᠳᠠᠭᠠᠳᠬᠠᠯ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ | ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ | ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠠᠵᠢᠯ ᠢᠶᠠᠨ ᠰᠠᠶᠢᠲᠤᠷ ᠬᠢᠵᠦ᠂ ᠬᠦᠴᠢᠷᠳᠡᠯᠲᠡᠢ | ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠥᠳᠡᠯᠦᠩᠭᠦᠢ ᠪᠠᠷ ᠬᠢᠨᠠᠨ ᠰᠢᠨᠵᠢᠬᠦ᠂ ᠪᠠᠶᠢᠴᠠᠭᠠᠨ | ᠬᠠᠷᠭᠤᠭᠤᠯᠵᠤ ᠬᠠᠷᠢᠴᠠᠭᠤᠯᠬᠤ ᠪᠠ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠠᠨ ᠴᠢᠩᠭᠠᠳᠬᠠᠬᠤ ᠬᠡᠷᠡᠭᠲᠡᠢ᠃ | ︵ᠠᠷᠪᠠ︶ ᠭᠤᠶᠤᠴᠢᠯᠠᠯ ᠶᠣᠰᠣᠭᠠᠷ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠭᠤᠶᠤᠴᠢᠯᠠᠯ ᠢᠶᠠᠷ ᠠᠪᠤᠷᠠᠨ ᠲᠤᠰᠠᠯᠠᠬᠤ ᠲᠣᠭᠲᠠᠴᠠ ᠶᠢ ᠪᠦᠬᠦ ᠲᠠᠯ᠎ᠠ ᠪᠠᠷ | ᠪᠠᠶᠢᠭᠤᠯᠵᠤ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠵᠠᠬ᠎ᠠ ᠶᠢᠨ ᠭᠡᠷ ᠪᠦᠯᠢ ᠶᠢᠨ ᠪᠦᠷᠢᠯᠳᠦᠭᠦᠨ ᠪᠠ | ᠲᠠᠷᠢᠶᠠᠯᠠᠬᠤ ᠮᠠᠯᠵᠢᠬᠤ ᠣᠷᠣᠨ ᠤ ᠬᠢᠯᠪᠠᠷᠬᠠᠨ ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠬᠥᠮᠥᠨ ᠠᠮᠠ᠂ | ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠤ ᠠᠪᠤᠷᠠᠨ ᠲᠤᠰᠠᠯᠠᠭᠤᠯᠬᠤ ᠪᠠᠷ ᠭᠤᠶᠤᠴᠢᠯᠠᠬᠤ | ᠵᠠᠮ ᠮᠥᠷ ᠢ ᠰᠢᠯᠤᠭᠤᠳᠬᠠᠨ᠂ ᠭᠤᠶᠤᠴᠢᠯᠠᠬᠤ ᠳᠡᠰ ᠳᠠᠷᠠᠭᠠᠯᠠᠯ ᠢ ᠳᠥᠭᠦᠮᠴᠢᠯᠡᠵᠦ᠂ ᠠᠪᠤᠷᠠᠨ ᠲᠤᠰᠠᠯᠠᠯᠲᠠ ᠶᠢᠨ | ᠴᠠᠭ ᠬᠤᠭᠤᠴᠠᠭᠠᠲᠤ ᠴᠢᠨᠠᠷ ᠢ ᠳᠡᠬᠡᠭᠰᠢᠯᠡᠬᠦᠯᠬᠦ ᠬᠡᠷᠡᠭᠲᠡᠢ᠃ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ | ᠬᠦᠴᠢᠷᠳᠡᠯᠲᠡᠢ ᠬᠥᠮᠥᠰ ᠢᠶᠠᠷ ᠨᠢᠭᠡᠨᠲᠡ ᠮᠠᠭᠠᠳᠯᠠᠨ ᠲᠣᠭᠲᠠᠭᠠᠭᠰᠠᠨ ᠪᠠᠶᠢᠪᠠᠯ᠂ ᠰᠢᠭᠤᠳ ᠡᠮᠴᠢᠯᠡᠭᠡᠨ ᠤ ᠠᠪᠤᠷᠠᠨ | ᠲᠤᠰᠠᠯᠠᠯᠲᠠ ᠬᠦᠷᠲᠡᠭᠡᠵᠦ ᠪᠣᠯᠣᠨ᠎ᠠ᠃ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠠᠪᠤᠷᠠᠨ | ᠲᠤᠰᠠᠯᠠᠬᠤ ᠳᠤ ᠣᠷᠤᠯᠴᠠᠭᠤᠯᠬᠤ ᠲᠣᠭᠲᠠᠴᠠ ᠪᠠᠨ ᠪᠦᠷᠢᠨᠰᠢᠭᠦᠯᠦᠨ᠂ ᠡᠮᠴᠢᠯᠡᠭᠡᠨ ᠤ ᠠᠪᠤᠷᠠᠨ ᠲᠤᠰᠠᠯᠠᠯᠲᠠ᠂ ᠲᠦᠷ | ᠴᠠᠭ ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠢ ᠶᠢᠨ ᠠᠪᠤᠷᠠᠨ ᠲᠤᠰᠠᠯᠠᠯᠲᠠ ᠵᠡᠷᠭᠡ ᠶᠡᠷᠦᠩᠬᠡᠶᠢᠯᠡᠭᠰᠡᠨ ᠴᠢᠨᠠᠷᠲᠠᠢ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠡᠯ᠎ᠡ ᠭᠠᠵᠠᠷ ᠣᠷᠣᠨ ᠨᠢ ᠠᠪᠤᠷᠠᠨ ᠲᠤᠰᠠᠯᠠᠬᠤ | ᠡᠲᠡᠭᠡᠳ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠨ᠂ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ᠂ | ᠲᠠᠰ ᠳᠠᠪᠬᠤᠷᠭ᠎ᠠ ᠲᠥᠷᠥᠯ ᠵᠦᠢᠯ ᠬᠤᠪᠢᠶᠠᠨ ᠬᠠᠪᠰᠤᠷᠤᠨ ᠲᠡᠳᠬᠦᠬᠦ ᠶᠢ ᠲᠦᠢᠯ ᠤᠨ ᠣᠨᠣᠴᠠᠲᠠᠢ ᠥᠷᠨᠢᠭᠦᠯᠬᠦ | ᠬᠡᠷᠡᠭᠲᠡᠢ᠃ ᠶᠡᠷᠦᠩᠬᠡᠶᠢᠯᠡᠨ ᠠᠪᠤᠷᠠᠨ ᠲᠤᠰᠠᠯᠠᠬᠤ ᠬᠢᠷᠢ ᠲᠦᠪᠰᠢᠨ ᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ᠂ | ᠬᠤᠪᠢ ᠬᠥᠮᠥᠨ ᠤ ᠪᠣᠳᠠᠲᠠᠢ ᠵᠠᠷᠤᠳᠠᠯ ᠡᠭᠦᠷᠭᠡᠯᠡᠵᠦ ᠪᠠᠶᠢᠭ᠎ᠠ ᠪᠠᠶᠢᠳᠠᠯ ᠢ ᠨᠢ ᠦᠨᠳᠦᠰᠦᠯᠡᠨ ᠵᠦᠢ ᠵᠣᠬᠢᠰᠲᠠᠢ | ᠲᠣᠭᠲᠠᠭᠠᠬᠤ ᠬᠡᠷᠡᠭᠲᠡᠢ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠡᠪᠴᠢᠶᠡᠨ ᠳᠤ ᠣᠷᠣᠭᠤᠯᠤᠭᠰᠠᠨ ᠬᠥᠮᠥᠰ ᠲᠤ | ᠲᠣᠭᠲᠠᠭᠠᠯ ᠶᠣᠰᠣᠭᠠᠷ ᠡᠮᠴᠢᠯᠡᠭᠡᠨ ᠤ ᠠᠪᠤᠷᠠᠨ ᠲᠤᠰᠠᠯᠠᠯᠲᠠ ᠣᠯᠭᠤᠬᠤ ᠬᠡᠷᠡᠭᠲᠡᠢ᠃ | ︵ᠠᠷᠪᠠᠨ ᠨᠢᠭᠡ︶ ᠨᠢᠭᠦᠯᠡᠰᠦᠩᠭᠦᠢ ᠶᠢᠨ ᠠᠪᠤᠷᠠᠨ ᠲᠤᠰᠠᠯᠠᠯᠲᠠ ᠶᠢ ᠬᠥᠭᠵᠢᠭᠦᠯᠦᠨ ᠪᠤᠵᠠᠭᠠᠶᠢᠷᠠᠭᠤᠯᠬᠤ | ᠬᠡᠷᠡᠭᠲᠡᠢ᠃ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠪᠤᠰᠤᠳ ᠵᠣᠬᠢᠶᠠᠨ | ᠪᠠᠶᠢᠭᠤᠯᠤᠯᠲᠠ ᠶᠢᠨ ᠬᠦᠨᠳᠦ ᠡᠪᠡᠳᠴᠢᠨ ᠢ ᠠᠪᠤᠷᠠᠨ ᠲᠤᠰᠠᠯᠠᠬᠤ ᠲᠦᠷᠦᠯ ᠵᠦᠢᠯ ᠪᠠᠶᠢᠭᠤᠯᠬᠤ ᠪᠠᠷ ᠵᠣᠷᠢᠭᠵᠢᠭᠤᠯᠵᠤ | ᠂ ᠠᠪᠤᠷᠠᠨ ᠲᠤᠰᠠᠯᠠᠯᠲᠠ ᠳᠤ ᠨᠥᠬᠦᠪᠦᠷᠢᠯᠡᠬᠦ ᠦᠢᠯᠡᠳᠦᠯ ᠢ ᠨᠢ ᠪᠠᠳᠠᠷᠠᠭᠤᠯᠤᠨ᠎ᠠ᠃ ᠢᠨᠲ᠋ᠧᠷ ᠰᠦᠯᠵᠢᠶ᠎ᠡ ᠶᠢᠨ | ᠢᠯᠡ ᠪᠠᠷ ᠬᠠᠨᠳᠢᠪ ᠴᠤᠭᠯᠠᠭᠤᠯᠬᠤ ᠮᠡᠳᠡᠭᠡ ᠵᠠᠩᠭᠢ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ | ᠮᠡᠳᠡᠭᠡ ᠵᠠᠩᠭᠢ ᠨᠡᠶᠢᠲᠡᠯᠡᠬᠦ ᠶᠢ ᠵᠢᠷᠤᠮᠵᠢᠭᠤᠯᠤᠨ᠂ ᠢᠯᠡ ᠪᠣᠯᠭᠠᠬᠤ ᠡᠷᠴᠢᠮ ᠢᠶᠠᠨ ᠨᠡᠮᠡᠭᠳᠡᠭᠦᠯᠦᠨ᠂ ᠢᠯᠡ ᠪᠠᠷ | ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠦᠷᠢᠶ᠎ᠡ ᠴᠠᠷᠠᠭ᠎ᠠ ᠶᠢᠨ | ᠨᠡᠶᠢᠭᠡᠮ ᠤᠨ ᠠᠵᠢᠯ ᠤᠨ ᠦᠢᠯᠡᠴᠢᠯᠡᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢ ᠳᠠᠮᠵᠢᠵᠤ᠂ | ᠠᠪᠤᠷᠠᠨ ᠲᠤᠰᠠᠯᠠᠬᠤ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠬᠤ ᠬᠡᠷᠡᠭᠲᠡᠢ᠃ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ ᠪᠠ ᠡᠯ᠎ᠡ ᠲᠠᠯ᠎ᠠ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠬᠤᠪᠣᠷ | ᠲᠣᠬᠢᠶᠠᠯᠳᠤᠬᠤ ᠡᠪᠡᠳᠴᠢᠨ ᠳᠤ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠢ ᠶᠢᠨ ᠬᠠᠪᠰᠤᠷᠤᠨ ᠲᠡᠳᠬᠦᠬᠦ | ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠶᠢ ᠬᠡᠷᠡᠭᠵᠢᠭᠦᠯᠦᠨ᠎ᠡ᠃ | ᠨᠢᠭᠦᠯᠡᠰᠦᠩᠭᠦᠢ ᠶᠢᠨ ᠠᠵᠢᠯᠯᠠᠭ᠎ᠠ ᠳᠤ ᠣᠷᠤᠯᠴᠠᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠵᠣᠬᠢᠴᠠᠩᠭᠤᠢ | ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | ︵ᠠᠷᠪᠠᠨ ᠬᠤᠶᠠᠷ︶ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠ ᠬᠤᠳᠠᠯᠳᠤᠭᠠᠨ ᠤ ᠡᠷᠡᠭᠦᠯ | ᠮᠡᠨᠳᠦ ᠶᠢᠨ ᠳᠠᠭᠠᠳᠬᠠᠯ ᠤᠨ ᠬᠥᠭᠵᠢᠯᠲᠡ ᠶᠢ ᠵᠣᠷᠢᠭᠵᠢᠭᠤᠯᠬᠤ ᠬᠡᠷᠡᠭᠲᠡᠢ᠃ ᠠᠵᠢᠯᠲᠠᠨ ᠠᠵᠢᠯᠴᠢᠨ ᠤ ᠡᠮᠴᠢᠯᠡᠭᠡᠨ ᠤ | ᠬᠠᠪᠰᠤᠷᠤᠯᠴᠠᠭ᠎ᠠ ᠥᠷᠨᠢᠭᠦᠯᠬᠦ ᠶᠢ ᠳᠡᠮᠵᠢᠨ᠂ ᠢᠨᠲ᠋ᠧᠷ ᠰᠦᠯᠵᠢᠶᠡᠨ ᠤ ᠲᠠᠪᠴᠠᠩ ᠤᠨ ᠬᠠᠪᠰᠤᠷᠤᠯᠴᠠᠭ᠎ᠠ ᠶᠢ | ᠵᠢᠷᠤᠮᠵᠢᠭᠤᠯᠤᠨ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠂ ᠡᠮᠴᠢᠯᠡᠭᠡᠨ ᠤ | ᠬᠠᠪᠰᠤᠷᠤᠯᠴᠠᠭ᠎ᠠ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠣᠯᠠᠨ ᠲᠠᠰ ᠳᠠᠪᠬᠤᠷᠭ᠎ᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠳᠠᠬᠢ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠥᠭᠵᠢᠯᠲᠡ ᠶᠢ | ᠳᠡᠮᠵᠢᠵᠦ᠂ ᠡᠮᠴᠢᠯᠡᠭᠡᠨ ᠤ ᠰᠢᠨ᠎ᠡ ᠮᠡᠷᠭᠡᠵᠢᠯ᠂ ᠰᠢᠨ᠎ᠡ ᠡᠮ ᠤᠨ ᠵᠦᠢᠯ᠂ ᠰᠢᠨ᠎ᠡ ᠪᠠᠭᠠᠵᠢ ᠬᠡᠷᠡᠭᠰᠡᠯ ᠤᠨ | ᠬᠡᠷᠡᠭᠯᠡᠯᠲᠡ ᠶᠢ ᠠᠯᠬᠤᠮ ᠠᠯᠬᠤᠮ ᠢᠶᠠᠷ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠪᠠᠲᠤᠯᠠᠭ᠎ᠠ ᠶᠢᠨ | ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠡᠮᠴᠢᠯᠡᠭᠡᠨ ᠤ | ᠦᠨᠳᠦᠰᠦᠨ ᠳᠠᠭᠠᠳᠬᠠᠯ ᠯᠤᠭ᠎ᠠ ᠬᠠᠷᠢᠯᠴᠠᠨ ᠵᠣᠯᠭᠠᠯᠳᠤᠭᠰᠠᠨ ᠬᠤᠳᠠᠯᠳᠤᠭᠠᠨ ᠤ ᠡᠷᠡᠭᠦᠯ ᠮᠡᠨᠳᠦ ᠶᠢᠨ | ᠳᠠᠭᠠᠳᠬᠠᠯ ᠤᠨ ᠨᠡᠷᠡᠳᠬᠦᠨ ᠢ ᠨᠡᠭᠡᠭᠡᠨ ᠬᠥᠭᠵᠢᠭᠦᠯᠬᠦ ᠶᠢ ᠨᠢ ᠳᠡᠮᠵᠢᠵᠦ᠂ ᠡᠮᠴᠢᠯᠡᠭᠡᠨ ᠤ ᠦᠨᠳᠦᠰᠦᠨ | ᠳᠠᠭᠠᠳᠬᠠᠯ ᠤᠨ ᠲᠦᠯᠦᠬᠦ ᠬᠡᠪᠴᠢᠶᠡᠨ ᠳᠤ ᠪᠠᠶᠢᠬᠤ ᠦᠭᠡᠢ ᠵᠠᠷᠤᠳᠠᠯ ᠢ ᠨᠠᠩ ᠰᠠᠶᠢᠨ ᠬᠠᠮᠤᠷᠤᠭᠤᠯᠬᠤ ᠬᠡᠷᠡᠭᠲᠡᠢ᠃ | ︵ᠠᠷᠪᠠᠨ ᠭᠤᠷᠪᠠ︶ ᠨᠢᠭᠡ ᠴᠣᠭᠴᠠᠵᠢᠭᠤᠯᠤᠭᠰᠠᠨ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ | ᠦᠢᠯᠡᠴᠢᠯᠡᠭᠡᠨ ᠢ ᠲᠦᠷᠭᠡᠳᠬᠡᠨ ᠠᠬᠢᠭᠤᠯᠬᠤ ᠬᠡᠷᠡᠭᠲᠡᠢ᠃ ᠪᠥᠬᠦ ᠣᠷᠣᠨ ᠤ ᠨᠢᠭᠡᠳᠦᠯᠲᠡᠢ ᠡᠮᠴᠢᠯᠡᠭᠡᠨ ᠤ ᠠᠪᠤᠷᠠᠨ | ᠲᠤᠰᠠᠯᠠᠯᠲᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠳᠦᠷᠢᠮ ᠲᠣᠭᠲᠠᠭᠠᠯ ᠪᠠ | ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠠᠪᠤᠷᠠᠨ ᠲᠤᠰᠠᠯᠠᠬᠤ ᠡᠲᠡᠭᠡᠳ ᠤᠨ ᠮᠡᠳᠡᠭᠡ | ᠵᠠᠩᠭᠢ ᠶᠢ ᠬᠠᠮᠲᠤ ᠪᠠᠷ ᠬᠦᠷᠲᠡᠵᠦ ᠬᠠᠷᠢᠯᠴᠠᠨ ᠮᠡᠳᠡᠷᠡᠬᠦ᠂ ᠵᠣᠭᠤᠰ ᠢᠶᠠᠷ ᠲᠤᠰᠠᠯᠠᠨ ᠳᠠᠭᠠᠳᠬᠠᠯ ᠳᠤ ᠣᠷᠣᠯᠴᠠᠭᠤᠯᠬᠤ | ᠂ ᠣᠯᠭᠤᠮᠵᠢ ᠣᠯᠭᠤᠬᠤ ᠵᠡᠷᠭᠡ ᠭᠠᠷᠲᠠᠨ ᠭᠦᠢᠴᠡᠳᠬᠡᠬᠦ ᠦᠢᠯᠡᠴᠢᠯᠡᠭᠡᠨ ᠢ ᠰᠠᠶᠢᠲᠤᠷ ᠬᠢᠬᠦ ᠬᠡᠷᠡᠭᠲᠡᠢ᠃ ᠪᠥᠬᠦ | ᠤᠯᠤᠰ ᠤᠨ ᠨᠢᠭᠡᠳᠦᠯᠲᠡᠢ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠲᠤᠭ᠎ᠠ | ᠪᠠᠷᠢᠮᠲᠠ ᠶᠢ ᠰᠢᠰᠲ᠋ᠧᠮᠵᠢᠭᠦᠯᠦᠨ ᠬᠠᠮᠢᠶᠠᠷᠬᠤ ᠶᠢ ᠬᠠᠤᠯᠢ ᠲᠣᠭᠲᠠᠭᠠᠯ ᠶᠣᠰᠣᠭᠠᠷ ᠴᠢᠩᠭᠠᠳᠬᠠᠨ᠂ ᠡᠮᠴᠢᠯᠡᠭᠡᠨ ᠤ | ᠦᠨᠳᠦᠰᠦᠨ ᠳᠠᠭᠠᠳᠬᠠᠯ ᠤᠨ ᠦᠢᠯᠡᠴᠢᠯᠡᠭᠡ ᠯᠦᠭᠡ ᠠᠭᠤᠰᠤᠯᠴᠠᠭᠤᠯᠬᠤ ᠶᠢ ᠴᠢᠩᠭᠠᠳᠬᠠᠨ᠂ ᠡᠮᠴᠢᠯᠡᠭᠡᠨ ᠤ ᠠᠪᠤᠷᠠᠨ | ᠲᠤᠰᠠᠯᠠᠯᠲᠠ ᠶᠢᠨ ᠳ᠋ᠦᠩᠨᠡᠨ ᠪᠤᠳᠤᠬᠤ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠵᠥᠪᠯᠡᠯᠴᠡᠭᠡᠷ ᠤᠨ ᠬᠠᠮᠢᠶᠠᠷᠤᠯᠲᠠ ᠶᠢ ᠨᠢᠭᠡᠳᠬᠡᠨ᠂ ᠡᠮᠴᠢᠯᠡᠭᠡᠨ ᠤ | ᠠᠪᠤᠷᠠᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠠᠭᠤᠯᠭ᠎ᠠ ᠶᠢ ᠵᠥᠪᠯᠡᠯᠴᠡᠭᠡᠷ ᠤᠨ ᠬᠡᠪᠴᠢᠶᠡᠨ ᠳᠤ | ᠣᠷᠣᠭᠤᠯᠵᠤ᠂ ᠵᠥᠪᠯᠡᠯᠴᠡᠭᠡᠷ ᠤᠨ ᠭᠦᠢᠴᠡᠳᠬᠡᠬᠦ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠷᠭ᠎ᠠ ᠶᠢ | ᠲᠡᠭᠦᠯᠳᠡᠷᠵᠢᠭᠦᠯᠦᠨ᠂ ᠡᠮᠴᠢᠯᠡᠭᠡᠨ ᠤ ᠵᠢᠷᠤᠮᠵᠢᠯ᠂ ᠦᠢᠯᠡᠴᠢᠯᠡᠭᠡᠨ ᠤ ᠶᠠᠰᠤ ᠴᠢᠨᠠᠷ᠂ ᠵᠠᠷᠤᠳᠠᠯ ᠢ ᠡᠵᠡᠮᠳᠡᠬᠦ ᠵᠡᠷᠭᠡ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠣᠳᠣᠷᠬᠠᠶᠢᠯᠠᠵᠤ᠂ ᠡᠳᠦᠷ | ᠲᠤᠲᠤᠮ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ | ᠵᠠᠷᠤᠳᠠᠯ ᠢ ᠬᠠᠮᠢᠶᠠᠷᠤᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠢ᠃ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠮᠡᠬᠡᠯᠡᠵᠦ ᠬᠤᠳᠠᠯ ᠢᠶᠠᠷ ᠳᠠᠭᠠᠳᠬᠠᠯ ᠠᠪᠬᠤ ᠳᠤ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠨ᠂ | ᠬᠡᠷᠡᠭ ᠤᠨ ᠡᠮᠦᠨ᠎ᠡ ᠰᠠᠨᠠᠭᠤᠯᠬᠤ᠂ ᠬᠡᠷᠡᠭ ᠤᠨ ᠳᠤᠮᠳᠠ ᠰᠡᠷᠡᠮᠵᠢᠯᠡᠭᠦᠯᠬᠦ᠂ ᠬᠡᠷᠡᠭ ᠤᠨ ᠳᠠᠷᠠᠭ᠎ᠠ ᠬᠢᠨᠠᠨ | ᠬᠠᠮᠢᠶᠠᠷᠬᠤ ᠶᠢᠨ ᠨᠢᠭᠡ ᠴᠣᠭᠴᠠᠵᠢᠭᠤᠯᠤᠭᠰᠠᠨ ᠣᠶᠤᠨᠴᠢ ᠬᠢᠨᠠᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠬᠦ | ᠬᠡᠷᠡᠭᠲᠡᠢ᠃ ᠪᠠᠶᠢᠴᠠᠭᠠᠵᠤ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠡᠮᠴᠢᠯᠡᠭᠡᠨ ᠤ ᠠᠪᠤᠷᠠᠨ | ᠲᠤᠰᠠᠯᠠᠯᠲᠠ ᠶᠢᠨ ᠦᠢᠯᠡᠴᠢᠯᠡᠭᠡᠨ ᠢ ᠥᠷᠨᠢᠭᠦᠯᠵᠦ ᠪᠠᠶᠢᠭ᠎ᠠ ᠲᠣᠭᠲᠠᠭᠰᠠᠨ ᠴᠡᠭ ᠤᠨ ᠡᠮᠴᠢᠯᠡᠭᠡᠨ ᠤ | ᠪᠠᠶᠢᠭᠤᠯᠤᠮᠵᠢ ᠳᠤ ᠭᠤᠣᠯᠳᠠᠯᠭ᠎ᠠ ᠲᠠᠢ ᠬᠢᠨᠠᠨ ᠡᠵᠡᠮᠳᠡᠬᠦ ᠶᠢ ᠬᠡᠷᠡᠭᠵᠢᠭᠦᠯᠦᠨ᠂ ᠰᠠᠭᠤᠷᠢ ᠮᠥᠩᠭᠦ ᠶᠢᠨ ᠠᠮᠤᠷ | ᠲᠦᠪᠰᠢᠨ᠂ ᠥᠨᠳᠥᠷ ᠪᠦᠲᠦᠮᠵᠢᠲᠡᠶ᠂ ᠵᠦᠢ ᠵᠣᠬᠢᠰᠲᠠᠢ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ︽ | ᠲᠥᠪᠯᠡᠷᠡᠩᠭᠦᠢ︾ ᠦᠢᠯᠡᠴᠢᠯᠡᠭᠡ᠂ ︽ᠨᠢᠭᠡ ᠴᠣᠩᠬᠤᠪᠴᠢ︾ ᠪᠠᠷ ᠭᠦᠢᠴᠡᠳᠬᠡᠬᠦ ᠶᠢ ᠬᠡᠷᠡᠭᠵᠢᠭᠦᠯᠬᠦ ᠪᠠᠨ ᠠᠬᠢᠭᠤᠯᠵᠤ | ᠂ ᠳ᠋ᠦᠩᠨᠡᠨ ᠪᠤᠳᠤᠬᠤ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ︵ᠠᠷᠪᠠᠨ ᠳᠥᠷᠪᠡ︶ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ ᠢ ᠬᠢᠨᠠᠨ ᠬᠠᠷᠭᠤᠭᠤᠯᠬᠤ ᠳᠡᠰ | ᠳᠠᠷᠠᠭᠠᠯᠠᠯ ᠢᠶᠠᠨ ᠰᠢᠯᠢᠳᠡᠭᠵᠢᠭᠦᠯᠬᠦ ᠬᠡᠷᠡᠭᠲᠡᠢ᠃ ᠭᠦᠢᠴᠡᠳᠬᠡᠬᠦ ᠲᠠᠰ ᠳᠠᠷᠠᠭᠠᠯᠠᠯ ᠢ ᠰᠢᠯᠢᠳᠡᠭᠵᠢᠭᠦᠯᠦᠨ᠂ | ᠭᠤᠶᠤᠴᠢᠯᠠᠬᠤ᠂ ᠬᠢᠨᠠᠨ ᠬᠠᠷᠭᠤᠭᠤᠯᠬᠤ᠂ ᠠᠪᠤᠷᠠᠨ ᠲᠤᠰᠠᠯᠠᠭᠰᠠᠨ ᠮᠥᠩᠭᠦ ᠥᠭᠬᠦ ᠴᠤᠪᠤᠷᠠᠯ ᠢ ᠳᠥᠭᠦᠮᠴᠢᠯᠡᠨ᠂ | ᠡᠮᠴᠢᠯᠡᠭᠡᠨ ᠤ ᠠᠪᠤᠷᠠᠨ ᠲᠤᠰᠠᠯᠠᠬᠤ ᠡᠲᠡᠭᠡᠳ ᠤᠨ ᠬᠦᠷᠢᠶ᠎ᠡ ᠬᠡᠪᠴᠢᠶ᠎ᠡ ᠳᠤ ᠨᠡᠶᠢᠴᠡᠵᠦ ᠪᠠᠶᠢᠪᠠᠯ ︽ᠲᠥᠪᠯᠡᠷᠡᠩᠭᠦᠢ︾ | ᠪᠠᠷ ᠳ᠋ᠦᠩᠨᠡᠨ ᠪᠤᠳᠤᠬᠤ ᠳᠤ ᠣᠷᠣᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠭ᠎ᠠ ᠶᠢ | ᠴᠢᠩᠭᠠᠳᠬᠠᠨ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠪᠥᠬᠦ ᠲᠠᠯ᠎ᠠ ᠪᠠᠷ | ᠵᠣᠯᠭᠠᠭᠤᠯᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠦᠴᠢᠷᠳᠡᠯᠲᠡᠢ ᠣᠯᠠᠨ ᠲᠦᠮᠡᠨ ᠤ | ᠨᠡᠶᠢᠭᠡᠮ ᠠᠴᠠ ᠠᠪᠤᠷᠠᠨ ᠲᠤᠰᠠᠯᠠᠬᠤ ᠶᠢ ᠭᠤᠶᠤᠴᠢᠯᠠᠭᠰᠠᠨ ᠢ ᠭᠥᠯᠢᠶᠡᠨ ᠠᠪᠴᠤ ᠰᠢᠢᠳᠪᠦᠷᠢᠯᠡᠬᠦ᠂ ᠬᠤᠪᠢᠳᠠᠨ | ᠭᠦᠢᠴᠡᠳᠬᠡᠬᠦ ᠰᠢᠯᠵᠢᠭᠦᠯᠦᠨ ᠭᠦᠢᠴᠡᠳᠬᠡᠬᠦ ᠵᠢᠴᠢ ᠦᠷ᠎ᠡ ᠳ᠋ᠦᠩ ᠤᠨ ᠬᠠᠷᠢᠭᠤ ᠲᠤᠰᠬᠠᠯ ᠢ ᠰᠠᠶᠢᠲᠤᠷ ᠬᠢᠬᠦ ᠬᠡᠷᠡᠭᠲᠡᠢ | ᠃ ᠦᠨᠳᠦᠰᠦᠨ ᠱᠠᠲᠤᠨ ᠤ ᠺᠠᠳ᠋ᠷ ᠢ ᠳᠠᠶᠢᠴᠢᠯᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠲᠦᠰᠢᠭᠯᠡᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠠᠪᠤᠷᠠᠨ ᠲᠤᠰᠠᠯᠠᠬᠤ | ᠭᠤᠶᠤᠴᠢᠯᠠᠯ ᠢ ᠨᠠᠶᠢᠳᠠᠵᠤ ᠣᠷᠣᠯᠠᠨ ᠭᠦᠢᠴᠡᠳᠬᠡᠭᠦᠯᠬᠦ ᠵᠡᠷᠭᠡ ᠶᠢ ᠰᠠᠶᠢᠲᠤᠷ ᠬᠢᠵᠦ᠂ ᠬᠦᠴᠢᠷᠳᠡᠯᠲᠡᠢ ᠣᠯᠠᠨ | ᠲᠦᠮᠡᠨ ᠢ ᠴᠠᠭ ᠲᠤᠬᠠᠢ ᠳᠤ ᠨᠢ ᠰᠠᠨᠠᠭᠠᠴᠢᠯᠠᠭ᠎ᠠ ᠠᠴᠠ ᠪᠠᠨ ᠬᠠᠪᠰᠤᠷᠬᠤ ᠬᠡᠷᠡᠭᠲᠡᠢ᠃ | ︵ᠠᠷᠪᠠᠨ ᠲᠠᠪᠤ︶ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ ᠢᠶᠠᠷ ᠠᠪᠤᠷᠠᠨ ᠲᠤᠰᠠᠯᠠᠬᠤ ᠡᠲᠡᠭᠡᠳ ᠤᠨ ᠡᠪᠡᠳᠴᠢᠨ ᠦᠵᠡᠭᠦᠯᠬᠦ | ᠠᠵᠢᠯᠯᠠᠭ᠎ᠠ ᠶᠢ ᠬᠥᠲᠥᠯᠥᠨ ᠵᠢᠯᠤᠭᠤᠳᠬᠤ ᠪᠠᠨ ᠴᠢᠩᠭᠠᠳᠬᠠᠨ᠂ ᠦᠨᠳᠦᠰᠦᠨ ᠱᠠᠲᠤᠨ ᠳᠤ ᠤᠷᠢᠳ ᠢᠶᠠᠷ ᠡᠮᠨᠡᠭᠦᠯᠬᠦ | ᠪᠠ ᠰᠢᠯᠵᠢᠭᠦᠯᠦᠨ ᠡᠮᠨᠡᠭᠦᠯᠬᠦ ᠶᠢ ᠵᠢᠷᠤᠮᠵᠢᠭᠤᠯᠤᠨ ᠬᠡᠷᠡᠭᠵᠢᠭᠦᠯᠵᠦ᠂ ᠵᠦᠢ ᠵᠣᠬᠢᠰᠲᠠᠢ ᠡᠮᠨᠡᠭᠦᠯᠬᠦ ᠶᠢ ᠠᠬᠢᠭᠤᠯᠬᠤ | ᠬᠡᠷᠡᠭᠲᠡᠢ᠃ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ | ᠦᠢᠯᠡᠴᠢᠯᠡᠭᠡᠨ ᠤ ᠠᠭᠤᠯᠭ᠎ᠠ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ | ᠡᠮᠴᠢᠯᠡᠭᠡᠨ ᠤ ᠦᠨᠳᠦᠰᠦᠨ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠵᠠᠷᠤᠳᠠᠯ ᠢ ᠳ᠋ᠦᠩᠨᠡᠨ | ᠪᠤᠳᠤᠬᠤ ᠪᠠᠨ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠢ᠃ ᠣᠨᠣᠰᠢᠯᠠᠨ ᠡᠮᠨᠡᠬᠦ ᠲᠥᠰᠥᠯ ᠢᠶᠠᠨ | ᠲᠣᠳᠣᠷᠬᠠᠶᠢᠯᠠᠬᠤ᠂ ᠭᠠᠷᠴᠠᠭ ᠠᠴᠠ ᠭᠠᠳᠠᠨᠠᠬᠢ ᠵᠠᠷᠤᠳᠠᠯ ᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ | ᠂ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠵᠦᠢ ᠵᠣᠬᠢᠰᠲᠠᠢ᠂ ᠴᠢᠬᠤᠯᠠ ᠪᠦᠬᠦᠢ | ᠡᠮᠴᠢᠯᠡᠭᠡᠨ ᠤ ᠦᠢᠯᠡᠴᠢᠯᠡᠭᠡ ᠬᠠᠩᠭᠠᠯᠭᠠᠵᠤ᠂ ᠵᠣᠬᠢᠰ ᠦᠭᠡᠢ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠶᠢ ᠴᠢᠩᠭ᠎ᠠ | ᠬᠢᠵᠠᠭᠠᠷᠯᠠᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠥᠪᠡᠰᠦᠪᠡᠨ ᠲᠤᠰᠢᠶᠠᠬᠤ ᠵᠠᠷᠤᠳᠠᠯ ᠤᠨ ᠬᠠᠷᠢᠴᠠᠯ ᠢ | ᠵᠣᠬᠢᠰᠲᠠᠢ ᠡᠵᠡᠮᠳᠡᠵᠦ᠂ ᠠᠪᠤᠷᠠᠨ ᠲᠤᠰᠠᠯᠠᠯᠲᠠ ᠬᠦᠷᠲᠡᠬᠦ ᠡᠲᠡᠭᠡᠳ ᠤᠨ ᠡᠮᠴᠢᠯᠡᠭᠡᠨ ᠤ ᠵᠠᠷᠤᠳᠠᠯ ᠤᠨ | ᠳᠠᠷᠤᠭᠠᠰᠤ ᠶᠢ ᠨᠢ ᠬᠦᠴᠦᠯᠡᠨ ᠬᠥᠩᠭᠡᠷᠡᠭᠦᠯᠵᠦ᠂ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ | ᠭᠠᠷᠴᠠᠭ ᠠᠴᠠ ᠭᠠᠳᠠᠨᠠᠬᠢ ᠬᠠᠷᠢᠴᠠᠯ ᠢ 5% ᠠᠴᠠ ᠬᠡᠲᠦᠷᠡᠭᠦᠯᠵᠦ ᠪᠣᠯᠬᠤ ᠦᠭᠡᠢ᠂ ᠭᠤᠷᠪᠠᠳᠤᠭᠠᠷ ᠳᠡᠰ ᠤᠨ | ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ ᠵᠠᠷᠤᠳᠠᠯ ᠤᠨ ᠬᠠᠷᠢᠴᠠᠯ ᠢ 10% ᠠᠴᠠ | ᠬᠡᠲᠦᠷᠡᠭᠦᠯᠵᠦ ᠪᠣᠯᠬᠤ ᠦᠭᠡᠢ᠃ ᠦᠨᠳᠦᠰᠦᠨ ᠱᠠᠲᠤᠨ ᠳᠤ ᠤᠷᠢᠳ ᠢᠶᠠᠷ ᠡᠮᠨᠡᠭᠦᠯᠦᠭᠡᠳ ᠰᠢᠯᠵᠢᠨ ᠡᠮᠨᠡᠬᠦᠯᠦᠭᠰᠡᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ᠂ ᠣᠨᠴᠠ ᠬᠦᠴᠢᠷᠳᠡᠯᠲᠡᠢ ᠬᠥᠮᠥᠰ ᠬᠤᠲᠠ ᠶᠢᠨ | ᠬᠡᠪᠴᠢᠶᠡᠨ ᠳᠠᠬᠢ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠰᠠᠭᠤᠬᠤ ᠳᠤ᠂ ︽ᠤᠷᠢᠳ ᠢᠶᠠᠷ | ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ︾ ᠶᠢ ᠬᠡᠷᠡᠭᠵᠢᠭᠦᠯᠵᠦ᠂ ᠲᠡᠭᠦᠨ ᠤ ᠡᠮᠨᠡᠯᠭᠡ ᠳᠤ ᠰᠠᠭᠤᠬᠤ | ᠪᠡᠷᠢᠴᠠᠭᠠᠨ ᠤ ᠮᠥᠩᠭᠦ ᠶᠢ ᠪᠦᠭᠦᠨ ᠢᠶᠠᠷ ᠨᠢ ᠬᠡᠯᠲᠦᠷᠢᠭᠦᠯᠬᠦ ᠬᠡᠷᠡᠭᠲᠡᠢ᠃ ᠣᠨᠳᠣᠣ ᠭᠠᠵᠠᠷ ᠲᠥᠪᠬᠢᠨᠡᠭᠦᠯᠬᠦ ᠪᠠ | ᠣᠨᠳᠣᠣ ᠭᠠᠵᠠᠷ ᠰᠢᠯᠵᠢᠵᠦ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ ᠢ ᠳᠠᠩᠰᠠᠯᠠᠨ ᠲᠡᠮᠳᠡᠭᠯᠡᠬᠦ᠂ | ᠡᠮᠨᠡᠭᠦᠯᠦᠭᠰᠡᠨ ᠢ ᠳ᠋ᠦᠩᠨᠡᠨ ᠪᠣᠳᠣᠬᠤ ᠠᠵᠢᠯ ᠢ ᠰᠠᠶᠢᠲᠤᠷ ᠬᠢᠵᠦ᠂ ᠲᠣᠭᠲᠠᠭᠠᠯ ᠶᠣᠰᠣᠭᠠᠷ ᠰᠢᠯᠵᠢᠵᠦ ᠡᠮᠨᠡᠭᠦᠯᠦᠭᠰᠡᠨ | ᠠᠪᠤᠷᠠᠨ ᠲᠤᠰᠠᠯᠠᠬᠤ ᠡᠲᠡᠭᠡᠳ ᠲᠤ ᠡᠷᠦᠬᠡ ᠠᠮᠠ ᠶᠢᠨ ᠪᠠᠶᠢᠭ᠎ᠠ ᠭᠠᠵᠠᠷ ᠤᠨ ᠠᠪᠤᠷᠠᠨ ᠲᠤᠰᠠᠯᠠᠬᠤ ᠪᠠᠷᠢᠮᠵᠢᠶ᠎ᠠ ᠪᠠᠷ | ᠬᠡᠷᠡᠭᠵᠢᠭᠦᠯᠬᠦ ᠬᠡᠷᠡᠭᠲᠡᠢ᠃ ᠲᠣᠭᠲᠠᠭᠠᠯ ᠶᠣᠰᠣᠭᠠᠷ ᠰᠢᠯᠵᠢᠭᠦᠯᠦᠨ ᠡᠮᠨᠡᠭᠦᠯᠦᠭᠰᠡᠨ ᠦᠭᠡᠢ ᠠᠪᠤᠷᠠᠨ ᠲᠤᠰᠠᠯᠠᠬᠤ | ᠡᠲᠡᠭᠡᠳ ᠤᠨ ᠡᠮᠴᠢᠯᠡᠭᠡᠨ ᠤ ᠵᠠᠷᠤᠳᠠᠯ ᠢ ᠵᠠᠷᠴᠢᠮ ᠳᠡᠭᠡᠷ᠎ᠡ ᠪᠠᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ | ᠬᠡᠪᠴᠢᠶᠡᠨ ᠳᠤ ᠣᠷᠣᠭᠤᠯᠬᠤ ᠦᠭᠡᠢ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠨᠠᠮ ᠤᠨ | ᠬᠤᠷᠢᠶᠠᠨ ᠤ ᠤᠳᠤᠷᠢᠳᠤᠭᠰᠠᠨ᠂ ᠵᠠᠰᠠᠭ ᠤᠨ ᠣᠷᠳᠣᠨ ᠢᠶᠠᠷ ᠭᠤᠣᠯᠯᠠᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ | ᠨᠡᠶᠢᠭᠡᠮ ᠤᠨ ᠬᠢᠨ ᠣᠷᠣᠯᠴᠠᠭᠰᠠᠨ ᠬᠦᠨᠳᠦ ᠬᠡᠴᠡᠭᠦᠦ ᠣᠨᠴᠠᠭᠠᠢ ᠡᠪᠡᠳᠴᠢᠨ ᠡᠮᠭᠡᠭ ᠤᠨ ᠪᠠᠲᠤᠯᠠᠭ᠎ᠠ ᠶᠢᠨ ᠠᠵᠢᠯ ᠤᠨ | ᠲᠣᠭᠲᠠᠴᠠ ᠶᠢ ᠴᠢᠩᠭᠠᠷᠠᠭᠤᠯᠤᠨ᠎ᠠ᠃ ᠬᠦᠴᠢᠷᠳᠡᠯᠲᠡᠢ ᠣᠯᠠᠨ ᠲᠦᠮᠡᠨ ᠤ ᠬᠦᠨᠳᠦ ᠬᠡᠴᠡᠭᠦᠦ ᠣᠨᠴᠠᠭᠠᠢ ᠡᠪᠡᠳᠴᠢᠨ ᠤ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠠᠷᠠᠳ ᠤᠨ ᠠᠮᠢᠳᠤᠷᠠᠯ ᠢ ᠴᠢᠩᠭᠠᠳᠬᠠᠬᠤ ᠪᠠ ᠰᠠᠶᠢᠵᠢᠷᠠᠭᠤᠯᠬᠤ ᠶᠢᠨ | ᠴᠢᠬᠤᠯᠠ ᠭᠦᠢᠴᠡᠳᠬᠡᠯ ᠲᠤᠭ᠎ᠠ ᠪᠣᠯᠭᠠᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠠᠵᠢᠯ ᠤᠨ ᠠᠮᠵᠢᠯᠲᠠ | ᠪᠦᠲᠦᠮᠵᠢ ᠶᠢᠨ ᠦᠨᠡᠯᠡᠯᠲᠡ ᠳᠤ ᠣᠷᠣᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠨᠢ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ | 2022 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠵᠢᠭᠦᠯᠬᠦ ᠲᠥᠰᠥᠯ ᠢᠶᠠᠨ ᠨᠡᠶᠢᠲᠡᠯᠡᠵᠦ᠂ | 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ | ᠪᠣᠳᠠᠲᠠᠶᠢᠵᠢᠭᠤᠯᠬᠤ᠂ ᠣᠯᠭᠤᠮᠵᠢ ᠶᠢ ᠨᠠᠶᠢᠳᠠᠪᠤᠷᠢᠵᠢᠭᠤᠯᠬᠤ᠂ ᠣᠯᠠᠨ ᠲᠦᠮᠡᠨ ᠳᠤ ᠪᠣᠳᠠᠲᠤ ᠠᠰᠢᠭ ᠬᠦᠷᠲᠡᠭᠡᠬᠦ ᠶᠢ | ᠦᠨᠡᠨ ᠬᠦ ᠪᠠᠲᠤᠯᠠᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠳᠠᠩᠰᠠᠨ ᠤ ᠳᠦᠷᠢᠮ ᠢ | ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠪᠠᠲᠤᠯᠠᠭ᠎ᠠ ᠶᠢᠨ | ᠬᠡᠪᠴᠢᠶ᠎ᠡ ᠶᠢ ᠦᠨᠡᠨ ᠬᠦ ᠵᠢᠷᠤᠮᠵᠢᠭᠤᠯᠵᠤ᠂ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠢᠮᠲᠠᠯᠠᠵᠤ᠂ | ᠳᠦᠷᠢᠮ ᠤᠨ ᠦᠷᠭᠦᠯᠵᠢᠯᠡᠨ ᠭᠦᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠠᠶᠢᠮᠠᠭ ᠬᠤᠲᠠ ᠶᠢᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠳᠤ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ᠂ 2024 | ᠣᠨ ᠤ ᠰᠡᠭᠦᠯᠴᠢ ᠠᠴᠠ ᠡᠮᠦᠨ᠎ᠡ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠬᠦᠨᠳᠦ ᠬᠡᠴᠡᠭᠦᠦ ᠣᠨᠴᠠᠭᠠᠢ | ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠬᠡᠷᠡᠭᠲᠡᠢ᠃ | ︵ᠠᠷᠪᠠᠨ ᠳᠣᠯᠤᠭ᠎ᠠ︶ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠰᠠᠯᠠᠭ᠎ᠠ | ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠣᠭᠲᠠᠴᠠ ᠶᠢ ᠪᠦᠷᠢᠨᠰᠢᠭᠦᠯᠦᠨ᠂ ᠡᠮᠴᠢᠯᠡᠭᠡᠨ ᠤ ᠪᠠᠲᠤᠯᠠᠭ᠎ᠠ | ᠂ ᠨᠡᠶᠢᠭᠡᠮ ᠤᠨ ᠠᠪᠤᠷᠠᠨ ᠲᠤᠰᠠᠯᠠᠯᠲᠠ᠂ ᠡᠮᠴᠢᠯᠡᠭᠡ ᠡᠷᠡᠭᠦᠯ ᠬᠠᠮᠠᠭᠠᠯᠠᠯ ᠤᠨ ᠳᠦᠷᠢᠮ ᠪᠠ ᠲᠥᠷᠥ ᠶᠢᠨ ᠪᠣᠳᠣᠯᠭ᠎ᠠ | ᠵᠢᠴᠢ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠬᠤ | ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ | ᠠᠪᠤᠷᠠᠨ ᠲᠤᠰᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠪᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠠᠭᠠᠲᠤ ᠵᠠᠬ᠎ᠠ ᠶᠢᠨ ᠪᠠᠲᠤᠯᠠᠭ᠎ᠠ | ᠬᠦᠷᠲᠡᠬᠦ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠵᠠᠬ᠎ᠠ ᠶᠢᠨ ᠭᠡᠷ | ᠪᠦᠯᠢ ᠶᠢᠨ ᠪᠦᠷᠢᠯᠳᠦᠭᠦᠨ ᠵᠡᠷᠭᠡ ᠠᠪᠤᠷᠠᠨ ᠲᠤᠰᠠᠯᠠᠭᠤᠯᠬᠤ ᠡᠲᠡᠭᠡᠳ ᠢ ᠮᠠᠭᠠᠳᠯᠠᠨ ᠲᠣᠭᠲᠠᠭᠠᠬᠤ ᠠᠵᠢᠯ ᠢᠶᠠᠨ | ᠰᠠᠶᠢᠲᠤᠷ ᠬᠢᠵᠦ᠂ ᠨᠡᠶᠢᠭᠡᠮ ᠤᠨ ᠠᠪᠤᠷᠠᠨ ᠲᠤᠰᠠᠯᠠᠯᠲᠠ ᠯᠤᠭ᠎ᠠ ᠵᠣᠯᠭᠠᠭᠤᠯᠬᠤ ᠶᠢ ᠴᠢᠩᠭᠠᠳᠬᠠᠨ᠂ ᠡᠪᠡᠳᠴᠢᠨ ᠠᠴᠠ | ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠢ ᠮᠠᠭᠠᠳᠯᠠᠨ ᠲᠣᠭᠲᠠᠭᠠᠬᠤ ᠪᠠ ᠮᠡᠳᠡᠭᠡ ᠵᠠᠩᠭᠢ ᠶᠢ ᠬᠠᠮᠲᠤ ᠪᠠᠷ | ᠬᠦᠷᠲᠡᠬᠦ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠨ ᠰᠠᠶᠢᠲᠤᠷ ᠬᠢᠵᠦ᠂ ᠨᠢᠭᠦᠯᠡᠰᠦᠩᠭᠦᠢ ᠶᠢᠨ | ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠣᠭᠲᠠᠭᠠᠯ | ᠶᠣᠰᠣᠭᠠᠷ ᠪᠡᠯᠡ ᠮᠥᠩᠭᠦ ᠶᠢᠨ ᠳᠡᠮᠵᠢᠯᠭᠡ ᠶᠢᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ | ᠴᠢᠩᠭᠠᠷᠠᠭᠤᠯᠵᠤ᠂ ᠣᠨᠣᠰᠢᠯᠠᠨ ᠡᠮᠨᠡᠬᠦ ᠵᠠᠮ ᠮᠥᠷ ᠢᠶᠠᠨ ᠵᠢᠷᠤᠮᠵᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ | ᠠᠬᠢᠭᠤᠯᠬᠤ ᠬᠡᠷᠡᠭᠲᠡᠢ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠡᠮᠴᠢᠯᠡᠭᠡᠨ ᠤ ᠦᠨᠳᠦᠰᠦᠨ | ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠬᠤᠯᠪᠣᠭᠳᠠᠯ ᠪᠦᠬᠦᠢ ᠠᠵᠢᠯ ᠢᠶᠠᠨ ᠰᠠᠶᠢᠲᠤᠷ ᠬᠢᠵᠦ᠂ | ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠵᠤ᠂ ᠡᠮᠴᠢᠯᠡᠭᠡᠨ ᠤ ᠳᠠᠭᠠᠳᠬᠠᠯ ᠢ | ᠭᠠᠷᠲᠠᠨ ᠭᠦᠢᠴᠡᠳᠬᠡᠬᠦ ᠪᠠ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ | ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠢ᠃ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠳᠠᠭᠠᠳᠬᠠᠯ ᠤᠨ ᠪᠠᠶᠢᠭᠤᠯᠤᠮᠵᠢ ᠶᠢᠨ ᠬᠦᠨᠳᠦ ᠡᠪᠡᠳᠴᠢᠨ ᠤ ᠳᠠᠭᠠᠳᠬᠠᠯ ᠢ | ᠳᠠᠭᠠᠭᠠᠨ ᠡᠷᠬᠢᠯᠡᠬᠦ ᠳᠠᠬᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠳᠠᠭᠠᠳᠬᠠᠯ ᠤᠨ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠬᠦᠴᠢᠷᠳᠡᠯᠲᠡᠢ ᠣᠯᠠᠨ ᠲᠦᠮᠡᠨ ᠲᠡᠶᠢᠰᠢ ᠳᠡᠮᠵᠢᠯᠭᠡ | ᠦᠵᠡᠭᠦᠯᠵᠦ᠂ ᠲᠥᠯᠥᠪᠦᠷᠢᠯᠡᠬᠦ ᠭᠠᠷᠳᠠᠮ ᠢᠶᠠᠨ ᠳᠥᠭᠦᠮᠴᠢᠯᠡᠵᠦ᠂ ᠰᠠᠭᠠᠳ ᠦᠭᠡᠢ ᠨᠡᠪᠲᠡᠷᠡᠬᠦ ᠵᠠᠮ ᠭᠠᠷᠭᠠᠵᠤ᠂ | ᠬᠦᠴᠢᠷᠳᠡᠯᠲᠡᠢ ᠣᠯᠠᠨ ᠲᠦᠮᠡᠨ ᠤ ᠣᠯᠭᠤᠮᠵᠢ ᠪᠠᠨ ᠴᠠᠭ ᠲᠤᠬᠠᠢ ᠳᠤ ᠨᠢ᠂ ᠳᠥᠭᠦᠮ ᠳᠥᠲᠡ ᠬᠦᠷᠲᠡᠬᠦ ᠶᠢ ᠦᠨᠡᠨ | ᠬᠦ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠨᠢ ᠪᠤᠴᠠᠭᠠᠳ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠷ ᠬᠢᠨᠠᠨ ᠰᠢᠨᠵᠢᠬᠦ ᠠᠵᠢᠯ ᠢᠶᠠᠨ ᠴᠢᠩᠭᠠᠳᠬᠠᠵᠤ᠂ ᠶᠠᠳᠠᠭᠤ ᠠᠴᠠ | ᠲᠦᠢᠯᠪᠤᠷᠢᠲᠠᠢ ᠠᠩᠭᠢᠵᠢᠷᠠᠭᠠᠳᠤᠢ ᠡᠷᠦᠬᠡ᠂ ᠳᠠᠬᠢᠭᠠᠳ ᠬᠢᠯᠪᠠᠷᠬᠠᠨ ᠶᠠᠳᠠᠭᠤᠷᠠᠬᠤ ᠡᠷᠦᠬᠡ ᠪᠠ ᠭᠡᠨᠡᠳᠲᠡ ᠶᠢᠨ | ᠬᠡᠷᠡᠭ ᠠᠴᠠ ᠬᠦᠨᠳᠦ ᠨᠣᠴᠢᠲᠠᠢ ᠬᠦᠴᠢᠷᠳᠡᠯᠲᠡᠢ ᠡᠷᠦᠬᠡ ᠵᠡᠷᠭᠡ ᠭᠤᠣᠯᠳᠠᠯᠭ᠎ᠠ ᠪᠣᠯᠬᠤ ᠬᠥᠮᠥᠰ ᠲᠤ | ᠬᠥᠳᠡᠯᠦᠩᠭᠦᠢ ᠪᠠᠷ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠮᠡᠳᠡᠭᠡ | ᠵᠠᠩᠭᠢ ᠶᠢ ᠴᠠᠭ ᠲᠤᠬᠠᠢ ᠳᠤ ᠨᠢ ᠬᠠᠮᠲᠤ ᠪᠠᠷ ᠭᠦᠷᠲᠡᠭᠦ ᠬᠡᠷᠡᠭᠲᠡᠢ᠃ ᠠᠵᠢᠯᠴᠢᠨ ᠤ ᠡᠪᠯᠡᠯ ᠨᠢ ᠬᠦᠴᠢᠷᠳᠡᠯᠲᠡᠢ | ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠲᠣᠭᠲᠠᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠬᠦᠨᠳᠦ | ᠡᠪᠡᠳᠴᠢᠨ ᠳᠤ ᠨᠡᠷᠪᠡᠭᠳᠡᠭᠰᠡᠨ᠂ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠠᠵᠢᠯᠲᠠᠨ ᠠᠵᠢᠯᠴᠢᠨ ᠢ ᠬᠠᠪᠰᠤᠷᠤᠨ | ᠲᠡᠳᠬᠦᠬᠦ ᠠᠵᠢᠯ ᠢᠶᠠᠨ ᠰᠠᠶᠢᠲᠤᠷ ᠬᠢᠵᠦ᠂ ᠠᠵᠢᠯᠲᠠᠨ ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠵᠤ | ᠡᠷᠡᠭᠦᠯ ᠢᠶᠠᠷ ᠬᠥᠭᠵᠢᠬᠦ ᠠᠵᠢᠯ ᠢ ᠢᠳᠡᠪᠬᠢᠲᠡᠢ ᠳᠡᠮᠵᠢᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠰᠤᠷᠭᠠᠨ | ᠬᠥᠮᠦᠵᠢᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠨᠢ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ | ᠮᠥᠴᠢᠷ ᠯᠦᠭᠡ ᠬᠠᠮᠵᠢᠯᠴᠠᠨ ᠬᠤᠯᠪᠣᠭᠳᠠᠯ ᠪᠦᠬᠦᠢ ᠬᠥᠮᠥᠰ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠠᠵᠢᠯ ᠢ | ᠰᠠᠶᠢᠲᠤᠷ ᠬᠢᠬᠦ ᠬᠡᠷᠡᠭᠲᠡᠢ᠃ | ︵ᠠᠷᠪᠠᠨ ᠨᠠᠢᠮᠠ︶ ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠣᠷᠣᠭᠤᠯᠤᠯᠲᠠ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ | ᠲᠥᠰᠥᠪ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠥᠰᠥᠪ ᠤᠨ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠮᠴᠢᠯᠡᠭᠡᠨ ᠤ | ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢᠨ ᠠᠶᠤᠯ ᠦᠭᠡᠢ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠢ᠃ | ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠵᠢᠯᠲᠠ | ᠪᠦᠲᠦᠮᠵᠢ ᠶᠢ ᠬᠢᠨᠠᠨ ᠡᠵᠡᠮᠳᠡᠬᠦ᠂ ᠦᠨᠡᠯᠡᠬᠦ ᠪᠠ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠠᠪᠤᠷᠠᠨ | ᠲᠤᠰᠠᠯᠠᠯᠲᠠ ᠶᠢᠨ ᠰᠠᠭᠤᠷᠢ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ | ︵ᠠᠷᠪᠠ ᠶᠢᠰᠦ︶ ᠦᠨᠳᠦᠰᠦᠨ ᠱᠠᠲᠤᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ | ᠪᠠ ᠦᠢᠯᠡᠴᠢᠯᠡᠭᠡᠨ ᠤ ᠴᠢᠳᠠᠪᠤᠷᠢ ᠶᠢᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠵᠣᠬᠢᠴᠠᠩᠭᠤᠢ | ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠢ ᠬᠠᠮᠤᠷᠤᠭᠰᠠᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠬᠤ | ᠬᠡᠷᠡᠭᠲᠡᠢ᠃ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠭᠠᠷᠲᠠᠨ ᠭᠦᠢᠴᠡᠳᠬᠡᠬᠦ | ᠦᠢᠯᠡᠴᠢᠯᠡᠭᠡ ᠳᠤ ᠣᠷᠣᠯᠴᠠᠭᠤᠯᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠭᠠᠷᠲᠠᠨ ᠭᠦᠢᠴᠡᠳᠬᠡᠬᠦ | ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠬᠦᠴᠦᠯᠡᠨ ᠠᠬᠢᠭᠤᠯᠵᠤ᠂ ᠮᠡᠳᠡᠭᠡ ᠵᠠᠩᠭᠢᠴᠢᠯᠠᠯᠲᠠ ᠪᠠ | ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠲᠦᠪᠰᠢᠨ ᠢ ᠭᠤᠣᠯᠳᠠᠯᠭ᠎ᠠ ᠲᠠᠢ ᠳᠡᠭᠡᠭᠰᠢᠯᠡᠭᠦᠯᠬᠦ ᠬᠡᠷᠡᠭᠲᠡᠢ᠃ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ | ᠪᠣᠯᠪᠠᠰᠤᠷᠠᠯ ᠢᠶᠠᠨ ᠴᠢᠩᠭᠠᠳᠬᠠᠨ᠂ ᠶᠡᠷᠦᠩᠬᠡᠶᠢᠯᠡᠭᠰᠡᠨ ᠬᠡᠪ ᠴᠢᠨᠠᠷ ᠢᠶᠠᠷ ᠥᠨᠳᠥᠷ᠂ ᠠᠵᠢᠯ ᠤᠨ ᠰᠤᠷᠲᠠᠯ ᠰᠠᠶᠢᠨ᠂ | ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ ᠦᠨᠳᠦᠰᠦᠨ ᠱᠠᠲᠤᠨ ᠤ ᠭᠠᠷᠲᠠᠨ ᠭᠦᠢᠴᠡᠳᠬᠡᠬᠦ ᠡᠩᠨᠡᠭᠡ ᠶᠢ | ᠴᠢᠷᠮᠠᠶᠢᠨ ᠪᠠᠶᠢᠭᠤᠯᠬᠤ ᠬᠡᠷᠡᠭᠲᠡᠢ᠃ | ︵ᠬᠤᠷᠢ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠮᠡᠳᠡᠭᠡ ᠵᠠᠩᠭᠢ ᠶᠢ | ᠢᠯᠡ ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠡᠷᠬᠡ ᠰᠦᠷᠲᠦ ᠮᠡᠳᠡᠭᠡ ᠵᠠᠩᠭᠢ ᠶᠢ | ᠣᠨᠣᠪᠴᠢᠲᠠᠢ ᠨᠡᠶᠢᠲᠡᠯᠡᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ | ᠬᠠᠷᠢᠭᠤᠯᠲᠠ ᠥᠭᠬᠦ ᠬᠡᠷᠡᠭᠲᠡᠢ᠃ ᠣᠯᠠᠨ ᠬᠡᠯᠪᠡᠷᠢ ᠪᠦᠬᠦᠢ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ | ᠥᠷᠨᠢᠭᠦᠯᠦᠨ᠂ ᠲᠥᠷᠥ ᠶᠢᠨ ᠪᠣᠳᠣᠯᠭ᠎ᠠ ᠶᠢ ᠣᠶᠢᠯᠠᠭᠠᠭᠤᠯᠬᠤ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | 2022 ᠣᠨ ᠤ 6 ᠳ᠋ᠤᠭᠠᠷ ᠰᠠᠷ᠎ᠠ ᠶᠢᠨ 11 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2022 ᠣᠨ ᠤ 6 ᠳ᠋ᠤᠭᠠᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ |