3 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ 2023 ᠣᠨ ᠤ | ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠵᠢᠴᠢ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠭᠤᠯᠵᠤ᠂ | ᠮᠠᠨ ᠤ ᠬᠤᠲᠠ ᠶᠢᠨ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠪᠥᠬᠦ ᠲᠣᠭᠤᠷᠢᠭ ᠤᠨ 2022 ᠣᠨ ᠤ | ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ | ᠳ᠋ᠦᠩᠨᠡᠵᠦ᠂ 2023 ᠣᠨ ᠤ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ︽ᠱᠠᠯᠢᠭ | ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠭ᠎ᠠ ᠰᠦᠩ ᠳ᠋ᠡ ᠹᠦ᠋᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ | ᠲᠣᠭᠤᠷᠢᠭ ᠤᠨ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠰᠢᠶᠠᠨ ᠹᠦ᠋ ᠬᠤᠷᠠᠯ ᠳᠤ ᠣᠷᠣᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠪᠣᠯᠤᠨ᠎ᠠ᠂ ︽ᠱᠠᠯᠢᠭ ᠵᠠᠪᠬᠠᠶ ᠵᠦᠢᠯᠡᠰ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠃ ᠪᠠᠶᠢᠳᠠᠯ ᠢ ᠲᠣᠳᠣᠷᠬᠠᠶ ᠲᠠᠨᠢᠵᠤ᠂ ᠲᠠᠨᠢᠯᠲᠠ ᠪᠠᠨ ᠳᠡᠭᠡᠭᠰᠢᠯᠡᠭᠦᠯᠵᠦ᠂ ︽ᠱᠠᠯᠢᠭ | ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ | ᠭᠤᠣᠯᠳᠠᠯᠭ᠎ᠠ ᠶᠢ ᠲᠤᠪᠤᠶᠢᠯᠭᠠᠨ᠂ ᠬᠦᠴᠦᠲᠡᠶ ᠠᠳᠬᠤᠨ ᠬᠦᠴᠦᠲᠡᠶ ᠴᠣᠬᠢᠯᠲᠠ ᠥᠭᠴᠦ᠂ ︽ᠱᠠᠯᠢᠭ ᠵᠠᠪᠬᠠᠶ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠣᠳᠠᠲᠤ ᠦᠷ᠎ᠡ | ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠡᠷᠢᠭᠦᠨ ᠴᠢᠬᠤᠯᠠ ᠡᠭᠦᠷᠭᠡ᠂ ᠵᠠᠩᠭᠢᠯᠠᠭ᠎ᠠ ᠶᠢᠨ ᠡᠭᠦᠷᠭᠡ᠂ | ᠦᠨᠳᠦᠰᠦᠨ ᠡᠭᠦᠷᠭᠡ ᠪᠣᠯᠤᠨ ᠰᠦᠯᠵᠢᠶᠡᠨ ᠤ ᠭᠤᠣᠯ ᠳᠠᠶᠢᠨ ᠤ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠰᠢᠰᠲ᠋ᠧᠮ ᠢᠶᠠᠨ | ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠡᠷᠡᠭ ᠶᠠᠪᠤᠳᠠᠯ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ ᠨᠠᠰᠤᠨ ᠳᠤ ᠥᠯᠥ ᠭᠦᠷᠦᠭᠰᠡᠳ ᠲᠤ ᠬᠤᠯᠪᠣᠭᠳᠠᠭᠰᠠᠨ ᠬᠤᠤᠷ ᠬᠥᠨᠥᠭᠡᠯ ᠲᠠᠢ | ᠬᠡᠪᠯᠡᠭᠳᠡᠬᠦᠨ ᠵᠢᠴᠢ ᠮᠡᠳᠡᠭᠡ ᠵᠠᠩᠭᠢ ᠶᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ︽ᠨᠠᠬᠢᠶ᠎ᠠ ᠶᠢ ᠬᠠᠮᠠᠭᠠᠯᠠᠬᠤ︾ | ᠠᠵᠢᠯᠯᠠᠭ᠎ᠠ ᠶᠢ ᠰᠠᠶᠢᠲᠤᠷ ᠠᠳᠬᠤᠵᠤ᠂ ᠰᠤᠷᠭᠠᠭᠤᠯᠢ᠂ ᠬᠡᠷ ᠪᠦᠯᠢ᠂ ᠨᠡᠶᠢᠭᠡᠮ ᠵᠢᠴᠢ ᠲᠣᠤᠷ ᠰᠦᠯᠵᠢᠶ᠎ᠡ ᠶᠢ | ᠨᠢᠭᠡᠳᠦᠯᠲᠡᠶ ᠲᠥᠯᠥᠪᠯᠡᠨ᠂ ᠣᠯᠠᠨ ᠲᠠᠯ᠎ᠠ ᠪᠠᠷ ᠬᠠᠮᠵᠢᠯᠴᠠᠨ ᠬᠦᠴᠦᠯᠡᠵᠦ᠂ ᠪᠥᠬᠦ ᠨᠡᠶᠢᠭᠡᠮ᠂ ᠪᠥᠬᠦ ᠬᠦᠷᠢᠶ᠎ᠡ᠂ ᠪᠥᠬᠦ | ᠡᠳᠦᠷ ᠢᠶᠠᠷ ᠢᠶᠠᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ | ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠬᠠᠲᠠᠭᠤ ᠪᠡᠷᠬᠡ᠂ | ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠪᠠ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ | ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ ᠬᠤᠯᠪᠣᠭᠠᠯᠠᠨ ᠬᠠᠮᠢᠶᠠᠷᠴᠤ ᠬᠤᠯᠪᠣᠭᠠᠯᠠᠨ | ᠵᠠᠰᠠᠵᠤ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠶᠡᠷᠦᠩᠬᠡᠶ ᠲᠡᠶᠢᠨ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ | ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ︽ᠱᠠᠯᠢᠭ ᠵᠠᠪᠬᠠᠶ ᠵᠦᠢᠯᠡᠰ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠡᠳᠦᠷ ᠲᠤᠳᠤᠮ ᠤᠨ ᠠᠵᠢᠯ ᠳᠤ | ᠠᠭᠤᠰᠬᠠᠵᠤ᠂ ᠪᠠᠶᠢᠩᠭᠤ ᠠᠳᠬᠤᠵᠤ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ | ᠴᠣᠬᠢᠯᠲᠠ ᠥᠭᠬᠦ︾ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠨᠡᠨᠬᠦ ᠰᠠᠶᠢᠲᠤᠷ ᠬᠢᠵᠦ᠂ ᠰᠦᠩᠱᠠᠨ | ᠲᠣᠭᠤᠷᠢᠭ ᠤᠨ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ |