ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ | ᠰᠠᠯᠠᠭ᠎ᠠ ᠮᠥᠴᠢᠷ ᠵᠢᠷᠭᠤᠳᠤᠭᠠᠷ ᠪᠦᠯᠦᠭ ᠤᠨ ᠳᠤᠮᠳᠠᠳᠤ ᠤᠯᠤᠰ ᠤᠨ ᠤᠯᠠᠮᠵᠢᠯᠠᠯᠲᠤ ᠠᠶᠢᠯ ᠲᠣᠰᠬᠤᠨ ᠤ ᠨᠡᠷᠡᠰ ᠤᠨ | ᠵᠢᠭᠰᠠᠭᠠᠯᠲᠠ ᠳᠤ ᠵᠢᠭᠰᠠᠭᠠᠭᠳᠠᠭᠰᠠᠨ ᠲᠣᠰᠬᠤᠨ ᠤ ᠨᠡᠷᠡᠰ ᠢ ᠨᠡᠶᠢᠲᠡᠯᠡᠪᠡ᠂ ᠮᠠᠨ ᠤ ᠬᠤᠲᠠ ᠶᠢᠨ ᠵᠢᠭᠰᠠᠭᠠᠯᠲᠠ ᠳᠤ | ᠤᠷᠤᠭᠰᠠᠨ 4 ᠲᠣᠰᠬᠤᠨ ᠴᠥᠮ ᠰᠦᠩᠱᠠᠨ ᠲᠣᠭᠤᠷᠢᠭ ᠲᠤ ᠪᠣᠶ᠂ ᠲᠣᠰ ᠲᠣᠰ ᠳ᠋ᠠ ᠮᠢᠶᠣᠣ ᠪᠠᠯᠭᠠᠰᠤᠨ ᠤ | ᠰᠢᠶᠤᠤ ᠮᠢᠶᠣᠣ ᠽᠢ ᠲᠣᠰᠬᠤᠨ᠂ ᠬᠠᠭᠤᠴᠢᠨ ᠬᠤᠷᠤᠭ᠎ᠠ ᠪᠠᠯᠭᠠᠰᠤᠨ ᠤ ᠶᠡᠭᠡ ᠤᠯᠢᠶᠠᠨᠰᠤᠬᠠᠢ ᠲᠣᠰᠬᠤᠨ᠂ ᠳ᠋ᠠᠢ ᠹᠦ᠋ | ᠶᠢᠩᠽᠢ ᠰᠢᠶᠠᠩ ᠤᠨ ᠨᠢᠶᠠᠩ ᠨᠢᠶᠠᠩ ᠮᠢᠶᠣᠣ ᠲᠣᠰᠬᠤᠨ᠂ ᠳ᠋ᠠᠢ ᠹᠦ᠋ ᠶᠢᠩᠽᠢ ᠰᠢᠶᠠᠩ ᠤᠨ ᠳ᠋ᠠ ᠨᠢᠶᠠᠨ ᠽᠢ | ᠲᠣᠰᠬᠤᠨ ᠪᠣᠯᠤᠨ᠎ᠠ᠃ | ᠳ᠋ᠠ ᠮᠢᠶᠣᠣ ᠪᠠᠯᠭᠠᠰᠤᠨ ᠤ ᠰᠢᠶᠤᠤ ᠮᠢᠶᠣᠣ ᠽᠢ ᠲᠣᠰᠬᠤᠨ ᠡᠮᠦᠨ᠎ᠡ ᠤᠮᠠᠷ᠎ᠠ ᠨᠢ ᠠᠭᠤᠯᠠ ᠪᠠᠷ | ᠬᠦᠷᠢᠶᠡᠯᠡᠭᠳᠡᠵᠦ᠂ ᠢᠩᠭᠡ ᠶᠢᠨ ᠭᠤᠣᠯ ᠨᠢ ᠲᠣᠰᠬᠤᠨ ᠢᠶᠠᠷ ᠥᠩᠭᠡᠷᠡᠵᠦ᠂ ᠲᠣᠰᠬᠤᠨ ᠤ ᠳᠦᠷᠰᠦ ᠪᠠᠶᠢᠳᠠᠯ ᠨᠢ | ᠴᠡᠪᠡᠷ ᠴᠡᠮᠴᠡᠭᠡᠷ᠂ ᠲᠣᠰᠬᠤᠨ ᠤ ᠬᠡᠪ ᠰᠤᠷᠲᠠᠯ ᠨᠢ ᠪᠣᠯᠪᠠᠰᠤᠨ ᠪᠠᠶᠢᠳᠠᠭ᠃ ᠲᠤᠰ ᠲᠣᠰᠬᠤᠨ ᠤ ᠠᠷᠠᠳ ᠤᠨ ᠵᠠᠩ | ᠦᠢᠯᠡ ᠶᠢᠨ ᠣᠷᠳᠣᠨ ᠳᠤ ᠴᠢᠯᠠᠭᠤᠨ ᠲᠡᠭᠡᠷᠮ᠎ᠡ ᠵᠡᠷᠭᠡ ᠣᠯᠳᠠᠬᠤᠶ᠎ᠠ ᠪᠡᠷᠬᠡ ᠡᠯ᠎ᠡ ᠵᠦᠢᠯ ᠤᠨ ᠠᠷᠠᠳ ᠤᠨ ᠵᠠᠩ | ᠦᠢᠯᠡ ᠶᠢᠨ ᠡᠳ᠋ ᠪᠣᠳᠠᠰ ᠢ ᠬᠠᠳᠠᠭᠠᠯᠠᠵᠤ ᠳᠡᠯᠭᠡᠨ ᠦᠵᠡᠭᠦᠯᠵᠦ ᠪᠤᠢ︔ ᠯᠣᠣ ᠪᠥᠵᠢᠭᠯᠡᠬᠦ ᠵᠡᠷᠭᠡ ᠠᠷᠠᠳ ᠤᠨ ᠵᠠᠩ | ᠦᠢᠯᠡ ᠶᠢ ᠬᠠᠳᠠᠭᠠᠯᠠᠬᠤ ᠶᠢᠨ ᠬᠠᠮᠲᠤ ᠴᠢᠬᠢ ᠭᠠᠷᠭᠠᠬᠤ ᠳᠡᠷᠡ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ | ᠵᠦᠢᠯ ᠢ ᠴᠦ ᠬᠠᠳᠠᠭᠠᠯᠠᠵᠤ ᠪᠠᠶᠢᠳᠠᠭ᠃ | ᠬᠠᠭᠤᠴᠢᠨ ᠬᠤᠷᠤᠭ᠎ᠠ ᠪᠠᠯᠭᠠᠰᠤᠨ ᠤ ᠶᠡᠭᠡ ᠤᠯᠢᠶᠠᠨᠰᠤᠬᠠᠢ ᠲᠣᠰᠬᠤᠨ ᠠᠭᠤᠯᠠᠰ ᠤᠨ ᠳᠤᠮᠳᠠ ᠪᠦᠷᠬᠦᠭᠳᠡᠵᠦ | ᠂ ᠪᠤᠯᠠᠭ ᠭᠤᠷᠤᠬ᠎ᠠ ᠰᠦᠯᠵᠢᠯᠳᠦᠨ᠂ ᠵᠢᠮᠢᠰ ᠤᠨ ᠣᠶ ᠵᠠᠯᠭᠠᠯᠳᠤᠨ᠂ ᠤᠯᠠᠨ ᠵᠠᠩ ᠦᠢᠯᠡ ᠶᠢᠨ ᠰᠣᠶᠣᠯ ᠢ | ᠬᠠᠳᠠᠭᠠᠯᠠᠵᠤ ᠪᠤᠢ᠂ ᠵᠢᠱᠢᠶᠡᠯᠡᠪᠡᠯ ᠬᠤᠷᠢᠮ ᠪᠡᠯᠪᠡᠰᠦᠷᠡᠯ ᠤᠨ ᠦᠶ᠎ᠡ ᠳᠤ ︽ᠭᠤᠷᠪᠠ ᠳᠦᠷᠪᠡᠡ ᠰᠢᠷᠡᠭᠡ︾ ᠭᠠᠷᠭᠠᠵᠤ | ᠂ ᠵᠠᠩ ᠦᠢᠯᠡ ᠶᠢᠨ ᠠᠵᠢᠯᠯᠠᠭ᠎ᠠ ᠡᠯᠪᠡᠭ ᠪᠠᠶᠠᠯᠢᠭ ᠠᠭᠤᠯᠭ᠎ᠠ ᠲᠠᠢ ᠪᠠᠶᠢᠳᠠᠭ᠃ | ᠳ᠋ᠠᠢ ᠹᠦ᠋ ᠶᠢᠩᠽᠢ ᠰᠢᠶᠠᠩ ᠤᠨ ᠨᠢᠶᠠᠩ ᠨᠢᠶᠠᠩ ᠮᠢᠶᠣᠣ ᠲᠣᠰᠬᠤᠨ ᠨᠢ ᠠᠭᠤᠯᠠ ᠤᠰᠤ ᠶᠢ ᠬᠠᠪᠢᠳᠠᠵᠤ᠂ | ᠥᠩᠭᠡ ᠦᠵᠡᠮᠵᠢ ᠨᠢ ᠭᠤᠴᠤ ᠰᠠᠶᠢᠬᠠᠨ ᠪᠠᠶᠢᠵᠤ᠂ ᠴᠢᠩ ᠤᠯᠤᠰ ᠤᠨ ᠡᠩᠬᠡ ᠠᠮᠤᠭᠤᠯᠠᠩ ᠬᠠᠭᠠᠨ ᠲᠤᠰ | ᠲᠣᠰᠬᠤᠨ ᠤ ᠭᠠᠷᠤᠳᠢ ᠶᠢᠨ ᠠᠭᠤᠯᠠᠨ ᠳᠤ ᠬᠦᠷᠢᠶᠡᠯᠡᠨ ᠠᠪᠠᠯᠠᠵᠤ ᠦᠩᠭᠡᠷᠡᠪᠡ᠃ ᠴᠢᠩ ᠤᠯᠤᠰ ᠤᠨ ᠡᠩᠬᠡ | ᠠᠮᠤᠭᠤᠯᠠᠩ ᠤᠨ ᠦᠶ᠎ᠡ ᠳᠤ ᠡᠬᠢᠯᠡᠨ ᠪᠠᠶᠢᠭᠤᠯᠤᠭᠰᠠᠨ ᠤᠯᠠᠭᠠᠨᠬᠠᠳᠠ ᠶᠢᠨ ᠲᠦᠮᠡᠨ ᠪᠤᠷᠬᠠᠨ ᠤ ᠰᠦᠮ᠎ᠡ ᠡᠨᠡ | ᠲᠣᠰᠬᠤᠨ ᠳᠤ ᠪᠠᠶᠢᠷᠢᠯᠠᠵᠤ᠂ ᠤᠳᠤ ᠪᠤᠯᠲᠠᠯ᠎ᠠ 30 ᠭᠠᠷᠤᠢ ᠲᠠᠰᠤᠯᠭ᠎ᠠ ᠲᠡᠦᠬᠡ ᠶᠢᠨ ᠰᠦᠮ᠎ᠡ ᠬᠡᠶᠢᠳ᠂ 20 | ᠭᠠᠷᠤᠢ ᠲᠡᠭᠰᠢ ᠳᠥᠷᠪᠡᠯᠵᠢᠨ ᠮᠧᠲᠷ ᠬᠠᠨ᠎ᠠ ᠶᠢᠨ ᠵᠢᠷᠤᠭ ᠬᠠᠳᠠᠭᠠᠯᠠᠭᠳᠠᠵᠤ᠂ ᠰᠣᠶᠣᠯ ᠢᠷᠭᠡᠨᠰᠢᠯ ᠤᠨ ᠦᠨ᠎ᠡ | ᠦᠷᠳᠡᠭ ᠮᠠᠰᠢ ᠶᠡᠭᠡ ᠶᠤᠮ᠃ | ᠳ᠋ᠠᠢ ᠹᠦ᠋ ᠶᠢᠩᠽᠢ ᠰᠢᠶᠠᠩ ᠤᠨ ᠳ᠋ᠠ ᠨᠢᠶᠠᠨ ᠽᠢ ᠲᠣᠰᠬᠤᠨ ᠲᠦᠷᠪᠡᠨ ᠲᠠᠯ᠎ᠠ ᠪᠠᠷ ᠢᠶᠠᠨ ᠠᠭᠤᠯᠠ ᠪᠠᠷ | ᠬᠦᠷᠢᠶᠡᠯᠡᠭᠳᠡᠵᠦ᠂ ᠦᠩᠭᠡ ᠦᠵᠡᠮᠵᠢ ᠭᠤᠶᠤ ᠰᠠᠶᠢᠬᠠᠨ ᠪᠠᠶᠢᠳᠠᠭ︔ ᠬᠤᠪᠢᠰᠬᠠᠯ ᠤᠨ ᠰᠠᠭᠤᠷᠢ ᠭᠦᠨ ᠵᠤᠵᠠᠭᠠᠨ | ᠪᠠᠶᠢᠵᠤ᠂ ᠸᠠᠩ ᠯᠠᠨ᠂ ᠱᠢ ᠴᠧᠩ ᠱᠠᠨ ᠵᠡᠷᠭᠡ ᠬᠤᠪᠢᠰᠬᠠᠯ ᠤᠨ ᠪᠠᠭᠠᠲᠤᠷ ᠬᠥᠮᠦᠰ ᠴᠣᠯᠭᠤᠷᠠᠨ ᠭᠠᠷᠴᠠᠢ︔ | ᠠᠷᠠᠳ ᠤᠨ ᠵᠠᠩ ᠦᠢᠯᠡ ᠶᠢᠨ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠮᠣᠩᠭᠤᠯ ᠮᠤᠳᠤᠴᠢᠨ᠂ ᠲᠡᠮᠦᠷ ᠤᠨ | ᠲᠠᠷᠬᠠᠨ ᠵᠡᠷᠭᠡ ᠤᠷ᠎ᠠ ᠮᠡᠷᠭᠡᠵᠢᠯ ᠢ ᠤᠯᠠᠮᠵᠢᠯᠠᠨᠡ᠃ |