︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠢᠷᠢᠰ ᠰᠤᠷᠪᠤᠯᠵᠢᠯᠠᠭ᠎ᠠ᠄ ᠰᠦᠩᠱᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠄ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠢ ᠴᠢᠩᠭᠠᠳᠬᠠᠵᠤ ᠣᠯᠠᠨ ᠨᠡᠶᠢᠲᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/3/28
      ᠡᠨᠡ ᠵᠢᠯ ᠤᠨ ᠰᠦᠩᠱᠠᠨ ᠲᠣᠭᠤᠷᠢᠭ ᠤᠨ ︽ᠬᠤᠶᠠᠷ ᠬᠤᠷᠠᠯ︾ ᠨᠢ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠶᠡᠷᠦᠩᠬᠡᠶ ᠪᠠᠶᠢᠷᠢᠯᠠᠭᠤᠯᠤᠯᠲᠠ ᠬᠢᠪᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠬᠡᠷᠬᠢᠨ ᠦᠨᠡᠨ ᠪᠣᠳᠠᠲᠠᠶ ᠵᠠᠮ ᠱᠤᠭᠤᠮ ᠤᠨ ᠵᠢᠷᠤᠭ ᠪᠣᠯᠭᠠᠵᠤ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠳᠤ ᠨᠠᠶᠢᠳᠠᠪᠤᠷᠢᠵᠢᠭᠤᠯᠤᠨ ᠪᠠᠶᠢᠷᠢᠰᠢᠭᠤᠯᠵᠤ ᠪᠠᠶᠢᠬᠤ ᠪᠤᠯ︖ ᠥᠨᠥᠳᠦᠷ ᠤᠨ ︽ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ︾ ᠰᠢᠷᠢᠰ ᠰᠤᠷᠪᠤᠯᠵᠢᠯᠠᠭ᠎ᠠ ᠳᠤ᠂ ᠪᠢᠳᠡ ᠰᠦᠩᠱᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠤᠯᠤᠰ ᠲᠥᠷᠥ ᠶᠢᠨ ᠵᠢᠭᠠᠨ ᠵᠢᠯᠣᠭᠤᠳᠣᠭᠴᠢ ᡁᠢ ᠰᠢᠶᠤᠤ ᠯᠦᠩ ᠢ ᠲᠤᠰᠬᠠᠶᠢᠯᠠᠨ ᠰᠤᠷᠪᠤᠯᠵᠢᠯᠠᠪᠠ᠃      ᠬᠥᠲᠥᠯᠥᠭᠴᠢ ᠵᠢᠶᠠ ᠢ ᠳ᠋ᠦᠩ᠄ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠥᠬᠦ ᠲᠣᠭᠤᠷᠢᠭ ᠤᠨ ᠠᠷᠠᠳ ᠲᠦᠮᠡᠨ ᠳᠤ ᠨᠢᠭᠡ ᠬᠤᠪᠢ ᠮᠠᠰᠢ ᠰᠠᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠭᠡᠵᠦ ᠬᠡᠯᠡᠵᠦ ᠪᠣᠯᠤᠨ᠎ᠠ᠃ ᠥᠩᠭᠡᠷᠡᠭᠰᠡᠨ ᠨᠢᠭᠡ ᠵᠢᠯ ᠳᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠰᠦᠩᠱᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ 2022 ᠣᠨ ᠳᠤ ᠶᠠᠮᠠᠷ ᠶᠠᠮᠠᠷ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠪᠣᠶ       ᠰᠦᠩᠱᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠤᠯᠤᠰ ᠲᠦᠷᠦ ᠶᠢᠨ ᠵᠢᠭᠠᠨ ᠵᠢᠯᠤᠭᠤᠳᠤᠬᠴᠢ ᡁᠢ ᠰᠢᠶᠤᠤ ᠯᠦᠩ᠄ 2022 ᠣᠨ ᠳᠤ᠂ ᠰᠦᠩᠱᠠᠨ ᠲᠣᠭᠤᠷᠢᠭ ᠤᠨ ᠭᠠᠯ ᠤᠨᠲᠠᠷᠭᠠᠵᠤ ᠠᠪᠤᠷᠠᠨ ᠲᠤᠰᠠᠯᠠᠬᠤ ᠶᠡᠭᠡ ᠠᠩᠭᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠦᠩᠱᠠᠨ ᠲᠣᠭᠤᠷᠢᠭ ᠤᠨ ᠠᠵᠤ ᠠᠬᠤᠶ᠂ ᠨᠡᠶᠢᠭᠡᠮ ᠪᠣᠯᠤᠨ ᠬᠥᠮᠦᠨ ᠰᠣᠶᠣᠯ ᠤᠨ ᠣᠷᠴᠢᠨ ᠲᠣᠭᠤᠷᠢᠨ ᠢ ᠣᠨᠣᠪᠴᠢᠲᠠᠶ ᠡᠵᠡᠮᠰᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠮ ᠤᠨ ᠪᠠᠶᠢᠭᠤᠯᠤᠯᠲᠠ ᠶᠢ ᠠᠳᠬᠤᠨ ᠠᠩᠭᠢ ᠳᠠᠭᠠᠭᠤᠯᠤᠨ ᠪᠠᠶᠢᠭᠤᠯᠬᠤ ᠶᠢ ᠠᠳᠬᠤᠵᠤ᠂ ᠰᠡᠷᠭᠡᠶᠢᠯᠡᠯᠲᠡ ᠶᠢ ᠠᠳᠬᠤᠨ ᠠᠮᠤᠷ ᠲᠦᠪᠰᠢᠨ ᠢ ᠪᠠᠲᠤᠯᠠᠵᠤ᠂ ᠪᠣᠳᠠᠲᠤ ᠳᠠᠶᠢᠨ ᠢ ᠠᠳᠬᠤᠨ ᠢᠯᠠᠯᠲᠠ ᠤᠯᠬᠤ ᠶᠢ ᠰᠦᠪᠡᠭᠴᠢᠯᠡᠵᠦ᠂ ᠦᠨᠳᠦᠰᠦᠨ ᠱᠠᠲᠤ ᠶᠢ ᠠᠳᠬᠤᠨ ᠰᠠᠭᠤᠷᠢ ᠶᠢ ᠲᠠᠯᠪᠢᠵᠤ᠂ ᠰᠤᠷᠲᠠᠯ ᠢ ᠠᠳᠬᠤᠨ ᠳᠦᠷᠢ ᠲᠥᠷᠬᠦ ᠶᠢ ᠪᠤᠢ ᠪᠣᠯᠭᠠᠵᠤ ᠂ ᠰᠢᠨ᠎ᠡ ᠶᠢ ᠡᠭᠦᠳᠬᠦ ᠶᠢ ᠠᠳᠬᠤᠨ ᠡᠮᠦᠨ᠎ᠡ ᠡᠩᠨᠡᠭᠡᠨ ᠳᠤ ᠶᠠᠪᠤᠬᠤ ᠶᠢ ᠠᠳᠬᠤᠪᠠ᠃ ᠭᠠᠯ ᠤᠨᠲᠠᠷᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠬᠢᠴᠠ ᠶᠢ ᠳᠠᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠢᠷ ᠢ ᠰᠦᠷᠦᠨ ᠤᠷᠤᠭᠰᠢᠯᠠᠵᠤ᠂ ᠡᠩᠨᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠶ ᠳᠡᠭᠡᠭᠰᠢᠯᠡᠭᠦᠯᠦᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠦᠨ᠂ ᠨᠡᠶᠢᠭᠡᠮ ᠤᠨ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠬᠤᠲᠠ ᠬᠥᠳᠡᠭᠡ ᠶᠢᠨ ᠭᠠᠯ ᠤᠨ ᠭᠠᠮᠰᠢᠭ ᠢ ᠡᠰᠡᠷᠭᠦᠴᠡᠬᠦ ᠪᠦᠬᠦᠯᠢ ᠴᠣᠭᠴᠠ ᠶᠢᠨ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠵᠦ ᠂ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠦᠩᠱᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠡ︾ ᠪᠠ ︽ᠥᠪᠡᠷᠲᠡᠭᠡᠨ ᠵᠠᠰᠠᠬᠤ ᠣᠷᠣᠨ ᠤ ᠲᠠᠰ ᠤᠨ ᠵᠠᠯᠠᠭᠤᠴᠤᠳ ᠤᠨ ᠪᠣᠯᠪᠠᠰᠤᠨ ᠬᠠᠮᠲᠤ ᠨᠡᠶᠢᠲᠡ︾ ᠭᠡᠵᠦ ᠬᠥᠬᠢᠭᠦᠯᠦᠨ ᠰᠠᠶᠢᠰᠢᠶᠠᠭᠳᠠᠭᠰᠠᠨ ᠤ ᠬᠠᠮᠲᠤ᠂ ᠣᠨ ᠤ ᠬᠢᠨᠠᠨ ᠰᠢᠯᠭᠠᠯᠲᠠ ᠳᠤ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠶᠡᠷᠦᠩᠬᠡᠶ ᠠᠩᠭᠢ ᠳᠤ ︽ᠲᠡᠷᠢᠭᠦᠨ ᠤ ᠶᠡᠭᠡ ᠠᠩᠭᠢ︾ ᠪᠠᠷ ᠦᠨᠡᠯᠡᠭᠳᠡᠪᠡ᠃      ᠬᠥᠲᠥᠯᠥᠭᠴᠢ ᠵᠢᠶᠠ ᠢ ᠳ᠋ᠦᠩ᠄ 2022 ᠣᠨ ᠳᠤ᠂ ᠰᠦᠩᠱᠠᠨ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠡᠩᠨᠡᠭᠡᠨ ᠤ ᠪᠠᠶᠢᠭᠤᠯᠤᠯᠲᠠ ᠪᠣᠯᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠢᠯᠡᠰ  ᠤᠨ ᠬᠥᠭᠵᠢᠯᠲᠡ ᠵᠡᠷᠭᠡ ᠲᠠᠯ᠎ᠠ ᠪᠠᠷ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠲᠠᠷᠠᠭᠠᠴᠢ ᠶᠢᠨ ᠠᠯᠬᠤᠮ ᠳᠤ᠂ ᠰᠦᠩᠱᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ 2023 ᠣᠨ ᠤ ᠠᠵᠢᠯ ᠤᠨ ᠲᠣᠬᠢᠷᠠᠭᠤᠯᠤᠯᠲᠠ ᠳᠠᠭᠠᠨ ᠠᠯᠢ ᠬᠡᠳᠦᠨ ᠵᠦᠶ᠋ᠯ ᠤᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠬᠤ ᠪᠣᠶ︖      ᠰᠦᠩᠱᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠤᠯᠤᠰ ᠲᠦᠷᠦ ᠶᠢᠨ ᠵᠢᠭᠠᠨ ᠵᠢᠯᠤᠭᠤᠳᠤᠬᠴᠢ ᡁᠢ ᠰᠢᠶᠤᠤ ᠯᠦᠩ᠄ ᠭᠠᠯ ᠤᠨᠲᠠᠷᠠᠭᠠᠬᠤ ᠠᠮᠤᠷ ᠲᠦᠪᠰᠢᠨ ᠨᠢ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠦᠨᠳᠦᠰᠦᠨ ᠱᠠᠲᠤᠨ ᠤ ᠭᠠᠯ ᠰᠡᠷᠭᠡᠶᠢᠯᠡᠬᠦ ᠠᠵᠢᠯ ᠤᠨ ᠠᠮᠤᠷ ᠲᠦᠪᠰᠢᠨ ᠢ ᠣᠨᠴᠠᠭᠠᠶᠢᠯᠠᠨ ᠠᠩᠬᠠᠷᠤᠭᠤᠰᠢᠲᠠᠶ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠨ ᠪᠣᠯᠤᠭᠰᠠᠨ ᠤ ᠬᠤᠪᠢ ᠳᠤ ᠪᠢᠳᠡ ᠵᠠᠪᠠᠯ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠪᠠ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠢ ᠲᠤᠤᠱᠯᠠᠭᠤᠯᠵᠤ᠂ ᠰᠠᠨᠠᠭᠠᠴᠢᠯᠠᠭ᠎ᠠ ᠠᠴᠠ ᠪᠠᠨ ︽ᠤᠯᠤᠰ ᠤᠨ ᠠᠩᠬᠢ᠂ ᠭᠤᠣᠯ ᠬᠦᠴᠦᠨ︾ ᠤ ᠪᠠᠶᠢᠷᠢ ᠲᠣᠭᠲᠠᠭᠠᠯᠲᠠ ᠶᠢ ᠬᠠᠷᠭᠤᠭᠤᠯᠵᠤ᠂ ᠲᠤᠰᠬᠠᠢ ᠮᠡᠷᠭᠡᠵᠢᠯ ᠤᠨ ᠪᠣᠯᠪᠠᠰᠤᠷᠠᠯ ᠢᠶᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠴᠠᠭ ᠢᠮᠠᠭᠲᠠ ᠵᠡᠪᠰᠡᠭ ᠳᠡᠷᠡᠯᠡᠵᠦ ᠳᠠᠶᠢᠯᠠᠯᠳᠤᠭᠠᠨ ᠳᠤ ᠪᠡᠯᠡᠳᠬᠡᠬᠦ ᠪᠠᠶᠢᠳᠠᠯ ᠢᠶᠠᠨ ᠪᠠᠲᠤᠯᠠᠵᠤ᠂ ᠦᠨᠡᠨᠬᠦ ᠨᠠᠮ ᠪᠣᠯᠤᠨ ᠠᠷᠠᠳ ᠲᠦᠮᠡᠨ ᠤ ︽ᠰᠥᠨᠢ ᠶᠢᠨ ᠰᠠᠬᠢᠭᠴᠢ︾ ᠪᠣᠯᠬᠤ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠶᠡᠭᠡ ᠠᠩᠬᠢ ᠶᠢᠨ ᠬᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠲᠠᠢ ᠬᠠᠷᠢᠴᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠪᠠᠷ ᠡᠩᠨᠡᠭᠡ ᠶᠢᠨ ᠪᠠᠶᠢᠭᠤᠯᠤᠯᠲᠠ ᠶᠢ ᠬᠦᠳᠦᠯᠦᠨ ᠳᠠᠭᠠᠭᠤᠯᠵᠤ᠂ ᠡᠩᠨᠡᠭᠡ ᠦᠷᠳᠡᠭᠡ᠂ ᠬᠥᠮᠦᠰ᠂ ᠮᠠᠰᠢᠨ ᠲᠡᠷᠭᠡ᠂ ᠪᠠᠭᠠᠵᠢ ᠬᠡᠷᠡᠭᠰᠡᠯ ᠵᠡᠷᠭᠡ ᠪᠠᠶᠢᠯᠳᠤᠬᠤ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢᠨ ᠲᠣᠭᠤᠷᠢᠨ ᠳᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠨ᠎ᠠ︔  ᠦᠨᠳᠦᠷ ᠳᠠᠪᠬᠤᠷᠭ᠎ᠠ᠂ ᠭᠠᠵᠠᠷ ᠳᠣᠤᠷᠠᠬᠢ᠂ ᠤᠰᠤᠨ ᠣᠷᠣᠨ᠂ ᠵᠠᠮ ᠵᠡᠷᠭᠡ ᠭᠠᠶ ᠭᠠᠮᠰᠢᠭ ᠤᠨ ᠲᠥᠷᠥᠯ ᠬᠡᠯᠪᠡᠷᠢ ᠶᠢᠨ ᠠᠳᠡᠯ ᠤᠨ ᠲᠣᠭᠤᠷᠢᠨ ᠳᠤ᠂ ᠪᠣᠳᠠᠲᠤ ᠪᠠᠶᠢᠯᠳᠤᠭᠠᠨᠴᠢᠯᠠᠭᠰᠠᠨ ᠰᠣᠷᠢᠯᠲᠠ ᠶᠢᠨ ᠪᠣᠯᠪᠠᠰᠤᠷᠠᠯ ᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠵᠡᠷᠭᠡ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠤᠨ ᠲᠣᠭᠤᠷᠢᠨ ᠳᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ  ᠬᠠᠮᠠᠭᠠᠯᠠᠨ᠎ᠠ︔ ᠰᠠᠶᠢᠨ ᠳᠤᠷ᠎ᠠ ᠶᠢᠨ ᠦᠢᠯᠡᠴᠢᠯᠡᠭᠡ᠂ ᠲᠤᠤᠷᠴᠢᠯᠠᠭᠰᠠᠨ ᠬᠠᠮᠢᠶᠠᠷᠤᠯᠲᠠ᠂ ᠣᠶᠤᠨᠴᠢ ᠭᠠᠯ ᠤᠨᠲᠠᠷᠠᠭᠠᠬᠤ᠂ ᠨᠢᠭᠡ ᠠᠩᠬᠢ ᠨᠢᠭᠡ ᠲᠥᠪ ᠵᠡᠷᠭᠡ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢᠨ ᠲᠣᠭᠤᠷᠢᠨ ᠳᠤ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠨᠠᠮ ᠳᠠᠭᠠᠨ ᠦᠨᠡᠨᠴᠢ ᠰᠢᠳᠤᠷᠭᠤ᠂ ᠰᠠᠬᠢᠯᠭ᠎ᠠ ᠪᠠᠲᠤ ᠴᠢᠩᠭ᠎ᠠ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠠᠷᠠᠳ ᠲᠦᠮᠡᠨ ᠤ ᠲᠥᠯᠥᠭᠡ ᠦᠨᠡᠨᠴᠢ ᠪᠠᠷ ᠵᠢᠳᠬᠦᠬᠦ︾ ᠶᠡᠷᠦᠩᠬᠡᠢ ᠱᠠᠭᠠᠷᠳᠠᠯᠭ᠎ᠠ ᠶᠢ ᠦᠢᠯᠡᠳᠦᠯᠭᠡᠵᠢᠭᠦᠯᠦᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号