ᠵᠦᠩ ᠴᠢᠩ ᠰᠦᠩ 2023 ᠣᠨ ᠤ ᠲᠤᠭᠤᠷᠢᠭ ᠤᠨ ᠵᠠᠰᠠᠭ ᠤᠨ ᠣᠷᠳᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/24
      3 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ 2023 ᠣᠨ ᠤ ᠲᠣᠭᠤᠷᠢᠭ ᠤᠨ ᠵᠠᠰᠠᠭ ᠤᠨ ᠣᠷᠳᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ︽ᠰᠦᠩᠱᠠᠨ ᠲᠣᠭᠤᠷᠢᠭ ᠤᠨ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠠᠷᠭ᠎ᠠ︾ ᠶᠢ ᠤᠯᠠᠮᠵᠢᠯᠠᠨ ᠰᠤᠷᠤᠯᠴᠠᠪᠠ︔ 2023 ᠣᠨ ᠤ ︽ᠲᠠᠪᠤᠨ ᠶᠡᠭᠡ ᠡᠭᠦᠷᠭᠡ︾ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠭᠰᠡᠨ ᠪᠠᠶᠢᠳᠠᠯ᠂ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠪᠥᠬᠦ ᠲᠣᠭᠤᠷᠢᠭ ᠤᠨ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ᠂ ᠬᠢᠨᠠᠨ ᠪᠤᠳᠤᠵᠤ ᠴᠡᠭᠴᠡᠯᠡᠨ ᠵᠠᠰᠠᠬᠤ ᠠᠰᠠᠭᠤᠳᠠᠯ ᠤᠨ ᠠᠬᠢᠴᠠ ᠶᠢᠨ ᠪᠠᠶᠢᠳᠠᠯ ᠢ ᠰᠣᠨᠣᠰᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ︔ ᠰᠦᠩᠵᠸᠦ ᠵᠠᠮ ᠤᠨ ᠤᠮᠠᠷᠠᠰᠢ ᠨᠡᠪᠲᠡᠷᠡᠬᠦ ᠪᠠᠷᠢᠯᠭ᠎ᠠ ᠶᠢᠨ ᠬᠤᠯᠪᠣᠭᠳᠠᠯ ᠪᠦᠬᠦᠢ ᠶᠠᠪᠤᠳᠠᠯ ᠤᠳ ᠢ ᠰᠤᠳᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠤᠷᠤᠯᠴᠠᠨ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠣᠨᠴᠠᠭᠠᠶᠢᠯᠠᠨ ᠤᠯᠤᠰ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠠᠴᠠ ᠠᠵᠠ ᠲᠣᠬᠢᠶᠠᠯ ᠢ ᠢᠯᠡᠷᠡᠭᠦᠯᠵᠦ ᠂ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠨ᠂ ᠪᠡᠯᠡ ᠮᠥᠩᠭᠦ ᠶᠢ ᠴᠢᠷᠮᠠᠶᠢᠨ ᠣᠯᠵᠤ᠂ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠣᠳᠣᠬᠢᠴᠢᠯᠠᠭᠰᠠᠨ ᠰᠦᠩᠱᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃ ︽ᠰᠦᠩᠱᠠᠨ ᠲᠣᠭᠤᠷᠢᠭ ᠤᠨ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠠᠷᠭ᠎ᠠ︾ ᠶᠢ ᠬᠢᠨᠠᠮᠠᠭᠠᠶ ᠰᠤᠷᠤᠯᠴᠠᠵᠤ᠂ ᠰᠤᠷᠲᠠᠯ ᠤᠨ ᠪᠠᠶᠢᠭᠤᠯᠤᠯᠲᠠ ᠶᠢ ᠣᠷᠳᠣ ᠬᠤᠭᠤᠴᠠᠭ᠎ᠠ ᠪᠠᠷ ᠴᠢᠩᠭᠠᠳᠬᠠᠨ᠂ ᠪᠥᠬᠦ ᠲᠣᠭᠤᠷᠢᠭ ᠤᠨ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠢᠶᠠᠷ ᠢᠶᠠᠨ ︽ᠬᠥᠭᠵᠢᠯᠲᠡ ᠪᠣᠯ ᠬᠠᠲᠠᠭᠤ ᠶᠣᠰᠣ᠂ ᠣᠷᠣᠭᠤᠯᠤᠯᠲᠠ ᠪᠣᠯ ᠬᠠᠲᠠᠭᠤ ᠭᠦᠢᠴᠡᠳᠬᠡᠬᠦ ᠲᠤᠭ᠎ᠠ᠂ ᠲᠦᠷᠦᠯ ᠵᠦᠢᠯ ᠪᠣᠯ ᠬᠠᠲᠠᠭᠤ ᠡᠭᠦᠷᠭᠡ︾ ᠭᠡᠬᠦ ᠦᠵᠡᠯᠲᠡ ᠶᠢ ᠪᠠᠲᠤ ᠪᠤᠢ ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠵᠦᠢ ᠵᠣᠬᠢᠰᠲᠠᠢ ᠳᠤᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠦᠷᠦᠯ ᠵᠦᠢᠯ ᠤᠨ ᠶᠡᠭᠡ ᠪᠦᠳᠦᠭᠡᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠵᠤᠵᠠᠭᠠᠳᠬᠠᠬᠤ ᠬᠡᠷᠡᠭᠲᠡᠢ᠃ ᠬᠦᠴᠦᠨ ᠢᠶᠠᠨ ᠲᠥᠪᠯᠡᠷᠡᠭᠦᠯᠦᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠳᠣᠪᠤᠶᠢᠯᠭᠠᠨ᠂ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠲᠤᠰᠬᠠᠶ ᠠᠩᠭᠢ ᠪᠠᠶᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠤᠷᠢᠳᠴᠢᠯᠠᠨ ᠠᠷᠭ᠎ᠠ ᠰᠦᠪᠡᠭᠴᠢᠯᠡᠵᠦ᠂ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠳᠡᠭᠡᠳᠦ ᠱᠠᠲᠤᠨ ᠤ ᠲᠤᠰᠬᠠᠶ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠲᠥᠷᠥᠯ ᠵᠦᠢᠯ ᠰᠦᠪᠡᠭᠴᠢᠯᠡᠬᠦ᠂ ᠲᠥᠷᠥᠯ ᠵᠦᠢᠯ ᠪᠤᠯᠢᠶᠠᠯᠳᠤᠬᠤ᠂ ᠲᠥᠷᠥᠯ ᠵᠦᠢᠯ ᠪᠠᠶᠢᠭᠤᠯᠬᠤ ᠪᠣᠳᠠᠲᠤ ᠦᠷ᠎ᠡ ᠪᠦᠲᠦᠮᠵᠢ ᠶᠢ ᠦᠨᠡᠨᠬᠦ ᠨᠡᠮᠡᠭᠳᠡᠭᠦᠯᠬᠦ ᠬᠡᠷᠡᠭᠲᠡᠶ ᠃ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠳᠠᠪᠠᠭᠤᠯᠢᠭ ᠲᠤ ᠰᠠᠭᠤᠷᠢᠯᠠᠵᠤ᠂ ᠬᠦᠴᠦ ᠣᠷᠣᠭᠤᠯᠵᠤ᠂ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠢ ᠤᠷᠢᠵᠤ᠂ ᠬᠡᠯᠬᠢᠶ᠎ᠡ ᠪᠠᠷ ᠬᠡᠯᠬᠢᠶ᠎ᠡ ᠶᠢ ᠨᠥᠬᠦᠪᠥᠷᠢᠯᠡᠵᠦ᠂ ᠠᠵᠤ ᠦᠢᠯᠡᠰ ᠤᠨ ᠠᠮᠢ ᠠᠬᠤᠢ ᠶᠢ ᠲᠦᠷᠭᠡᠨ ᠪᠦᠷᠢᠯᠳᠦᠭᠦᠯᠵᠦ᠂ ᠪᠦᠯᠦᠭᠵᠢᠯ ᠤᠨ ᠳᠠᠪᠠᠭᠤᠯᠢᠭ ᠢ ᠪᠠᠶᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠵᠡᠯ ᠰᠠᠨᠠᠭᠠᠨ ᠤ ᠲᠠᠯ᠎ᠠ ᠪᠠᠷ ᠴᠢᠩᠭ᠎ᠠ᠂ ᠦᠢᠯᠡ ᠠᠵᠢᠯᠯᠠᠭ᠎ᠠ ᠶᠢᠨ ᠲᠠᠯ᠎ᠠ ᠪᠠᠷ ᠲᠦᠷᠭᠡᠨ ᠬᠢᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠡᠯ᠎ᠡ ᠲᠥᠷᠥᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠤᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠬᠤ ᠬᠡᠷᠡᠭᠲᠡᠶ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠤᠳᠤᠷᠢᠳᠤᠮᠵᠢ ᠪᠣᠯᠭᠠᠵᠤ᠂ ᠰᠦᠩᠵᠸᠤ ᠵᠠᠮ ᠢ ᠤᠮᠠᠷᠠᠰᠢ ᠨᠡᠪᠲᠡᠷᠡᠭᠦᠯᠬᠦ ᠢᠨᠵᠧᠨᠧᠷᠢᠩ ᠢ ᠶᠡᠬᠡᠪᠡᠷ ᠠᠬᠢᠭᠤᠯᠵᠤ᠂ ᠤᠯᠠᠨ ᠲᠦᠮᠡᠨ ᠳᠤ ᠰᠠᠭᠠᠳ ᠦᠭᠡᠢ᠂ ᠲᠠᠭᠠᠯᠠᠮᠵᠢᠲᠠᠢ᠂ ᠳᠥᠭᠦᠮ ᠳᠥᠲᠡ ᠶᠠᠪᠤᠵᠤ ᠰᠠᠭᠤᠬᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠸᠠᠩ ᠫᠧᠩ ᠹᠸᠢ᠂ ᠯᠢᠶᠠᠩ ᠮᠢᠩ ᠽᠧ᠂ ᠶᠠᠩ ᠯᠢ ᠬᠦᠩ᠂ ᠰᠢᠤᠢ ᠹᠸᠢ ᠶᠠᠨ᠂ ᠢᠦᠢ ᠬᠤᠸᠠ ᠶᠠᠨ᠂ ᠯᠢ ᠰᠢᠶᠠᠨ ᠹᠦ᠋᠂ ᠴᠧᠨ ᠶᠠᠨ ᠶᠦᠩ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号