3 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ 2023 | ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠵᠢᠴᠢ ᠵᠧᠩ ᠸᠧᠶ ᠲᠡᠮᠦᠷᠯᠢᠭ ᠤᠨ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠠᠵᠢᠯ ᠡᠬᠢᠯᠡᠭᠦᠯᠬᠦ ᠶᠣᠰᠣᠯᠠᠯ ᠤᠯᠠᠭᠠᠨᠬᠠᠳᠠ ᠶᠢᠨ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠦᠩᠱᠠᠨ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ᠃ | ᠬᠤᠳᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠬᠤᠷᠠᠯ ᠳᠤ ᠣᠷᠣᠯᠴᠠᠭᠰᠠᠨ ᠪᠥᠭᠡᠳ ᠠᠵᠢᠯ | ᠡᠬᠢᠯᠡᠭᠦᠯᠬᠦ ᠪᠠᠷ ᠵᠠᠷᠯᠠᠵᠤ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ | ᠱᠧᠩ ᠶᠣᠰᠣᠯᠠᠯ ᠢ ᠡᠷᠬᠢᠯᠡᠭᠰᠡᠨ ᠪᠥᠭᠡᠳ ᠪᠦᠬᠦ ᠬᠤᠳᠠ ᠶᠢᠨ ᠲᠦᠷᠦᠯ ᠵᠦᠢᠯ ᠢ ᠲᠥᠪᠯᠡᠷᠡᠭᠦᠯᠦᠨ ᠠᠵᠢᠯ | ᠡᠬᠢᠯᠡᠭᠦᠯᠵᠦ ᠪᠦᠳᠦᠭᠡᠨ ᠪᠠᠶᠢᠭᠤᠯᠤᠭᠰᠠᠨ ᠪᠠᠶᠢᠳᠠᠯ ᠢ ᠮᠡᠳᠡᠭᠳᠡᠵᠦ᠂ ᠵᠧᠩ ᠸᠧᠢ ᠶᠢᠨ ᠤᠯᠠᠨ ᠤᠯᠤᠰ ᠤᠨ | ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠸᠠᠩ ᠸᠧᠨ ᠶᠢᠨ ᠪᠠᠶᠠᠷ ᠤᠨ ᠦᠭᠡ ᠬᠡᠯᠡᠪᠡ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠰᠦᠨ ᠠᠶ ᠹᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠤᠶᠤᠯᠴᠡᠴᠡᠭ᠂ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠤᠸᠠᠨ | ᠲᠢᠶᠠᠨ ᠮᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ | ᠮᠧᠩ ᠰᠢᠶᠤᠤ ᠪᠢᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ | ᠵᠠᠩ ᠵᠢᠶ ᠺᠠᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ᠂ | ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ᠂ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ᠂ ᠲᠣᠭᠤᠷᠢᠭ ᠤᠨ | ᠤᠳᠤᠷᠢᠳᠤᠯᠭ᠎ᠠ ᠯᠢᠶᠠᠩ ᠮᠢᠩ ᠽᠧ ᠶᠤᠰᠤᠯᠠᠯ ᠳᠤ ᠤᠷᠤᠯᠴᠠᠪᠠ᠃ | ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠥᠩᠭᠡᠲᠦ ᠲᠤᠭ ᠳᠠᠯᠪᠠᠭ᠎ᠠ ᠨᠠᠮᠢᠷᠠᠵᠤ᠂ ᠬᠦᠷ ᠬᠥᠭᠵᠢᠶᠡᠨ ᠢᠶᠠᠷ | ᠪᠢᠯᠬᠠᠨ᠎ᠠ᠃ ᠲᠤᠮᠤ ᠬᠡᠯᠪᠡᠷᠢ ᠶᠢᠨ ᠳᠡᠯᠭᠡᠨ ᠦᠵᠡᠭᠦᠯᠬᠦ ᠰᠠᠮᠪᠠᠷ᠎ᠠ ᠳᠤ ᠪᠦᠬᠦ ᠬᠤᠳᠠ ᠶᠢᠨ ᠭᠤᠣᠯᠳᠠᠯᠭ᠎ᠠ ᠲᠠᠢ | ᠲᠦᠷᠦᠯ ᠵᠦᠢᠯ ᠤᠨ ᠲᠣᠪᠴᠢ ᠲᠠᠨᠢᠯᠴᠠᠭᠤᠯᠭ᠎ᠠ ᠪᠣᠯᠤᠨ ᠠᠯᠤᠰ ᠬᠡᠳᠦ ᠶᠢᠨ ᠲᠥᠯᠥᠪᠵᠢᠭᠦᠯᠭᠡ ᠶᠢ ᠳᠡᠯᠭᠡᠨ | ᠦᠵᠡᠭᠦᠯᠦᠨ᠎ᠡ᠃ | ᠸᠠᠩ ᠸᠠᠩ ᠱᠧᠩ᠂ 2023 ᠣᠨ ᠳᠤ᠂ ᠪᠦᠬᠦ ᠬᠤᠳᠠ ᠶᠢᠨ ᠶᠡᠷᠦᠩᠬᠡᠢ ᠪᠡᠯᠡ ᠣᠷᠣᠭᠤᠯᠤᠯᠲᠠ ᠨᠢ | 5000 ᠲᠦᠮᠡᠨ ᠲᠥᠭᠦᠷᠢᠭ ᠠᠴᠠ ᠳᠡᠭᠡᠭᠰᠢ ︵ᠨᠡᠶᠢᠭᠡᠮ ᠤᠨ ᠦᠢᠯᠡᠰ 1000 ᠲᠦᠮᠡᠨ ᠲᠥᠭᠦᠷᠢᠭ ᠠᠴᠠ ᠳᠡᠭᠡᠭᠰᠢ | ︶ ᠪᠣᠯᠬᠤ 702 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ | ᠣᠷᠣᠭᠤᠯᠤᠯᠲᠠ ᠨᠢ 3053.7 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 1002.2 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠤ | ᠳᠣᠲᠣᠷ᠎ᠠ 456 ᠵᠦᠢᠯ ᠤᠨ ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ | 1745.6 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 701.3 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ︔ 246 ᠵᠦᠢᠯ ᠤᠨ ᠲᠦᠷᠦᠯ ᠵᠦᠢᠯ ᠢ | ᠦᠷᠭᠦᠯᠵᠢᠯᠡᠨ ᠪᠠᠶᠢᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ 1308.1 ᠳ᠋ᠦᠩᠰᠢᠭᠤᠷ ᠲᠥᠭᠦᠷᠢᠭ ᠲᠤ | ᠬᠦᠷᠴᠦ᠂ ᠵᠢᠯ ᠤᠨ ᠳᠣᠲᠣᠷ᠎ᠠ 300.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ | ᠲᠥᠯᠥᠪᠯᠡᠵᠦ ᠪᠠᠶᠢᠨ᠎ᠠ᠃ ᠲᠣᠰ ᠤᠳᠠᠭᠠᠨ ᠤ ᠲᠥᠪᠯᠡᠷᠡᠭᠦᠯᠦᠨ ᠠᠵᠢᠯ ᠡᠬᠢᠯᠡᠭᠦᠯᠬᠦ ᠠᠵᠢᠯᠯᠠᠭ᠎ᠠ ᠳᠤ 426 ᠲᠥᠷᠥᠯ | ᠵᠦᠢᠯ ᠣᠷᠣᠯᠴᠠᠵᠤ᠂ ᠶᠡᠷᠦᠩᠬᠡᠶ ᠪᠠᠯᠠ ᠣᠷᠣᠭᠤᠯᠤᠯᠲᠠ ᠨᠢ 1230.8 ᠳ᠋ᠦᠩᠰᠢᠭᠤᠷ ᠲᠥᠭᠦᠷᠢᠭ ᠪᠠᠶᠢᠵᠤ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ᠂ | ᠳᠡᠭᠡᠳᠦ ᠲᠠᠰ ᠤᠨ ᠦᠢᠯᠡᠳᠬᠦ ᠦᠢᠯᠡᠰ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ | ᠬᠦᠷᠢᠶ᠎ᠡ ᠶᠢ ᠬᠠᠮᠤᠷᠪᠠ᠃ ᠡᠭᠦᠨ ᠤ ᠳᠣᠲᠣᠷ᠎ᠠ 269 ᠵᠦᠢᠯ ᠤᠨ ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂ | ᠶᠡᠷᠦᠩᠬᠡᠶ ᠪᠡᠯᠡ ᠣᠷᠣᠭᠤᠯᠤᠯᠲᠠ ᠨᠢ 800 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 471.2 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠡᠲᠡᠭᠡᠷ | ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠪᠠᠭᠲᠠᠭᠠᠮᠵᠢ ᠶᠡᠭᠡ᠂ ᠬᠥᠭᠵᠢᠯᠲᠡ ᠶᠢᠨ ᠢᠷᠡᠭᠡᠳᠦᠶ ᠰᠠᠶᠢᠨ᠂ | ᠳᠠᠶᠢᠴᠢᠯᠠᠬᠤ ᠦᠢᠯᠡᠳᠦᠯ ᠢᠶᠠᠷ ᠴᠢᠩᠭ᠎ᠠ ᠪᠠᠶᠢᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠬᠦ᠂ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠲᠦᠢᠯ ᠤᠨ ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠪᠠᠶᠢᠨ᠎ᠠ ᠭᠡᠪᠡ᠃ | ᠸᠠᠩ ᠸᠧᠨ ᠶᠢᠨ ᠪᠠᠶᠠᠷ ᠤᠨ ᠦᠭᠡ ᠬᠡᠯᠡᠬᠦ ᠳᠡᠭᠡᠨ᠂ ᠤᠯᠠᠭᠠᠨᠬᠠᠳᠠ ᠬᠤᠲᠠ ᠶᠢᠨ ᠡᠯ᠎ᠡ ᠬᠤᠯᠪᠣᠭᠳᠠᠯ ᠪᠦᠬᠦᠢ | ᠲᠠᠯ᠎ᠠ ᠶᠢᠨ ᠬᠢᠨ ᠤ ᠤᠷᠲᠤ ᠬᠤᠭᠤᠴᠠᠭᠠᠨ ᠤ ᠲᠤᠷᠰᠢ ᠵᠧᠩ ᠸᠧᠶ ᠶᠢᠨ ᠣᠯᠠᠨ ᠤᠯᠤᠰ ᠤᠨ ᠪᠦᠯᠦᠭᠯᠡᠯ ᠢ | ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠂ | ᠤᠯᠠᠭᠠᠨᠬᠠᠳᠠ ᠶᠢᠨ ᠰᠣᠶᠣᠯ ᠤᠨ ᠰᠠᠭᠤᠷᠢ ᠵᠤᠵᠠᠭᠠᠨ᠂ ᠣᠷᠴᠢᠨ ᠲᠣᠭᠤᠷᠢᠨ ᠭᠤᠶᠢᠳᠠ ᠰᠠᠶᠢᠬᠠᠨ᠂ ᠬᠥᠮᠦᠰ ᠤᠨ | ᠰᠡᠳᠬᠢᠯ ᠢ ᠳᠣᠭᠳᠣᠯᠤᠭᠤᠯᠤᠨ᠎ᠠ᠂ ᠢᠯᠠᠩᠭᠤᠶ᠎ᠠ ᠠᠳᠡᠬᠢ ᠡᠬᠢ ᠪᠠᠶᠠᠯᠢᠭ ᠡᠯᠪᠡᠭ᠂ ᠣᠷᠣᠨ ᠪᠠᠶᠢᠷᠢ ᠶᠢᠨ ᠳᠠᠪᠠᠭᠤᠯᠢᠭ | ᠢᠯᠡᠷᠬᠡᠢ᠂ ᠡᠵᠡᠩᠨᠡᠯᠲᠡ ᠶᠢᠨ ᠣᠷᠴᠢᠨ ᠲᠣᠭᠤᠷᠢᠨ ᠳᠠᠪᠠᠭᠤᠯᠢᠭ᠂ ᠠᠵᠤ ᠦᠢᠯᠡᠰ ᠤᠨ ᠲᠦᠷᠦᠯ ᠵᠦᠢᠯ ᠪᠦᠷᠢᠨ᠂ | ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠪᠡᠯᠡ ᠣᠷᠣᠭᠤᠯᠵᠤ ᠦᠢᠯᠡᠰ ᠪᠤᠰᠬᠠᠬᠤ ᠰᠠᠶᠢᠨ ᠭᠠᠵᠠᠷ | ᠪᠣᠯᠤᠨ᠎ᠠ᠃ ᠲᠦᠷᠦᠯ ᠵᠦᠢᠯ ᠢ ᠬᠦᠯᠢᠶᠡᠨ ᠠᠪᠴᠤ ᠶᠠᠷᠢᠯᠴᠠᠬᠤ ᠬᠤᠭᠤᠴᠠᠭᠠᠨ ᠳᠤ᠂ ᠤᠯᠠᠭᠠᠨᠬᠠᠳᠠ ᠶᠢᠨ | ᠤᠳᠤᠷᠢᠳᠬᠤ ᠺᠠᠳ᠋ᠷ ᠤᠨ ᠬᠥᠭᠵᠢᠯᠲᠡ ᠪᠠᠨ ᠲᠦᠷᠭᠡᠳᠬᠡᠬᠦ ᠡᠷᠡᠰ ᠵᠣᠷᠢᠭ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ ᠠᠵᠢᠯ ᠶᠠᠪᠤᠳᠠᠯ ᠬᠢᠬᠦ ᠰᠤᠷᠲᠠᠯ ᠨᠢ ᠬᠥᠮᠦᠰ ᠲᠤ ᠭᠦᠨ ᠰᠠᠭᠤᠭᠳᠠᠯ ᠥᠭᠴᠦ᠂ ᠤᠯᠠᠨ ᠤ ᠰᠡᠳᠬᠢᠯ ᠢ | ᠶᠡᠬᠡᠳᠡ ᠳᠤᠭᠳᠤᠯᠤᠭᠤᠯᠪᠠ᠃ ᠵᠧᠩ ᠸᠧᠢ ᠤᠯᠠᠨ ᠤᠯᠤᠰ ᠤᠨ ᠪᠦᠯᠦᠭᠯᠡᠯ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠲᠤᠬᠠᠢ ᠶᠢᠨ ᠵᠢᠯ ᠳᠤ ᠵᠢᠷᠤᠵᠤ ᠲᠥᠯᠥᠪᠯᠡᠬᠦ᠂ ᠲᠤᠬᠠᠢ ᠶᠢᠨ | ᠵᠢᠯ ᠳᠤ ᠠᠵᠢᠯ ᠡᠬᠢᠯᠡᠭᠦᠯᠬᠦ᠂ ᠲᠤᠬᠠᠢ ᠶᠢᠨ ᠵᠢᠯ ᠳᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ | ᠠᠵᠢᠯ ᠲᠦᠷᠦᠯ ᠢᠶᠠᠷ ᠣᠷᠦ᠋ᠢᠯᠠᠭᠰᠠᠨ᠂ ᠮᠡᠷᠭᠡᠵᠢᠯ ᠢᠶᠠᠷ ᠲᠡᠷᠢᠭᠦᠨ ᠤ᠂ ᠦᠢᠯᠡᠳᠬᠦᠨ ᠨᠢ ᠰᠢᠯᠭᠠᠷᠠᠭᠰᠠᠨ ᠰᠢᠨ᠎ᠡ ᠬᠡᠪ | ᠳᠠᠭᠤᠷᠢᠶᠠᠯ ᠪᠣᠯᠭᠠᠨ᠎ᠠ᠃ | ᠵᠢᠶᠠᠩ ᠼᠦᠩ ᠰᠦᠩᠱᠠᠨ ᠲᠣᠭᠤᠷᠢᠭ ᠤᠨ ᠲᠦᠷᠪᠡᠨ ᠪᠠᠭ ᠤᠨ ᠡᠮᠦᠨ᠎ᠡ ᠠᠴᠠ ᠠᠵᠢᠯ ᠡᠬᠢᠯᠡᠬᠦ ᠶᠣᠰᠣᠯᠠᠯ ᠳᠤ | ᠣᠷᠣᠯᠴᠠᠭᠰᠠᠨ ᠡᠯ᠎ᠡ ᠤᠳᠤᠷᠢᠳᠤᠯᠭ᠎ᠠ᠂ ᠵᠣᠴᠢᠳ ᠪᠣᠯᠤᠨ ᠠᠵᠤ ᠠᠬᠤᠶᠢᠯᠠᠯᠲᠠᠨ ᠤ ᠲᠥᠯᠥᠭᠡᠯᠡᠭᠴᠢᠳ ᠢ ᠴᠢᠩ | ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ︕ ᠲᠥᠪᠯᠡᠷᠡᠭᠦᠯᠦᠨ ᠠᠵᠢᠯ ᠡᠬᠢᠯᠡᠭᠦᠯᠦᠭᠰᠡᠨ | ᠲᠦᠷᠦᠯ ᠵᠦᠢᠯ ᠤᠨ ᠨᠢᠭᠡᠴᠡ ᠳᠤ ᠬᠠᠯᠠᠭᠤᠨ ᠪᠠᠶᠠᠷ ᠬᠦᠷᠭᠡᠪᠡ︕ ᠰᠦᠩᠱᠠᠨ ᠤ ᠬᠥᠭᠵᠢᠯᠲᠡ ᠶᠢ ᠬᠠᠯᠠᠮᠵᠢᠯᠠᠨ | ᠳᠡᠮᠵᠢᠭᠰᠡᠭᠡᠷ ᠢᠷᠡᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ︕ | ᠵᠢᠶᠠᠩ ᠼᠦᠩ᠂ ᠥᠨᠥᠳᠦᠷ ᠤᠨ ᠰᠦᠩᠱᠠᠨ ᠲᠣᠭᠤᠷᠢᠭ ᠤᠨ ᠲᠥᠪᠯᠡᠷᠡᠭᠦᠯᠦᠨ ᠡᠬᠢᠯᠡᠭᠦᠯᠦᠭᠰᠡᠨ 10 | ᠭᠤᠣᠯᠳᠠᠯᠭ᠎ᠠ ᠲᠠᠢ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 138 ᠳ᠋ᠦᠩᠰᠢᠭᠤᠷ ᠲᠥᠭᠦᠷᠢᠭ ᠲᠤ | ᠬᠦᠷᠴᠦ᠂ ᠲᠣᠨᠣᠭᠯᠠᠯ ᠦᠢᠯᠡᠳᠬᠦ᠂ ᠰᠢᠨ᠎ᠡ ᠮᠠᠲ᠋ᠧᠷᠢᠶᠠᠯ ᠵᠡᠷᠭᠡ ᠤᠯᠠᠨ ᠬᠦᠷᠢᠶ᠎ᠡ ᠶᠢ ᠬᠠᠮᠤᠷᠪᠠ᠃ ᠢᠯᠠᠩᠭᠤᠶ᠎ᠠ ᠵᠧᠩ | ᠸᠧᠢ ᠶᠢᠨ ᠵᠡᠰ ᠪᠣᠯᠪᠠᠰᠤᠷᠠᠭᠤᠯᠬᠤ ᠲᠦᠷᠦᠯ ᠵᠦᠢᠯ ᠢ ᠰᠦᠩᠱᠠᠨ ᠳᠤ ᠨᠠᠶᠢᠳᠠᠪᠤᠷᠢᠵᠢᠭᠤᠯᠤᠭᠰᠠᠨ ᠨᠢ ᠬᠠᠮᠤᠭ ᠤᠨ | ᠰᠢᠯᠢᠳᠡᠭ ᠵᠡᠰ ᠤᠨ ᠦᠢᠯᠡᠰ ᠤᠨ ᠡᠬᠢ ᠪᠠᠶᠠᠯᠢᠭ ᠪᠣᠯᠤᠨ ᠣᠷᠦ᠋ᠢᠯᠠᠭᠰᠠᠨ ᠮᠡᠷᠭᠡᠵᠢᠯ ᠤᠨ ᠬᠠᠮᠤᠭ ᠤᠨ ᠰᠢᠯᠢᠳᠡᠭ | ᠤᠶᠠᠯᠳᠤᠯ ᠪᠣᠯᠤᠨ᠎ᠠ᠂ ᠰᠦᠩᠱᠠᠨ ᠤ ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠬᠦᠴᠦᠲᠦ ᠲᠤᠯᠬᠤ | ᠴᠡᠭ ᠪᠣᠯᠤᠨ᠎ᠠ᠃ ᠰᠦᠩᠱᠠᠨ ᠲᠣᠭᠤᠷᠢᠭ ︽ᠬᠤᠳᠠᠯᠳᠤᠭ᠎ᠠ ᠶᠢ ᠬᠦᠨᠳᠦᠳᠬᠡᠵᠦ ᠬᠤᠳᠠᠯᠳᠤᠭ᠎ᠠ ᠶᠢ ᠳᠣᠲᠣᠨᠣᠴᠢᠯᠠᠬᠤ᠂ | ᠬᠤᠳᠠᠯᠳᠤᠭ᠎ᠠ ᠶᠢ ᠠᠮᠤᠷᠵᠢᠭᠤᠯᠵᠤ ᠬᠤᠳᠠᠯᠳᠤᠭ᠎ᠠ ᠶᠢ ᠬᠠᠮᠠᠭᠠᠯᠠᠬᠤ︾ ᠬᠥᠭᠵᠢᠯᠲᠡ ᠶᠢᠨ ᠤᠢᠢᠯᠠᠭᠠᠭᠳᠠᠬᠤᠨ ᠢ | ᠢᠮᠠᠭᠲᠠ ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ | ᠬᠥᠭᠵᠢᠯᠲᠡ ᠳᠤ ᠬᠠᠮᠤᠭ ᠤᠨ ᠰᠢᠯᠢᠳᠡᠭ᠂ ᠬᠠᠮᠤᠭ ᠤᠨ ᠳᠥᠭᠦᠮ ᠳᠥᠲᠡ᠂ ᠬᠠᠮᠤᠭ ᠤᠨ ᠪᠣᠳᠠᠲᠠᠢ ᠦᠢᠯᠡᠴᠢᠯᠡᠭᠡ | ᠬᠠᠩᠭᠠᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠨ᠎ᠠ᠃ ᠡᠭᠦᠨ ᠤ ᠬᠠᠮᠲᠤ᠂ ᠲᠦᠷᠦᠯ ᠵᠦᠢᠯ ᠤᠨ | ᠨᠢᠭᠡᠴᠡ ᠶᠢᠨ ᠬᠢᠨ ᠪᠦᠳᠦᠭᠡᠨ ᠪᠠᠶᠢᠭᠤᠯᠤᠯᠲᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠵᠤ᠂ ᠡᠷᠲᠡᠬᠡᠨ | ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠶᠢ ᠬᠦᠰᠡᠵᠦ ᠪᠠᠶᠢᠨ᠎ᠠ ᠭᠡᠪᠡ᠃ | ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠨᠥᠬᠦᠳ᠂ ᠡᠯ᠎ᠡ ᠬᠤᠰᠢᠭᠤ ᠰᠢᠶᠠᠨ ᠤ ᠬᠤᠪᠢᠶᠠᠷᠢ ᠬᠠᠮᠢᠶᠠᠷᠤᠯᠲᠠ ᠶᠢᠨ ᠬᠠᠷᠢᠭᠤᠴᠠᠯᠭᠠᠲᠠᠨ ᠨᠥᠬᠦᠳ ᠵᠢᠴᠢ ᠬᠡᠰᠡᠭ | ᠠᠵᠤ ᠠᠬᠤᠶᠢᠯᠠᠯᠲᠠᠨ ᠤ ᠲᠥᠯᠥᠭᠡᠯᠡᠭᠴᠢ ᠶᠣᠰᠣᠯᠠᠯ ᠳᠤ ᠣᠷᠣᠯᠴᠠᠪᠠ᠃ | ᠣᠶᠢᠯᠠᠭᠠᠭᠰᠠᠨ ᠢᠶᠠᠷ᠂ ᠵᠧᠩ ᠸᠧᠶ ᠶᠢᠨ ᠵᠡᠰ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ | ᠵᠦᠢᠯ ᠨᠢ ᠠᠩᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠵᠤ᠂ ᠲᠥᠯᠥᠪᠯᠡᠭᠡ ᠪᠠᠷ | ᠨᠡᠶᠢᠲᠡ 100 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 1000 ᠮᠥ ᠭᠠᠵᠠᠷ ᠡᠵᠡᠯᠡᠨ᠎ᠡ᠃ ᠡᠭᠦᠨ ᠳᠤ᠂ | ᠨᠢᠭᠡᠳᠦᠭᠡᠷ ᠬᠤᠭᠤᠴᠠᠭᠠᠨ ᠳᠤ ᠪᠠᠷᠤᠭ 570 ᠮᠥ ᠭᠠᠵᠠᠷ ᠡᠵᠡᠯᠡᠵᠦ᠂ ᠪᠠᠷᠤᠭ 70 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠵᠤ᠂ ᠵᠢᠯ ᠳᠤ 25 ᠲᠦᠮᠡᠨ ᠲᠣᠨ ᠵᠡᠰ ᠪᠠᠭᠠᠨ᠎ᠠ 10 ᠲᠦᠮᠡᠨ ᠲᠣᠨ ᠵᠡᠰ ᠤᠲᠠᠰᠤᠨ ᠤ ᠲᠥᠷᠥᠯ | ᠵᠦᠢᠯ᠂ ᠵᠢᠯ ᠳᠤ 3 ᠲᠦᠮᠡᠨ ᠲᠣᠨ ᠵᠡᠰ ᠰᠠᠪᠬ᠎ᠠ ᠶᠢᠨ ᠲᠥᠷᠥᠯ ᠵᠦᠢᠯ᠂ ᠵᠢᠯ ᠳᠤ 3 ᠲᠦᠮᠡᠨ ᠲᠣᠨ ᠵᠡᠰ | ᠴᠠᠭᠠᠰᠤ ᠦᠢᠯᠡᠳᠪᠦᠷᠢᠯᠡᠬᠦ ᠲᠥᠷᠥᠯ ᠵᠦᠢᠯ ᠢ ᠪᠥᠲᠥᠭᠡᠨ ᠪᠠᠶᠢᠭᠤᠯᠤᠨ᠎ᠠ︔ ᠬᠤᠶᠠᠳᠤᠭᠠᠷ ᠬᠤᠭᠤᠴᠠᠭᠠᠨ ᠳᠤ 30 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠪᠠᠷᠤᠭ 430 ᠮᠥ ᠭᠠᠵᠠᠷ ᠬᠡᠷᠡᠭᠯᠡᠵᠦ᠂ ᠵᠢᠯ ᠳᠤ 8 ᠲᠦᠮᠡᠨ | ᠺᠢᠯᠣᠮᠧᠲᠷ ᠤᠨ ᠬᠤᠯᠤᠭᠠᠨ᠎ᠠ ᠬᠢᠵᠢᠭ ᠢ ᠰᠡᠷᠭᠡᠶᠢᠯᠡᠬᠦ ᠴᠠᠬᠢᠯᠭᠠᠨ ᠳᠡᠭᠡᠰᠦᠨ ᠤ ᠲᠥᠷᠥᠯ ᠵᠦᠢᠯ᠂ ᠵᠢᠯ ᠳᠤ ᠲᠦᠮᠡᠨ | ᠲᠣᠨ ᠤ ᠲᠠᠰ ᠤᠨ ᠨᠠᠷᠢᠯᠢᠭ ᠤᠲᠠᠰᠤ ᠳᠡᠭᠡᠰᠦ᠂ ᠨᠠᠨᠤᠮᠤᠲᠷ ᠤᠨ ᠵᠡᠰ ᠤᠨ ᠨᠤᠨᠲᠠᠭ ᠵᠢᠴᠢ ᠦᠢᠯᠡᠳᠬᠦᠨ᠂ | ᠨᠤᠭᠤᠷᠠᠮᠠᠬᠠᠢ ᠵᠡᠰ ᠬᠠᠪᠲᠠᠰᠤ᠂ FPC ᠵᠡᠷᠭᠡ ᠲᠥᠷᠥᠯ ᠵᠦᠢᠯ ᠢ ᠪᠥᠲᠥᠭᠡᠨ ᠪᠠᠶᠢᠭᠤᠯᠤᠨ᠎ᠠ᠃ | ᠵᠧᠩ ᠸᠧᠢ ᠤᠯᠠᠨ ᠤᠯᠤᠰ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠲᠤᠪᠴᠢᠶ᠎ᠠ ᠶᠢᠨ ᠲᠡᠷᠢᠭᠦᠯᠡᠭᠴᠢ | ᠸᠠᠩ ᠸᠧᠨ ᠶᠢᠨ᠄ ︽ᠮᠠᠨ ᠤ ᠡᠨᠡ ᠤᠳᠠᠭ᠎ᠠ ᠤᠯᠠᠭᠠᠨᠬᠠᠳᠠ ᠳᠤ ᠣᠷᠣᠭᠤᠯᠤᠭᠰᠠᠨ ᠪᠡᠯᠡ ᠮᠥᠩᠭᠦ ᠨᠡᠯᠢᠶᠡᠳ ᠶᠡᠭᠡ᠂ | ᠲᠡᠮᠦᠷᠯᠢᠭ ᠮᠠᠲ᠋ᠧᠷᠢᠶᠠᠯ ᠤᠨ ᠪᠦᠬᠦ᠋ᠢᠯᠡ ᠠᠵᠤ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠲᠠᠢ | ᠬᠤᠯᠪᠣᠭᠳᠠᠨ᠎ᠠ᠂ ᠡᠨᠡᠬᠦ ᠲᠦᠷᠦᠯ ᠵᠦᠢᠯ ᠨᠢ ᠵᠡᠰ ᠢ ᠨᠠᠷᠢᠯᠢᠭ ᠪᠣᠯᠪᠠᠰᠤᠷᠠᠭᠤᠯᠬᠤ ᠰᠤᠨᠤᠮᠠᠯ ᠬᠡᠯᠬᠢᠶ᠎ᠡ ᠶᠢ ᠬᠢᠬᠦ ᠠᠴᠠ | ᠭᠠᠳᠠᠨ᠎ᠠ ᠪᠠᠰᠠ ᠣᠨᠴᠠ ᠳᠡᠭᠡᠰᠦ᠂ ᠬᠤᠯᠪᠤᠭᠠᠰᠤ ᠶᠢ ᠬᠢᠵᠦ᠂ ᠢᠷᠡᠭᠡᠳᠦᠢ ᠳᠤ ᠪᠠᠰᠠ ᠲᠠᠩ ᠲᠠᠯᠠᠰᠲᠤ | ᠨᠠᠨᠤᠮᠤᠲᠷ ᠤᠨ ᠵᠡᠰ ᠤᠨ ᠨᠤᠨᠲᠠᠭ ᠢ ᠬᠢᠬᠦ ᠪᠣᠯᠤᠨ᠎ᠠ᠃ ᠵᠡᠰ ᠪᠣᠯ ᠲᠣᠨ ᠪᠦᠷᠢ ᠳᠡᠭᠡᠨ ᠬᠡᠳᠦᠨ ᠲᠦᠮᠡᠨ ᠲᠥᠭᠦᠷᠢᠭ | ᠪᠣᠯᠤᠨ᠎ᠠ᠂ ᠪᠢᠳᠠ ᠵᠡᠰ ᠢ ᠲᠣᠨ ᠪᠦᠷᠢ ᠳᠡᠭᠡᠨ ᠬᠡᠳᠦᠨ ᠲᠦᠮᠡᠨ ᠲᠥᠭᠦᠷᠢᠭ ᠪᠠᠶᠢᠭᠰᠠᠨ ᠠᠴᠠ ᠨᠢ ᠲᠣᠨ | ᠪᠦᠷᠢ ᠳᠡᠭᠡᠨ ᠬᠡᠳᠦᠨ ᠠᠷᠪᠠᠨ ᠲᠦᠮᠡ᠂ ᠬᠡᠳᠦᠨ ᠵᠠᠭᠤᠨ ᠲᠦᠮᠡᠨ ᠲᠣᠨ᠂ ᠬᠡᠳᠦᠨ ᠮᠢᠩᠭᠠᠨ ᠲᠦᠮᠡᠨ ᠲᠦᠭᠦᠷᠢᠭ | ᠪᠣᠯᠭᠠᠨ᠎ᠠ᠂ ᠡᠨᠡ ᠨᠢ ᠲᠡᠭᠦᠨ ᠤ ᠨᠡᠮᠡᠯᠲᠡ ᠦᠷᠳᠡᠭ ᠢ ᠲᠠᠰᠤᠷᠠᠯᠳᠠ ᠦᠭᠡᠢ ᠤᠷᠲᠤᠳᠬᠠᠬᠤ ᠶᠢᠨ ᠲᠥᠯᠥᠭᠡ ᠶᠤᠮ︾ | ᠭᠡᠪᠡ᠃ | ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ | ᠳᠠᠷᠤᠭ᠎ᠠ ᠵᠦᠩ ᠴᠢᠩ ᠰᠦᠩ ᠬᠡᠯᠡᠬᠦ ᠳᠡᠭᠡᠨ᠄ ︽ᠵᠧᠩ ᠸᠧᠢ ᠤᠯᠠᠨ ᠤᠯᠤᠰ ᠤᠨ ᠪᠦᠯᠦᠭᠯᠡᠯ ᠪᠣᠯ ᠰᠢᠨ᠎ᠡ ᠨᠢᠭᠡ | ᠦᠶ᠎ᠡ ᠶᠢᠨ ᠡᠯᠧᠺᠲᠷᠣᠨ ᠮᠡᠳᠡᠭᠡ ᠵᠠᠩᠭᠢ ᠪᠣᠯᠤᠨ ᠰᠢᠨ᠎ᠡ ᠮᠠᠲ᠋ᠧᠷᠢᠶᠠᠯ ᠤᠨ ᠪᠦᠷᠢᠨ ᠪᠦᠲᠦᠨ ᠠᠵᠤ ᠦᠢᠯᠡᠰ ᠤᠨ | ᠬᠡᠯᠬᠢᠶ᠎ᠡ ᠪᠠᠷ ᠭᠤᠣᠯ ᠪᠣᠯᠭᠠᠭᠰᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠪᠦᠯᠦᠭᠯᠡᠯ | ᠪᠣᠯᠤᠨ᠎ᠠ᠂ ᠵᠧᠩ ᠸᠧᠢ ᠤᠯᠠᠭᠠᠨᠬᠠᠳᠠ ᠶᠢᠨ ᠲᠡᠮᠦᠷᠯᠢᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠬᠦᠷᠢᠶᠡᠯᠡᠩ ᠤᠨ ᠲᠦᠷᠦᠯ ᠵᠦᠢᠯ ᠪᠦᠬᠦ ᠲᠠᠯ᠎ᠠ ᠪᠠᠷ ᠦᠢᠯᠡᠳᠪᠦᠷᠢᠯᠡᠯ ᠳᠤ ᠤᠷᠤᠭᠰᠠᠨ ᠤ ᠳᠠᠷᠠᠭ᠎ᠠ᠂ ᠵᠢᠯ ᠤᠨ | ᠦᠢᠯᠡᠳᠬᠦᠨ ᠤ ᠦᠷᠳᠡᠭ ᠢ 250 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2000 ᠭᠠᠷᠤᠢ ᠬᠥᠮᠦᠨ ᠳᠤ ᠠᠵᠢᠯ | ᠣᠯᠭᠤᠵᠤ᠂ ᠮᠠᠨ ᠤ ᠲᠣᠭᠤᠷᠢᠭ ᠤᠨ ᠤᠯᠠᠮᠵᠢᠯᠠᠯᠲᠤ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠶᠡᠬᠡᠪᠡᠷ ᠠᠬᠢᠭᠤᠯᠵᠤ ᠴᠢᠳᠠᠨ᠎ᠠ | ᠃ ᠠᠳᠡ ᠪᠠᠰᠠ ᠠᠵᠤ ᠠᠬᠤᠶᠢᠯᠠᠯᠲᠠᠳ᠂ ᠨᠠᠶᠢᠵᠠ ᠨᠠᠷ ᠢ ᠤᠷᠢᠵᠤ ᠰᠦᠩᠱᠠᠨ ᠢ ᠬᠠᠯᠠᠮᠵᠢᠯᠠᠨ᠂ ᠰᠦᠩᠱᠠᠨ ᠢ | ᠤᠬᠠᠭᠤᠯᠵᠤ᠂ ᠰᠦᠩᠱᠠᠨ ᠢ ᠲᠠᠨᠢᠯᠴᠠᠭᠤᠯᠵᠤ᠂ ᠰᠦᠩᠱᠠᠨ ᠳᠤ ᠪᠡᠯᠡ ᠣᠷᠣᠭᠤᠯᠤᠨ ᠠᠵᠤ ᠦᠢᠯᠡᠰ ᠢᠶᠠᠨ | ᠬᠥᠭᠵᠢᠭᠦᠯᠵᠦ᠂ ᠭᠡᠷᠡᠯ ᠰᠠᠴᠤᠷᠠᠩᠭᠤᠶ ᠦᠢᠯᠡᠰ ᠢ ᠪᠢᠴᠢᠭᠯᠡᠬᠦ ᠶᠢ ᠬᠦᠰᠡᠶ᠎ᠡ︾ ᠭᠡᠪᠡ᠃ |