ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠡᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹ 2022 ︺ 72 ᠳ᠋ᠤᠭᠠᠷ ᠲᠣᠭᠠᠲᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ | ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶᠡᠨ ᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠦᠷᠦ ᠠᠯᠪᠠᠨ ᠲᠠᠷᠬᠠᠭᠠᠭᠰᠠᠨ ︹ | 2019 ︺ 50 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ | ︵ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠷ ᠪᠠᠶᠢᠭᠤᠯᠬᠤ᠂ | ᠥᠭᠡᠷᠡᠴᠢᠯᠡᠨ ᠪᠠᠶᠢᠭᠤᠯᠵᠤ ᠰᠠᠶᠢᠵᠢᠷᠠᠭᠤᠯᠬᠤ ᠪᠠ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠢ | ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢ ᠪᠠᠭᠲᠠᠭᠠᠨ᠎ᠠ︶ ᠶᠢ ᠲᠦᠷᠭᠡᠨ ᠠᠬᠢᠭᠤᠯᠵᠤ᠂ ᠠᠮᠤ ᠪᠤᠳᠠᠭᠠᠨ ᠤ | ᠶᠡᠷᠦᠩᠬᠡᠢ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠬᠦ ᠪᠠ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠣᠣᠷᠠᠬᠢ | ᠮᠡᠲᠦ ᠮᠡᠳᠡᠭᠳᠡᠶ᠎ᠡ᠃ | ᠨᠢᠭᠡ᠂ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠲᠥᠪ ᠤᠨ ᠲᠥᠰᠥᠪ ᠤᠨ ᠳᠣᠲᠣᠷᠠᠬᠢ ᠪᠠ ᠲᠥᠪ ᠤᠨ ᠡᠳ᠋ ᠤᠨ | ᠵᠠᠰᠠᠭ ᠤᠨ ᠰᠢᠯᠵᠢᠭᠦᠯᠦᠨ ᠲᠥᠯᠦᠬᠦ ᠬᠤᠶᠠᠷ ᠠᠷᠭ᠎ᠠ ᠵᠠᠮ ᠤᠨ ᠪᠡᠯᠡ ᠣᠷᠣᠭᠤᠯᠤᠯᠲᠠ ᠶᠢ ᠨᠢᠭᠡᠳᠦᠯᠲᠡᠢ ᠲᠥᠯᠥᠪᠯᠡᠵᠦ | ᠡᠮᠬᠢᠯᠡᠨ ᠨᠡᠶᠢᠯᠡᠭᠦᠯᠬᠦ ᠬᠡᠷᠡᠭᠲᠡᠢ᠃ ᠣᠷᠣᠨ ᠨᠤᠲᠤᠭ ᠤᠨ ᠡᠳ᠋ ᠤᠨ ᠵᠠᠰᠠᠭ ᠠᠴᠠ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠡᠳ᠋ ᠤᠨ ᠵᠠᠰᠠᠭ ᠬᠠᠷᠢᠭᠤᠴᠠᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠲᠠᠬᠢᠵᠤ ᠲᠦᠬᠦᠷᠵᠢᠭᠦᠯᠬᠦ ᠦᠭᠡᠢ᠃ 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠮᠦ ᠪᠦᠷᠢ ᠶᠢᠨ ᠲᠡᠭᠰᠢᠳᠬᠡᠭᠰᠡᠨ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠨᠢ ᠤᠰᠤᠨ ᠲᠠᠷᠢᠶ᠎ᠠ ᠶᠢ 1700 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠬᠠᠭᠤᠷᠠᠢ | ᠲᠠᠷᠢᠶ᠎ᠠ ᠶᠢ 1200 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ 2023 ᠣᠨ ᠠᠴᠠ ᠡᠬᠢᠯᠡᠨ | ᠤᠯᠤᠰ ᠤᠨ ᠱᠠᠭᠠᠷᠳᠠᠯᠭ᠎ᠠ ᠶᠣᠰᠣᠭᠠᠷ ᠬᠥᠳᠡᠯᠦᠩᠭᠦᠢ ᠲᠣᠬᠢᠷᠠᠭᠤᠯᠤᠯᠲᠠ ᠬᠢᠵᠦ᠂ ᠪᠠᠲᠤᠯᠠᠭ᠎ᠠ ᠶᠢᠨ ᠡᠷᠴᠢᠮ ᠢᠶᠠᠨ | ᠴᠢᠩᠭᠠᠳᠬᠠᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ︶ | ᠬᠤᠶᠠᠷ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠬᠤ ᠬᠡᠷᠡᠭᠲᠡᠢ᠃ | ᠵᠠᠷᠴᠢᠮ ᠳᠡᠭᠡᠷ᠎ᠡ ᠪᠠᠨ ᠪᠠᠷᠢᠯᠭ᠎ᠠ ᠪᠠᠷᠢᠬᠤ ᠨᠢᠭᠡᠴᠢ ᠶᠢᠨ ᠳᠠᠭᠠᠭᠠᠴᠢᠯᠠᠯᠲᠠ ᠬᠦᠯᠢᠶᠡᠬᠦ ᠳᠠᠭᠠᠭᠠᠴᠢᠯᠠᠯᠲᠠ ᠶᠢᠨ | ᠬᠡᠰᠡᠭ ᠤᠨ ᠲᠠᠯᠠᠪᠠᠢ ᠶᠢ 5000 ᠮᠦ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠬᠠᠮᠲᠤᠷᠠᠭᠰᠠᠨ ᠴᠣᠭᠴᠠ | ᠳᠠᠭᠠᠭᠠᠴᠢᠯᠠᠯᠲᠠ ᠬᠦᠯᠢᠶᠡᠬᠦ ᠶᠢ ᠵᠥᠪᠰᠢᠶᠡᠷᠡᠬᠦ ᠦᠭᠡᠢ᠃ ᠪᠦᠬᠦ ᠶᠠᠪᠤᠴᠠ ᠳᠤ ᠡᠯᠧᠺᠳ᠋ᠷᠣᠨ ᠢᠶᠠᠷ ᠳᠠᠭᠠᠭᠠᠴᠢᠯᠠᠯᠲᠠ | ᠵᠠᠷᠯᠠᠵᠤ᠂ ᠳᠠᠭᠠᠭᠠᠴᠢᠯᠠᠯᠲᠠ ᠬᠦᠯᠢᠶᠡᠬᠦ ᠪᠠ ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ | ᠬᠡᠷᠡᠭᠵᠢᠭᠦᠯᠬᠦ ᠬᠡᠷᠡᠭᠲᠡᠢ᠃ ᠪᠠᠷᠢᠯᠭ᠎ᠠ ᠪᠠᠷᠢᠬᠤ ᠭᠡᠷ᠎ᠡ ᠶᠢ ᠢᠯᠡ ᠪᠠᠷ ᠨᠡᠶᠢᠲᠡᠯᠡᠨ᠂ ︽ᠦᠨᠡᠨ ᠬᠤᠳᠠᠯ ᠭᠡᠷ᠎ᠡ︾ ︽ | ᠬᠢᠮᠳᠠ ᠪᠠᠷ ᠣᠯᠵᠤ ᠥᠨᠳᠥᠷ ᠦᠨ᠎ᠡ ᠪᠠᠷ ᠳ᠋ᠦᠩᠨᠡᠨ ᠪᠣᠳᠤᠬᠤ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠨᠤᠭᠤᠳ ᠢ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠲᠦᠷᠢᠶᠡᠰᠦᠯᠡᠭᠦᠯᠦᠨ ᠵᠢᠭᠡᠯᠡᠭᠦᠯᠬᠦ᠂ | ᠲᠦᠰᠢᠭᠯᠡᠬᠦ᠂ ᠰᠢᠯᠵᠢᠭᠦᠯᠦᠨ ᠳᠠᠭᠠᠭᠠᠴᠢᠯᠠᠭᠤᠯᠬᠤ᠂ ᠠᠵᠢᠯ ᠤᠨ ᠪᠦᠲᠦᠮᠵᠢ ᠪᠠᠨ ᠬᠤᠳᠠᠯ ᠢᠶᠠᠷ ᠮᠡᠳᠡᠭᠦᠯᠬᠦ ᠵᠡᠷᠭᠡ | ᠬᠡᠯᠪᠡᠷᠢ ᠮᠠᠶ᠋ᠢᠭ ᠢᠶᠠᠷ ᠬᠤᠳᠠᠯ ᠬᠠᠭᠤᠷᠮᠠᠭ ᠵᠣᠬᠢᠶᠠᠭᠰᠠᠨ ᠢ ᠪᠠᠶᠢᠴᠠᠭᠠᠨ ᠢᠯᠡᠷᠡᠭᠦᠯᠦᠮᠡᠭᠴᠡ ᠳᠠᠭᠠᠭᠠᠴᠢᠯᠠᠯᠲᠠ | ᠬᠦᠯᠢᠶᠡᠬᠦ ︵ᠳᠠᠭᠠᠭᠠᠴᠢᠯᠠᠯᠲᠠ ᠣᠯᠬᠤ︶ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ 3 ᠵᠢᠯ ᠤᠨ ᠳᠣᠲᠣᠷ᠎ᠠ | ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠣᠷᠤᠯᠴᠠᠬᠤ ᠶᠢ ᠨᠢ ᠴᠠᠭᠠᠵᠠᠯᠠᠨ᠎ᠠ᠃ ︵ᠬᠠᠷᠢᠭᠤᠴᠠᠬᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ︶ | ᠭᠤᠷᠪᠠ᠂ ᠡᠮᠦᠨᠡᠬᠢ ᠬᠤᠭᠤᠴᠠᠭᠠᠨ ᠤ ᠠᠵᠢᠯ ᠢ ᠰᠢᠯᠢᠳᠡᠭᠵᠢᠭᠦᠯᠬᠦ ᠬᠡᠷᠡᠭᠲᠡᠢ᠃ ᠨᠥᠬᠦᠴᠡᠯ ᠳᠤ ᠨᠡᠶᠢᠴᠡᠭᠰᠡᠨ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠴᠥᠮ ᠠᠯᠬᠤᠮ ᠠᠯᠬᠤᠮ ᠢᠶᠠᠷ ᠲᠥᠷᠥᠯ ᠵᠦᠢᠯ ᠤᠨ ᠨᠥᠭᠡᠴᠡ | ᠬᠥᠮᠥᠷᠭᠡ ᠳᠤ ᠳᠠᠩᠰᠠᠯᠠᠨ ᠣᠷᠣᠭᠤᠯᠵᠤ᠂ ᠲᠤᠬᠠᠢ ᠶᠢᠨ ᠵᠢᠯ ᠤᠨ ᠪᠦᠲᠦᠭᠡᠨ ᠪᠠᠶᠢᠭᠤᠯᠬᠤ ᠡᠭᠦᠷᠭᠡ ᠶᠢ ᠡᠮᠦᠨᠡᠬᠢ | ᠵᠢᠯ ᠤᠨ 9 ᠳ᠋ᠦ᠋ᠭᠡᠷ ᠰᠠᠷ᠎ᠠ ᠳᠤ ᠳᠠᠩᠰᠠᠯᠠᠨ ᠣᠷᠣᠭᠤᠯᠵᠤ ᠳᠠᠭᠤᠰᠬᠠᠬᠤ ᠬᠡᠷᠡᠭᠲᠡᠢ᠂ 2022 ᠣᠨ ᠠᠴᠠ ᠬᠤᠶᠢᠰᠢ | ᠨᠥᠭᠡᠴᠡ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠤᠭᠠᠳᠤᠢ ᠲᠥᠷᠦᠯ ᠵᠦᠢᠯ ᠢ ᠣᠨ ᠤ ᠪᠦᠲᠦᠭᠡᠨ ᠪᠠᠶᠢᠭᠤᠯᠬᠤ | ᠡᠭᠦᠷᠭᠡ ᠳᠤ ᠵᠢᠭᠰᠠᠭᠠᠬᠤ ᠦᠭᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠢᠷᠤᠭᠯᠠᠨ ᠲᠥᠯᠥᠪᠯᠡᠵᠦ | ᠳᠠᠭᠠᠭᠠᠴᠢᠯᠠᠯᠲᠠ ᠵᠠᠷᠯᠠᠬᠤ᠂ ᠠᠩᠬ᠎ᠠ ᠠᠯᠬᠤᠮ ᠵᠢᠷᠤᠭᠯᠠᠨ ᠲᠥᠯᠥᠪᠯᠡᠬᠦ᠂ ᠨᠤᠲᠠᠯᠠᠯᠲᠠ ᠬᠢᠵᠦ ᠬᠢᠨᠠᠨ ᠵᠥᠪᠰᠢᠶᠡᠷᠡᠬᠦ | ᠵᠡᠷᠭᠡ ᠡᠮᠦᠨᠡᠬᠢ ᠬᠤᠭᠤᠴᠠᠭᠠᠨ ᠤ ᠠᠵᠢᠯ ᠤᠳ ᠢᠶᠠᠨ ᠤᠷᠢᠳᠴᠢᠯᠠᠨ ᠥᠷᠨᠢᠭᠦᠯᠬᠦ ᠶᠢ ᠠᠬᠢᠭᠤᠯᠵᠤ᠂ ᠲᠤᠬᠠᠢ ᠶᠢᠨ | ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ ᠢᠶᠠᠨ ᠪᠦᠷᠢᠳᠦᠭᠦᠯᠬᠦ ᠶᠢ | ᠪᠠᠲᠤᠯᠠᠵᠤ᠂ ︽ᠵᠣᠭᠤᠰ ᠨᠢ ᠲᠥᠷᠥᠯ ᠵᠦᠢᠯ ᠢᠶᠠᠨ ᠬᠦᠯᠢᠶᠡᠬᠦ︾ ᠠᠴᠠ ᠵᠠᠶᠢᠯᠠᠰᠬᠢᠬᠤ ᠬᠡᠷᠡᠭᠲᠡᠢ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠳᠤᠮᠳᠠ ᠣᠶᠢᠲᠤ ᠭᠠᠵᠠᠷ ᠡᠪᠡᠰᠦ ᠪᠡᠯᠴᠢᠭᠡᠷ ᠢ ᠡᠵᠡᠯᠡᠨ | ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠬᠠᠶᠢᠷ ᠴᠢᠯᠠᠭᠤᠨ ᠮᠠᠲ᠋ᠧᠷᠢᠶᠠᠯ ᠢ ᠠᠪᠴᠤ ᠬᠡᠷᠡᠭᠯᠡᠬᠦ ᠵᠥᠪᠰᠢᠶᠡᠷᠡᠯ᠂ ᠤᠰᠤ | ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠵᠡᠷᠭᠡ ᠳᠤ ᠰᠠᠭᠠᠳ ᠦᠭᠡᠢ ᠨᠡᠪᠲᠡᠷᠡᠬᠦ ᠵᠠᠮ ᠤᠨ ᠬᠠᠮᠢᠶᠠᠷᠤᠯᠲᠠ | ᠬᠡᠷᠡᠭᠵᠢᠭᠦᠯᠬᠦ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠤᠰᠤᠨ ᠠᠰᠢᠭᠯᠠᠯᠲᠠ ᠶᠢᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶ | ᠳᠥᠷᠪᠡ᠂ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦᠨ ᠳᠤ ᠲᠤᠰᠬᠠᠢ ᠲᠠᠩᠰᠠ ᠡᠷᠦᠬᠡ ᠶᠢᠨ | ᠬᠠᠮᠢᠶᠠᠷᠤᠯᠲᠠ ᠬᠡᠷᠡᠭᠵᠢᠭᠦᠯᠵᠦ᠂ ᠪᠠᠷᠢᠯᠭ᠎ᠠ ᠶᠢᠨ ᠠᠬᠢᠴᠠ ᠪᠠᠷ ᠪᠡᠯᠡ ᠮᠥᠩᠭᠦᠨ ᠲᠣᠭᠠᠴᠠᠭ᠎ᠠ ᠬᠢᠵᠦ᠂ ᠪᠠᠷᠢᠯᠭ᠎ᠠ ᠶᠢᠨ | ᠠᠬᠢᠴᠠ ᠪᠠᠷ ᠲᠣᠭᠠᠴᠠᠭ᠎ᠠ ᠬᠢᠬᠦ ᠵᠣᠭᠤᠰᠤᠨ ᠤ ᠬᠠᠷᠢᠴᠠᠯ ᠢ ᠨᠢᠭᠡᠨᠲᠡ ᠳᠠᠭᠤᠰᠤᠭᠰᠠᠨ ᠪᠠᠷᠢᠯᠭ᠎ᠠ ᠶᠢᠨ ᠦᠨ᠎ᠡ | ᠮᠥᠩᠭᠦᠨ ᠤ 80% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠪᠤᠰᠤᠳ ᠲᠣᠭᠠᠴᠠᠬᠤ ᠶᠣᠰᠣᠲᠠᠢ ᠪᠠᠷᠢᠯᠭ᠎ᠠ ᠶᠢᠨ | ᠵᠣᠭᠤᠰ ᠢ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠤ ᠳᠠᠷᠠᠭᠠᠬᠢ 30 | ᠡᠳᠦᠷ ᠤᠨ ᠳᠣᠲᠣᠷ᠎ᠠ ᠲᠣᠭᠠᠴᠠᠭ᠎ᠠ ᠬᠢᠬᠦ ᠬᠡᠷᠡᠭᠲᠡᠢ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠢᠨᠠᠵᠤ | ᠬᠠᠰᠤᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠦ ᠶᠢ ᠴᠥᠮ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ᠃ ᠪᠠᠷᠢᠯᠭ᠎ᠠ ᠶᠢᠨ | ᠠᠬᠢᠴᠠ ᠨᠢ ᠤᠳᠠᠭᠠᠨ᠂ ᠡᠭᠦᠷᠭᠡ ᠪᠠᠨ ᠦᠯᠦ ᠪᠡᠶᠡᠯᠡᠭᠦᠯᠦᠭᠰᠡᠨ᠂ ᠲᠤᠰᠬᠠᠢ ᠵᠦᠢᠯ ᠤᠨ ᠪᠡᠯᠡ ᠮᠥᠩᠭᠦ ᠶᠢ ᠰᠢᠬᠠᠨ | ᠡᠵᠡᠯᠡᠵᠦ ᠰᠢᠯᠵᠢᠭᠦᠯᠦᠨ ᠬᠡᠷᠡᠭᠯᠡᠭᠰᠡᠨ᠂ ᠪᠠᠷᠢᠯᠭ᠎ᠠ ᠶᠢᠨ ᠵᠣᠭᠤᠰ ᠢ ᠬᠤᠭᠤᠴᠠᠭ᠎ᠠ ᠬᠡᠲᠦᠷᠡᠭᠡᠳ ᠲᠣᠭᠠᠴᠠᠭ᠎ᠠ ᠬᠢᠭᠡᠳᠦᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠬᠠᠢ ᠶᠢᠨ ᠵᠢᠯ ᠤᠨ ᠡᠳ᠋ ᠤᠨ ᠵᠠᠰᠠᠭ ᠤᠨ ᠨᠥᠬᠦᠪᠦᠷᠢ ᠪᠡᠯᠡ | ᠮᠥᠩᠭᠦ ᠶᠢ ᠨᠢ ᠪᠤᠴᠠᠭᠠᠨ ᠠᠪᠴᠤ᠂ ᠳᠠᠷᠠᠭ᠎ᠠ ᠵᠢᠯ ᠤᠨ ᠲᠥᠷᠥᠯ ᠵᠦᠢᠯ ᠤᠨ ᠪᠡᠯᠡ ᠮᠥᠩᠭᠦ ᠶᠢ ᠨᠢ ᠲᠣᠬᠢᠷᠠᠭᠤᠯᠤᠨ | ᠪᠠᠭᠠᠰᠬᠠᠬᠤ ᠪᠥᠭᠡᠳ ᠪᠠᠶᠢᠳᠠᠯ ᠢ ᠦᠨᠳᠦᠰᠦᠯᠡᠨ ᠬᠤᠯᠪᠣᠭᠳᠠᠯ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | ᠲᠠᠪᠤ᠂ ᠭᠠᠵᠠᠷ ᠰᠢᠷᠣᠢ ᠶᠢ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠬᠤ ᠬᠡᠷᠡᠭᠲᠡᠢ᠃ ︽ᠭᠤᠷᠪᠠ ᠶᠢ | ᠡᠪᠳᠡᠨ᠂ ᠲᠠᠪᠤ ᠶᠢ ᠨᠢᠭᠡᠳᠬᠡᠵᠦ᠂ ᠨᠢᠭᠡ ᠶᠢ ᠲᠠᠬᠢᠨ ᠬᠤᠪᠢᠶᠠᠷᠢᠯᠠᠬᠤ︾ ᠴᠡᠭᠴᠡᠯᠡᠨ ᠵᠠᠰᠠᠬᠤ ᠵᠠᠭᠪᠤᠷ ᠢ | ᠶᠠᠪᠤᠭᠳᠠᠭᠤᠯᠵᠤ᠂ ᠲᠠᠷᠢᠶᠠᠯᠠᠬᠤ ᠡᠷᠦᠬᠡ ᠶᠢᠨ ᠳᠠᠭᠠᠭᠠᠴᠢᠯᠠᠯᠲᠠ ᠶᠢᠨ ᠵᠠᠭᠠᠭ ᠬᠢᠵᠠᠭᠠᠷ ᠢ ᠡᠪᠳᠡᠨ᠂ ᠡᠮᠬᠢ ᠵᠠᠮᠪᠠᠷᠠᠭ᠎ᠠ | ᠦᠭᠡᠢ ᠲᠠᠷᠢᠶᠠᠨ ᠭᠠᠵᠠᠷ ᠤᠨ ᠵᠠᠭᠠᠭ ᠬᠢᠵᠠᠭᠠᠷ ᠢ ᠡᠪᠳᠡᠵᠦ ᠡᠮᠬᠢ ᠳᠢᠭᠯᠢᠮ ᠦᠭᠡᠢ ᠭᠤᠤ ᠰᠤᠪᠠᠭ ᠤᠨ ᠵᠠᠮ | ᠱᠤᠭᠤᠮ ᠤᠨ ᠪᠠᠶᠢᠷᠢᠰᠢᠭᠤᠯᠤᠯᠲᠠ ᠶᠢ ᠡᠪᠳᠡᠬᠦ ᠬᠡᠷᠡᠭᠲᠡᠢ︔ ᠰᠢᠨ᠎ᠡ ᠲᠥᠯᠦᠪᠵᠢᠭᠦᠯᠭᠡ ᠶᠢᠨ ᠶᠣᠰᠣᠭᠠᠷ᠂ ᠭᠤᠤ | ᠰᠤᠪᠠᠭ ᠢ ᠨᠢᠭᠡᠳᠦᠯᠲᠡᠢ ᠮᠠᠯᠲᠠᠵᠤ᠂ ᠵᠠᠮ ᠢ ᠨᠢᠭᠡᠳᠦᠯᠲᠡᠢ ᠵᠠᠰᠠᠵᠤ᠂ ᠮᠣᠳᠣ ᠲᠠᠷᠢᠵᠤ ᠣᠶᠢᠵᠢᠭᠤᠯᠬᠤ ᠶᠢ ᠨᠢᠭᠡᠳᠦᠯᠲᠡᠢ | ᠬᠢᠵᠦ᠂ ᠭᠠᠵᠠᠷ ᠬᠥᠷᠥᠰᠥ ᠶᠢ ᠨᠢᠭᠡᠳᠦᠯᠲᠡᠢ ᠲᠡᠭᠰᠢᠯᠡᠵᠦ᠂ ᠭᠠᠵᠠᠷ ᠬᠡᠰᠡᠭ ᠢ ᠨᠢᠭᠡᠳᠦᠯᠲᠡᠢ ᠬᠤᠪᠢᠶᠠᠷᠢᠯᠠᠬᠤ ᠬᠡᠷᠡᠭᠲᠡᠢ︔ | ᠴᠡᠭᠴᠡᠯᠡᠨ ᠵᠠᠰᠠᠵᠤ ᠳᠠᠭᠤᠰᠤᠭᠰᠠᠨ ᠤ ᠳᠠᠷᠠᠭ᠎ᠠ ᠲᠠᠬᠢᠨ ᠬᠤᠪᠢᠶᠠᠷᠢᠯᠠᠨ ᠡᠵᠡᠩᠨᠡᠭᠦᠯᠵᠦ᠂ ᠲᠠᠷᠢᠶᠠᠯᠠᠬᠤ ᠭᠠᠵᠠᠷ ᠤᠨ | ᠲᠤᠭ᠎ᠠ ᠬᠡᠮᠵᠢᠶ᠎ᠡ ᠶᠢ ᠬᠠᠮᠤᠭ ᠤᠨ ᠶᠡᠭᠡ ᠬᠡᠪᠴᠢᠶ᠎ᠡ ᠪᠠᠷ ᠨᠡᠮᠡᠭᠳᠡᠭᠦᠯᠬᠦ ᠬᠡᠷᠡᠭᠲᠡᠢ᠃ ︵ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ᠵᠢᠷᠭᠤᠭ᠎ᠠ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ᠃ ︽ᠬᠤᠶᠠᠷ ᠢ | ᠲᠠᠰᠢᠷᠠᠮ ᠢᠶᠠᠷ ᠰᠤᠭᠤᠴᠢᠨ᠂ ᠨᠢᠭᠡ ᠶᠢ ᠢᠯᠡ ᠪᠣᠯᠭᠠᠬᠤ︾ ᠲᠥᠷᠥᠯ ᠵᠦᠢᠯ ᠤᠨ ᠰᠤᠭᠤᠴᠢᠨ ᠪᠠᠶᠢᠴᠠᠭᠠᠬᠤ | ᠲᠣᠭᠲᠠᠴᠠ ᠶᠢ ᠪᠠᠶᠢᠭᠤᠯᠤᠨ᠂ ᠠᠰᠠᠭᠤᠳᠠᠯ ᠢᠯᠡᠷᠡᠭᠦᠯᠪᠡᠯ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ | ᠰᠢᠰᠲ᠋ᠧᠮ ᠳᠤ ᠲᠡᠮᠳᠡᠭᠯᠡᠨ ᠣᠷᠣᠭᠤᠯᠵᠤ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ | ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠤᠳ ᠤᠨ ᠢᠲᠡᠭᠡᠮᠵᠢ ᠶᠢᠨ ᠦᠨᠡᠯᠡᠯᠲᠡ ᠶᠢ | ᠥᠷᠨᠢᠭᠦᠯᠵᠦ᠂ ᠢᠲᠡᠭᠡᠯ ᠠᠯᠳᠠᠭᠰᠠᠳ ᠪᠠ ᠢᠲᠡᠭᠡᠮᠵᠢᠲᠡᠢ ᠳᠠᠩᠰᠠ ᠶᠢ ᠪᠠᠶᠢᠭᠤᠯᠤᠨ᠂ ᠢᠲᠡᠭᠡᠯ ᠠᠯᠳᠠᠭᠰᠠᠳ ᠢ | ᠲᠣᠷᠭᠤᠨ ᠰᠢᠢᠳᠬᠡᠬᠦ ᠪᠠᠨ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠬᠤᠶᠠᠷ | ᠱᠠᠲᠤᠨ ᠤ ᠲᠠᠷᠢᠶᠠᠯᠠᠩ ᠤᠨ ᠪᠡᠯᠡ ᠣᠷᠣᠭᠤᠯᠤᠯᠲᠠ᠂ ᠨᠡᠭᠡᠭᠡᠨ ᠬᠥᠭᠵᠢᠭᠦᠯᠦᠯᠲᠡ᠂ ᠪᠦᠲᠦᠭᠡᠨ ᠪᠠᠶᠢᠭᠤᠯᠤᠯᠲᠠ ᠶᠢᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠦᠪᠡᠭᠴᠢᠯᠡᠨ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ | ᠪᠠᠶᠢᠭᠤᠯᠤᠨ ᠬᠦᠴᠦᠷᠬᠡᠭᠵᠢᠭᠦᠯᠵᠦ᠂ ᠮᠡᠷᠭᠡᠵᠢᠯ ᠤᠨ ᠲᠤᠯᠭᠠᠭᠤᠷᠢᠯᠠᠬᠤ ᠦᠢᠯᠡᠴᠢᠯᠡᠭᠡᠨ ᠢ ᠰᠠᠶᠢᠲᠤᠷ ᠬᠢᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠠᠴᠠ ᠬᠢᠨᠠᠯᠲᠠ ᠲᠠᠯᠪᠢᠬᠤ ᠬᠠᠯᠠᠮᠰᠢᠯ ᠤᠲᠠᠰᠤ ᠲᠣᠬᠢᠷᠠᠭᠤᠯᠤᠨ᠂ ᠬᠤᠰᠢᠭᠤ ᠰᠢᠶᠠᠨ ︵ | ᠬᠤᠲᠠ᠂ ᠲᠣᠭᠤᠷᠢᠭ︶ ᠠᠴᠠ ᠬᠢᠨᠠᠯᠲᠠ ᠲᠠᠯᠪᠢᠭᠴᠢ ᠲᠠᠷᠢᠶᠠᠴᠢᠨ ᠮᠠᠯᠴᠢᠨ ᠤ ᠨᠡᠶᠢᠲᠡ ᠶᠢᠨ ᠠᠰᠢᠭᠲᠤ ᠠᠵᠢᠯ ᠤᠨ | ᠪᠠᠶᠢᠷᠢ ᠲᠣᠬᠢᠷᠠᠭᠤᠯᠵᠤ᠂ ᠵᠠᠭᠤᠴᠢᠯᠠᠭᠤᠷ ᠤᠨ ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠠᠰᠠᠭᠤᠳᠠᠯ ᠢ ᠳᠠᠷᠦ᠋ᠢᠬᠠᠨ | ᠢᠯᠡᠷᠡᠭᠦᠯᠵᠦ᠂ ᠲᠦᠷᠭᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ︵ᠬᠠᠷᠢᠭᠤᠴᠠᠬᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ | ᠭᠡᠷ︶ | ᠳᠣᠯᠤᠭ᠎ᠠ᠂ ᠰᠢᠯᠭᠠᠨ ᠬᠤᠷᠢᠶᠠᠵᠤ ᠬᠥᠮᠥᠷᠭᠡᠯᠡᠬᠦ ᠶᠢ ᠵᠢᠷᠤᠮᠵᠢᠭᠤᠯᠬᠤ ᠬᠡᠷᠡᠭᠲᠡᠢ᠃ ᠠᠶᠢᠮᠠᠭ ᠬᠤᠲᠠ ᠶᠢᠨ | ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠬᠤᠷᠢᠶᠠᠭᠰᠠᠨ ᠲᠥᠷᠥᠯ ᠵᠦᠢᠯ ᠤᠨ ᠬᠠᠷᠢᠴᠠᠯ ᠢ 100% ᠬᠦᠷᠦᠭᠦᠯᠵᠦ | ᠂ ᠥᠪᠡᠷᠲᠡᠭᠡᠨ ᠵᠠᠰᠠᠬᠤ ᠣᠷᠣᠨ ᠠᠴᠠ ᠰᠤᠭᠤᠴᠢᠨ ᠪᠠᠶᠢᠴᠠᠭᠠᠭᠰᠠᠨ ᠬᠠᠷᠢᠴᠠᠯ ᠢ 10% ᠠᠴᠠ ᠳᠣᠣᠷ᠎ᠠ ᠪᠠᠶᠢᠯᠭᠠᠵᠤ | ᠪᠣᠯᠬᠤ ᠦᠭᠡᠢ᠃ ᠪᠦᠲᠦᠭᠡᠨ ᠪᠠᠶᠢᠭᠤᠯᠤᠭᠰᠠᠨ ᠶᠠᠰᠤ ᠴᠢᠨᠠᠷ ᠨᠢ ᠪᠠᠷᠢᠮᠵᠢᠶᠠᠨ ᠳᠤ ᠡᠰᠡ ᠬᠦᠷᠦᠭᠰᠡᠨ ᠪᠣᠯ᠂ | ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠥᠪᠡᠰᠦᠪᠡᠨ ᠪᠡᠯᠡ ᠭᠠᠷᠭᠠᠨ ᠲᠤᠰ ᠪᠦᠲᠦᠭᠡᠨ ᠪᠠᠶᠢᠭᠤᠯᠬᠤ | ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠤᠶᠤ ᠨᠥᠬᠦᠵᠦ ᠪᠠᠷᠢᠭᠤᠯᠬᠤ ᠪᠠᠨ ᠪᠡᠶᠡᠯᠡᠭᠦᠯᠵᠦ᠂ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠵᠦ ᠳᠡᠶᠢᠯᠬᠦ ᠦᠭᠡᠢ ᠪᠣᠯ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠨᠢ | ᠪᠤᠴᠠᠭᠠᠨ ᠠᠪᠬᠤ ᠬᠡᠷᠡᠭᠲᠡᠢ᠃ ᠲᠥᠷᠥᠯ ᠵᠦᠢᠯ ᠲᠣᠭᠲᠠᠭᠠᠬᠤ᠂ ᠪᠠᠷᠢᠯᠭ᠎ᠠ ᠪᠠᠷᠢᠵᠤ ᠳᠠᠭᠤᠰᠬᠠᠬᠤ᠂ ᠪᠠᠷᠢᠯᠭ᠎ᠠ ᠶᠢᠨ | ᠠᠵᠢᠯ ᠳᠠᠭᠤᠰᠴᠤ ᠰᠢᠯᠭᠠᠨ ᠬᠤᠷᠢᠶᠠᠬᠤ ᠭᠤᠷᠪᠠᠨ ᠱᠠᠲᠤ ᠦᠶ᠎ᠡ ᠳᠤ᠂ ᠬᠤᠰᠢᠭᠤ ᠰᠢᠶᠠᠨ ︵ᠬᠤᠲᠠ᠂ ᠲᠣᠭᠤᠷᠢᠭ︶ | ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠠᠴᠠ ᠪᠥᠬᠦ | ᠤᠯᠤᠰ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠢᠨᠠᠨ ᠰᠢᠯᠭᠠᠵᠤ ᠬᠢᠨᠠᠨ ᠬᠠᠮᠢᠶᠠᠷᠬᠤ | ᠲᠠᠪᠴᠠᠩ ᠢᠶᠠᠷ ᠳᠠᠮᠵᠢᠭᠤᠯᠤᠨ ᠴᠠᠭ ᠲᠤᠬᠠᠢ ᠳᠤ ᠨᠢ ᠮᠡᠳᠡᠭᠡ ᠵᠠᠩᠭᠢ ᠶᠢ ᠨᠢ ᠲᠡᠮᠳᠡᠭᠯᠡᠨ ᠣᠷᠣᠭᠤᠯᠬᠤ ᠶᠢᠨ ᠬᠠᠮᠲᠤ | ᠵᠢᠷᠤᠭ ᠢ ᠨᠢ ᠬᠥᠮᠥᠷᠭᠡ ᠳᠤ ᠣᠷᠣᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ | ᠲᠢᠩᠬᠢᠮ︶ | ᠨᠠᠢᠮᠠ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ | ᠪᠠᠷᠢᠯᠭ᠎ᠠ ᠶᠢ ᠬᠠᠮᠢᠶᠠᠷᠤᠨ ᠬᠠᠮᠠᠭᠠᠯᠠᠬᠤ ᠣᠯᠠᠨ ᠡᠰᠢᠲᠦ ᠲᠣᠭᠲᠠᠴᠠ ᠶᠢ ᠪᠦᠷᠢᠨᠰᠢᠭᠦᠯᠵᠦ᠂ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠶᠡᠷᠦᠩᠬᠡᠢ ᠬᠠᠷᠢᠭᠤᠴᠠᠯᠭ᠎ᠠ ᠡᠭᠦᠷᠭᠡᠯᠡᠨ᠂ ᠭᠠᠴᠠᠭ᠎ᠠ | ᠲᠤᠰᠬᠤᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠨᠢ ᠬᠠᠮᠢᠶᠠᠷᠤᠨ ᠬᠠᠮᠠᠭᠠᠯᠠᠬᠤ ᠭᠤᠣᠯ ᠴᠣᠭᠴᠠ ᠪᠠᠶᠢᠵᠤ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠬᠢᠨᠠᠯᠲᠠ | ᠲᠠᠯᠪᠢᠬᠤ ᠶᠢ ᠬᠠᠷᠢᠭᠤᠴᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠᠷ ᠳᠠᠮᠵᠢᠨ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠤᠯᠤᠰ ᠤᠨ ᠥᠮᠴᠢᠯᠡᠯ ᠠᠴᠠ | ᠪᠤᠰᠤᠳ ᠢ ᠨᠢ ᠴᠥᠮ ᠭᠠᠴᠠᠭ᠎ᠠ ᠲᠣᠰᠬᠤᠨ ᠤ ᠬᠠᠮᠲᠤ ᠶᠢᠨ ᠡᠵᠡᠩᠨᠡᠯᠲᠡ ᠬᠠᠮᠢᠶᠠᠷᠤᠯᠲᠠ ᠳᠤ ᠬᠤᠷᠢᠶᠠᠨ ᠣᠷᠣᠭᠤᠯᠵᠤ | ᠂ ᠣᠯᠣᠭᠰᠠᠨ ᠠᠰᠢᠭ ᠣᠷᠣᠯᠭ᠎ᠠ ᠶᠢ ᠨᠢ ᠳᠠᠷᠠᠭᠠᠴᠢ ᠶᠢᠨ ᠬᠠᠮᠢᠶᠠᠷᠤᠯᠲᠠ ᠬᠠᠮᠠᠭᠠᠯᠠᠯᠲᠠ ᠳᠤ ᠬᠡᠷᠡᠭᠯᠡᠬᠦ ᠬᠡᠷᠡᠭᠲᠡᠢ︔ | ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠪᠠ ᠰᠢᠨ᠎ᠡ ᠪᠠᠷ ᠨᠡᠮᠡᠭᠳᠡᠭᠰᠡᠨ ᠠᠮᠤ ᠪᠤᠳᠠᠭᠠᠨ ᠤ ᠤᠨᠠᠯᠲᠠ ᠶᠢᠨ | ᠭᠦᠢᠴᠡᠳᠬᠡᠯ ᠲᠤᠭ᠎ᠠ ᠶᠢ ᠬᠠᠷᠭᠤᠭᠤᠯᠤᠨ ᠲᠣᠭᠲᠠᠭᠠᠬᠤ ᠠᠵᠢᠯ ᠢ ᠴᠠᠭ ᠲᠤᠬᠠᠢ ᠳᠤ ᠨᠢ ᠰᠠᠶᠢᠲᠤᠷ ᠬᠢᠵᠦ᠂ | ᠨᠥᠬᠦᠪᠦᠷᠢᠯᠡᠬᠦ ᠲᠠᠷᠢᠶᠠᠨ ᠭᠠᠵᠠᠷ ᠤᠨ ᠭᠦᠢᠴᠡᠳᠬᠡᠯ ᠲᠣᠭᠠᠨ ᠤ ᠬᠥᠮᠥᠷᠭᠡ ᠳᠤ ᠬᠠᠮᠤᠷᠤᠨ ᠣᠷᠣᠭᠤᠯᠤᠭᠠᠳ | ᠬᠡᠷᠡᠭᠯᠡᠭᠰᠡᠨ ᠭᠠᠵᠠᠷ ᠢᠶᠠᠷ ᠨᠥᠬᠦᠪᠦᠷᠢᠯᠡᠨ ᠲᠡᠩᠴᠡᠭᠦᠷᠢᠰᠢᠭᠦᠯᠬᠦ ᠳᠤ ᠬᠡᠷᠡᠭᠯᠡᠵᠦ᠂ ᠣᠯᠣᠭᠰᠠᠨ ᠠᠰᠢᠭ | ᠣᠷᠣᠯᠭ᠎ᠠ ᠶᠢ ᠨᠢ ᠶᠠᠭᠤᠨ ᠤ ᠤᠷᠢᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠠᠬᠢᠨ ᠣᠷᠣᠭᠤᠯᠤᠯᠲᠠ ᠪᠠ ᠵᠢᠭᠡᠯᠡᠯᠭᠡ ᠶᠢᠨ ᠲᠡᠮᠳᠡᠭᠲᠦ ᠶᠢ ᠲᠥᠯᠥᠬᠦ ᠳᠤ ᠬᠡᠷᠡᠭᠯᠡᠬᠦ ᠬᠡᠷᠡᠭᠲᠡᠢ᠃ ᠵᠠᠰᠠᠭ ᠤᠨ | ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠶᠢ ᠰᠦᠪᠡᠭᠴᠢᠯᠡᠨ ᠬᠡᠷᠡᠭᠯᠡᠵᠦ᠂ ᠭᠤᠷᠪᠠᠳᠠᠭᠴᠢ | ᠡᠲᠡᠭᠡᠳ ᠤᠨ ᠪᠠᠶᠢᠭᠤᠯᠤᠮᠵᠢ ᠪᠠᠷ ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠬᠢᠯᠭᠡᠬᠦ ᠬᠡᠷᠡᠭᠲᠡᠢ᠃ | ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ | ᠥᠷᠨᠢᠭᠦᠯᠬᠦ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | ᠶᠢᠰᠦ᠂ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠤᠷᠢᠳ ᠢᠶᠠᠷ ᠰᠢᠯᠵᠢᠭᠦᠯᠦᠨ | ᠡᠷᠭᠢᠯᠳᠦᠭᠦᠯᠵᠦ ᠳᠠᠷᠠᠭ᠎ᠠ ᠨᠢ ᠲᠥᠷᠥᠯ ᠵᠦᠢᠯ ᠲᠣᠭᠲᠠᠭᠠᠬᠤ ᠪᠠ ᠤᠷᠢᠳ ᠢᠶᠠᠷ ᠲᠡᠭᠰᠢᠯᠡᠨ ᠳᠠᠷᠠᠭ᠎ᠠ ᠨᠢ ᠪᠦᠲᠦᠭᠡᠨ | ᠪᠠᠶᠢᠭᠤᠯᠬᠤ ᠶᠢ ᠵᠣᠷᠢᠭᠵᠢᠭᠤᠯᠵᠤ᠂ ᠪᠦᠬᠦ ᠲᠤᠰᠬᠤᠨ ᠪᠦᠬᠦ ᠳᠤᠭᠤᠶᠢᠯᠠᠩ ᠪᠦᠬᠦᠯᠢ ᠬᠡᠰᠡᠭ ᠤᠨ ᠲᠠᠷᠢᠶᠠᠯᠠᠬᠤ | ᠭᠠᠵᠠᠷ ᠢ ᠪᠦᠬᠦᠯᠢ ᠪᠠᠷ ᠨᠢ ᠰᠢᠯᠵᠢᠭᠦᠯᠦᠨ ᠡᠷᠭᠢᠯᠳᠦᠭᠦᠯᠬᠦ ᠶᠢ ᠠᠬᠢᠭᠤᠯᠬᠤ ᠬᠡᠷᠡᠭᠲᠡᠢ᠃ ᠲᠠᠷᠢᠶᠠᠴᠢᠳ ᠮᠠᠯᠴᠢᠳ ᠤᠨ | ᠬᠤᠷᠰᠢᠨ ᠡᠵᠡᠩᠨᠡᠬᠦ ᠶᠢ ᠬᠥᠭᠵᠢᠭᠦᠯᠬᠦ ᠶᠢ ᠵᠣᠷᠢᠭᠵᠢᠭᠤᠯᠵᠤ᠂ ᠪᠦᠬᠦᠯᠢ ᠪᠠᠶᠢᠭᠤᠯᠤᠮᠵᠢᠲᠤ ᠳᠦᠷᠢᠮ ᠤᠨ | ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠶᠢ ᠳᠡᠯᠭᠡᠷᠡᠭᠦᠯᠬᠦ ᠬᠡᠷᠡᠭᠲᠡᠢ᠃ ᠤᠷᠢᠳ ᠢᠶᠠᠷ ᠪᠠᠶᠢᠭᠤᠯᠤᠨ ᠳᠠᠷᠠᠭ᠎ᠠ ᠨᠢ | ᠨᠥᠬᠦᠵᠦ ᠪᠠᠶᠢᠭᠤᠯᠬᠤ ᠵᠠᠭᠪᠤᠷ ᠢ ᠵᠣᠷᠢᠭᠵᠢᠭᠤᠯᠬᠤ ᠬᠡᠷᠡᠭᠲᠡᠢ᠃ ᠭᠠᠴᠠᠭ᠎ᠠ ᠲᠣᠰᠬᠤᠨ ᠢᠶᠠᠷ ᠰᠠᠭᠤᠷᠢ ᠪᠣᠯᠭᠠᠵᠤ᠂ | ᠰᠤᠮᠤ ᠰᠢᠶᠠᠩ ᠪᠠᠯᠭᠠᠰᠤ ᠪᠠᠷ ᠨᠢᠭᠡᠴᠢ ᠪᠣᠯᠭᠠᠨ᠂ ᠪᠦᠬᠦ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ | ᠠᠬᠢᠭᠤᠯᠬᠤ ᠶᠢ ᠨᠢ ᠡᠩ ᠲᠡᠷᠢᠭᠦᠨ ᠳᠤ ᠳᠡᠮᠵᠢᠵᠦ᠂ ᠪᠦᠬᠦ ᠬᠡᠪᠴᠢᠶᠡᠨ ᠳᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠪᠦᠲᠦᠭᠡᠨ ᠪᠠᠶᠢᠭᠤᠯᠵᠤ᠂ ᠨᠢᠭᠡ ᠨᠢᠭᠡ ᠤᠴᠢᠷ ᠢᠶᠠᠷ ᠵᠥᠪᠯᠡᠬᠦ ᠠᠷᠭ᠎ᠠ ᠪᠠᠷ ᠬᠥᠬᠢᠭᠦᠯᠬᠦ ᠬᠡᠷᠡᠭᠲᠡᠢ᠃ ︵ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ︶ | ᠠᠷᠪᠠ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ ᠬᠡᠷᠡᠭᠲᠡᠢ᠃ ᠵᠠᠰᠠᠭ ᠤᠨ | ᠣᠷᠳᠣᠨ ᠤ ᠭᠤᠣᠯ ᠤᠳᠤᠷᠢᠳᠤᠯᠭ᠎ᠠ ᠶᠡᠷᠦᠩᠬᠡᠢ ᠳᠤ ᠨᠢ ᠬᠠᠷᠢᠭᠤᠴᠠᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ | ᠰᠢᠭᠤᠳ ᠬᠠᠷᠢᠭᠤᠴᠠᠬᠤ ᠶᠢ ᠪᠠᠷᠢᠮᠲᠠᠯᠠᠬᠤ ᠬᠡᠷᠡᠭᠲᠡᠢ︔ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠨᠢ ᠲᠥᠷᠦᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ | ᠬᠡᠷᠡᠭᠲᠡᠢ︔ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ | ᠠᠵᠢᠯ ᠲᠥᠷᠥᠯ ᠢ ᠬᠠᠮᠢᠶᠠᠷᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠬᠦ ᠬᠡᠷᠡᠭᠲᠡᠢ︔ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠨᠢ ᠲᠥᠷᠦᠯ ᠵᠦᠢᠯ ᠢ ᠬᠢᠨᠠᠨ | ᠬᠠᠮᠢᠶᠠᠷᠬᠤ ᠰᠢᠭᠤᠳ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ | ᠬᠥᠲᠥᠯᠥᠨ ᠵᠢᠯᠤᠭᠤᠳᠴᠤ ᠪᠠᠶᠢᠭᠠᠳ ᠠᠷᠠᠳ ᠲᠦᠮᠡᠨ ᠢ ᠢᠳᠡᠪᠬᠢᠲᠡᠢ ᠵᠣᠬᠢᠶᠠᠨ ᠪᠠᠶᠢᠭᠤᠯᠵᠤ ᠣᠷᠣᠯᠴᠠᠭᠤᠯᠬᠤ᠂ | ᠵᠥᠷᠢᠴᠡᠯ ᠮᠥᠷᠭᠦᠯᠳᠦᠭᠡᠨ ᠢ ᠵᠣᠬᠢᠴᠠᠭᠤᠯᠤᠨ ᠰᠢᠢᠳᠪᠦᠷᠢᠯᠡᠬᠦ᠂ ᠪᠠᠶᠢᠴᠠᠭᠠᠵᠤ ᠰᠢᠯᠭᠠᠨ ᠬᠤᠷᠢᠶᠠᠬᠤ ᠳᠤ | ᠣᠷᠣᠯᠴᠠᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | ᠠᠷᠪᠠᠨ ᠨᠢᠭᠡ᠂ ᠬᠥᠬᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠦᠨᠡᠯᠡᠨ ᠬᠦᠬᠢᠭᠦᠯᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠡᠮᠦᠨᠡᠬᠢ ᠬᠤᠭᠤᠴᠠᠭᠠᠨ ᠤ ᠠᠵᠢᠯ᠂ ᠪᠦᠲᠦᠭᠡᠨ ᠪᠠᠶᠢᠭᠤᠯᠤᠭᠰᠠᠨ ᠲᠠᠯᠠᠪᠠᠢ ᠬᠢᠭᠡᠳ | ᠶᠠᠰᠤ ᠴᠢᠨᠠᠷ᠂ ᠪᠡᠯᠡ ᠮᠥᠩᠭᠦᠨ ᠤ ᠣᠷᠣᠭᠤᠯᠤᠯᠲᠠ ᠪᠠ ᠵᠠᠷᠤᠯᠭ᠎ᠠ᠂ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ | ᠬᠤᠷᠢᠶᠠᠬᠤ ᠪᠠ ᠵᠢᠷᠤᠭ ᠢ ᠬᠥᠮᠥᠷᠭᠡ ᠳᠤ ᠣᠷᠣᠭᠤᠯᠬᠤ᠂ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠪᠠ | ᠳᠦᠷᠢᠮ ᠤᠨ ᠪᠦᠲᠦᠭᠡᠨ ᠪᠠᠶᠢᠭᠤᠯᠤᠯᠲᠠ ᠵᠡᠷᠭᠡ ᠶᠢ ᠶᠡᠷᠦᠩᠬᠡᠶᠢᠯᠡᠨ ᠦᠨᠡᠯᠡᠵᠦ᠂ ᠬᠥᠬᠢᠭᠦᠯᠬᠦ ᠬᠡᠪᠴᠢᠶᠡᠨ ᠳᠤ | ᠣᠷᠣᠭᠰᠠᠨ ᠭᠠᠵᠠᠷ ᠣᠷᠣᠨ ᠪᠣᠯ ᠢᠷᠡᠬᠦ ᠵᠢᠯ ᠳᠤ ᠨᠢ ᠲᠥᠷᠥᠯ ᠵᠦᠢᠯ ᠤᠨ ᠪᠡᠯᠡ ᠮᠥᠩᠭᠦ ᠬᠤᠪᠢᠶᠠᠷᠢᠯᠠᠬᠤ ᠳᠤ ᠪᠠᠨ | ᠢᠯᠡᠭᠦᠦ ᠪᠣᠳᠣᠯᠬᠢᠯᠠᠬᠤ ᠬᠡᠷᠡᠭᠲᠡᠢ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠠᠴᠠ ᠵᠢᠯ ᠪᠦᠷᠢ 1000 | ᠲᠦᠮᠡᠨ ᠲᠥᠭᠦᠷᠢᠭ ᠲᠣᠬᠢᠷᠠᠭᠤᠯᠵᠤ ᠲᠤᠬᠠᠢ ᠶᠢᠨ ᠵᠢᠯ ᠤᠨ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠢ ᠬᠥᠬᠢᠭᠦᠯᠦᠨ᠂ 1000 ᠲᠦᠮᠡᠨ | ᠲᠥᠭᠦᠷᠢᠭ ᠲᠣᠬᠢᠷᠠᠭᠤᠯᠤᠨ ᠪᠦᠲᠦᠭᠡᠨ ᠪᠠᠶᠢᠭᠤᠯᠤᠭᠰᠠᠨ ᠲᠥᠷᠥᠯ ᠵᠦᠢᠯ ᠢ ᠬᠠᠮᠢᠶᠠᠷᠤᠨ ᠬᠠᠮᠠᠭᠠᠯᠠᠭᠰᠠᠨ ᠦᠷ᠎ᠡ | ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠶᠢ ᠬᠥᠬᠢᠭᠦᠯᠬᠦ ᠬᠡᠷᠡᠭᠲᠡᠢ᠃ ︵ᠬᠠᠷᠢᠭᠤᠴᠠᠬᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ︶ | 2022 ᠣᠨ ᠤ 9 ᠳ᠋ᠦ᠋ᠭᠡᠷ ᠰᠠᠷ᠎ᠠ ᠶᠢᠨ 26 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠠᠭᠤᠯᠤᠨ ᠢᠯᠡᠭᠡᠬᠦ ᠨᠢ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠲᠥᠷᠦ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2022 ᠣᠨ ᠤ 9 ᠳ᠋ᠦ᠋ᠭᠡᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ |