ᠯᠦᠸᠧ ᡁᠢ ᠬᠤ᠋ ᠰᠦᠩᠱᠠᠨ ᠲᠣᠭᠤᠷᠢᠭ ᠲᠤ ᠢᠷᠡᠵᠦ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/28
      3 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠦᠸᠧ ᡁᠢ ᠬᠤ᠋ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠪᠡ᠂ ᠬᠤᠲᠠ᠂ ᠲᠣᠭᠤᠷᠢᠭ ᠤᠨ ᠤᠳᠤᠷᠢᠳᠤᠯᠭ᠎ᠠ ᠰᠣᠶᠤᠯᠴᠡᠴᠡᠭ᠂ ᠪᠠᠶ ᠬᠤᠩ ᠪᠥᠸᠧ᠂ ᠵᠢᠶᠠᠩ ᠼᠦᠩ᠂ ᠴᠢᠨ ᠢᠦᠶ ᠬᠤᠤ᠂ ᠸᠠᠩ ᠹᠧᠩ ᠵᠢᠶᠦ᠋ᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠯᠦᠸᠧ ᡁᠢ ᠬᠤ᠋ ᠨᠠᠷ ᠤᠷᠢᠳ ᠬᠤᠵᠢᠳ ᠴᠢᠤᠸᠠᠨ ᠨᠢᠩ ᠵᠡᠭᠡᠯᠢ ᠭᠤᠳᠤᠮᠵᠢ ᠶᠢᠨ ᠴᠢᠨ ᠱᠦᠢ ᠸᠠᠨ ᠨᠡᠶᠢᠭᠡᠮ ᠲᠣᠭᠤᠷᠢᠭ᠂ ᠴᠢᠤᠸᠠᠨ ᠨᠢᠩ ᠵᠡᠭᠡᠯᠢ ᠭᠤᠳᠤᠮᠵᠢ ᠶᠢᠨ ᠨᠡᠶᠢᠭᠡᠮ ᠤᠨ ᠵᠠᠰᠠᠯᠲᠠ ︵ᠶᠡᠷᠦᠩᠬᠡᠶᠢᠯᠡᠨ ᠵᠠᠰᠠᠬᠤ︶ ᠶᠢᠨ ᠲᠥᠪ᠂ ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠮᠦ ᠵᠢᠶᠠ ᠶᠢᠩᠽᠢ ᠲᠣᠮᠢᠯᠠᠭᠰᠠᠨ ᠰᠠᠯᠪᠤᠷᠢ᠂ ᠰᠦᠩᠵᠧᠦ ᠵᠡᠭᠡᠯᠢ ᠭᠤᠳᠤᠮᠵᠢ ᠶᠢᠨ ᠶᠤᠸᠠᠢ ᠵᠢᠶᠦ᠋ᠨ ᠨᠡᠶᠢᠭᠡᠮ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠲᠠᠰᠤᠭ᠂ ᠬᠢᠩᠭᠠᠨ ᠵᠡᠭᠡᠯᠢ ᠭᠤᠳᠤᠮᠵᠢ ᠶᠢᠨ ᠯᠢᠨ ᠬᠤᠸᠠᠩ ᠵᠢᠶᠠ ᠶᠤᠸᠠᠨ ᠨᠡᠶᠢᠭᠡᠮ ᠲᠣᠭᠤᠷᠢᠭ ᠲᠤ ᠬᠦᠷᠴᠦ᠂ ︽ᠦᠨᠳᠦᠰᠦᠨ ᠱᠠᠲᠤᠨ ᠤ ᠰᠠᠭᠤᠷᠢ ᠠᠵᠢᠯ ᠢ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ᠵᠥᠪᠯᠡᠬᠦ ᠰᠡᠳᠦᠪ ᠤᠨ ᠲᠤᠬᠠᠶ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠦᠨᠳᠦᠰᠦᠨ ᠱᠠᠲᠤᠨ ᠤ ᠠᠵᠢᠯᠳᠠᠨ ᠲᠠᠢ ᠭᠦᠨᠵᠡᠭᠡᠶ ᠰᠣᠯᠢᠯᠴᠠᠪᠠ᠃      ᠣᠶᠢᠷ᠎ᠠ ᠶᠢᠨ ᠵᠢᠯ ᠳᠤ᠂ ᠰᠦᠩᠱᠠᠨ ᠲᠣᠭᠤᠷᠢᠭ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠢ ᠬᠦᠳᠦᠯᠦᠨ ᠳᠠᠭᠠᠭᠤᠯᠬᠤ ᠪᠠᠷ ᠬᠦᠴᠦᠯᠡᠵᠦ᠂ ᠲᠣᠣᠷᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠳᠠᠰᠤᠷᠠᠯᠳᠠ ᠦᠬᠡᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠲᠤᠯᠭᠠᠭᠤᠷᠢᠯᠠᠯ ᠢ ᠴᠢᠩᠭᠠᠳᠬᠠᠬᠤ ᠶᠢ ᠴᠢᠬᠤᠯᠠᠴᠢᠯᠠᠵᠤ᠂ ᠶᠡᠭᠡ ᠡᠶᠡᠳᠡᠭᠦᠯᠭᠡ ᠶᠢᠨ ᠠᠵᠢᠯ ᠤᠨ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠤᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠢᠯᠡᠳᠦᠯᠭᠡ ᠶᠢᠨ ᠳᠤᠮᠳᠠ ︽1455+N︾ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠵᠠᠭᠪᠤᠷ ᠢ ᠠᠭᠠᠵᠢᠮ ᠢᠶᠠᠷ ᠳ᠋ᠦᠩᠨᠡᠵᠦ᠂ ᠰᠦᠩᠱᠠᠨ ᠤ ᠣᠨᠴᠠᠯᠢᠭ ᠲᠠᠢ ︽ᠬᠠᠮᠲᠤᠪᠠᠷ ᠪᠠᠶᠢᠭᠤᠯᠬᠤ᠂ ᠬᠠᠮᠲᠤᠪᠠᠷ ᠵᠠᠰᠠᠬᠤ᠂ ᠬᠠᠮᠲᠤᠪᠠᠷ ᠡᠳ᠋ᠯᠡᠬᠦ︾ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号