︵ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ | 2023 ᠣᠨ ᠤ 6 ᠳ᠋ᠤᠭᠠᠷ ᠲᠣᠭᠠᠲᠤ︶ | ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠥᠭᠡ ᠶᠢᠨ | ᠬᠥᠭᠵᠢᠯᠲᠡ ᠶᠢ ᠳᠡᠮᠵᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠢ ᠭᠠᠶᠢᠯᠢ ᠲᠠᠲᠠᠪᠤᠷᠢ ᠶᠢᠨ ᠲᠥᠷᠥ ᠶᠢᠨ | ᠪᠤᠳᠤᠯᠭ᠎ᠠ ᠶᠢ ᠳᠣᠣᠷᠠᠬᠢ ᠮᠡᠲᠦ ᠵᠠᠷᠯᠠᠨ ᠨᠡᠶᠢᠲᠡᠯᠡᠶ᠎ᠡ᠄ | ᠨᠢᠭᠡ᠂ ᠵᠢᠵᠢᠭ ᠬᠡᠯᠪᠡᠷᠢ ᠶᠢᠨ ᠥᠴᠦᠬᠡᠨ ᠠᠰᠢᠭ ᠬᠤᠨᠵᠢᠪᠣᠷᠢ ᠲᠠᠢ ᠠᠵᠤ ᠠᠬᠤᠶᠢᠯᠠᠯ ᠤᠨ ᠵᠢᠯ ᠤᠨ ᠭᠠᠶᠢᠯᠢ | ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠬᠡᠲᠦᠷᠡᠬᠦ ᠦᠭᠡᠢ | ᠬᠡᠰᠡᠭ ᠠᠴᠠ 25% ᠪᠠᠷ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠣᠭᠠᠨ ᠳᠤ ᠪᠤᠳᠤᠵᠤ | ᠣᠷᠣᠭᠤᠯᠤᠨ᠂ 20% ᠶᠢᠨ ᠭᠠᠶᠢᠯᠢ ᠶᠢᠨ ᠨᠤᠷᠮ᠎ᠠ ᠪᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ | ᠲᠤᠰᠢᠶᠠᠨ᠎ᠠ᠃ | ᠬᠤᠶᠠᠷ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠯ ᠤᠨ ᠭᠠᠶᠢᠯᠢ ᠲᠤᠰᠢᠶᠠᠬᠤ | ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠬᠡᠲᠦᠷᠡᠬᠦ ᠥᠬᠡᠶ ᠬᠡᠰᠡᠭ ᠠᠴᠠ | ᠣᠲᠣ ᠶᠢᠨ ᠬᠡᠷᠡᠭᠵᠢᠭᠦᠯᠵᠦ ᠪᠠᠶᠢᠭ᠎ᠠ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠬᠤᠪᠢ | ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃ | ᠭᠤᠷᠪᠠ᠂ ᠲᠤᠰ ᠠᠯᠪᠠᠨ ᠵᠠᠷ ᠲᠤ ᠬᠡᠯᠡᠵᠦ ᠪᠠᠶᠢᠭ᠎ᠠ ᠵᠢᠵᠢᠭ ᠬᠡᠯᠪᠡᠷᠢ ᠶᠢᠨ ᠥᠴᠦᠬᠡᠨ ᠠᠰᠢᠭ | ᠬᠤᠨᠵᠢᠪᠣᠷᠢ ᠲᠠᠢ ᠠᠵᠤ ᠠᠬᠤᠶᠢᠯᠠᠯ ᠭᠡᠳᠡᠭ ᠨᠢ ᠤᠯᠤᠰ ᠠᠴᠠ ᠬᠢᠵᠠᠭᠠᠷᠯᠠᠭᠰᠠᠨ ᠦᠭᠡᠢ ᠪᠠ ᠴᠠᠭᠠᠵᠠᠯᠠᠭᠰᠠᠨ ᠦᠭᠡᠢ | ᠠᠵᠢᠯ ᠲᠦᠷᠦᠯ ᠢ ᠡᠷᠬᠢᠯᠡᠵᠦ ᠪᠠᠶᠢᠬᠤ ᠮᠥᠷᠲᠡᠭᠡᠨ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ | ᠲᠤᠭ᠎ᠠ ᠨᠢ 300 ᠲᠦᠮᠡᠨ ᠲᠥᠭᠦᠷᠢᠭ ᠠᠴᠠ ᠬᠡᠲᠦᠷᠡᠬᠦ ᠦᠭᠡᠢ᠂ ᠠᠵᠢᠯ ᠡᠷᠬᠢᠯᠡᠵᠦ ᠪᠠᠶᠢᠭ᠎ᠠ ᠬᠥᠮᠦᠨ ᠤ ᠲᠤᠭ᠎ᠠ ᠨᠢ | 300 ᠬᠥᠮᠦᠨ ᠠᠴᠠ ᠬᠡᠲᠦᠷᠡᠬᠦ ᠦᠭᠡᠢ᠂ ᠡᠳ᠋ ᠬᠦᠷᠦᠩᠭᠡ ᠶᠢᠨ ᠶᠡᠷᠦᠩᠬᠡᠶ ᠲᠤᠭ᠎ᠠ ᠨᠢ 5000 ᠲᠦᠮᠡᠨ | ᠲᠥᠭᠦᠷᠢᠭ ᠠᠴᠠ ᠬᠡᠲᠦᠷᠡᠬᠦ ᠦᠭᠡᠢ ᠵᠡᠷᠭᠡ ᠭᠤᠷᠪᠠᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠵᠢᠭᠠᠵᠤ ᠪᠠᠶᠢᠨ᠎ᠠ | ᠃ | ᠠᠵᠢᠯᠯᠠᠵᠤ ᠪᠠᠶᠢᠭ᠎ᠠ ᠬᠥᠮᠦᠨ ᠤ ᠲᠤᠭ᠎ᠠ ᠳᠤ ᠠᠵᠤ ᠠᠬᠤᠶᠢᠯᠠᠯ ᠯᠤᠭ᠎ᠠ ᠬᠥᠳᠡᠯᠮᠦᠷᠢ ᠶᠢᠨ ᠬᠠᠷᠢᠴᠠᠭ᠎ᠠ | ᠪᠠᠶᠢᠭᠤᠯᠤᠭᠰᠠᠨ ᠠᠵᠢᠯᠳᠠᠨ ᠠᠵᠢᠯᠴᠢᠨ ᠤ ᠲᠤᠭ᠎ᠠ ᠪᠠ ᠠᠵᠤ ᠠᠬᠤᠶᠢᠯᠠᠯ ᠤᠨ ᠬᠥᠳᠡᠯᠮᠦᠷᠢ ᠦᠢᠯᠡᠴᠢᠯᠡᠭᠡ ᠳᠤ | ᠲᠣᠮᠢᠯᠠᠬᠤ ᠶᠢ ᠬᠦᠯᠢᠶᠡᠨ ᠠᠪᠤᠭᠰᠠᠨ ᠠᠵᠢᠯᠴᠢᠨ ᠬᠡᠷᠡᠭᠯᠡᠬᠦ ᠬᠥᠮᠦᠨ ᠤ ᠲᠤᠭ᠎ᠠ ᠪᠠᠭᠲᠠᠨ᠎ᠠ᠃ ᠡᠭᠦᠨ ᠳᠤ ᠬᠡᠯᠡᠵᠦ | ᠪᠠᠶᠢᠭ᠎ᠠ ᠠᠵᠢᠯᠯᠠᠵᠤ ᠪᠠᠶᠢᠭ᠎ᠠ ᠬᠥᠮᠦᠨ ᠤ ᠲᠤᠭ᠎ᠠ ᠪᠠ ᠡᠳ᠋ ᠬᠦᠷᠦᠩᠭᠡ ᠶᠢᠨ ᠶᠡᠷᠦᠩᠬᠡᠶ ᠲᠤᠭ᠎ᠠ ᠶᠢᠨ ᠭᠦᠢᠴᠡᠳᠬᠡᠬᠦ | ᠲᠤᠭ᠎ᠠ ᠶᠢ ᠠᠵᠤ ᠠᠬᠤᠶᠢᠯᠠᠯ ᠤᠨ ᠪᠦᠬᠦ ᠵᠢᠯ ᠤᠨ ᠤᠯᠠᠷᠢᠯ ᠤᠨ ᠳᠤᠮᠳᠠᠴᠢ ᠦᠷᠳᠡᠭ ᠢᠶᠠᠷ ᠲᠣᠭᠲᠠᠭᠠᠬᠤ ᠬᠡᠷᠡᠭᠲᠡᠶ᠃ | ᠪᠣᠳᠠᠲᠠᠶ ᠪᠤᠳᠤᠬᠤ ᠲᠣᠮᠢᠶ᠎ᠠ ᠨᠢ ᠳᠣᠣᠷᠠᠬᠢ ᠮᠡᠲᠦ᠄ | ᠤᠯᠠᠷᠢᠯ ᠤᠨ ᠳᠤᠮᠳᠠᠴᠢ ᠬᠡᠮᠵᠢᠭᠳᠡᠯ=︵ᠤᠯᠠᠷᠢᠯ ᠤᠨ ᠡᠬᠢᠨ ᠤ ᠬᠡᠮᠵᠢᠭᠳᠡᠯ+ᠤᠯᠠᠷᠢᠯ ᠤᠨ ᠡᠴᠦᠰ ᠤᠨ | ᠬᠡᠮᠵᠢᠭᠳᠡᠯ︶ ÷2 | ᠪᠦᠬᠦ ᠵᠢᠯ ᠤᠨ ᠤᠯᠠᠷᠢᠯ ᠤᠨ ᠳᠤᠮᠳᠠᠴᠢ ᠬᠡᠮᠵᠢᠭᠳᠡᠯ=ᠪᠦᠬᠦ ᠵᠢᠯ ᠤᠨ ᠡᠯ᠎ᠡ ᠤᠯᠠᠷᠢᠯ ᠤᠨ ᠳᠤᠮᠳᠠᠴᠢ | ᠬᠡᠮᠵᠢᠭᠳᠡᠯ ᠤᠨ ᠨᠡᠶᠢᠯᠡᠪᠦᠷᠢ ÷4 | ᠣᠨ ᠤ ᠬᠤᠭᠤᠷᠣᠨᠳᠣ ᠠᠵᠢᠯ ᠡᠬᠢᠯᠡᠬᠦ ᠪᠤᠶᠤ ᠡᠵᠡᠩᠨᠡᠯᠲᠡ ᠶᠢᠨ ᠠᠵᠢᠯᠯᠠᠭ᠎ᠠ ᠪᠠᠨ ᠳᠠᠭᠤᠰᠬᠠᠬᠤ ᠳᠤ ᠬᠦᠷᠪᠡᠯ | ᠂ ᠲᠡᠭᠦᠨ ᠤ ᠪᠣᠳᠠᠲᠠᠶ ᠡᠵᠡᠩᠨᠡᠯᠲᠡ ᠶᠢᠨ ᠬᠤᠭᠤᠴᠠᠭ᠎ᠠ ᠪᠠᠷ ᠭᠠᠶᠢᠯᠢ ᠲᠤᠰᠢᠶᠠᠬᠤ ᠨᠢᠭᠡ ᠣᠨ ᠪᠣᠯᠭᠠᠵᠤ ᠳᠡᠭᠡᠷ᠎ᠡ | ᠳᠤᠷᠠᠳᠤᠭᠰᠠᠨ ᠬᠤᠯᠪᠣᠭᠳᠠᠯ ᠪᠦᠬᠦᠢ ᠭᠦᠢᠴᠡᠳᠬᠡᠬᠦ ᠲᠤᠭ᠎ᠠ ᠶᠢ ᠲᠣᠭᠲᠠᠭᠠᠨ᠎ᠠ᠃ | ᠲᠦᠷᠪᠡ᠂ ᠲᠤᠰ ᠠᠯᠪᠠᠨ ᠵᠠᠷ ᠤᠨ ᠭᠦᠢᠴᠡᠳᠬᠡᠬᠦ ᠬᠤᠭᠤᠴᠠᠭ᠎ᠠ ᠨᠢ 2023 ᠣᠨ ᠤ 1 ᠰᠠᠷ᠎ᠠ ᠶᠢᠨ 1 ᠤ | ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠪᠣᠯᠤᠨ᠎ᠠ᠃ | ᠣᠨᠴᠠᠭᠠᠶᠢᠯᠠᠨ ᠵᠠᠷᠯᠠᠪᠠ | ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ | 2023 ᠣᠨ ᠤ 3 ᠰᠠᠷ᠎ᠠ ᠶᠢᠨ 26 ᠤ ᠡᠳᠦᠷ |