ᠰᠦᠩᠱᠠᠨ ᠤ  ᠴᠡᠷᠢᠭ ᠬᠦᠪᠡᠭᠦᠨ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠪᠠ
ᠨᠡᠶᠢᠲᠡᠯᠡᠭᠰᠡᠨ ᠴᠠᠭ᠄
2023/3/24
      ᠣᠶᠢᠷ᠎ᠠ ᠳᠤ᠂ ᠰᠦᠩᠱᠠᠨ ᠨᠤᠲᠤᠭ ᠲᠠᠢ ᠠᠯᠪᠠᠨ ᠤ ᠴᠡᠷᠢᠭ ᠸᠠᠩ ᠰᠢᠶᠤᠤ ᠯᠦᠩ ᠴᠡᠷᠢᠭ ᠠᠩᠭᠢ ᠳᠤ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠵᠤ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠰᠦᠨ ᠶᠢᠩ ᠵᠡᠷᠭᠡ ᠴᠡᠷᠢᠭ ᠠᠩᠭᠢ ᠪᠠ ᠣᠷᠣᠨ ᠨᠤᠲᠤᠭ ᠤᠨ ᠤᠳᠤᠷᠢᠳᠤᠯᠭ᠎ᠠ ᠨᠠᠷ ᠬᠠᠮᠲᠤ ᠪᠠᠷ ᠸᠠᠩ ᠰᠢᠶᠤᠤ ᠯᠦᠩ ᠤᠨ ᠬᠡᠷ ᠲᠤ ᠪᠠᠶᠠᠷ ᠤᠨ ᠮᠡᠳᠡᠭᠡ ᠬᠦᠷᠭᠡᠪᠡ᠃      ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠲᠠᠢ ᠫᠢᠩ ᠳ᠋ᠢ ᠪᠠᠯᠭᠠᠰᠤ ᠵᠡᠷᠭᠡ ᠴᠡᠷᠢᠭ ᠠᠩᠭᠢ ᠪᠠ ᠣᠷᠣᠨ ᠨᠤᠲᠤᠭ ᠤᠨ ᠤᠳᠤᠷᠢᠳᠤᠯᠭ᠎ᠠ ᠨᠠᠷ ︽ᠪᠠᠶᠠᠷ ᠤᠨ  ᠮᠡᠳᠡᠭᠡ︾ ᠵᠢᠴᠢ ︽ᠬᠤᠶᠠᠳᠤᠭᠠᠷ ᠳᠡᠰ ᠤᠨ ᠭᠠᠪᠢᠶᠠᠲᠠᠨ ᠤ ᠭᠡᠷ︾ ᠭᠡᠬᠦ ᠫᠠᠶᠢᠰᠠ ᠢᠯᠡᠷᠬᠡᠶᠢᠯᠡᠯ ᠢ ᠲᠠᠢ ᠫᠢᠩ ᠳ᠋ᠢ ᠪᠠᠯᠭᠠᠰᠤᠨ ᠤ ᠳ᠋ᠠᠩ ᠫᠦ᠋ ᠳ᠋ᠢ ᠲᠣᠰᠬᠤᠨ ᠤ ᠠᠯᠪᠠᠨ ᠴᠡᠷᠢᠭ ᠸᠠᠩ ᠰᠢᠶᠤᠤ ᠯᠦᠩ ᠤᠨ ᠭᠡᠷ ᠲᠤ ᠬᠦᠷᠭᠡᠵᠦ᠂ ᠴᠡᠷᠢᠭ ᠤᠨ ᠭᠡᠷ ᠪᠦᠯᠢ ᠳᠤ ᠴᠢᠩ ᠰᠡᠳᠬᠢᠯ ᠤᠨ ᠵᠥᠩᠨᠡᠯ ᠪᠠ ᠮᠡᠨᠳᠦᠴᠢᠯᠡᠯ ᠳᠡᠪᠰᠢᠭᠦᠯᠪᠡ᠃ ᠴᠡᠷᠢᠭ ᠠᠩᠭᠢ ᠪᠠ ᠣᠷᠣᠨ ᠨᠤᠲᠤᠭ ᠤᠨ ᠤᠳᠤᠷᠢᠳᠤᠯᠭ᠎ᠠ ᠲᠡᠳᠡᠨ ᠤ ᠴᠡᠷᠢᠭ ᠠᠩᠭᠢ ᠳᠤ᠂ ᠡᠬᠡ ᠤᠯᠤᠰ ᠲᠠᠭᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠦᠨ ᠬᠦᠷᠭᠡᠵᠦ ᠥᠭᠭᠦᠭᠰᠡᠨ ᠳᠤ ᠲᠠᠯᠠᠷᠬᠠᠬᠤ ᠶᠢᠨ ᠬᠠᠮᠲᠤ᠂ ᠥᠷᠭᠡᠨ ᠣᠯᠠᠨ ᠠᠯᠪᠠᠨ ᠴᠡᠷᠢᠭ ᠤᠨ ᠬᠡᠷ ᠪᠦᠯᠢ ᠪᠠ ᠴᠡᠷᠢᠭ ᠠᠴᠠ ᠬᠠᠯᠠᠭᠳᠠᠭᠰᠠᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠲᠡᠳᠡᠨ ᠤ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠳᠤᠨᠢ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃      ᠣᠶᠢᠯᠠᠭᠠᠭᠰᠠᠨ ᠢᠶᠠᠷ᠂ 1991 ᠣᠨ ᠳᠤ ᠲᠥᠷᠥᠭᠰᠡᠨ ᠸᠠᠩ ᠰᠢᠶᠤᠤ ᠯᠦᠩ ᠪᠣᠯ ᠣᠲᠣ ᠲᠡᠯᠡᠶ ᠶᠢᠨ ᠴᠡᠷᠢᠭ ᠤᠨ ᠬᠤᠰᠢᠭᠤᠴᠢ ᠬᠤᠷᠠᠩᠳᠠ ᠴᠡᠷᠢᠭ ᠤᠨ ᠴᠣᠯᠠ ᠲᠠᠢ᠂ ᠨᠢᠭᠡᠳᠦᠭᠡᠷ ᠳᠡᠰ ᠤᠨ ᠨᠢᠰᠬᠡᠭᠴᠢ ᠮᠥᠨ᠂ ᠣᠯᠠᠨ  ᠵᠦᠢᠯ ᠤᠨ ᠬᠡᠯᠪᠡᠷᠢ ᠶᠢᠨ ᠨᠢᠰᠬᠡᠯ ᠢ ᠵᠢᠯᠣᠭᠤᠳᠴᠤ᠂ ᠴᠢᠬᠤᠯᠠ ᠶᠡᠭᠡ ᠰᠣᠷᠢᠯᠲᠠ ᠶᠢᠨ ᠡᠭᠦᠷᠭᠡ ᠳᠤ ᠣᠯᠠᠨ ᠤᠳᠠᠭ᠎ᠠ ᠣᠷᠣᠯᠴᠠᠵᠤ ᠥᠩᠭᠡᠷᠡᠭᠰᠡᠨ ᠶᠤᠮ᠃ ᠬᠥᠯᠭᠡ ᠣᠩᠭᠤᠴᠠᠨ ᠳᠤ ᠲᠡᠭᠡᠭᠡᠬᠦ ᠨᠢᠰᠬᠡᠯ ᠤᠨ ᠨᠢᠰᠬᠡᠭᠴᠢ ᠪᠠᠷ ᠰᠣᠩᠭᠤᠭᠳᠠᠭᠰᠠᠨ ᠠᠴᠠ ᠨᠠᠰᠢ᠂ ᠸᠠᠩ ᠰᠢᠶᠤᠤ ᠯᠦᠩ ᠢᠮᠠᠭᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠭᠠᠵᠠᠷ ᠳᠡᠭᠡᠷ᠎ᠡ ᠬᠠᠲᠠᠭᠤᠵᠢᠯᠲᠠᠢ ᠪᠣᠯᠪᠠᠰᠤᠷᠠᠬᠤ᠂ ᠠᠭᠠᠷ ᠲᠤ ᠨᠠᠷᠢᠯᠢᠭ ᠨᠢᠰᠬᠦ ᠶᠢ ᠪᠠᠷᠢᠮᠲᠠᠯᠠᠵᠤ᠂ ᠨᠢᠰᠦᠯᠲᠡ ᠶᠢᠨ ᠴᠠᠭᠠᠷᠠᠭᠰᠠᠨ ᠮᠡᠷᠭᠡᠵᠢᠯ ᠢᠶᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠨᠢᠰᠬᠡᠯ ᠤᠨ ᠰᠠᠭᠤᠷᠢ ᠬᠥᠯᠭᠡ ᠣᠩᠭᠤᠴᠠ ᠶᠢᠨ ᠦᠢᠯᠡᠰ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠪᠡ᠃ ᠲᠡᠷᠡ 2022 ᠣᠨ ᠤ ᠠᠵᠢᠯ ᠤᠨ ᠳᠤᠮᠳᠠ ᠪᠠᠨ ᠳᠤᠪᠤᠶᠢᠮ᠎ᠠ ᠢᠯᠡᠷᠡᠯ ᠲᠠᠢ ᠪᠠᠶᠢᠵᠤ᠂ ᠳᠠᠶᠢᠨ ᠤ ᠪᠡᠯᠡᠳᠬᠡᠯ ᠤᠨ ᠪᠣᠯᠪᠠᠰᠤᠷᠠᠯ ᠤᠨ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号