2023 ᠣᠨ ᠤ 1—2 ᠳ᠋ᠤᠭᠠᠷ ᠰᠠᠷ᠎ᠠ ᠶᠢᠨ ᠰᠦᠩᠱᠠᠨ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠣᠳᠣᠬᠢ ᠪᠠᠶᠢᠳᠠᠯ
ᠨᠡᠶᠢᠲᠡᠯᠡᠭᠰᠡᠨ ᠴᠠᠭ᠄
2023/3/27
      ᠨᠢᠭᠡ᠂ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ᠃ 2023 ᠣᠨ ᠤ 1 — 2 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 2.2% ᠪᠠᠭᠤᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ 9.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.7% ᠪᠠᠷ ᠨᠡᠮᠡᠭᠳᠡᠪᠡ᠃ ᠠᠵᠤ ᠠᠬᠤᠶ ᠶᠢᠨ ᠲᠦᠷᠦᠯ ᠵᠦᠢᠯ ᠢᠶᠠᠷ ᠨᠢ ᠠᠪᠴᠤ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ 14.8% ᠪᠠᠷ ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 20.7% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 15.8% ᠪᠠᠷ ᠪᠠᠭᠤᠷᠠᠪᠠ᠃       ᠬᠤᠶᠠᠷ᠂ ᠲᠣᠭᠲᠠᠮᠠᠯ ᠭᠦᠷᠤᠩᠭᠡ ᠶᠢᠨ ᠪᠡᠯᠡ ᠣᠷᠣᠭᠤᠯᠤᠯᠲᠠ᠃ 2023 ᠣᠨ ᠤ 1 — 2 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11.4% ᠨᠡᠮᠡᠭᠳᠡᠪᠡ᠃ ᠲᠥᠷᠥᠯ ᠵᠦᠢᠯ ᠠᠴᠠ ᠦᠵᠡᠪᠡᠯ᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 144.6% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 12% ᠢ ᠡᠵᠡᠯᠡᠪᠡ︔ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 88% ᠶᠢ ᠡᠵᠡᠯᠡᠪᠡ᠃       ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠃ 2023 ᠣᠨ ᠤ 1 — 2 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 6% ᠨᠡᠮᠡᠭᠳᠡᠪᠡ᠃ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 12% ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号