ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2022︺ 39 ᠳ᠋ᠦ᠋ᠭᠡᠷ ᠲᠣᠭᠠᠲᠤ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠥᠭᠵᠢᠯᠲᠡ ᠶᠢ ᠠᠬᠢᠭᠤᠯᠬᠤ ᠠᠷᠭ᠎ᠠ | ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | ︽ᠠᠵᠤ ᠠᠬᠤᠢ ᠶᠢ ᠯᠠᠪᠳᠠᠭᠤᠨ ᠪᠠᠲᠤᠲᠠᠢ ᠲᠣᠭᠲᠠᠭᠤᠨ ᠪᠠᠶᠢᠯᠭᠠᠬᠤ ᠪᠦᠭᠦᠨ ᠢ ᠬᠠᠮᠤᠷᠤᠭᠰᠠᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ | ︾ ︵ᠲᠥᠷᠥ ᠲᠠᠷᠬᠠᠭᠠᠭᠰᠠᠨ ︹2022︺ 12 ᠳ᠋ᠤᠭᠠᠷ ᠲᠣᠭᠠᠲᠤ︶ ᠤᠨ ᠪᠠᠶᠢᠷᠢᠯᠠᠭᠤᠯᠤᠯᠲᠠ | ᠲᠣᠬᠢᠷᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠥᠬᠦ ᠣᠷᠣᠨ ᠤ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠠᠤᠯᠢ︾ ᠪᠠ ᠤᠯᠤᠰ᠂ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠳᠣᠣᠷᠠᠬᠢ ᠮᠡᠲᠦ | ᠮᠡᠳᠡᠭᠳᠡᠪᠡ᠃ | ᠨᠢᠭᠡ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠲᠦᠷᠭᠡᠳᠬᠡᠨ ᠬᠥᠭᠵᠢᠭᠦᠯᠬᠦ ᠬᠡᠷᠡᠭᠲᠡᠢ | ︵ᠨᠢᠭᠡ︶ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠳᠠᠬᠢ ᠪᠡᠯᠡ ᠣᠷᠣᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ | ᠬᠥᠲᠥᠯᠥᠨ ᠵᠢᠯᠤᠭᠤᠳᠬᠤ ᠶᠢᠨ ᠰᠠᠭᠤᠷᠢ ᠮᠥᠩᠭᠦᠨ ᠤ ᠦᠢᠯᠡᠳᠦᠯ ᠢ ᠪᠠᠳᠠᠷᠠᠭᠤᠯᠵᠤ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠴᠢᠬᠤᠯᠠ ᠶᠡᠭᠡ ᠳᠠᠶᠢᠴᠢᠯᠠᠬᠤ ᠨᠥᠯᠥᠭᠡᠯᠡᠯ ᠲᠠᠢ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠠᠵᠤ ᠠᠬᠤᠶᠢᠯᠠᠯ ᠳᠤ᠂ ᠠᠵᠤ ᠦᠢᠯᠡᠰ ᠤᠨ | ᠬᠥᠭᠵᠢᠯᠲᠡ ᠶᠢᠨ ᠲᠤᠰᠬᠠᠢ ᠰᠠᠭᠤᠷᠢ ᠮᠥᠩᠭᠦ ᠪᠠᠶᠢᠭᠤᠯᠬᠤ ᠪᠤᠶᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ | ᠬᠤᠪᠢ ᠣᠷᠣᠭᠤᠯᠬᠤ᠂ ᠨᠡᠶᠢᠯᠡᠭᠦᠯᠦᠨ ᠬᠤᠳᠠᠯᠳᠤᠨ ᠠᠪᠬᠤ᠂ ᠳᠠᠬᠢᠨ ᠵᠣᠬᠢᠶᠠᠨ ᠪᠠᠶᠢᠭᠤᠯᠬᠤ ᠵᠡᠷᠭᠡ ᠵᠠᠬ᠎ᠠ | ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠲᠠᠪᠴᠠᠩ ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠰᠢᠨ᠎ᠡ ᠪᠠᠷ ᠪᠠᠶᠢᠭᠤᠯᠤᠭᠰᠠᠨ ᠣᠷᠣᠨ ᠪᠦᠰᠡ ᠶᠢᠨ ᠲᠠᠰ ᠤᠨ᠂ | ᠠᠵᠢᠯ ᠲᠥᠷᠥᠯ ᠤᠨ ᠲᠠᠰ ᠤᠨ᠂ ᠠᠵᠤ ᠠᠬᠤᠶᠢᠯᠠᠯ ᠤᠨ ᠲᠠᠰ ᠤᠨ ᠠᠵᠤ ᠦᠢᠯᠡᠳᠪᠦᠷᠢ ᠶᠢᠨ ᠢᠨᠲ᠋ᠧᠷ | ᠰᠦᠯᠵᠢᠶᠡᠨ ᠤ ᠲᠠᠪᠴᠠᠩ ᠳᠤ ᠪᠣᠳᠠᠲᠠᠢ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠣᠭᠠᠨ ᠤ 20% ᠪᠠᠷ᠂ | ᠲᠠᠩ ᠭᠠᠭᠴᠠ ᠲᠥᠷᠥᠯ ᠵᠦᠢᠯ ᠳᠤ ᠶᠡᠬᠡᠳᠡᠬᠦ ᠳᠤ ᠪᠠᠨ 500 ᠲᠦᠮᠡᠨ ᠲᠥᠭᠦᠷᠢᠭ᠂ 400 ᠲᠦᠮᠡᠨ ᠲᠥᠭᠦᠷᠢᠭ᠂ | 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠱᠠᠩᠨᠠᠨ ᠨᠥᠬᠦᠪᠦᠷᠢᠯᠡᠨ᠎ᠡ᠃ ᠰᠢᠨ᠎ᠡ ᠪᠠᠷ | ᠪᠠᠶᠢᠭᠤᠯᠤᠭᠰᠠᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠭᠠᠬᠤ ᠲᠡᠮᠳᠡᠭ ᠤᠨ ᠵᠠᠳᠠᠯᠤᠯᠲᠠ ᠶᠢᠨ | ᠬᠤᠶᠠᠳᠤᠭᠠᠷ ᠳᠡᠰ ᠤᠨ ᠬᠤᠯᠪᠣᠭᠠᠰᠤ ᠴᠡᠭ ᠪᠣᠯᠬᠤ ᠪᠥᠭᠡᠳ ᠤᠯᠤᠰ ᠤᠨ ᠳᠡᠭᠡᠳᠦ ᠲᠠᠰ ᠤᠨ ᠬᠤᠯᠪᠣᠭᠠᠰᠤ | ᠴᠡᠭ ᠯᠦᠭᠡ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 500 ᠲᠦᠮᠡᠨ ᠲᠥᠭᠦᠷᠢᠭ ᠤᠨ | ᠨᠢᠭᠡ ᠯᠡ ᠤᠳᠠᠭᠠᠨ ᠤ ᠴᠢᠨᠠᠷᠲᠠᠢ ᠨᠥᠬᠦᠪᠦᠷᠢ ᠥᠭᠭᠦᠨ᠎ᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠢᠯᠭᠠᠬᠤ ᠲᠡᠮᠳᠡᠭ ᠤᠨ ᠵᠠᠳᠠᠯᠤᠯᠲᠠ ᠶᠢᠨ ᠰᠢᠨ᠎ᠡ ᠶᠢ ᠡᠭᠦᠳᠴᠦ ᠬᠡᠷᠡᠭᠯᠡᠬᠦ ᠶᠢ ᠥᠷᠨᠢᠭᠦᠯᠦᠭᠰᠡᠨ ᠠᠵᠤ ᠠᠬᠤᠶᠢᠯᠠᠯ ᠳᠤ | ᠂ ᠬᠡᠷᠡᠭᠯᠡᠭᠡᠨ ᠤ ᠦᠷ᠎ᠡ ᠪᠦᠲᠦᠮᠵᠢ ᠶᠢ ᠨᠢ ᠦᠨᠳᠦᠰᠦᠯᠡᠨ ᠨᠥᠬᠦᠪᠦᠷᠢ ᠥᠭᠴᠦ᠂ ᠲᠠᠩ ᠭᠠᠭᠴᠠ ᠠᠵᠤ | ᠠᠬᠤᠶᠢᠯᠠᠯ ᠳᠤ ᠶᠡᠬᠡᠳᠡᠬᠦ ᠳᠤ ᠪᠠᠨ 300 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ ︵ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠠᠬᠢᠭᠤᠯᠬᠤ | ᠬᠡᠷᠡᠭᠲᠡᠢ | ︵ᠭᠤᠷᠪᠠ︶ ᠨᠢᠭᠡ ᠪᠦᠯᠦᠭ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ | ᠪᠥᠭᠡᠮᠨᠡᠷᠡᠭᠰᠡᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠡᠯ᠎ᠡ | ᠠᠶᠢᠮᠠᠭ ᠬᠤᠲᠠ ︵ᠨᠡᠭᠡᠭᠡᠯᠲᠡ ᠶᠢᠨ ᠲᠣᠭᠤᠷᠢᠭ ᠪᠠᠭᠲᠠᠨ᠎ᠠ︶ ᠶᠢ ᠵᠣᠷᠢᠭᠵᠢᠭᠤᠯᠵᠤ ᠪᠠᠶᠢᠭᠠᠳ ᠥᠪᠡᠷ ᠤᠨ ᠢᠶᠠᠨ | ᠬᠥᠭᠵᠢᠯᠲᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ | ᠦᠢᠯᠡᠰ ᠤᠨ ᠬᠥᠭᠵᠢᠯᠲᠡ ᠶᠢᠨ ᠣᠷᠣᠨ ᠵᠠᠢ ᠶᠢ ᠵᠦᠢ ᠵᠣᠬᠢᠰᠲᠠᠢ ᠲᠥᠯᠥᠪᠵᠢᠭᠦᠯᠬᠦ ᠪᠠ ᠪᠠᠶᠢᠷᠢᠰᠢᠭᠤᠯᠵᠤ᠂ | ᠥᠭᠡᠷᠡᠴᠢᠯᠡᠵᠦ ᠵᠠᠰᠠᠬᠤ᠂ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠪᠠᠭᠤᠯᠢᠭ ᠡᠬᠢ | ᠪᠠᠶᠠᠯᠢᠭ ᠢ ᠨᠡᠶᠢᠯᠡᠭᠦᠯᠵᠦ᠂ ᠨᠢᠭᠡ ᠪᠦᠯᠦᠭ ᠵᠣᠬᠢᠬᠤ ᠬᠡᠪᠴᠢᠶ᠎ᠡ ᠲᠠᠢ᠂ ᠠᠵᠤ ᠦᠢᠯᠡᠰ ᠨᠢ ᠪᠦᠷᠢᠨ ᠲᠥᠬᠦᠷ᠂ | ᠴᠢᠳᠠᠮᠵᠢ ᠨᠢ ᠣᠯᠠᠨ᠂ ᠡᠵᠡᠩᠨᠡᠯᠲᠡ ᠶᠢᠨ ᠪᠠᠶᠢᠳᠠᠯ ᠨᠢ ᠤᠯᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ | ᠦᠢᠯᠡᠰ ᠤᠨ ᠪᠥᠭᠡᠮᠨᠡᠷᠡᠭᠰᠡᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠡᠷᠡᠭᠲᠡᠢ᠃ ᠡᠯᠧᠺᠲᠷᠤᠨ ᠬᠤᠳᠠᠯᠳᠤᠭᠠᠨ ᠤ | ᠶᠠᠪᠤᠳᠠᠯ ᠤᠨ ᠠᠵᠤ ᠦᠢᠯᠡᠰ ᠤᠨ ᠪᠥᠭᠡᠮᠨᠡᠷᠡᠭᠰᠡᠨ ᠬᠦᠷᠢᠶᠡᠯᠡᠩ ᠲᠣᠭᠤᠷᠢᠭ ᠨᠢ ᠤᠯᠤᠰ ᠪᠤᠶᠤ ᠥᠪᠡᠷᠲᠡᠭᠡᠨ ᠵᠠᠰᠠᠬᠤ | ᠣᠷᠣᠨ ᠤ ᠲᠠᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ | ᠭᠤᠶᠤᠴᠢᠯᠠᠨ ᠮᠡᠳᠡᠭᠦᠯᠬᠦ ᠶᠢ ᠳᠡᠮᠵᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ | ᠤᠯᠤᠰ ᠤᠨ ᠲᠠᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ | ᠵᠥᠪᠰᠢᠶᠡᠷᠡᠭᠳᠡᠭᠰᠡᠨ ᠪᠠᠶᠢᠪᠠᠯ᠂ ᠵᠣᠬᠢᠬᠤ ᠱᠠᠩᠨᠠᠯ ᠬᠥᠬᠢᠭᠦᠯᠦᠯ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ | ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠳᠥᠷᠪᠡ︶ ᠠᠵᠤ ᠠᠬᠤᠶᠢᠯᠠᠯ ᠤᠨ ᠲᠣᠭᠠᠵᠢᠭᠤᠯᠤᠭᠰᠠᠨ ᠬᠥᠭᠵᠢᠯᠲᠡ ᠶᠢ ᠢᠳᠡᠪᠬᠢᠲᠡᠢ ᠬᠥᠲᠥᠯᠥᠨ | ᠵᠢᠯᠤᠭᠤᠳᠬᠤ ᠬᠡᠷᠡᠭᠲᠡᠢ᠃ ᠲᠣᠭᠠᠵᠢᠭᠤᠯᠤᠭᠰᠠᠨ ᠬᠤᠳᠠᠯᠳᠤᠭᠠᠨ ᠤ ᠶᠠᠪᠤᠳᠠᠯ ᠢ ᠢᠳᠡᠪᠬᠢᠲᠡᠢ ᠬᠥᠭᠵᠢᠭᠦᠯᠵᠦ᠂ ᠠᠵᠤ | ᠠᠬᠤᠶᠢᠯᠠᠯ ᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠲᠡᠷᠢᠭᠦᠨ ᠤ ᠮᠡᠳᠡᠭᠡ ᠵᠠᠩᠭᠢ ᠶᠢᠨ | ᠮᠡᠷᠭᠡᠵᠢᠯ ᠢ ᠬᠡᠷᠡᠭᠯᠡᠨ ᠰᠢᠨ᠎ᠡ ᠶᠢ ᠡᠭᠦᠳᠦᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠵᠦ | ᠪᠠᠶᠢᠭᠠᠳ ᠲᠣᠭᠠᠵᠢᠭᠤᠯᠬᠤ᠂ ᠰᠦᠯᠵᠢᠶᠡᠵᠢᠭᠦᠯᠬᠦ᠂ ᠣᠶᠤᠨᠴᠢᠯᠠᠬᠤ ᠲᠡᠶᠢᠰᠢ ᠬᠥᠭᠵᠢᠭᠦᠯᠬᠦ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ | ᠭᠤᠷᠪᠠ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢᠨ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ | ︵ᠲᠠᠪᠤ︶ ᠤᠯᠠᠮᠵᠢᠯᠠᠯᠲᠤ ᠠᠵᠤ ᠦᠢᠯᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠢ | ᠭᠦᠨᠵᠡᠭᠡᠶᠢᠷᠡᠭᠦᠯᠦᠨ ᠪᠠᠶᠠᠯᠢᠭᠵᠢᠭᠤᠯᠬᠤ ᠬᠡᠷᠡᠭᠲᠡᠢ᠃ ᠶᠠᠪᠠᠭᠠᠨ ᠵᠡᠭᠡᠯᠢ ᠶᠢ ᠥᠭᠡᠷᠡᠴᠢᠯᠡᠨ ᠵᠠᠰᠠᠵᠤ ᠲᠠᠰ | ᠳᠡᠪᠰᠢᠭᠦᠯᠬᠦ ᠶᠢ ᠨᠢ ᠲᠦᠷᠭᠡᠳᠬᠡᠵᠦ᠂ ︽ᠲᠦᠷᠦᠭᠦᠴᠢ ᠳᠡᠯᠭᠡᠭᠦᠷ ᠤᠨ ᠠᠵᠤ ᠠᠬᠤᠢ︾ ᠶᠢ ᠪᠤᠶᠢᠵᠢᠭᠤᠯᠤᠨ | ᠬᠥᠭᠵᠢᠭᠦᠯᠵᠦ᠂ ᠵᠢᠵᠢᠭᠯᠡᠨ ᠬᠤᠳᠠᠯᠳᠤᠬᠤ ᠦᠢᠯᠡᠰ ᠤᠨ ᠰᠢᠨ᠎ᠡ ᠶᠢ ᠡᠭᠦᠳᠴᠦ ᠬᠡᠯᠪᠡᠷᠢ ᠪᠠᠨ ᠬᠤᠪᠢᠷᠠᠭᠤᠯᠬᠤ ᠶᠢ ᠨᠢ | ᠲᠡᠮᠵᠢᠬᠦ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠬᠤᠳᠠᠯᠳᠤᠭᠠᠨ ᠤ ᠦᠢᠯᠡᠳᠦᠯᠴᠡᠨ ᠠᠭᠤᠰᠤᠯᠴᠠᠬᠤ ᠶᠢ | ᠴᠢᠩᠭᠠᠳᠬᠠᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ ᠲᠤ ᠰᠢᠨ᠎ᠡ ᠶᠢ | ᠡᠭᠦᠳᠬᠦ ᠶᠢ ᠵᠣᠷᠢᠭᠵᠢᠭᠤᠯᠤᠨ᠂ ᠬᠤᠨᠤᠭ ᠪᠠᠭᠤᠳᠠᠯ ᠤᠨ ᠠᠵᠢᠯ ᠲᠥᠷᠥᠯ ᠤᠨ ︽ᠲᠣᠭᠠᠵᠢᠭᠤᠯᠬᠤ᠂ ᠣᠶᠤᠨᠴᠢᠯᠠᠬᠤ᠂ | ᠰᠦᠯᠵᠢᠶᠡᠵᠢᠭᠦᠯᠬᠦ︾ ᠪᠠᠷ ᠭᠤᠣᠯ ᠱᠤᠭᠤᠮ ᠪᠣᠯᠭᠠᠭᠰᠠᠨ ᠪᠠᠭᠤᠳᠠᠯ ᠤᠨ ᠬᠠᠮᠢᠶᠠᠷᠤᠯᠲᠠ ᠶᠢᠨ ᠵᠠᠭᠪᠤᠷ ᠢ | ᠪᠠᠶᠢᠭᠤᠯᠬᠤ ᠶᠢ ᠬᠥᠲᠥᠯᠥᠨ ᠵᠢᠯᠤᠭᠤᠳᠴᠤ ᠲᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠰᠣᠶᠣᠯ ᠪᠠ ᠵᠢᠭᠤᠯᠴᠢᠯᠠᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠵᠢᠷᠭᠤᠭ᠎ᠠ︶ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ | ᠪᠦᠬᠦ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠬᠦ ᠬᠡᠷᠡᠭᠲᠡᠢ᠃ | ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠵᠢᠱᠢᠶ᠎ᠡ ᠦᠵᠡᠭᠦᠯᠬᠦ ᠰᠢᠶᠠᠨ ︵ᠬᠤᠰᠢᠭᠤ︶ ᠤ | ᠴᠣᠯᠠ ᠣᠯᠣᠭᠰᠠᠨ ᠵᠢᠱᠢᠶ᠎ᠡ ᠦᠵᠡᠭᠦᠯᠬᠦ ᠭᠠᠵᠠᠷ ᠣᠷᠣᠨ ᠳᠤ ᠵᠣᠬᠢᠬᠤ ᠳᠡᠮᠵᠢᠯᠭᠡ ᠦᠵᠡᠭᠦᠯᠬᠦ ᠬᠡᠷᠡᠭᠲᠡᠢ᠃ | ᠲᠥᠪ ᠤᠨ ᠦᠢᠯᠡᠴᠢᠯᠡᠭᠡᠨ ᠤ ᠦᠢᠯᠡᠰ ᠲᠠᠬᠢ ᠲᠤᠰᠬᠠᠢ ᠪᠡᠯᠡ ᠮᠥᠩᠭᠦᠨ ᠤ ᠲᠡᠳᠬᠦᠨ ᠳᠡᠮᠵᠢᠬᠦ ᠪᠠ ᠬᠥᠲᠥᠯᠥᠨ | ᠵᠢᠯᠤᠭᠤᠳᠬᠤ ᠦᠢᠯᠡᠳᠦᠯ ᠢ ᠪᠠᠳᠠᠷᠠᠭᠤᠯᠤᠨ᠂ ᠰᠢᠶᠠᠨ ᠤ ᠬᠡᠪᠴᠢᠶᠡᠨ ᠤ ᠣᠯᠠᠨ ᠨᠡᠶᠢᠲᠡ ᠶᠢᠨ ᠨᠠᠷᠠᠲᠤ ᠲᠡᠮᠳᠡᠭ | ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠢ ᠲᠠᠷᠢᠶᠠᠯᠠᠩ ᠤᠨ ᠣᠨᠴᠠ ᠭᠠᠷᠤᠯᠲᠠ ᠶᠢᠨ | ᠮᠡᠳᠡᠭᠡ ᠵᠠᠩᠭᠢᠴᠢᠯᠠᠯᠲᠠ᠂ ᠪᠠᠷᠢᠮᠵᠢᠶᠠᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠂ ᠠᠷᠠᠯᠵᠢᠶ᠎ᠠ ᠬᠤᠳᠠᠯᠳᠤᠭᠠᠨ ᠤ | ᠭᠦᠢᠯᠭᠡᠭᠡᠨ ᠤ ᠠᠵᠤ ᠠᠬᠤᠶᠢᠯᠠᠯ ᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ | ᠣᠷᠣᠨ ᠯᠤᠭ᠎ᠠ ᠵᠠᠯᠭᠠᠯᠳᠤᠭᠤᠯᠬᠤ ᠳᠤ ᠦᠢᠯᠡᠴᠢᠯᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠭᠦᠢᠯᠭᠡᠭᠡᠨ ᠤ ︽ᠡᠬᠢᠨ ᠤ ᠨᠢᠭᠡ ᠺᠢᠯᠤᠮᠧᠲᠷ︾ ᠪᠠ ︽ᠡᠴᠦᠰ ᠤᠨ ᠨᠢᠭᠡ ᠺᠢᠯᠤᠮᠧᠲᠷ ︾ ᠤᠨ ᠳᠤᠲᠠᠭᠤᠳᠠᠯ ᠢ | ᠨᠥᠬᠦᠪᠦᠷᠢᠯᠡᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠭᠦᠢᠯᠭᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠵᠦ | ᠂ ᠡᠵᠡᠩᠨᠡᠯᠲᠡ ᠶᠢᠨ ᠦᠢᠯᠡᠴᠢᠯᠡᠭᠡᠨ ᠤ ᠲᠥᠬᠦᠷ ᠪᠡᠯᠡᠳᠬᠡᠮᠵᠢ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠲᠣᠣᠷ ᠴᠡᠭ ᠤᠨ ᠪᠠᠶᠢᠷᠢᠰᠢᠭᠤᠯᠤᠯ ᠢ ᠲᠡᠭᠦᠯᠳᠡᠷᠵᠢᠭᠦᠯᠬᠦ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢ ᠠᠭᠤᠰᠤᠯᠴᠠᠭᠤᠯᠤᠨ | ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠥᠪᠥᠷ | ᠮᠣᠩᠭᠤᠯ ᠤᠨ ᠬᠡᠷᠡᠭᠯᠡᠭᠡ ᠶᠢᠨ ᠣᠨᠴᠠᠯᠢᠭ ᠢ ᠲᠣᠪᠤᠶᠢᠯᠭᠠᠨ᠂ ᠡᠯ᠎ᠡ ᠠᠶᠢᠮᠠᠭ ᠬᠤᠲᠠ ᠯᠤᠭ᠎ᠠ ᠬᠤᠯᠪᠣᠯᠳᠤᠨ | ᠬᠥᠳᠡᠯᠦᠯᠴᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠤᠯᠪᠤᠭᠠᠯᠠᠨ᠂ ᠣᠯᠠᠨ ᠠᠵᠢᠯ ᠲᠥᠷᠥᠯ ᠢ | ᠳᠠᠶᠢᠴᠢᠯᠠᠵᠤ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢᠨ ᠬᠠᠷᠢᠯᠴᠠᠨ ᠠᠭᠤᠰᠤᠯᠴᠠᠭᠰᠠᠨ ︽ | ᠥᠪᠥᠷ ᠮᠣᠩᠭᠤᠯ ᠤᠨ ᠪᠠᠷᠠᠭ᠎ᠠ ᠲᠠᠨ ᠤ ᠠᠮᠢᠳᠤᠷᠠᠯ ᠤᠨ ᠬᠠᠨᠢ︾ ᠭᠡᠬᠦ ᠬᠡᠷᠡᠭᠯᠡᠭᠡ ᠶᠢ ᠠᠬᠢᠭᠤᠯᠬᠤ ᠰᠢᠷᠢᠰ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠵᠢᠯ ᠢᠶᠠᠨ ᠤᠭᠲᠤᠵᠤ ᠪᠠᠷᠠᠭ᠎ᠠ ᠬᠤᠳᠠᠯᠳᠤᠨ ᠠᠪᠬᠤ | ᠤᠯᠠᠷᠢᠯ᠂ ᠥᠪᠥᠷ ᠮᠣᠩᠭᠤᠯ ᠤᠨ ᠬᠡᠷᠡᠭᠯᠡᠭᠡ ᠶᠢ ᠠᠬᠢᠭᠤᠯᠬᠤ ᠰᠠᠷ᠎ᠠ᠂ ᠠᠯᠲᠠᠨ ᠨᠠᠮᠤᠷ ᠤᠨ ᠬᠤᠣᠰ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠤᠨ ᠬᠡᠷᠡᠭᠯᠡᠭᠡ ᠶᠢᠨ ᠤᠯᠠᠷᠢᠯ᠂ ᠮᠥᠰᠥ ᠴᠠᠰᠤᠨ ᠤ ᠬᠡᠷᠡᠭᠯᠡᠭᠡ ᠶᠢᠨ ᠪᠠᠶᠠᠷ ᠤᠨ ᠡᠳᠦᠷ ᠢ | ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ ᠠᠵᠤ ᠠᠬᠤᠶᠢᠯᠠᠯ ᠤᠨ ︽ | ᠰᠢᠭᠢᠳᠦᠨ ᠣᠷᠣᠬᠤ ᠮᠠᠶ᠋ᠢᠭ᠂ ᠪᠡᠶᠡᠴᠢᠯᠡᠨ ᠣᠶᠢᠯᠠᠭᠠᠬᠤ ᠮᠠᠶ᠋ᠢᠭ︾ ᠤᠨ ᠰᠦᠯᠵᠢᠶᠡᠨ ᠠᠴᠠ ᠭᠠᠳᠠᠭᠤᠷᠬᠢ | ᠣᠶᠢᠷᠠᠳᠴᠤ ᠣᠶᠢᠯᠠᠭᠠᠬᠤ ᠲᠠᠯᠠᠪᠠᠢ ᠪᠠᠶᠢᠳᠠᠯ ᠪᠣᠢ ᠪᠣᠯᠭᠠᠬᠤ ᠶᠢ ᠳᠡᠮᠵᠢᠵᠦ᠂ ᠬᠡᠷᠡᠭᠯᠡᠭᠡ ᠶᠢᠨ ︽ᠨᠠᠭᠠᠯᠳᠤᠩᠭᠢ ᠴᠢᠨᠠᠷ | ︾ ᠢ ᠴᠢᠩᠭᠠᠷᠠᠭᠤᠯᠬᠤ ᠬᠡᠷᠡᠭᠲᠡᠢ᠃ ᠡᠵᠡᠩᠨᠡᠯᠲᠡ ᠶᠢᠨ ᠵᠠᠭᠪᠤᠷ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ | ᠰᠦᠯᠵᠢᠶᠡᠨ ᠠᠴᠠ ᠭᠠᠳᠠᠭᠤᠷᠬᠢ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ᠂ ᠥᠪᠡᠰᠦᠪᠡᠨ ᠪᠠᠶᠢᠭᠤᠯᠤᠭᠰᠠᠨ | ᠰᠦᠯᠵᠢᠶᠡᠨ ᠤ ᠲᠠᠪᠴᠠᠩ ᠢ ᠭᠦᠢᠴᠡᠳ ᠨᠡᠭᠡᠭᠡᠨ ᠬᠥᠭᠵᠢᠭᠦᠯᠵᠦ ᠠᠰᠢᠭᠯᠠᠨ᠂ ᠰᠦᠯᠵᠢᠶᠡᠨ ᠤ ᠪᠣᠷᠤᠯᠠᠭᠤᠯᠭ᠎ᠠ᠂ | ᠰᠢᠭᠤᠳ ᠨᠡᠪᠲᠡᠷᠡᠭᠦᠯᠬᠦ ᠡᠯᠧᠺᠲᠷᠤᠨ ᠬᠤᠳᠠᠯᠳᠤᠭ᠎ᠠ᠂ ᠨᠡᠶᠢᠭᠡᠮ ᠤᠨ ᠬᠠᠷᠢᠯᠴᠠᠭᠠᠨ ᠤ ᠡᠵᠡᠩᠨᠡᠨ ᠪᠣᠷᠤᠯᠠᠭᠤᠯᠭ᠎ᠠ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ | ᠰᠦᠯᠵᠢᠶᠡᠨ ᠳᠠᠬᠢ ᠬᠡᠷᠡᠭᠯᠡᠭᠡ ᠶᠢᠨ ᠬᠡᠪᠴᠢᠶ᠎ᠡ ᠶᠢ ᠥᠷᠭᠡᠳᠬᠡᠨ᠂ ᠰᠦᠯᠵᠢᠶᠡᠨ ᠳᠡᠭᠡᠷ᠎ᠡ ᠤᠷᠤᠰᠴᠠ ᠳᠠᠭᠠᠭᠤᠯᠬᠤ᠂ | ᠰᠦᠯᠵᠢᠶᠡᠨ ᠠᠴᠠ ᠭᠠᠳᠠᠭᠤᠷ ᠬᠡᠷᠡᠭᠯᠡᠭᠡ ᠶᠢ ᠭᠦᠳᠦᠯᠬᠦ ᠣᠷᠴᠢᠯᠲᠤ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠣᠯ | ᠰᠡᠳᠦᠪᠲᠦ ᠮᠠᠶ᠋ᠢᠭ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠶᠢᠮᠠᠭ ᠬᠤᠲᠠ ᠶᠢᠨ ᠲᠠᠰ ᠤᠨ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠨᠠᠷᠠᠲᠤ ᠲᠡᠮᠳᠡᠭ ᠢ 6 ᠠᠴᠠ ᠢᠯᠡᠭᠦᠦ ᠴᠣᠭᠴᠠᠯᠠᠨ᠂ 100 ᠢᠯᠡᠭᠦᠦ | ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠬᠠᠪᠰᠤᠷᠤᠨ ᠲᠡᠳᠬᠦᠵᠦ ᠪᠠᠶᠢᠭᠠᠳ | ᠰᠦᠯᠵᠢᠶ᠎ᠡ ᠪᠠᠷ ᠪᠣᠷᠣᠯᠠᠭᠤᠯᠬᠤ ᠠᠷᠭ᠎ᠠ ᠵᠠᠮ ᠢ ᠨᠢ ᠨᠡᠭᠡᠭᠡᠨ ᠥᠭᠴᠦ᠂ ᠤᠭ ᠭᠠᠷᠤᠯᠲᠠ ᠶᠢᠨ ᠭᠠᠵᠠᠷ ᠤᠨ 100 | ᠢᠯᠡᠭᠦᠦ ᠫᠦᠰᠡ ᠳᠡᠯᠭᠡᠭᠦᠷ ᠤᠨ ᠠᠵᠢᠯᠯᠠᠭᠠᠨ ᠢ ᠲᠤᠰᠠᠯᠠᠨ ᠳᠡᠮᠵᠢᠵᠦ᠂ ᠠᠷᠠᠯᠵᠢᠶ᠎ᠠ ᠬᠤᠳᠠᠯᠳᠤᠭᠠᠨ ᠤ ᠠᠵᠤ | ᠠᠬᠤᠶᠢᠯᠠᠯ ᠤᠨ 100 ᠢᠯᠡᠭᠦᠦ ᠣᠬᠤᠷ ᠸᠢᠳᠢᠤ᠋ ᠶᠢᠨ ᠲᠠᠩᠰᠠᠨ ᠨᠣᠮᠧᠷ ᠢ ᠨᠡᠭᠡᠭᠡᠬᠦ ᠶᠢ ᠳᠡᠮᠵᠢᠨ᠂ 1000 ᠭᠠᠷᠤᠢ | ᠵᠦᠢᠯ ᠤᠨ ᠭᠠᠭᠴᠠ ᠲᠦᠷᠦᠯ ᠤᠨ ᠲᠠᠸᠠᠷ ᠢ ᠭᠤᠣᠯ ᠰᠡᠳᠦᠪᠲᠦ ᠬᠡᠷᠡᠭᠯᠡᠭᠡ ᠶᠢ ᠠᠬᠢᠭᠤᠯᠬᠤ ᠳᠤ ᠤᠷᠤᠯᠴᠠᠭᠤᠯᠬᠤ | ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠬᠠᠷᠢᠭᠤᠴᠠᠨ᠎ᠠ︶ | ︵ᠨᠠᠢᠮᠠ︶ ︽ᠨᠡᠷᠡᠳᠦ ᠲᠡᠮᠳᠡᠭ ᠤᠨ ᠪᠠ ᠴᠢᠨᠠᠷᠵᠢᠭᠤᠨ ᠬᠡᠷᠡᠭᠯᠡᠭᠡ ᠶᠢᠨ ᠰᠦᠯᠵᠢᠶ᠎ᠡ ᠪᠠᠷ ᠬᠤᠳᠠᠯᠳᠤᠨ ᠠᠪᠬᠤ | ᠪᠠᠶᠠᠷ ᠤᠨ ᠡᠳᠦᠷ ᠤᠨ ᠠᠵᠢᠯᠯᠠᠭᠠᠨ︾ ᠢ ᠪᠠᠶᠢᠩᠭᠤᠵᠢᠭᠤᠯᠤᠨ ᠡᠷᠬᠢᠯᠡᠬᠦ ᠬᠡᠷᠡᠭᠲᠡᠢ᠃ ᠣᠨ ᠢᠶᠠᠷ ︽ᠨᠡᠷᠡᠳᠦ | ᠲᠡᠮᠳᠡᠭ ᠤᠨ ᠪᠠ ᠴᠢᠨᠠᠷᠵᠢᠭᠤᠨ ᠬᠡᠷᠡᠭᠯᠡᠭᠡ ᠶᠢᠨ ᠰᠦᠯᠵᠢᠶ᠎ᠡ ᠪᠠᠷ ᠬᠤᠳᠠᠯᠳᠤᠨ ᠠᠪᠬᠤ ᠪᠠᠶᠠᠷ ᠤᠨ ᠡᠳᠦᠷ ᠤᠨ | ᠠᠵᠢᠯᠯᠠᠭᠠᠨ︾ ᠢ ᠡᠷᠭᠢᠯᠡᠵᠦ᠂ ᠡᠯᠧᠺᠲᠷᠤᠨ ᠬᠤᠳᠠᠯᠳᠤᠭᠠᠨ ᠤ ᠬᠡᠷᠡᠭᠯᠡᠭᠡ ᠶᠢᠨ ᠬᠠᠯᠠᠮᠰᠢᠯ ᠴᠡᠭ ᠢ ᠢᠳᠡᠪᠬᠢᠲᠡᠢ | ᠪᠤᠶᠢᠵᠢᠭᠤᠯᠤᠨ᠂ ᠬᠡᠷᠡᠭᠯᠡᠭᠡ ᠶᠢᠨ ᠵᠢᠱᠢᠯᠲᠡ ᠶᠢ ᠬᠥᠲᠥᠯᠥᠨ ᠵᠢᠯᠤᠭᠤᠳᠴᠤ᠂ ᠰᠠᠶᠢᠨ ᠨᠠᠷᠠᠲᠤ ᠲᠡᠮᠳᠡᠭ᠂ | ᠴᠢᠨᠠᠷᠵᠢᠭᠤᠨ ᠪᠠ ᠪᠣᠬᠢᠷᠳᠤᠯ ᠦᠭᠡᠢ ᠬᠡᠷᠡᠭᠯᠡᠭᠡ ᠶᠢᠨ ᠣᠨᠣᠯᠵᠢᠬᠤᠨ ᠢ ᠰᠠᠨᠠᠭᠠᠴᠢᠯᠠᠨ᠂ ᠥᠪᠥᠷ ᠮᠣᠩᠭᠤᠯ ᠤᠨ ᠴᠢᠨᠠᠷ | ᠰᠠᠶᠢᠲᠠᠢ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠦᠯᠵᠢᠶ᠎ᠡ ᠪᠠᠷ ᠪᠣᠷᠣᠯᠠᠭᠤᠯᠬᠤ | ᠵᠠᠮ ᠮᠥᠷ ᠢ ᠥᠷᠭᠡᠳᠬᠡᠬᠦ ᠬᠡᠷᠡᠭᠲᠡᠢ᠃ 30 – 50 ᠭᠤᠣᠯ ᠴᠣᠭᠴᠠᠲᠤ ᠠᠵᠤ ᠠᠬᠤᠶᠢᠯᠠᠯ ᠢ ᠪᠤᠶᠢᠵᠢᠭᠤᠯᠵᠤ ︽ | ᠵᠢᠩ ᠳ᠋ᠦᠩ · ᠳᠤᠮᠳᠠᠳᠤ ᠤᠯᠤᠰ ᠤᠨ ᠣᠨᠴᠠ ᠭᠠᠷᠤᠯᠲᠠ ᠶᠢᠨ ᠥᠪᠥᠷ ᠮᠣᠩᠭᠤᠯ ᠤᠨ ᠣᠷᠳᠣᠨ︾ ︽ᠵᠢᠩ ᠳ᠋ᠦᠩ | · ᠳᠤᠮᠳᠠᠳᠤ ᠤᠯᠤᠰ ᠤᠨ ᠣᠨᠴᠠ ᠭᠠᠷᠤᠯᠲᠠ ᠶᠢᠨ ᠬᠥᠬᠡᠬᠤᠲᠠ ᠣᠷᠳᠣᠨ︾᠂ ᠳᠤᠮᠳᠠᠳᠤ ᠤᠯᠤᠰ ᠤᠨ ᠪᠠᠩᠬᠢ ᠶᠢᠨ | ᠬᠠᠮ ᠺᠠᠷᠲ ᠤᠨ ᠡᠭᠦᠯᠡᠨ ᠭᠢᠯᠠᠰᠬᠢᠯ ᠲᠤᠰᠢᠶᠠᠯᠲᠠ ᠶᠢᠨ ︽ᠥᠪᠥᠷ ᠮᠣᠩᠭᠤᠯ ᠤᠨ ᠦᠨᠦᠷ ᠠᠮᠲᠠᠲᠤ ᠣᠷᠳᠣᠨ︾ | ᠵᠡᠷᠭᠡ ᠲᠠᠪᠴᠠᠩ ᠳᠤ ᠰᠦᠯᠵᠢᠶᠡᠨ ᠳᠠᠬᠢ ᠠᠵᠢᠯᠯᠠᠭ᠎ᠠ ᠶᠢᠨ ᠠᠷᠭ᠎ᠠ ᠵᠠᠮ ᠢ ᠨᠡᠭᠡᠭᠡᠵᠦ᠂ ᠥᠪᠥᠷ ᠮᠣᠩᠭᠤᠯ ᠤᠨ | ᠣᠨᠴᠠᠯᠢᠭᠲᠤ ᠰᠠᠶᠢᠨ ᠨᠡᠷᠡᠳᠦ ᠲᠡᠮᠳᠡᠭ ᠪᠣᠯᠬᠤᠶᠢᠴᠠ ᠴᠢᠨᠠᠷᠵᠢᠭᠤᠨ ᠦᠢᠯᠡᠳᠬᠦᠨ ᠢᠶᠠᠨ ︽ᠭᠠᠳᠠᠭᠰᠢ ᠭᠠᠷᠭᠠᠬᠤ︾ | ᠶᠢ ᠨᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ | ᠬᠠᠷᠢᠭᠤᠴᠠᠨ᠎ᠠ︶ | ︵ᠶᠢᠰᠦ︶ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠮ ᠮᠥᠷ ᠢᠶᠠᠨ | ᠨᠡᠭᠡᠭᠡᠨ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠲᠠᠢ ᠤᠶᠠᠯᠳᠤᠭᠤᠯᠤᠨ᠂ ᠣᠷᠣᠨ ᠪᠦᠰᠡ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠲᠠᠯ᠎ᠠ ᠪᠠᠷ ᠬᠢ ᠡᠯᠧᠺᠲᠷᠤᠨ ᠬᠤᠳᠠᠯᠳᠤᠭᠠᠨ ᠤ ᠴᠢᠨᠠᠷ ᠰᠠᠶᠢᠲᠠᠢ ᠨᠡᠷᠡᠲᠦ ᠲᠡᠮᠳᠡᠭ ᠢ ᠬᠦᠴᠦᠯᠡᠨ | ᠪᠤᠶᠢᠵᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠪᠠ | ᠥᠷᠢᠰᠦᠯᠳᠦᠬᠦ ᠬᠦᠴᠦᠨ ᠢ ᠨᠢ ᠳᠡᠬᠡᠭᠰᠢᠯᠡᠬᠦᠯᠬᠦ ᠬᠡᠷᠡᠭᠲᠡᠢ᠃ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠵᠢᠱᠢᠶ᠎ᠡ | ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠡᠯᠧᠺᠲᠷᠤᠨ ᠬᠤᠳᠠᠯᠳᠤᠭᠠᠨ ᠤ ᠶᠠᠪᠤᠳᠠᠯ ᠢ | ᠨᠡᠪᠲᠡᠷᠡᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠲᠦᠷᠭᠡᠨ ᠬᠦᠷᠭᠡᠬᠦ ᠠᠵᠤ | ᠠᠬᠤᠶᠢᠯᠠᠯ ᠳᠤ ᠡᠯᠧᠺᠲᠷᠤᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠢ ᠴᠢᠯᠦᠭᠡᠲᠡᠢ | ᠲᠠᠯᠪᠢᠵᠤ᠂ ᠲᠠᠷᠢᠶᠠᠯᠠᠬᠤ ᠮᠠᠯᠵᠢᠬᠤ ᠣᠷᠣᠨ ᠤ ᠪᠡᠶᠡᠲᠦ ᠳᠡᠯᠭᠡᠭᠦᠷ᠂ ᠡᠯᠧᠺᠲᠷᠤᠨ ᠬᠤᠳᠠᠯᠳᠤᠭᠠᠨ ᠤ | ᠦᠢᠯᠡᠴᠢᠯᠡᠭᠡᠨ ᠤ ᠥᠷᠲᠡᠭᠡ ᠴᠡᠭ ᠢ ᠲᠡᠮᠵᠢᠵᠦ ᠪᠠᠶᠢᠭᠠᠳ ᠰᠢᠤᠳᠠᠨ ᠤ ᠲᠦᠷᠭᠡᠨ ᠬᠦᠷᠭᠡᠯᠲᠡ ᠵᠡᠷᠭᠡ ᠣᠯᠠᠨ ᠡᠰᠢᠲᠦ | ᠦᠢᠯᠡᠴᠢᠯᠡᠭᠡᠨ ᠤ ᠴᠢᠳᠠᠮᠵᠢ ᠶᠢ ᠠᠴᠢᠶᠠᠯᠠᠵᠤ᠂ ᠲᠠᠷᠢᠶᠠᠯᠠᠬᠤ ᠮᠠᠯᠵᠢᠬᠤ ᠣᠷᠣᠨ ᠤ ᠡᠯᠧᠺᠲᠷᠤᠨ ᠬᠤᠳᠠᠯᠳᠤᠭ᠎ᠠ | ᠲᠦᠷᠭᠡᠨ ᠬᠦᠷᠭᠡᠯᠲᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠠᠨᠳᠤᠭᠤᠯᠤᠭᠰᠠᠨ ᠨᠢᠭᠡ ᠪᠦᠯᠦᠭ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠠᠵᠤ ᠠᠬᠤᠶᠢᠯᠠᠯ ᠢ ᠬᠠᠪᠰᠤᠷᠤᠨ ᠲᠡᠳᠬᠦᠵᠦ ᠪᠠᠶᠢᠭᠠᠳ ︽ᠨᠡᠶᠢᠲᠡ ᠳᠤ ᠬᠤᠣᠷᠳᠠᠭᠳᠠᠯ ᠦᠭᠡᠢ ᠪᠦᠲᠦᠭᠡᠭᠳᠡᠬᠦᠨ᠂ | ᠪᠣᠬᠢᠷᠳᠤᠯ ᠦᠭᠡᠢ ᠢᠳᠡᠭᠡᠨ᠂ ᠲᠠᠷᠢᠶᠠᠯᠠᠩ ᠤᠨ ᠣᠷᠭᠠᠨᠢᠭ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ | ᠭᠠᠵᠠᠷ ᠵᠦᠢ ᠶᠢᠨ ᠲᠡᠮᠳᠡᠭ︾ ᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠵᠦ᠂ ᠡᠯᠧᠺᠲᠷᠤᠨ | ᠬᠤᠳᠠᠯᠳᠤᠭᠠᠴᠢᠯᠠᠵᠤ ᠪᠣᠯᠬᠤᠶᠢᠴᠠ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠪᠠᠷᠢᠮᠵᠢᠶᠠᠵᠢᠭᠰᠠᠨ ᠬᠢᠷᠢ ᠬᠡᠮᠵᠢᠶ᠎ᠡ ᠶᠢ ᠲᠡᠬᠡᠭᠰᠢᠯᠡᠬᠦᠯᠬᠦ ᠬᠡᠷᠡᠭᠲᠡᠢ᠃ ᠥᠪᠥᠷ ᠮᠣᠩᠭᠤᠯ ᠤᠨ ᠣᠨᠴᠠᠯᠢᠭᠲᠤ | ᠪᠦᠲᠦᠭᠡᠭᠳᠡᠬᠦᠨ ᠤ ᠳᠠᠪᠠᠭᠤᠯᠢᠭ ᠢ ᠤᠯᠠᠮ ᠨᠢᠭᠡ ᠠᠯᠬᠤᠮ ᠥᠷᠭᠡᠳᠬᠡᠵᠦ᠂ ᠪᠣᠬᠢᠷᠳᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠪᠠᠷ ᠭᠤᠣᠯ ᠪᠣᠯᠭᠠᠨ᠂ ᠰᠦᠯᠵᠢᠶᠡᠨ ᠠᠴᠠ ᠭᠠᠳᠠᠭᠤᠷᠬᠢ ᠳᠡᠯᠭᠡᠨ | ᠦᠵᠡᠭᠦᠯᠵᠦ ᠪᠡᠶᠡᠴᠢᠯᠡᠨ ᠣᠶᠢᠯᠠᠭᠠᠬᠤ ᠲᠣᠭᠤᠷᠢᠭ ᠢ ᠲᠡᠳᠬᠦᠨ ᠲᠡᠮᠵᠢᠵᠦ᠂ ᠰᠦᠯᠵᠢᠶᠡᠨ ᠳᠡᠭᠡᠷ᠎ᠡ ᠥᠪᠥᠷ | ᠮᠣᠩᠭᠤᠯ ᠤᠨ ᠣᠨᠴᠠᠯᠢᠭᠲᠤ ᠪᠦᠲᠦᠭᠡᠭᠳᠡᠬᠦᠨ ᠤ ᠣᠷᠳᠣᠨ ᠢ ᠨᠡᠭᠡᠭᠡᠵᠦ᠂ ᠥᠪᠥᠷ ᠮᠣᠩᠭᠤᠯ ᠤᠨ ᠦᠨᠦᠷ ᠠᠮᠲᠠᠲᠤ | ᠤᠭ ᠭᠠᠷᠤᠯᠲᠠ ᠶᠢᠨ ᠭᠠᠵᠠᠷ ᠤᠨ ᠨᠡᠷᠡᠲᠦ ᠲᠡᠮᠳᠡᠭᠴᠢᠯᠡᠨ ᠭᠦᠭᠵᠢᠬᠦ ᠶᠢ ᠠᠬᠢᠭᠤᠯᠤᠨ᠂ ᠨᠢᠭᠡ ᠪᠦᠯᠦᠭ ᠭᠤᠣᠯ | ᠤᠷᠤᠰᠬᠠᠯᠲᠤ ᠲᠠᠪᠴᠠᠩ ᠳᠤ ᠨᠡᠭᠡᠭᠡᠭᠰᠡᠨ ᠬᠥᠭᠵᠢᠶᠡᠨᠲᠦ ᠬᠡᠯᠪᠡᠷᠢ ᠶᠢᠨ ᠣᠨᠴᠠᠯᠢᠭᠲᠤ ᠣᠷᠳᠣᠨ ᠪᠠ ᠤᠭ | ᠭᠠᠷᠤᠯᠲᠠ ᠶᠢᠨ ᠭᠠᠵᠠᠷ ᠤᠨ ᠫᠦᠰᠡ ᠳᠡᠯᠭᠡᠭᠦᠷ ᠢ ᠨᠡᠶᠢᠲᠡ 100 ᠢᠯᠡᠭᠦᠦ ᠪᠣᠯᠭᠠᠬᠤ ᠬᠡᠷᠡᠭᠲᠡᠢ᠃ ︵ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ | ︵ᠠᠷᠪᠠ︶ ᠳᠠᠪᠠᠭᠤᠯᠢᠭ ᠠᠵᠤ ᠦᠢᠯᠡᠰ ᠪᠠ ᠦᠢᠯᠡᠳᠬᠦᠨ ᠢ ᠡᠯᠧᠺᠲᠷᠤᠨ ᠬᠤᠳᠠᠯᠳᠤᠭᠠᠴᠢᠯᠠᠬᠤ ᠪᠠᠷ | ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠤᠨ ᠲᠤᠬᠠᠢ ᠶᠢᠨ | ᠭᠠᠵᠠᠷ ᠤᠨ ᠳᠠᠪᠠᠭᠤᠯᠢᠭ ᠠᠵᠤ ᠦᠢᠯᠡᠰ᠂ ᠦᠢᠯᠡᠳᠬᠦᠨ ᠢ ᠡᠯᠧᠺᠲᠷᠤᠨ ᠬᠤᠳᠠᠯᠳᠤᠭᠠᠴᠢᠯᠠᠬᠤ ᠪᠠᠷ ᠥᠭᠡᠷᠡᠴᠢᠯᠡᠬᠦ ᠶᠢ | ᠵᠣᠷᠢᠭᠵᠢᠭᠤᠯᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠪᠥᠭᠡᠳ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠭᠰᠠᠨ ᠪᠠᠶᠢᠪᠠᠯ᠂ ᠵᠢᠯ ᠪᠦᠷᠢ 100 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠱᠠᠩᠨᠠᠵᠤ᠂ ᠬᠠᠮᠤᠭ ᠤᠷᠳᠤ ᠳᠤ ᠪᠠᠨ 3 ᠵᠢᠯ ᠳᠠᠷᠠᠭᠠᠯᠠᠨ ᠳᠡᠮᠵᠢᠨ᠎ᠡ᠃ | ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠣᠷᠣᠨ ᠤ ᠳᠣᠲᠣᠷᠠᠬᠢ ᠠᠵᠤ | ᠠᠬᠤᠶᠢᠯᠠᠯ ᠤᠳ ᠢ ᠵᠣᠬᠢᠶᠠᠨ ᠪᠠᠶᠢᠭᠤᠯᠵᠤ ᠠᠯᠳᠠᠷᠰᠢᠭᠰᠠᠨ ᠢᠨᠲ᠋ᠧᠷ ᠰᠦᠯᠵᠢᠶ᠎ᠡ ᠶᠢᠨ ᠡᠬᠢ ᠪᠠᠶᠠᠯᠢᠭ ᠲᠠᠢ | ᠵᠣᠯᠭᠠᠭᠤᠯᠵᠤ᠂ ᠬᠤᠯᠪᠤᠭᠠᠯᠠᠨ ᠡᠵᠡᠩᠨᠡᠵᠦ ᠪᠣᠷᠣᠯᠠᠭᠤᠯᠬᠤ ᠪᠠ ᠨᠠᠷᠠᠲᠤ ᠲᠡᠮᠳᠡᠭ ᠢ ᠳᠡᠯᠭᠡᠷᠡᠭᠦᠯᠬᠦ ᠵᠡᠷᠭᠡ ᠠᠵᠢᠯᠯᠠᠭ᠎ᠠ | ᠥᠷᠨᠢᠭᠦᠯᠦᠨ᠂ ᠢᠯᠡᠳᠲᠡ ᠦᠷ᠎ᠡ ᠪᠦᠲᠦᠮᠵᠢ ᠣᠯᠣᠭᠰᠠᠨ ᠪᠥᠭᠡᠳ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠭᠰᠠᠨ ᠪᠠᠶᠢᠪᠠᠯ᠂ ᠡᠯᠧᠺᠲᠷᠤᠨ ᠬᠤᠳᠠᠯᠳᠤᠭᠠᠨ ᠤ ᠠᠵᠤ | ᠠᠬᠤᠶᠢᠯᠠᠯ ᠳᠤ ᠲᠡᠳᠡᠨᠦᠰ ᠤᠨ ᠦᠢᠯᠡᠴᠢᠯᠡᠭᠡᠨ ᠬᠠᠩᠭᠠᠭᠰᠠᠨ ᠥᠪᠡᠷ ᠤᠨ ᠥᠷᠲᠡᠭ ᠤᠨ 20%᠂ | ᠶᠡᠬᠡᠳᠦᠬᠦ ᠳᠤ ᠪᠠᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠪᠡᠯᠡ ᠮᠥᠩᠭᠦᠨ ᠤ ᠳᠡᠮᠵᠢᠯᠭᠡ | ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | ︵ᠠᠷᠪᠠᠨ ᠨᠢᠭᠡ︶ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ | ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠨᠢ ᠵᠣᠷᠢᠭᠵᠢᠭᠤᠯᠬᠤ ᠬᠡᠷᠡᠭᠲᠡᠢ᠃ ᠬᠢᠯᠢ ᠠᠯᠤᠰᠯᠠᠭᠰᠠᠨ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠳᠡᠮᠵᠢᠵᠦ᠂ ᠡᠯᠧᠺᠲᠷᠤᠨ ᠬᠤᠳᠠᠯᠳᠤᠭᠠᠨ ᠤ | ᠶᠠᠪᠤᠳᠠᠯ ᠤᠨ ᠬᠡᠷᠡᠭᠯᠡᠭᠡᠨ ᠤ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠠᠯᠳᠠᠷᠰᠢᠭᠰᠠᠨ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠤᠰᠬᠠᠢ ᠴᠤᠭᠯᠠᠭᠠᠨ ᠦᠵᠡᠰᠭᠦᠯᠡᠩ ᠳᠤ ᠣᠷᠤᠯᠴᠠᠬᠤ ᠶᠢ | ᠵᠣᠷᠢᠭᠵᠢᠭᠤᠯᠤᠨ᠂ ᠠᠵᠤ ᠠᠬᠤᠶᠢᠯᠠᠯ ᠤᠨ ᠬᠢᠨ ᠤ ᠴᠤᠭᠯᠠᠭᠠᠨ ᠦᠵᠡᠰᠬᠦᠯᠡᠩ᠂ ᠨᠡᠶᠢᠭᠡᠮ ᠤᠨ ᠬᠠᠷᠢᠯᠴᠠᠭᠠᠨ ᠤ | ᠵᠠᠭᠤᠴᠢᠯᠠᠭᠤᠷ᠂ ᠡᠷᠢᠯᠲᠡ ᠬᠥᠳᠡᠯᠭᠡᠭᠦᠷ ᠵᠡᠷᠭᠡ ᠵᠠᠮ ᠮᠥᠷ ᠢ ᠠᠰᠢᠭᠯᠠᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠨᠢ | ᠲᠡᠮᠵᠢᠬᠦ ᠬᠡᠷᠡᠭᠲᠡᠢ᠃ ᠬᠥᠬᠡᠬᠤᠲᠠ᠂ ᠤᠯᠠᠭᠠᠨᠬᠠᠳᠠ᠂ ᠮᠠᠨᠵᠤᠤᠷ᠂ ᠣᠷᠳᠣᠰ ᠤᠨ ᠬᠢᠯᠢ ᠠᠯᠤᠰᠯᠠᠭᠰᠠᠨ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠲᠣᠭᠤᠷᠢᠨ ᠳᠤ ᠣᠯᠠᠨ | ᠤᠯᠤᠰ ᠤᠨ ᠪᠠᠷᠠᠭᠠᠨ ᠤ ᠭᠦᠢᠯᠭᠡᠭᠡᠨ ᠤ ᠲᠤᠯᠭᠠᠭᠤᠷᠢᠯᠠᠬᠤ ᠲᠣᠭᠲᠠᠯᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ | ᠭᠠᠳᠠᠭᠠᠳᠤ ᠳᠠᠬᠢ ᠰᠠᠩ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ 2000 ᠲᠦᠮᠡᠨ | ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ ᠬᠥᠬᠡᠬᠤᠲᠠ᠂ ᠤᠯᠠᠭᠠᠨᠬᠠᠳᠠ᠂ ᠣᠷᠳᠣᠰ ᠤᠨ ᠬᠢᠯᠢ ᠠᠯᠤᠰᠯᠠᠭᠰᠠᠨ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠵᠢᠱᠢᠶ᠎ᠡ | ᠦᠵᠡᠭᠦᠯᠬᠦ ᠦᠢᠯᠡᠳᠦᠯ ᠢᠶᠠᠨ ᠪᠠᠳᠠᠷᠠᠭᠤᠯᠬᠤ ᠳᠤ ᠨᠢ ᠳᠡᠮᠵᠢᠯᠭᠡ ᠦᠵᠡᠬᠦᠯᠬᠦ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | ᠳᠥᠷᠪᠡ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠤᠯᠭᠠᠭᠤᠷᠢᠯᠠᠬᠤ ᠦᠢᠯᠡᠴᠢᠯᠡᠭᠡᠨ ᠤ | ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ | ︵ᠠᠷᠪᠠᠨ ᠬᠤᠶᠠᠷ︶ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠨᠡᠶᠢᠭᠡᠮ ᠲᠣᠭᠤᠷᠢᠭ ᠤᠨ | ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠡᠶᠢᠭᠡᠮ | ᠲᠣᠭᠤᠷᠢᠭ ᠤᠨ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠠᠷᠠᠳ ᠲᠤ ᠳᠥᠭᠦᠮ ᠦᠵᠡᠭᠦᠯᠬᠦ ᠬᠥᠭᠵᠢᠯᠲᠡ ᠶᠢ | ᠠᠬᠢᠭᠤᠯᠵᠤ᠂ ᠳᠥᠲᠡ ᠳᠡᠯᠭᠡᠭᠦᠷ᠂ ᠨᠡᠶᠢᠭᠡᠮ ᠲᠣᠭᠤᠷᠢᠭ ᠤᠨ ᠢᠳᠡᠰᠢᠨ ᠨᠣᠭᠤᠭᠠᠨ ᠤ ᠳᠡᠯᠭᠡᠭᠦᠷ᠂ ᠠᠷᠠᠳ ᠲᠤ | ᠳᠥᠭᠦᠮ ᠦᠵᠡᠭᠦᠯᠬᠦ ᠥᠷᠯᠥᠭᠡ ︵ᠦᠳᠡᠰᠢ︶ ᠶᠢᠨ ᠵᠠᠬ᠎ᠠ ᠳᠡᠯᠭᠡᠭᠦᠷ ᠵᠡᠷᠭᠡ ᠨᠡᠶᠢᠭᠡᠮ ᠲᠣᠭᠤᠷᠢᠭ ᠤᠨ | ᠬᠤᠳᠠᠯᠳᠤᠭᠠᠨ ᠤ ᠵᠠᠭᠪᠤᠷ ᠢ ᠶᠡᠭᠡ ᠪᠠᠷ ᠬᠥᠭᠵᠢᠭᠦᠯᠵᠦ᠂ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ | ᠲᠣᠭᠤᠷᠢᠭ ᠤᠨ ᠳᠥᠭᠦᠮ ᠦᠵᠡᠭᠦᠯᠬᠦ᠂ ᠪᠠᠷᠢᠮᠵᠢᠶᠠᠵᠢᠭᠤᠯᠬᠤ᠂ ᠣᠶᠤᠨᠴᠢᠯᠠᠬᠤ᠂ ᠴᠢᠨᠠᠷᠵᠢᠭᠤᠯᠬᠤ ᠬᠢᠷᠢ ᠬᠡᠮᠵᠢᠶ᠎ᠡ ᠶᠢ | ᠳᠡᠬᠡᠭᠰᠢᠯᠡᠬᠦᠯᠬᠦ ᠬᠡᠷᠡᠭᠲᠡᠢ᠃ ︽ᠰᠦᠯᠵᠢᠶ᠎ᠡ ᠪᠠᠷ ᠵᠠᠬᠢᠶᠠᠯᠠᠵᠤ ᠳᠡᠯᠭᠡᠭᠦᠷ ᠠᠴᠠ ᠠᠪᠬᠤ︾ ᠵᠡᠷᠭᠡ ᠦᠢᠯᠡᠴᠢᠯᠡᠭᠡᠨ ᠤ | ᠴᠢᠳᠠᠮᠵᠢ ᠶᠢ ᠬᠠᠩᠭᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠬᠤᠳᠠᠯᠳᠤᠭᠠᠨ ᠤ ᠪᠡᠯᠡᠳᠬᠡᠮᠵᠢ ᠶᠢᠨ ᠳᠤᠲᠠᠭᠤᠳᠠᠯ ᠢ | ᠨᠥᠬᠦᠪᠦᠷᠢᠯᠡᠬᠦ᠂ ᠬᠤᠳᠠᠯᠳᠤᠭᠠᠨ ᠤ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠬᠤ᠂ ᠨᠡᠶᠢᠭᠡᠮ ᠲᠣᠭᠤᠷᠢᠭ ᠤᠨ | ᠬᠤᠳᠠᠯᠳᠤᠭᠠᠨ ᠤ ᠬᠠᠮ ᠴᠣᠭᠴᠠ᠂ ᠬᠡᠲᠦ ᠳᠡᠯᠭᠡᠭᠦᠷ᠂ ᠨᠠᠷᠠᠲᠤ ᠲᠡᠮᠳᠡᠭ ᠤᠨ ᠬᠡᠯᠬᠢᠶ᠎ᠡ ᠳᠡᠯᠭᠡᠭᠦᠷ᠂ ᠢᠳᠡᠰᠢᠨ | ᠨᠣᠭᠤᠭᠠᠨ ᠤ ᠵᠠᠬ᠎ᠠ ᠳᠡᠯᠭᠡᠭᠦᠷ ᠵᠡᠷᠭᠡ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠳᠡᠭᠡᠭᠰᠢᠯᠡᠭᠦᠯᠬᠦ ᠳᠤ᠂ ᠠᠵᠤ ᠠᠬᠤᠶᠢᠯᠠᠯ ︵ᠨᠢᠭᠡᠴᠢ︶ ᠤᠨ ᠪᠣᠳᠠᠲᠠᠢ ᠵᠠᠷᠤᠯᠭ᠎ᠠ ᠪᠠᠷ ᠵᠣᠬᠢᠬᠤ ᠳᠡᠮᠵᠢᠯᠭᠡ ᠦᠵᠡᠬᠦᠯᠬᠦ | ᠬᠡᠷᠡᠭᠲᠡᠢ᠃ ᠲᠠᠪᠤᠨ ᠨᠢᠭᠡ ᠮᠥᠴᠡ ᠶᠢᠨ ᠬᠡᠪᠴᠢᠶᠡᠨ ᠳᠤ ᠭᠦᠢᠴᠡᠳᠬᠡᠬᠦ ᠠᠷᠠᠳ ᠲᠤ ᠳᠥᠭᠦᠮ ᠦᠵᠡᠭᠦᠯᠬᠦ | ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠠᠮᠢᠳᠤᠷᠠᠯ ᠤᠨ ᠲᠣᠭᠤᠷᠢᠭ | ᠪᠦᠷᠢ ᠳᠤ ᠨᠢ 200 ᠲᠦᠮᠡᠨ ᠲᠥᠭᠦᠷᠢᠭ ᠠᠴᠠ ᠳᠣᠣᠷ᠎ᠠ ᠪᠢᠰᠢ ᠪᠠᠷ ᠱᠠᠩᠨᠠᠨ ᠨᠥᠬᠦᠪᠦᠷᠢᠯᠡᠬᠦ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠠᠷᠪᠠᠨ ᠭᠤᠷᠪᠠ︶ ᠰᠦᠯᠵᠢᠶᠡᠨ ᠤ ᠠᠴᠢᠶ᠎ᠠ ᠲᠡᠭᠡᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢ | ᠲᠡᠮᠵᠢᠬᠦ ᠬᠡᠷᠡᠭᠲᠡᠢ᠃ 1500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠲᠣᠬᠢᠷᠠᠭᠤᠯᠵᠤ᠂ | ᠰᠦᠯᠵᠢᠶᠡᠨ ᠤ ᠠᠴᠢᠶ᠎ᠠ ᠲᠡᠭᠡᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠭᠦ ᠬᠡᠷᠡᠭᠲᠡᠢ᠃ ᠥᠪᠥᠷ | ᠮᠣᠩᠭᠤᠯ ᠳᠤ ᠡᠷᠦᠬᠡ ᠠᠮᠠ ᠪᠠᠨ ᠳᠠᠩᠰᠠᠯᠠᠭᠤᠯᠤᠭᠰᠠᠨ ᠰᠦᠯᠵᠢᠶᠡᠨ ᠤ ᠠᠴᠢᠶ᠎ᠠ ᠲᠡᠭᠡᠭᠡᠪᠦᠷᠢ ᠶᠢᠨ ᠠᠵᠤ | ᠠᠬᠤᠶᠢᠯᠠᠯ ᠤᠨ ᠵᠢᠯ ᠤᠨ ᠲᠤᠰᠢᠶᠠᠬᠤ ᠭᠠᠶᠢᠯᠢ ᠳᠠᠬᠢ ᠥᠪᠡᠷᠲᠡᠭᠡᠨ ᠵᠠᠰᠠᠬᠤ ᠣᠷᠣᠨ ᠤ ᠬᠤᠪᠢᠳᠠᠯ ᠤᠨ ᠨᠡᠮᠡᠭᠳᠡᠭᠰᠡᠨ | ᠬᠡᠰᠡᠭ ᠢᠶᠠᠷ ᠳᠠᠩᠰᠠᠯᠠᠭᠤᠯᠤᠭᠰᠠᠨ ᠪᠠᠶᠢᠭ᠎ᠠ ᠭᠠᠵᠠᠷ ᠤᠨ ᠠᠶᠢᠮᠠᠭ ᠬᠤᠲᠠ ᠳᠤ ᠱᠠᠩᠨᠠᠨ ᠨᠥᠬᠦᠪᠦᠷᠢᠯᠡᠵᠦ᠂ | ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠠᠴᠠ ᠰᠦᠯᠵᠢᠶᠡᠨ ᠤ ᠠᠴᠢᠶ᠎ᠠ ᠲᠡᠭᠡᠭᠡᠪᠦᠷᠢ ᠶᠢᠨ | ᠠᠵᠤ ᠠᠬᠤᠶᠢᠯᠠᠯ ᠤᠨ ᠡᠵᠡᠩᠨᠡᠯᠲᠡ ᠶᠢᠨ ᠬᠦᠷᠢᠶ᠎ᠡ ᠴᠠᠷᠠᠭ᠎ᠠ ᠪᠠ ᠬᠡᠪᠴᠢᠶ᠎ᠡ ᠶᠢ ᠦᠨᠳᠦᠰᠦᠯᠡᠨ᠂ ᠠᠪᠬᠤ | ᠪᠠᠷᠢᠮᠲᠠ ᠶᠢᠨ ᠲᠥᠷᠥᠯ ᠵᠦᠢᠯ᠂ ᠲᠤᠭ᠎ᠠ ᠬᠡᠮᠵᠢᠶ᠎ᠡ ᠪᠠᠨ ᠲᠣᠭᠲᠠᠭᠠᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠳᠥᠷᠪᠡ︶ ᠭᠠᠴᠠᠭ᠎ᠠ ᠲᠣᠰᠬᠤᠨ ᠳᠤ ᠲᠦᠷᠭᠡᠨ ᠬᠦᠷᠭᠡᠯᠲᠡ ᠲᠠᠢ ᠪᠣᠯᠬᠤ ᠶᠢ ᠲᠡᠮᠵᠢᠬᠦ ᠬᠡᠷᠡᠭᠲᠡᠢ᠃ | ᠨᠡᠮᠡᠭᠦᠷᠢ ᠦᠵᠡᠭᠦᠯᠦᠭᠰᠡᠨ ᠤ ᠳᠠᠷᠠᠭᠠᠬᠢ ᠣᠷᠣᠨ ᠪᠦᠰᠡ ᠳᠠᠬᠢ ᠲᠤᠬᠠᠶᠢᠯᠠᠭᠰᠠᠨ ᠠᠵᠢᠯ ᠤᠨ ᠣᠯᠵᠤ ᠠᠯᠳᠠᠭᠰᠠᠨ ᠢ | ᠶᠡᠷᠦᠩᠬᠡᠢ ᠳᠤ ᠨᠢ ᠲᠡᠩᠴᠡᠭᠦᠷᠢᠲᠡᠢ ᠪᠠᠶᠢᠯᠭᠠᠬᠤ ᠪᠠ ᠪᠡᠶ᠎ᠡ ᠪᠠᠨ ᠳᠠᠭᠠᠭᠠᠵᠤ ᠦᠷᠭᠦᠯᠵᠢᠯᠡᠨ ᠡᠵᠡᠩᠨᠡᠬᠦ ᠵᠡᠷᠭᠡ | ᠵᠠᠷᠴᠢᠮ ᠢᠶᠠᠷ᠂ ᠲᠦᠷᠭᠡᠨ ᠬᠦᠷᠭᠡᠯᠲᠡ ᠶᠢᠨ ᠲᠣᠰᠬᠤᠨ ᠳᠤ ᠬᠦᠷᠭᠡᠭᠰᠡᠨ ᠤᠳᠠᠭ᠎ᠠ ᠪᠦᠷᠢ ᠶᠢᠨ ᠪᠠᠷᠠᠭᠠᠨ ᠤ ᠲᠤᠭ᠎ᠠ | ᠬᠡᠮᠵᠢᠶ᠎ᠡ᠂ ᠭᠠᠭᠴᠠ ᠲᠦᠷᠦᠯ ᠤᠨ ᠲᠠᠸᠠᠷ ᠤᠨ ᠥᠪᠡᠷ ᠤᠨ ᠥᠷᠲᠡᠭ᠂ ᠬᠦᠷᠭᠡᠭᠰᠡᠨ ᠵᠠᠢ ᠪᠠ ᠬᠦᠷᠲᠡᠭᠡᠭᠰᠡᠨ | ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠵᠡᠷᠭᠡ ᠪᠠᠷ ᠦᠨᠳᠦᠰᠦᠯᠡᠯ ᠪᠣᠯᠭᠠᠵᠤ᠂ ᠲᠦᠷᠭᠡᠨ ᠬᠦᠷᠭᠡᠯᠲᠡ ᠶᠢᠨ | ᠲᠣᠰᠬᠤᠨ ᠳᠤ ᠬᠦᠷᠭᠡᠭᠰᠡᠨ ᠲᠤᠬᠠᠶᠢᠯᠠᠭᠰᠠᠨ ᠠᠵᠢᠯ ᠤᠨ ᠪᠣᠳᠠᠲᠠᠢ ᠦᠢᠯᠡᠴᠢᠯᠡᠭᠡ ᠳᠤ ᠨᠢ ᠤᠳᠠᠭ᠎ᠠ ᠪᠦᠷᠢ 0.3 | ᠲᠥᠭᠦᠷᠢᠭ ᠠᠴᠠ ᠬᠡᠲᠦᠷᠡᠭᠦᠯᠬᠦ ᠦᠭᠡᠢ ᠪᠠᠷ᠂ ᠡᠯ᠎ᠡ ᠠᠶᠢᠮᠠᠭ ᠬᠤᠲᠠ ᠨᠢ ᠬᠤᠵᠢᠭᠤ ᠨᠡᠮᠡᠭᠦᠷᠢ ᠶᠢᠨ ᠵᠦᠷᠢᠶᠡᠴᠢᠯᠡᠭᠰᠡᠨ | ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ ︵ᠥᠪᠥᠷ ᠮᠣᠩᠭᠤᠯ ᠤᠨ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠠᠷᠪᠠᠨ ᠲᠠᠪᠤ︶ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠪᠠᠷᠢᠮᠵᠢᠶᠠᠵᠢᠭᠤᠯᠬᠤ ᠬᠢᠷᠢ ᠲᠦᠪᠰᠢᠨ ᠢ | ᠲᠡᠬᠡᠭᠰᠢᠯᠡᠬᠦᠯᠬᠦ ᠬᠡᠷᠡᠭᠲᠡᠢ᠃ ︽ᠤᠯᠤᠰ ᠤᠨ ᠪᠠᠷᠢᠮᠵᠢᠶᠠᠵᠢᠭᠤᠯᠤᠨ ᠬᠥᠭᠵᠢᠭᠦᠯᠬᠦ ᠬᠥᠲᠥᠯᠪᠦᠷᠢ︾ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ︾ | ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠤᠳᠠᠯᠳᠤᠭᠠᠨ ᠤ ᠶᠠᠪᠤᠳᠠᠯ ᠤᠨ ᠭᠤᠣᠯᠳᠠᠯᠭ᠎ᠠ ᠪᠣᠯᠬᠤ | ᠠᠵᠢᠯ ᠤᠨ ᠡᠭᠦᠷᠭᠡ ᠲᠠᠢ ᠤᠶᠠᠯᠳᠤᠭᠤᠯᠤᠨ᠂ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ | ᠪᠠᠷᠢᠮᠵᠢᠶᠠᠲᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠡᠯᠧᠺᠲᠷᠤᠨ | ᠬᠤᠳᠠᠯᠳᠤᠭᠠᠨ ᠤ ᠶᠠᠪᠤᠳᠠᠯ᠂ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠵᠡᠷᠭᠡ ᠭᠤᠣᠯᠳᠠᠯᠭ᠎ᠠ ᠪᠣᠯᠬᠤ | ᠬᠦᠷᠢᠶᠡᠨ ᠤ ᠲᠣᠭᠤᠷᠢᠨ ᠳᠤ᠂ ᠲᠡᠷᠢᠭᠦᠨ ᠤ ᠪᠠ ᠬᠡᠷᠡᠭᠯᠡᠬᠦ ᠳᠤ ᠲᠣᠬᠢᠷᠠᠬᠤ ᠣᠷᠣᠨ ᠨᠤᠲᠤᠭ ᠤᠨ ᠪᠠᠷᠢᠮᠵᠢᠶ᠎ᠠ ᠶᠢ | ᠰᠤᠳᠤᠯᠤᠨ ᠲᠣᠭᠲᠠᠭᠠᠬᠤ ᠬᠡᠷᠡᠭᠲᠡᠢ᠃ ᠤᠯᠤᠰ ᠤᠨ ᠲᠠᠰ ᠤᠨ ᠦᠢᠯᠡᠴᠢᠯᠡᠭᠡᠨ ᠤ ᠦᠢᠯᠡᠰ ︵ᠠᠷᠠᠯᠵᠢᠶ᠎ᠠ | ᠬᠤᠳᠠᠯᠳᠤᠭ᠎ᠠ ᠶᠢᠨ ᠭᠦᠢᠯᠭᠡᠭᠡᠨ ᠤ ᠲᠤᠰᠬᠠᠢ ᠵᠦᠢᠯ︶ ᠤᠨ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠲᠤ | ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠲᠤᠷᠰᠢᠯᠭ᠎ᠠ ᠪᠠᠨ ᠴᠠᠭ ᠲᠤᠬᠠᠢ ᠳᠤ ᠨᠢ ᠳ᠋ᠦᠩᠨᠡᠨ᠂ ᠪᠠᠷᠢᠮᠵᠢᠶ᠎ᠠ ᠶᠢ | ᠬᠡᠷᠡᠭᠵᠢᠭᠦᠯᠬᠦ ᠦᠷ᠎ᠡ ᠴᠢᠳᠠᠮᠵᠢ ᠪᠠᠨ ᠳᠡᠬᠡᠭᠰᠢᠯᠡᠬᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | ︵ᠠᠷᠪᠠᠨ ᠵᠢᠷᠭᠤᠭ᠎ᠠ︶ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢ | ᠵᠣᠷᠢᠭᠵᠢᠭᠤᠯᠵᠤ ᠪᠠᠶᠢᠭᠠᠳ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠤᠰᠬᠠᠢ ᠮᠡᠷᠭᠡᠵᠢᠯ ᠪᠠ ᠬᠢᠴᠢᠶᠡᠯ | ᠰᠢᠨᠵᠢᠯᠡᠭᠡᠨ ᠤ ᠪᠠᠶᠢᠭᠤᠯᠤᠯᠲᠠ ᠶᠢ ᠴᠢᠩᠭᠠᠷᠠᠭᠤᠯᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠬᠥᠭᠵᠢᠯᠲᠡ ᠶᠢᠨ ᠬᠡᠷᠡᠭᠴᠡᠭᠡ ᠳᠤ ᠲᠣᠬᠢᠷᠠᠭᠰᠠᠨ ᠬᠠᠮ ᠬᠡᠯᠪᠡᠷᠢ ᠶᠢᠨ ᠤᠷ᠎ᠠ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ | ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠬᠢᠭᠡᠳ ᠠᠵᠤ | ᠠᠬᠤᠶᠢᠯᠠᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠤ ᠬᠤᠷᠰᠢᠯᠴᠠᠨ ᠰᠤᠷᠭᠠᠭᠤᠯᠢ ᠡᠷᠬᠢᠯᠡᠬᠦ ᠪᠠ ᠴᠢᠳᠠᠪᠤᠷᠢᠲᠠᠨ | ᠬᠥᠮᠥᠵᠢᠭᠦᠯᠬᠦ ᠠᠵᠢᠯ ᠥᠷᠨᠢᠭᠦᠯᠬᠦ ᠶᠢ ᠨᠢ ᠵᠣᠷᠢᠭᠵᠢᠭᠤᠯᠬᠤ ᠬᠡᠷᠡᠭᠲᠡᠢ᠃ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠴᠢᠳᠠᠪᠤᠷᠢᠲᠠᠨ ᠤ ᠪᠣᠯᠪᠠᠰᠤᠷᠠᠯ ᠢ ᠬᠠᠮᠲᠤᠷᠠᠨ ᠥᠷᠨᠢᠭᠦᠯᠬᠦ ᠶᠢ ᠨᠢ ᠵᠣᠷᠢᠭᠵᠢᠭᠤᠯᠬᠤ ᠬᠡᠷᠡᠭᠲᠡᠢ᠃ ᠡᠯᠧᠺᠲᠷᠤᠨ | ᠬᠤᠳᠠᠯᠳᠤᠭᠠᠨ ᠤ ᠠᠵᠤ ᠠᠬᠤᠶᠢᠯᠠᠯ ᠤᠨ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠪᠠ | ᠬᠥᠮᠥᠵᠢᠭᠦᠯᠬᠦ ᠶᠢ ᠨᠢ ᠳᠡᠮᠵᠢᠵᠦ᠂ ᠨᠥᠬᠦᠴᠡᠯ ᠳᠤ ᠨᠡᠶᠢᠴᠡᠭᠰᠡᠨ ᠳᠤ ᠨᠢ ᠴᠢᠳᠠᠪᠤᠷᠢᠲᠠᠨ ᠤ ᠲᠠᠯ᠎ᠠ ᠪᠠᠷ ᠬᠢ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠᠨ ᠳᠣᠯᠤᠭ᠎ᠠ︶ ᠬᠠᠮᠲᠤ ᠳᠤ ᠪᠠᠨ ᠭᠥᠷᠳᠡᠬᠦ ᠡᠭᠦᠯᠡᠨ ᠬᠥᠮᠥᠷᠭᠡ ᠶᠢᠨ ᠲᠣᠬᠢᠷᠠᠭᠤᠯᠤᠨ ᠬᠦᠷᠭᠡᠬᠦ | ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠤᠯᠠᠮᠵᠢᠯᠠᠯᠲᠤ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢᠨ | ᠠᠵᠤ ᠠᠬᠤᠶᠢᠯᠠᠯ ᠤᠨ ᠮᠡᠳᠡᠭᠡ ᠵᠠᠩᠭᠢᠴᠢᠯᠠᠯᠲᠠ᠂ ᠰᠦᠯᠵᠢᠶᠡᠵᠢᠯᠲᠡ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠨᠢ | ᠵᠣᠷᠢᠭᠵᠢᠭᠤᠯᠵᠤ᠂ ᠪᠣᠬᠢᠷᠳᠤᠯ ᠦᠭᠡᠢ ᠪᠠᠷᠠᠭᠠᠨ ᠤ ᠭᠦᠢᠯᠭᠡᠭᠡᠨ᠂ ᠪᠣᠬᠢᠷᠳᠤᠯ ᠦᠭᠡᠢ ᠲᠦᠷᠭᠡᠨ ᠬᠦᠷᠭᠡᠯᠲᠡ᠂ | ᠪᠣᠬᠢᠷᠳᠤᠯ ᠦᠭᠡᠢ ᠪᠣᠭᠤᠳᠠᠯ ᠪᠠᠭᠯᠠᠭ᠎ᠠ ᠶᠢ ᠲᠦᠷᠭᠡᠳᠬᠡᠨ ᠠᠬᠢᠭᠤᠯᠵᠤ᠂ ᠡᠯᠧᠺᠲᠷᠤᠨ ᠬᠤᠳᠠᠯᠳᠤᠭᠠᠨ ᠤ | ᠶᠠᠪᠤᠳᠠᠯ ᠳᠤ ᠲᠤᠰᠬᠠᠶᠢᠵᠢᠭᠰᠠᠨ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠬᠠᠩᠭᠠᠬᠤ ᠬᠡᠷᠡᠭᠲᠡᠢ︔ ᠬᠥᠮᠥᠷᠭᠡᠯᠡᠨ | ᠬᠠᠳᠠᠭᠠᠯᠠᠬᠤ ᠠᠵᠤ ᠠᠬᠤᠶᠢᠯᠠᠯ ᠤᠨ ᠭᠤᠷᠪᠠᠨ ᠵᠢᠯ ᠤᠨ ᠪᠣᠳᠠᠲᠠᠢ ᠣᠷᠣᠭᠤᠯᠤᠯᠲᠠ ᠶᠢᠨ ᠬᠢᠨ 30% ᠶᠢᠨ | ᠶᠣᠰᠣᠭᠠᠷ᠂ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠨᠥᠬᠦᠪᠦᠷᠢ ᠥᠭᠴᠦ᠂ ᠨᠥᠬᠦᠪᠦᠷᠢ ᠶᠢᠨ | ᠪᠡᠯᠡ ᠮᠥᠩᠭᠦ ᠶᠢ ᠡᠯᠧᠺᠲᠷᠤᠨ ᠬᠤᠳᠠᠯᠳᠤᠭᠠᠨ ᠤ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡ ᠶᠢ ᠡᠮᠬᠢᠯᠡᠨ | ᠨᠡᠶᠢᠯᠡᠭᠦᠯᠬᠦ ᠪᠠ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠢ ᠪᠥᠭᠡᠮᠨᠡᠷᠡᠭᠦᠯᠬᠦ᠂ ᠴᠢᠬᠤᠯᠠ ᠪᠦᠬᠦᠢ | ᠡᠵᠡᠩᠨᠡᠯᠲᠡ ᠶᠢᠨ ᠣᠷᠴᠢᠨ ᠨᠥᠬᠦᠴᠡᠯ ᠪᠠ ᠵᠥᠭᠡᠯᠡᠨ ᠬᠠᠲᠠᠭᠤ ᠲᠣᠨᠤᠭ ᠲᠥᠬᠦᠭᠡᠷᠦᠮᠵᠢ ᠵᠢᠴᠢ ᠵᠣᠬᠢᠬᠤ | ᠦᠢᠯᠡᠴᠢᠯᠡᠭᠡ ᠶᠢ ᠥᠭᠡᠷᠡᠴᠢᠯᠡᠨ ᠲᠡᠭᠦᠯᠳᠡᠷᠵᠢᠭᠦᠯᠬᠦ ᠶᠢ ᠪᠠᠭᠲᠠᠭᠠᠭᠰᠠᠨ ᠬᠠᠮᠲᠤ ᠳᠤ ᠪᠠᠨ ᠭᠥᠷᠳᠡᠬᠦ ᠡᠭᠦᠯᠡᠨ | ᠬᠥᠮᠥᠷᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠦᠷᠭᠦᠯᠵᠢᠯᠡᠨ ᠬᠡᠷᠡᠭᠯᠡᠬᠦ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠵᠠᠰᠠᠭ ᠤᠨ ᠣᠷᠳᠣᠨ ᠤ ᠲᠡᠳᠬᠦᠨ ᠳᠡᠮᠵᠢᠬᠦ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠬᠤ ᠬᠡᠷᠡᠭᠲᠡᠢ | ︵ᠠᠷᠪᠠᠨ ᠨᠠᠢᠮᠠ︶ ᠪᠡᠯᠡ ᠮᠥᠩᠭᠦ ᠪᠠᠷ ᠲᠡᠳᠬᠦᠨ ᠲᠡᠮᠵᠢᠬᠦ ᠪᠠᠨ ᠰᠢᠯᠢᠳᠡᠭᠵᠢᠭᠦᠯᠬᠦ ᠬᠡᠷᠡᠭᠲᠡᠢ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠵᠣᠷᠢᠭᠵᠢᠭᠤᠯᠵᠤ ᠪᠠᠶᠢᠭᠠᠳ ᠵᠢᠯ ᠪᠦᠷᠢ | ᠪᠡᠯᠡ ᠮᠥᠩᠭᠦ ᠲᠣᠬᠢᠷᠠᠭᠤᠯᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠵᠤ᠂ | ᠲᠡᠳᠬᠦᠨ ᠳᠡᠮᠵᠢᠭᠰᠡᠨ ᠪᠡᠯᠡ ᠮᠥᠩᠭᠦᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠪᠠᠨ | ᠴᠢᠩᠭᠠᠳᠬᠠᠨ᠂ ᠪᠡᠯᠡ ᠮᠥᠩᠭᠦ ᠪᠠᠷ ᠲᠡᠳᠬᠦᠨ ᠳᠡᠮᠵᠢᠬᠦ ᠶᠢᠨ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠵᠦ᠂ ᠪᠡᠯᠡ | ᠮᠥᠩᠭᠦ ᠪᠠᠷ ᠲᠡᠳᠬᠦᠨ ᠳᠡᠮᠵᠢᠬᠦ ᠶᠢᠨ ᠪᠦᠲᠦᠮᠵᠢᠲᠦ ᠴᠢᠨᠠᠷ ᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠪᠡᠯᠡ | ᠮᠥᠩᠭᠦᠨ ᠤ ᠤᠷᠮᠠᠰᠢᠭᠤᠯᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ︵ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠠᠷᠪᠠ ᠶᠢᠰᠦ︶ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ ᠠᠵᠤ | ᠠᠬᠤᠶᠢᠯᠠᠯ ᠢᠶᠠᠷ ᠮᠠᠭᠠᠳᠯᠠᠨ ᠲᠣᠭᠲᠠᠭᠠᠯᠭᠠᠭᠰᠠᠨ ᠪᠠᠶᠢᠪᠠᠯ᠂ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠢ᠃ ᠠᠵᠤ ᠠᠬᠤᠶᠢᠯᠠᠯ ᠤᠨ | ᠡᠯᠧᠺᠲᠷᠤᠨ ᠬᠤᠳᠠᠯᠳᠤᠭᠠᠨ ᠤ ᠶᠠᠪᠤᠳᠠᠯ ᠳᠤ ᠬᠡᠷᠡᠭᠯᠡᠭᠰᠡᠨ ᠮᠥᠷᠲᠡᠭᠡᠨ ᠭᠠᠶᠢᠯᠢ ᠶᠢᠨ ᠬᠠᠤᠯᠢ ᠶᠢᠨ ᠲᠣᠭᠲᠠᠭᠠᠯ ᠳᠤ | ᠨᠡᠶᠢᠴᠡᠭᠰᠡᠨ ᠰᠤᠳᠤᠯᠤᠨ ᠨᠡᠭᠡᠭᠡᠬᠦ ᠵᠠᠷᠤᠳᠠᠯ ᠳᠤ ᠨᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠨᠡᠮᠡᠨ | ᠪᠣᠳᠣᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ ᠬᠦᠷᠲᠡᠭᠡᠵᠦ ᠪᠣᠯᠣᠨ᠎ᠠ᠃ ᠤᠯᠤᠰ ᠤᠨ ᠴᠢᠳᠠᠪᠤᠷᠢᠲᠠᠨ | ᠬᠥᠮᠥᠵᠢᠭᠦᠯᠬᠦ ᠶᠢ ᠳᠡᠮᠵᠢᠭᠦ ᠭᠠᠶᠢᠯᠢ ᠲᠠᠲᠠᠪᠤᠷᠢ ᠶᠢᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠤᠨ ᠲᠤᠬᠠᠢ ᠶᠢᠨ ᠵᠢᠯ ᠳᠤ ᠭᠠᠷᠭᠠᠨ | ᠠᠪᠤᠭᠰᠠᠨ ᠤ ᠬᠠᠮᠲᠤ ᠪᠣᠳᠠᠲᠠᠢ ᠬᠡᠷᠡᠭᠯᠡᠭᠰᠡᠨ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ ᠲᠤᠰᠢᠶᠠᠬᠤ ᠠᠴᠠ ᠨᠢ ᠡᠮᠦᠨ᠎ᠡ ᠰᠠᠭᠤᠯᠭᠠᠨ | ᠠᠪᠬᠤ ᠬᠡᠷᠡᠭᠲᠡᠢ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ | ᠲᠣᠰ ᠠᠷᠭ᠎ᠠ ᠬᠡᠮᠵᠢᠶ᠎ᠡ ᠨᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ᠂ ᠬᠦᠴᠦᠨ ᠪᠦᠬᠦᠢ | ᠬᠤᠭᠤᠴᠠᠭ᠎ᠠ ᠨᠢ 3 ᠵᠢᠯ ᠪᠣᠯᠣᠨ᠎ᠠ᠂ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠱᠠᠩᠨᠠᠯ ᠨᠥᠬᠦᠪᠦᠷᠢ ᠶᠢᠨ ᠵᠦᠢᠯ | ᠵᠤᠷᠪᠤᠰ ᠤᠨ ᠬᠡᠷᠡᠭᠵᠢᠭᠦᠯᠬᠦ ᠬᠡᠪᠴᠢᠶ᠎ᠡ ᠶᠢ ᠲᠤᠬᠠᠢ ᠶᠢᠨ ᠵᠢᠯ ᠤᠨ ᠳᠡᠮᠵᠢᠬᠦ ᠴᠢᠭᠯᠡᠯ ᠪᠠ ᠨᠡᠶᠢᠲᠡᠯᠡᠭᠰᠡᠨ | ᠭᠤᠶᠤᠴᠢᠯᠠᠯ ᠤᠨ ᠵᠦᠭᠯᠡᠭᠦᠷ ᠢᠶᠠᠷ ᠪᠠᠷᠢᠮᠵᠢᠶ᠎ᠠ ᠪᠣᠯᠭᠠᠨ᠎ᠠ︔ ᠱᠠᠩᠨᠠᠵᠤ ᠨᠥᠬᠦᠪᠦᠷᠢᠯᠡᠬᠦ ᠳᠤ ᠬᠤᠯᠪᠣᠭᠳᠠᠭᠰᠠᠨ | ᠬᠠᠷᠢᠴᠠᠯ ᠪᠠ ᠬᠢᠵᠠᠭᠠᠷ ᠲᠤᠭ᠎ᠠ ᠨᠢ ᠴᠥᠮ ᠳᠡᠭᠡᠷ᠎ᠡ ᠬᠢᠵᠠᠭᠠᠷ ᠪᠠᠶᠢᠵᠤ᠂ ᠱᠠᠩᠨᠠᠵᠤ ᠨᠥᠬᠦᠪᠦᠷᠢᠯᠡᠬᠦ ᠶᠢᠨ ᠪᠣᠳᠠᠲᠠᠢ | ᠬᠠᠷᠢᠴᠠᠯ ᠪᠠ ᠵᠣᠭᠤᠰ ᠤᠨ ᠲᠤᠭ᠎ᠠ ᠨᠢ ᠣᠨ ᠤ ᠪᠡᠯᠡ ᠮᠥᠩᠭᠦᠨ ᠤ ᠲᠥᠰᠥᠪ ᠠᠴᠠ ᠲᠣᠭᠲᠠᠭᠠᠭᠳᠠᠵᠤ᠂ | ᠬᠡᠷᠡᠭᠵᠢᠭᠦᠯᠬᠦ ᠶᠠᠪᠤᠴᠠ ᠳᠤ ᠢᠯᠡᠷᠡᠭᠦ ᠪᠣᠳᠠᠲᠠᠢ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠬᠠᠷᠢᠭᠤᠴᠠᠵᠤ ᠲᠠᠶᠢᠯᠪᠤᠷᠢᠯᠠᠨ᠎ᠠ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠪᠣᠳᠠᠲᠠᠢ ᠲᠠᠢ ᠪᠠᠨ | ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ ᠪᠣᠯᠣᠨ᠎ᠠ᠃ | 2022 ᠣᠨ ᠤ 6 ᠳ᠋ᠤᠭᠠᠷ ᠰᠠᠷ᠎ᠠ ᠶᠢᠨ 6 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |