ᠲᠦᠷᠦᠭᠦᠬᠡᠨ᠂ 2022 ᠣᠨ ᠤ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠴᠢᠬᠤᠯᠠ ᠰᠢᠨ᠎ᠡ | ᠢᠯᠡᠷᠡᠭᠦᠯᠦᠯᠲᠡ ᠶᠢ ᠲᠠᠨᠢᠯᠴᠠᠭᠤᠯᠬᠤ ᠬᠤᠷᠠᠯ ᠬᠥᠬᠡᠬᠤᠲᠠ ᠳᠤ ᠶᠠᠪᠤᠭᠳᠠᠵᠤ᠂ ᠬᠤᠷᠠᠯ ᠠᠴᠠ 2022 ᠣᠨ ᠤ | ᠥᠪᠥᠷ ᠮᠣᠩᠭᠤᠯ ᠤᠨ 6 ᠴᠢᠬᠤᠯᠠ ᠶᠡᠭᠡ ᠬᠡᠭᠡᠷ᠎ᠡ ᠲᠠᠯ᠎ᠠ ᠶᠢᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ | ᠲᠥᠷᠥᠯ ᠵᠦᠢᠯ ᠢ ᠨᠡᠶᠢᠲᠡᠯᠡᠪᠡ᠃ ᠡᠳᠡᠭᠡᠷ ᠬᠠᠭᠤᠴᠢ ᠰᠤᠳᠤᠯᠤᠯ ᠤᠨ ᠦᠷ᠎ᠡ ᠪᠦᠲᠦᠭᠡᠯ ᠨᠢ ᠤᠮᠠᠷᠠᠲᠤ ᠬᠢᠯᠢ ᠶᠢᠨ | ᠪᠣᠯᠪᠠᠰᠤᠨ ᠢ ᠬᠠᠶᠢᠨ ᠰᠦᠪᠡᠭᠴᠢᠯᠡᠵᠦ᠂ ᠮᠠᠨ ᠤ ᠤᠯᠤᠰ ᠤᠨ ᠲᠠᠪᠤᠨ ᠮᠢᠩᠭ᠎ᠠ ᠭᠠᠷᠤᠶ ᠵᠢᠯ ᠤᠨ ᠪᠣᠯᠪᠠᠰᠤᠨ ᠤ | ᠲᠡᠦᠬᠡ ᠶᠢ ᠭᠡᠷᠡᠴᠢᠯᠡᠬᠦ ᠳᠤ ᠬᠠᠭᠤᠴᠢ ᠰᠤᠳᠤᠯᠤᠯ ᠤᠨ ᠴᠢᠬᠤᠯᠠ ᠦᠨᠳᠦᠰᠦ ᠪᠠᠷᠢᠮᠲᠠ ᠶᠢ ᠬᠠᠩᠭᠠᠪᠠ᠃ ᠡᠭᠦᠨ ᠳᠤ᠂ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠦᠩᠭᠡᠲᠦ ᠸᠠᠭᠠᠷ ᠤᠨ ᠨᠠᠯᠠᠤ ᠶᠢᠨ ᠪᠠᠭᠤᠷᠢ ᠰᠣᠩᠭᠤᠭᠳᠠᠪᠠ᠃ | | ᠲᠤᠰ ᠪᠠᠭᠤᠷᠢ ᠨᠢ ᠰᠦᠩᠱᠠᠨ ᠲᠣᠭᠤᠷᠢᠭ ᠤᠨ ᠠᠩᠴᠢᠨ ᠪᠠᠯᠭᠠᠰᠤᠨ ᠤ ᠪᠠᠶ ᠮᠢᠶᠣᠣ ᠽᠢ ᠲᠣᠰᠬᠤᠨ ᠤ ᠾᠧ | ᠡᠦ ᠰᠤ᠋ ᠠᠶᠢᠯ ᠳᠤ ᠪᠤᠶ᠃ ᠶᠡᠷᠦᠩᠬᠡᠶ ᠲᠠᠯᠠᠪᠠᠶ ᠨᠢ ᠪᠠᠷᠤᠭ 4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ︽ | ᠰᠠᠭᠤᠷᠢᠰᠢᠯ ᠬᠢᠭᠡᠳ ᠨᠡᠶᠢᠭᠡᠮ — ᠬᠤᠩᠱᠠᠨ ᠰᠣᠶᠣᠯ ᠤᠨ ᠨᠡᠶᠢᠭᠡᠮ ᠤᠨ ᠪᠤᠳᠤᠯᠢᠶᠠᠨᠲᠠᠶ ᠠᠬᠢᠴᠠ ᠶᠢᠨ ᠰᠤᠳᠤᠯᠤᠯ | ︾ ᠤᠨ ᠬᠠᠭᠤᠴᠢ ᠰᠤᠳᠤᠯᠤᠯ ᠤᠨ ᠳᠤᠮᠳᠠᠳᠤ ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠣᠶᠢᠷ᠎ᠠ ᠶᠢᠨ | ᠬᠤᠭᠤᠴᠠᠭᠠᠨ ᠤ ᠲᠥᠯᠥᠪᠵᠢᠭᠦᠯᠭᠡ ᠳᠤ ᠲᠣᠭᠲᠠᠭᠠᠭᠰᠠᠨ ᠨᠡᠭᠡᠭᠡᠨ ᠮᠠᠯᠲᠠᠬᠤ ᠭᠠᠵᠠᠷ ᠤᠨ ᠨᠢᠭᠡ ᠪᠣᠯᠤᠨ᠎ᠠ᠂ | ᠰᠢᠷᠠᠮᠥ᠋ᠷᠦᠨ ᠭᠤᠤᠯ ᠠᠴᠠ ᠡᠮᠦᠨᠡᠰᠢᠬᠢ ᠤᠯᠠᠭᠠᠨᠬᠠᠳᠠ ᠶᠢᠨ ᠡᠮᠦᠨᠡᠲᠦ ᠬᠡᠰᠡᠭ ᠤᠨ ᠭᠠᠵᠠᠷ ᠣᠷᠣᠨ ᠤ ᠬᠤᠩᠱᠠᠨ | ᠰᠣᠶᠣᠯ ᠤᠨ ᠳᠤᠮᠳᠠ ᠪᠠᠭ᠎ᠠ ᠬᠡᠯᠪᠡᠷᠢ ᠶᠢᠨ ᠰᠠᠭᠤᠷᠢᠰᠢᠯ ᠤᠨ ᠪᠠᠭᠤᠷᠢ ᠳᠤ ᠮᠠᠰᠢ ᠶᠡᠭᠡ ᠲᠥᠯᠥᠭᠡᠯᠡᠬᠦ ᠴᠢᠨᠠᠷᠲᠠᠶ | ᠪᠠᠶᠢᠳᠠᠭ᠃ | 2022 ᠣᠨ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ᠂ ᠤᠯᠠᠭᠠᠨᠬᠠᠳᠠ ᠶᠢᠨ ᠰᠣᠶᠣᠯ | ᠦᠵᠡᠰᠬᠦᠯᠡᠩ ᠤᠨ ᠬᠦᠷᠢᠶᠡᠯᠡᠩ᠂ ᠰᠦᠩᠱᠠᠨ ᠲᠣᠭᠤᠷᠢᠭ ᠤᠨ ᠮᠦᠽᠧᠢ ᠬᠠᠮᠲᠤᠷᠠᠨ ᠲᠤᠰ ᠪᠠᠭᠤᠷᠢ ᠳᠤ | ᠦᠷᠭᠦᠯᠵᠢᠯᠡᠭᠰᠡᠨ ᠴᠢᠨᠠᠷᠲᠠᠢ ᠬᠠᠭᠤᠴᠢ ᠰᠤᠳᠤᠯᠤᠯ ᠤᠨ ᠠᠵᠢᠯ ᠥᠷᠨᠢᠭᠦᠯᠦᠭᠰᠡᠨ ᠪᠥᠭᠡᠳ ᠠᠩᠬ᠎ᠠ ᠠᠯᠬᠤᠮ ᠤᠨ | ᠦᠷ᠎ᠡ ᠪᠦᠲᠦᠭᠡᠯ ᠣᠯᠵᠠᠢ᠃ ᠲᠣᠰ ᠤᠳᠠᠭᠠᠨ ᠤ ᠬᠠᠭᠤᠴᠢ ᠰᠤᠳᠤᠯᠤᠯ ᠤᠨ ᠠᠵᠢᠯ ᠤᠨ ᠬᠠᠶᠢᠨ ᠰᠢᠨᠵᠢᠯᠡᠯᠲᠡ ᠪᠠ | ᠨᠡᠭᠡᠭᠡᠨ ᠮᠠᠯᠲᠠᠬᠤ ᠣᠷᠣᠨ ᠨᠢ ᠭᠤᠤᠯᠳᠠᠭᠤ ᠪᠠᠭᠤᠷᠢ ᠶᠢᠨ ᠡᠮᠦᠨ᠎ᠡ ᠬᠡᠰᠡᠭ ᠲᠤ ᠲᠥᠪᠯᠡᠷᠡᠵᠦ᠂ ᠬᠠᠶᠢᠨ | ᠰᠢᠨᠵᠢᠯᠡᠯᠲᠡ ᠶᠢᠨ ᠲᠠᠯᠠᠪᠠᠶ ᠨᠢ ᠪᠠᠷᠤᠭ 3 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 68 ᠰᠡᠵᠢᠭᠲᠡᠶ | ᠦᠯᠡᠳᠡᠭᠳᠡᠯ ᠢ ᠬᠠᠶᠢᠨ ᠣᠯᠤᠭᠰᠠᠨ ᠪᠠᠶᠢᠨ᠎ᠠ᠃ 500 ᠭᠠᠷᠤᠶ ᠲᠡᠭᠰᠢ ᠳᠥᠷᠪᠡᠯᠵᠢᠨ ᠮᠧᠲᠷ ᠤᠨ ᠲᠠᠯᠠᠪᠠᠶ ᠲᠠᠢ᠂ | 12 ᠭᠡᠷ ᠪᠠᠶᠢᠰᠢᠩ᠂ 5 ᠦᠨᠡᠰᠦᠨ ᠨᠦᠬᠡ᠂ 1 ᠵᠤᠤᠬ᠎ᠠ ᠶᠢ ᠴᠡᠪᠡᠷᠯᠡᠪᠡ᠃ ᠮᠣᠳᠣᠨ ᠨᠡᠭᠦᠷᠡᠰᠦᠨ ᠤ ᠥᠯᠢᠭᠡᠷ ᠤᠨ | ᠣᠨ ᠤ ᠬᠡᠮᠵᠢᠯᠲᠡ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠪᠠᠭᠤᠷᠢ ᠨᠢ ᠣᠲᠣ ᠠᠴᠠ 5800 ᠵᠢᠯ ᠤᠨ | ᠤᠷᠢᠳ ᠬᠤᠵᠢᠳ ᠢᠶᠠᠷ ᠪᠣᠶ᠃ | ᠲᠣᠰ ᠤᠳᠠᠭᠠᠨ ᠤ ᠬᠠᠭᠤᠴᠢ ᠰᠤᠳᠤᠯᠤᠯ ᠤᠨ ᠠᠵᠢᠯ ᠳᠤ ᠢᠯᠡᠷᠡᠭᠦᠯᠦᠭᠰᠡᠨ ᠢᠶᠠᠷ᠂ ᠦᠩᠭᠡᠲᠦ | ᠸᠠᠭᠠᠷ ᠤᠨ ᠨᠠᠯᠠᠤ ᠶᠢᠨ ᠪᠠᠭᠤᠷᠢ ᠳᠤ ᠨᠠᠭᠠᠳᠤ ᠵᠠᠬ᠎ᠠ ᠳᠠᠭᠠᠨ ᠳᠥᠷᠪᠡᠨ ᠲᠥᠷᠥᠯ ᠤᠨ ᠠᠳᠠᠯᠢ ᠪᠤᠰᠤ ᠬᠡᠪᠴᠢᠶᠡᠨ ᠤ | ᠣᠷᠣᠨ ᠰᠠᠭᠤᠴᠠ ᠣᠷᠣᠰᠢᠵᠤ ᠪᠠᠶᠢᠨ᠎ᠠ᠃ ᠬᠡᠲᠦ ᠲᠣᠮᠣ ᠬᠡᠯᠪᠡᠷᠢ ᠶᠢᠨ ᠬᠡᠷ ᠤᠨ ᠬᠠᠶ᠋ᠢᠭ ᠤᠨ ᠤᠤᠯ ᠤᠨ | ᠪᠠᠷᠢᠯᠭ᠎ᠠ ᠶᠢᠨ ᠲᠠᠯᠠᠪᠠᠶ ᠨᠢ 100 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠬᠤ ᠶᠢ ᠲᠠᠭᠠᠮᠠᠭᠯᠠᠪᠠ︔ ᠲᠣᠮᠣ | ᠬᠡᠯᠪᠡᠷᠢ ᠶᠢᠨ ᠣᠷᠣᠨ ᠰᠠᠭᠤᠴᠠ ᠶᠢᠨ ᠤᠤᠯ ᠤᠨ ᠪᠠᠷᠢᠯᠭ᠎ᠠ ᠶᠢᠨ ᠲᠠᠯᠠᠪᠠᠶ ᠨᠢ 50 ᠲᠡᠭᠰᠢ ᠳᠥᠷᠪᠡᠯᠵᠢᠨ | ᠮᠧᠲᠷ ᠠᠴᠠ ᠳᠡᠭᠡᠭᠰᠢ︔ ᠳᠤᠮᠳᠠ ᠬᠡᠯᠪᠡᠷᠢ ᠶᠢᠨ ᠣᠷᠣᠨ ᠰᠠᠭᠤᠴᠠ ᠶᠢᠨ ᠤᠤᠯ ᠤᠨ ᠪᠠᠷᠢᠯᠭ᠎ᠠ ᠶᠢᠨ ᠲᠠᠯᠠᠪᠠᠶ ᠨᠢ | 10 — 20 ᠲᠡᠭᠰᠢ ᠳᠥᠷᠪᠡᠯᠵᠢᠨ ᠮᠧᠲᠷ ᠪᠠᠶᠢᠵᠤ᠂ ᠬᠤᠩᠱᠠᠨ ᠤ ᠰᠣᠶᠣᠯ ᠤᠨ ᠣᠷᠣᠨ ᠰᠠᠭᠤᠴᠠ ᠶᠢᠨ | ᠬᠠᠮᠤᠭ ᠤᠨ ᠦᠷᠭᠦᠯᠵᠢ ᠬᠠᠷᠠᠭᠳᠠᠳᠠᠭ ᠪᠠᠷᠢᠯᠭ᠎ᠠ ᠶᠢᠨ ᠬᠡᠪᠴᠢᠶ᠎ᠡ ᠳᠤ ᠲᠣᠭᠠᠴᠠᠭᠳᠠᠨ᠎ᠠ᠂ ᠵᠤᠤᠬ᠎ᠠ ᠲᠠᠢ ᠪᠥᠭᠡᠳ | ᠪᠣᠯᠪᠠᠰᠤᠷᠠᠭᠤᠯᠵᠤ ᠥᠩᠭᠡᠷᠡᠭᠰᠡᠨ ᠣᠷᠣᠨ ᠰᠠᠭᠤᠴᠠ ᠶᠢᠨ ᠬᠡᠪᠴᠢᠶ᠎ᠡ ᠲᠠᠢ︔ ᠵᠢᠵᠢᠭ ᠬᠡᠯᠪᠡᠷᠢ ᠶᠢᠨ ᠣᠷᠣᠨ | ᠰᠠᠭᠤᠴᠠ ᠶᠢᠨ ᠦᠯᠡᠳᠡᠭᠳᠡᠯ ᠲᠠᠯᠠᠪᠠᠶ ᠨᠢ ᠵᠥᠪᠬᠡᠨ 3 — 5 ᠲᠡᠭᠰᠢ ᠳᠥᠷᠪᠡᠯᠵᠢᠨ ᠮᠧᠲᠷ ᠯᠡ ᠪᠠᠶᠢᠳᠠᠭ᠃ | ᠡᠭᠦᠨ ᠳᠤ᠂ ᠳᠤᠮᠳᠠ ᠬᠡᠯᠪᠡᠷᠢ ᠶᠢᠨ ᠬᠡᠷ ᠪᠠᠶᠢᠰᠢᠩ ᠤᠨ ᠬᠠᠶ᠋ᠢᠭ ᠨᠢ ᠣᠷᠣᠰᠢᠨ ᠰᠠᠭᠤᠬᠤ ᠴᠢᠳᠠᠮᠵᠢ ᠲᠠᠢ ᠡᠩ ᠤᠨ | ᠬᠡᠷ ᠪᠠᠶᠢᠰᠢᠩ ᠤᠨ ᠬᠠᠶ᠋ᠢᠭ ᠪᠤᠯᠤᠨ᠎ᠠ᠂ ᠬᠠᠷᠢᠨ ᠬᠡᠲᠦ ᠲᠣᠮᠣ ᠬᠡᠯᠪᠡᠷᠢ ᠶᠢᠨ᠂ ᠲᠣᠮᠣ ᠬᠡᠯᠪᠡᠷᠢ ᠶᠢᠨ᠂ ᠵᠢᠵᠢᠭ | ᠬᠡᠯᠪᠡᠷᠢ ᠶᠢᠨ ᠬᠡᠷ ᠪᠠᠶᠢᠰᠢᠩ ᠤᠨ ᠬᠠᠶ᠋ᠢᠭ ᠨᠢ ᠣᠨᠴᠠᠭᠠᠶ ᠬᠡᠷᠡᠭᠴᠡᠭᠡ ᠲᠠᠢ ᠪᠠᠶᠢᠵᠤ ᠮᠡᠳᠡᠨ᠎ᠡ᠃ ᠬᠡᠰᠡᠭ ᠸᠠᠭᠠᠷ | ᠰᠠᠪᠠ ᠶᠢᠨ ᠭᠠᠳᠠᠷᠭᠤ ᠶᠢᠨ ᠭᠦᠳᠦᠭᠦᠷ ᠴᠢᠮᠡᠭᠯᠡᠯ ᠨᠢ ᠳᠤᠮᠳᠠᠳᠤ ᠣᠷᠣᠨ ᠤ ᠰᠣᠶᠣᠯ ᠯᠤᠭ᠎ᠠ ᠶᠢᠨ ᠬᠤᠯᠪᠣᠭ᠎ᠠ ᠶᠢ | ᠬᠠᠷᠠᠭᠤᠯᠵᠤ ᠪᠠᠶᠢᠳᠠᠭ᠃ | 2023 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ | ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠡᠴᠠᠦᠩᠭᠡᠲᠦ ᠸᠠᠭᠠᠷ ᠤᠨ ᠨᠠᠯᠠᠤ ᠶᠢᠨ | ᠪᠠᠭᠤᠷᠢ ᠳᠤ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠢ ᠦᠷᠭᠦᠯᠵᠢᠯᠡᠨ ᠬᠢᠵᠦ᠂ 1000 ᠲᠡᠭᠰᠢ | ᠳᠥᠷᠪᠡᠯᠵᠢᠨ ᠮᠧᠲᠷ ᠲᠠᠯᠠᠪᠠᠶ ᠮᠠᠯᠲᠠᠬᠤ ᠪᠠᠷ ᠵᠢᠱᠢᠵᠦ ᠪᠣᠶ᠃ |