3 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠪᠥᠬᠦ | ᠲᠣᠭᠤᠷᠢᠭ ᠤᠨ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠠᠬᠢᠨ ᠳᠣᠭᠢᠷᠠᠭᠤᠯᠤᠨ᠂ ᠳᠠᠬᠢᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠢᠨᠠᠨ ᠰᠢᠯᠭᠠᠬᠤ ᠡᠭᠦᠷᠭᠡ ᠶᠢ | ᠨᠠᠷᠢᠯᠢᠬᠵᠢᠭᠤᠯᠤᠨ ᠬᠡᠮᠵᠢᠶᠡᠵᠢᠭᠦᠯᠵᠦ᠂ ᠣᠨᠴᠠᠯᠢᠭ ᠲᠠᠢ ᠬᠢᠯᠠᠰ ᠴᠡᠭ ᠤᠨ ᠠᠵᠢᠯ ᠢ ᠳᠤᠪᠤᠶᠢᠯᠭᠠᠵᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠳᠤᠬᠢᠷᠠᠭᠤᠯᠵᠤ᠂ ︽ᠲᠠᠪᠤᠨ ᠶᠡᠭᠡ | ᠡᠭᠦᠷᠭᠡ︾ ᠶᠢ ᠬᠡᠷᠡᠭᠵᠢᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠶ ᠶᠢᠨ | ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ︽ᠲᠠᠪᠤᠨ ᠶᠡᠭᠡ ᠡᠭᠦᠷᠭᠡ︾ ᠵᠢᠴᠢ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠲᠣᠬᠢᠷᠠᠭᠤᠯᠤᠯᠲᠠ ᠶᠢᠨ | ᠪᠠᠶᠢᠳᠠᠯ ᠤᠨ ᠲᠣᠭᠤᠷᠢᠨ ᠳᠤ᠂ ᠲᠥᠷᠥᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠠᠳᠬᠤᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶ ᠶᠢᠨ | ᠬᠥᠭᠵᠢᠯᠲᠡ ᠶᠢᠨ ᠰᠡᠯᠭᠦᠬᠦ ᠬᠦᠴᠦᠨ ᠢ ᠦᠨᠡᠨ ᠬᠦ ᠴᠢᠩᠭᠠᠷᠠᠭᠤᠯᠬᠤ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ ︽ᠭᠤᠷᠪᠠ ᠶᠢ | ᠨᠢᠭᠡ ᠴᠤᠭᠴᠠᠵᠢᠭᠤᠯᠬᠤ︾ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠥᠳᠡᠭᠡ ᠠᠵᠤ | ᠠᠬᠤᠶ ᠲᠠᠢ ᠬᠤᠯᠪᠣᠭᠠᠯᠠᠵᠤ ᠬᠥᠳᠡᠭᠡ ᠠᠵᠤ ᠠᠬᠤᠶ ᠶᠢ ᠳᠠᠶᠢᠴᠢᠯᠠᠬᠤ ᠠᠰᠢᠭ ᠲᠤᠰᠠ ᠶᠢ ᠬᠤᠯᠪᠣᠬᠤ ᠲᠣᠭᠲᠠᠴᠠ ᠶᠢ | ᠲᠡᠭᠦᠯᠳᠡᠷᠵᠢᠭᠦᠯᠦᠨ᠂ ᠬᠥᠳᠡᠭᠡ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ︽ᠪᠤᠶᠢᠵᠢᠭᠤᠯᠤᠨ ᠦᠷᠡᠵᠢᠭᠦᠯᠵᠦ | ᠳᠡᠯᠭᠡᠷᠡᠭᠦᠯᠬᠦ ᠶᠢ ᠨᠢᠭᠡ ᠴᠤᠭᠴᠠᠵᠢᠭᠤᠯᠬᠤ︾ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠠᠩᠰᠢ ᠶᠢᠨ ᠡᠳᠦᠷ ᠭᠡᠬᠦ | ᠡᠨᠡᠬᠦ ᠴᠢᠬᠤᠯᠠ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠴᠢᠩᠭ᠎ᠠ ᠰᠡᠷᠭᠡᠶᠢᠯᠡᠨ ᠰᠠᠬᠢᠵᠤ᠂ ᠤᠢ ᠰᠢᠭᠤᠢ | ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ | ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠠᠳᠡᠯ ᠠᠴᠠ | ᠭᠦᠨᠵᠡᠭᠡᠢ ᠰᠤᠷᠭᠠᠮᠵᠢ ᠠᠪᠴᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ | ᠪᠠᠶᠢᠴᠠᠭᠠᠨ ᠴᠡᠭᠴᠡᠯᠡᠵᠦ᠂ ᠠᠶᠤᠯᠭᠦᠢ ᠦᠢᠯᠡᠳᠪᠦᠷᠢᠯᠡᠯ ᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠠᠷᠠᠳ | ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ | ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠵᠢᠯ ᠤᠨ ᠰᠤᠷᠲᠠᠯ ᠢᠶᠠᠨ ᠴᠢᠨᠠᠭᠰᠢᠳᠠ ᠬᠤᠪᠢᠷᠠᠭᠤᠯᠵᠤ᠂ | ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠪᠠᠳᠠᠷᠠᠭᠤᠯᠵᠤ᠂ ᠠᠵᠢᠯ ᠤᠨ ᠭᠤᠣᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠮᠥᠷᠳᠡᠨ ᠪᠠᠶᠢᠴᠠᠭᠠᠵᠤ ᠰᠢᠢᠳᠪᠦᠷᠢᠯᠡᠬᠦ ᠪᠠᠨ ᠴᠢᠩᠭᠠᠳᠬᠠᠵᠤ᠂ ᠰᠢᠯᠭᠠᠯᠲᠠ ᠶᠢᠨ | ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠢᠳᠡᠪᠬᠢᠲᠡᠢ ᠪᠠᠷ ᠠᠵᠢᠯ ᠶᠠᠪᠤᠳᠠᠯ ᠢ ᠲᠥᠯᠥᠪᠯᠡᠨ ᠠᠵᠢᠯ | ᠬᠢᠵᠦ᠂ ᠠᠵᠢᠯ ᠤᠨ ᠰᠠᠨᠠᠭᠠᠴᠢᠯᠠᠭᠠᠲᠤ ᠴᠢᠨᠠᠷ᠂ ᠤᠷᠢᠳᠴᠢᠯᠠᠨ ᠮᠡᠳᠡᠬᠦ ᠴᠢᠨᠠᠷ ᠢᠶᠠᠨ ᠳᠡᠭᠡᠭᠰᠢᠯᠡᠭᠦᠯᠵᠦ᠂ ᠠᠵᠢᠯ ᠤᠨ | ᠭᠦᠢᠴᠡᠳᠬᠡᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠪᠠᠨ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠲᠣᠭᠤᠷᠢᠭ ᠤᠨ ᠤᠳᠤᠷᠢᠳᠤᠯᠭ᠎ᠠ ᠵᠤᠤ ᠶᠠ ᠳ᠋ᠦᠩ᠂ ᠶᠠᠩ ᠯᠢ ᠬᠦᠩ᠂ ᠰᠢᠤᠢ ᠹᠸᠢ ᠶᠠᠨ᠂ ᠢᠦᠢ ᠬᠤᠸᠠ | ᠶᠠᠨ᠂ ᠯᠢ ᠰᠢᠶᠠᠨ ᠹᠦ᠋᠂ ᠴᠧᠨ ᠶᠠᠨ ᠶᠦᠩ ᠬᠤᠷᠠᠯ ᠳᠤ ᠣᠷᠣᠯᠴᠠᠪᠠ᠃ |