ᠯᠢ ᠵᠢᠩ ᠵᠢᠩ ᠰᠦᠩᠱᠠᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/29
      3 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠵᠢᠩ ᠵᠢᠩ ᠤᠯᠠᠭᠠᠨᠬᠠᠳᠠ ᠶᠢᠨ ᠴᠢᠶᠠᠨ ᠺᠠᠶ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠪᠠᠷ᠎ᠠ ᠪᠣᠯᠪᠠ᠃      ᠤᠯᠠᠭᠠᠨᠬᠠᠳᠠ ᠶᠢᠨ ᠴᠢᠶᠠᠨ ᠺᠠᠢ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ᠂ ᠯᠢ ᠵᠢᠩ ᠵᠢᠩ ᠺᠣᠮᠫᠠᠨᠢ ᠶᠢᠨ ᠪᠠᠷᠢᠯᠭ᠎ᠠ ᠶᠢᠨ ᠵᠠᠭᠪᠤᠷ ᠤᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ ᠬᠠᠮᠲᠤ ︽ᠰᠦᠩ ᠵᠧᠦ ᠶᠢᠨ ᠬᠡᠪ ᠵᠠᠭᠪᠤᠷ ᠤᠨ ᠠᠵᠢᠯᠴᠢᠨ︾ ᠤ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠺᠣᠮᠫᠠᠨᠢ ᠶᠢᠨ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠤᠨ ᠪᠠᠶᠢᠭᠤᠯᠤᠯᠲᠠ ᠶᠢᠨ ᠲᠠᠯ᠎ᠠ ᠪᠠᠷ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠨᠢ ᠭᠠᠵᠠᠷ ᠣᠷᠣᠨ ᠤ ᠣᠨᠴᠠᠯᠢᠭ᠂ ᠠᠵᠢᠯ ᠲᠦᠷᠦᠯ ᠤᠨ ᠣᠨᠴᠠᠯᠢᠭ ᠪᠠ ᠤᠷ᠎ᠠ ᠴᠢᠳᠠᠪᠤᠷᠢ ᠶᠢᠨ ᠣᠨᠴᠠᠯᠢᠭ ᠲᠠᠢ ᠪᠠᠶᠢᠵᠤ᠂ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠲᠡᠢ ᠲᠤᠯᠭᠠᠭᠤᠷᠢᠯᠠᠯ ᠪᠣᠯᠤᠨ᠎ᠠ᠃ ᠵᠠᠯᠭᠠᠭᠠᠳ᠂ ᠪᠣᠯᠪᠠᠰᠤᠷᠠᠭᠤᠯᠤᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯᠯᠠᠵᠤ ᠪᠠᠶᠢᠭ᠎ᠠ ᠬᠥᠮᠦᠰ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠣᠬᠢ ᠰᠢᠯᠢᠳᠡᠭ ᠳᠠᠰᠢ ᠬᠥᠭᠵᠢᠬᠦ ᠶᠢ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠨᠠᠩ ᠥᠨᠳᠥᠷ ᠶᠠᠰᠤ ᠴᠢᠨᠠᠷ ᠪᠠ ᠨᠠᠩ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ       ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠳᠤ᠂ ᠯᠢ ᠵᠢᠩ ᠵᠢᠩ ᠤᠷᠢᠳ ᠬᠤᠵᠢᠳ CT ᠲᠠᠰᠤᠭ ᠪᠣᠯᠤᠨ ᠰᠢᠲᠠᠭᠳᠠᠭᠰᠠᠨ ᠰᠢᠷᠬ᠎ᠠ ᠶᠢᠨ ᠲᠥᠷᠬᠦᠵᠢᠭᠦᠯᠬᠦ ᠭᠠᠳᠠᠷ ᠰᠠᠯᠠᠭ᠎ᠠ ᠳᠤ ᠬᠦᠷᠴᠦ᠂ ᠡᠮᠨᠡᠯᠭᠡ ᠶᠢᠨ ᠬᠤᠷᠢᠶ᠎ᠠ ᠶᠢᠨ ᠪᠦᠳᠦᠬᠡᠨ ᠪᠠᠶᠢᠭᠤᠯᠤᠯᠲᠠ ᠶᠢᠨ ᠬᠡᠪᠴᠢᠶ᠎ᠡ᠂ ᠲᠡᠷᠢᠭᠦᠨ ᠤ ᠲᠥᠬᠦᠭᠡᠷᠦᠮᠵᠢ ᠶᠢᠨ ᠲᠤᠬᠢᠷᠠᠭᠤᠯᠤᠯᠳᠠ᠂ ᠡᠮᠴᠢᠯᠡᠭᠡᠨ ᠤ ᠪᠦᠯᠦᠭᠯᠡᠯ ᠤᠨ ᠮᠡᠳᠡᠭᠡ ᠵᠠᠩᠭᠢᠵᠢᠯᠲᠠ ᠶᠢᠨ ᠪᠦᠳᠦᠬᠡᠨ ᠪᠠᠶᠢᠭᠤᠯᠤᠯᠲᠠ ᠵᠢᠴᠢ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠪᠦᠳᠦᠬᠡᠨ ᠪᠠᠶᠢᠭᠤᠯᠤᠯᠲᠠ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠠᠩᠬᠠᠷᠬᠤ  ᠬᠡᠮᠵᠢᠶ᠎ᠡ ᠨᠢ ᠥᠨᠳᠥᠷ ᠪᠠᠶᠢᠳᠠᠭ᠂ ᠡᠮᠨᠡᠯᠭᠡ ᠶᠢᠨ ᠬᠤᠷᠢᠶ᠎ᠠ ᠨᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠵᠦᠷᠢᠶᠡᠴᠢᠯᠡᠭᠰᠡᠨ ᠬᠥᠭᠵᠢᠯᠲᠡ ᠶᠢ ᠬᠡᠷᠡᠭᠵᠢᠭᠦᠯᠵᠦ᠂ ᠤᠨᠴᠠᠯᠢᠬᠳᠤ ᠲᠤᠰᠬᠠᠢ ᠰᠠᠯᠠᠭ᠎ᠠ᠂ ᠨᠡᠷᠡᠳᠦ ᠲᠡᠮᠳᠡᠭᠲᠦ ᠰᠢᠨᠵᠢᠯᠡᠭᠡᠨ ᠤ ᠰᠠᠯᠠᠭ᠎ᠠ ᠶᠢ ᠨᠠᠷᠢᠯᠢᠭ ᠪᠥᠭᠡᠳ ᠬᠦᠴᠦᠷᠬᠡᠭᠵᠢᠭᠦᠯᠵᠦ᠂ ᠡᠮ ᠡᠮᠨᠡᠯᠭᠡ ᠶᠢᠨ ᠪᠠᠲᠤᠯᠠᠪᠤᠷᠢ ᠶᠢᠨ ᠴᠢᠳᠠᠪᠤᠷᠢ ᠪᠣᠯᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ ᠤ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠡᠮᠴᠢᠯᠡᠭᠡᠨ ᠤ ᠪᠦᠯᠦᠭᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠡᠮᠬᠢ ᠵᠢᠷᠤᠮ ᠲᠠᠢ ᠬᠡᠷᠡᠭᠵᠢᠭᠦᠯᠬᠦ ᠶᠢ ᠠᠬᠢᠭᠤᠯᠤᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠪᠠ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ᠬᠠᠮᠲᠤᠷᠠᠯᠴᠠᠭᠰᠠᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号