︽ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠦᠷᠦ ᠠᠯᠪᠠᠨ ᠵᠠᠬᠢᠳᠠᠯ ﹇2020﹈ 109 ᠳ᠋ᠦ᠋ᠭᠡᠷ ᠲᠣᠭᠠᠲᠤ︶
ᠨᠡᠶᠢᠲᠡᠯᠡᠭᠰᠡᠨ ᠴᠠᠭ᠄
2023/3/31
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄      ᠡᠳᠦᠭᠡ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ          2020 ᠣᠨ ᠤ 11 ᠰᠠᠷ᠎ᠠ ᠶᠢᠨ 17 ᠤ ᠡᠳᠦᠷ      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶      ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ          ᠨᠢᠭᠡᠳᠦᠭᠡᠷ ᠵᠦᠢᠯ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠠᠤᠯᠢ ᠴᠠᠭᠠᠵᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠮᠬᠢ ᠳᠢᠭᠯᠢᠮ ᠢ ᠬᠠᠮᠠᠭᠠᠯᠠᠨ᠂ ᠣᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ ᠶᠢ ᠨᠠᠩ ᠰᠠᠶᠢᠲᠤᠷ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠭᠡᠳᠡᠭ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠬᠤ ᠦᠢᠯᠡ ᠠᠵᠢᠯᠯᠠᠭ᠎ᠠ ᠳᠤ ᠪᠦᠲᠦᠮᠵᠢᠲᠡᠶ ᠲᠣᠬᠢᠷᠠᠭᠤᠯᠤᠯᠲᠠ ᠬᠢᠵᠦ᠂ ᠭᠤᠶᠤᠴᠢᠯᠠᠭᠴᠢ ᠶᠢᠨ ᠡᠷᠬᠡ ᠪᠠᠨ ᠵᠦᠶ ᠵᠣᠬᠢᠰᠲᠠᠶ ᠬᠡᠷᠡᠭᠵᠢᠭᠦᠯᠬᠦ ᠶᠢ ᠬᠥᠲᠥᠯᠦᠨ ᠵᠢᠯᠣᠭᠤᠳᠬᠤ ᠶᠢᠨ ᠲᠤᠰᠠᠳᠠ᠂ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠵᠣᠬᠢᠬᠤ ᠲᠤᠭ᠎ᠠ ᠬᠡᠮᠵᠢᠶ᠎ᠡ ᠪᠤᠶᠤ ᠤᠳᠠᠭ᠎ᠠ ᠶᠢᠨ ᠬᠡᠪᠴᠢᠶ᠎ᠡ ᠠᠴᠠ ᠬᠡᠲᠦᠷᠡᠭᠰᠡᠨ ᠭᠤᠶᠤᠴᠢᠯᠠᠭᠴᠢ ᠠᠴᠠ ᠬᠤᠷᠢᠶᠠᠬᠤ ᠵᠠᠷᠤᠳᠠᠯ ᠢ ᠵᠢᠭᠠᠵᠤ ᠪᠣᠶ᠃      ᠭᠤᠷᠪᠠᠳᠤᠭᠠᠷ ᠵᠦᠢᠯ ᠮᠡᠳᠡᠭᠡ ᠵᠠᠩᠭᠢ ᠶᠢ ᠰᠢᠢᠳᠪᠦᠷᠢᠯᠡᠬᠦ ᠰᠦᠢᠳᠬᠡᠯ ᠢ ᠲᠤᠭ᠎ᠠ  ᠪᠠᠷ ᠪᠤᠳᠤᠵᠤ ᠬᠤᠷᠢᠶᠠᠵᠤ ᠪᠣᠯᠤᠨ᠎ᠠ᠂ ᠬᠡᠮᠵᠢᠶ᠎ᠡ ᠪᠠᠷ ᠪᠤᠳᠤᠵᠤ ᠬᠤᠷᠢᠶᠠᠭᠰᠠᠨ ᠴᠤ ᠪᠣᠯᠤᠨ᠎ᠠ᠂ ᠴᠥᠮ ᠨᠤᠷᠮ᠎ᠠ ᠠᠴᠠ ᠳᠠᠪᠠᠭᠰᠠᠨ ᠠᠬᠢᠭᠤᠯᠤᠨ ᠪᠤᠳᠤᠬᠤ ᠠᠷᠭ᠎ᠠ ᠮᠠᠶ᠋ᠢᠭ ᠢᠶᠠᠷ ᠰᠦᠢᠳᠬᠡᠯ ᠬᠤᠷᠢᠶᠠᠬᠤ ᠵᠣᠭᠤᠰ ᠤᠨ ᠲᠤᠭ᠎ᠠ ᠶᠢ ᠪᠤᠳᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠨᠢᠭᠡᠪᠦᠷᠢ ᠳᠤ ᠪᠣᠳᠠᠲᠠᠶ ᠪᠠᠶᠢᠳᠠᠯ ᠢ ᠦᠨᠳᠦᠰᠦᠯᠡᠨ ᠲᠡᠭᠦᠨ ᠤ ᠳᠣᠲᠣᠷᠠᠬᠢ ᠨᠢᠭᠡ ᠵᠦᠢᠯ ᠤᠨ ᠪᠠᠷᠢᠮᠵᠢᠶ᠎ᠠ ᠶᠢ ᠰᠣᠩᠭᠤᠨ ᠬᠡᠷᠡᠭᠯᠡᠵᠦ ᠪᠣᠯᠤᠨ᠎ᠠ᠂ ᠭᠡᠪᠡᠴᠦ ᠬᠠᠮᠲᠤ ᠳᠤᠨᠢ ᠬᠤᠶᠠᠷ ᠵᠦᠢᠯ ᠤᠨ ᠪᠠᠷᠢᠮᠵᠢᠶ᠎ᠠ ᠪᠠᠷ ᠳᠠᠪᠬᠤᠷᠳᠠᠭᠤᠯᠤᠨ ᠪᠤᠳᠤᠵᠤ ᠪᠣᠯᠬᠤ ᠦᠭᠡᠢ᠃      ᠳᠥᠷᠪᠡᠳᠦᠭᠡᠷ ᠵᠦᠢᠯ ᠲᠤᠭ᠎ᠠ  ᠪᠠᠷ ᠪᠤᠳᠤᠵᠤ ᠬᠤᠷᠢᠶᠠᠬᠤ ᠶᠢ ᠪᠤᠶ ᠪᠦᠬᠦᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠲᠣᠭᠲᠠᠭᠠᠯ ᠤᠨ ᠲᠥᠷᠥᠯ ᠵᠦᠢᠯ ᠳᠤ ᠬᠡᠷᠡᠭᠯᠡᠨ᠎ᠡ᠃ ᠭᠤᠶᠤᠴᠢᠯᠠᠭᠴᠢ ᠶᠢᠨ ᠨᠢᠭᠡ ᠬᠤᠪᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠣᠯᠠᠨ ᠵᠦᠢᠯ ᠤᠨ ᠠᠭᠤᠯᠭ᠎ᠠ ᠶᠢ ᠪᠠᠭᠲᠠᠭᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ︽ᠨᠢᠭᠡ ᠬᠡᠷᠡᠭ ᠲᠤ ᠨᠢᠭᠡ ᠭᠤᠶᠤᠴᠢᠯᠠᠯ ᠭᠠᠷᠭᠠᠬᠤ︾ ᠵᠠᠷᠴᠢᠮ ᠤᠨ ᠶᠣᠰᠣᠭᠠᠷ᠂ ᠵᠦᠶ ᠵᠣᠬᠢᠰᠲᠠᠶ ᠬᠠᠮᠤᠭ ᠤᠨ ᠪᠠᠭ᠎ᠠ ᠨᠢᠭᠡᠴᠢ ᠪᠠᠷ ᠲᠤᠭ᠎ᠠ ᠶᠢ ᠰᠠᠯᠭᠠᠨ ᠪᠤᠳᠤᠵᠤ ᠪᠣᠯᠤᠨ᠎ᠠ᠃      ᠲᠤᠭ᠎ᠠ ᠪᠠᠷ ᠪᠤᠳᠤᠵᠤ ᠬᠤᠷᠢᠶᠠᠬᠤ ᠳᠤ ᠳᠣᠤᠷᠠᠬᠢ ᠮᠡᠲᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠄      ︵ᠨᠢᠭᠡ︶ ᠠᠳᠠᠯᠢ ᠨᠢᠭᠡᠨ ᠭᠤᠶᠤᠴᠢᠯᠠᠭᠴᠢ ᠨᠢᠭᠡ ᠰᠠᠷ᠎ᠠ ᠶᠢᠨ ᠳᠣᠲᠣᠷ᠎ᠠ ᠨᠡᠶᠢᠲᠡ 10 ᠬᠤᠪᠢ ᠠᠴᠠ ᠳᠣᠷᠣᠭᠰᠢ ︵10 ᠬᠤᠪᠢ ᠶᠢ ᠪᠠᠭᠲᠠᠭᠠᠨ᠎ᠠ︶ ᠭᠤᠶᠤᠴᠢᠯᠠᠭᠰᠠᠨ ᠪᠠᠶᠢᠪᠠᠯ ᠰᠦᠢᠳᠬᠡᠯ ᠬᠤᠷᠢᠶᠠᠬᠤ ᠥᠬᠡᠶ᠃      ︵ᠬᠤᠶᠠᠷ︶ ᠠᠳᠠᠯᠢ ᠨᠢᠭᠡᠨ ᠭᠤᠶᠤᠴᠢᠯᠠᠭᠴᠢ ᠶᠢᠨ ᠨᠢᠭᠡ ᠰᠠᠷ᠎ᠠ ᠶᠢᠨ ᠳᠣᠲᠣᠷ᠎ᠠ ᠭᠤᠶᠤᠴᠢᠯᠠᠭᠰᠠᠨ ᠨᠡᠶᠢᠲᠡ 11 — 30 ᠬᠤᠪᠢ ︵30 ᠬᠤᠪᠢ ᠶᠢ ᠪᠠᠭᠲᠠᠭᠠᠨ᠎ᠠ︶ ᠶᠢᠨ ᠬᠡᠰᠡᠭ ᠠᠴᠠ 100 ᠲᠥᠭᠦᠷᠢᠭ / ᠬᠤᠪᠢ ᠃      ︵ᠭᠤᠷᠪᠠ︶ ᠠᠳᠠᠯᠢ ᠨᠢᠭᠡᠨ ᠭᠤᠶᠤᠴᠢᠯᠠᠭᠴᠢ ᠶᠢᠨ ᠨᠢᠭᠡ ᠰᠠᠷ᠎ᠠ ᠶᠢᠨ ᠳᠣᠲᠣᠷ᠎ᠠ ᠨᠡᠶᠢᠲᠡ 31 ᠬᠤᠪᠢ ᠠᠴᠠ ᠳᠡᠭᠡᠭᠰᠢ ᠭᠤᠶᠤᠴᠢᠯᠠᠭᠰᠠᠨ ᠬᠡᠰᠡᠭ ᠠᠴᠠ 10 ᠬᠤᠪᠢ ᠶᠢ ᠨᠢᠭᠡ ᠳᠡᠰ ᠪᠣᠯᠭᠠᠵᠤ᠂ ᠨᠢᠭᠡ ᠳᠡᠰ ᠨᠡᠮᠡᠬᠦ ᠪᠦᠷᠢ ᠰᠦᠢᠳᠬᠡᠯ ᠬᠤᠷᠢᠶᠠᠬᠤ ᠪᠠᠷᠢᠮᠵᠢᠶ᠎ᠠ ᠶᠢ 100 ᠲᠥᠭᠦᠷᠢᠭ / ᠲᠤᠭ᠎ᠠ  ᠪᠠᠷ ᠳᠡᠭᠡᠭᠰᠢᠯᠡᠭᠦᠯᠦᠨ᠎ᠡ᠃      ᠲᠠᠪᠤᠳᠤᠭᠠᠷ ᠵᠦᠢᠯ ᠭᠤᠶᠤᠴᠢᠯᠠᠭᠴᠢ ᠶᠢᠨ ᠴᠠᠭᠠᠰᠤᠨ ᠮᠠᠲ᠋ᠧᠷᠢᠶᠠᠯ ᠬᠠᠩᠭᠠᠬᠤ᠂ ᠡᠯᠧᠺᠲᠷᠣᠨ ᠰᠢᠦᠳᠠᠨ ᠶᠠᠪᠤᠭᠤᠯᠬᠤ᠂ ᠡᠯᠧᠺᠲᠷᠣᠨ ᠲᠤᠭ᠎ᠠ ᠪᠠᠷᠢᠮᠲᠠ ᠪᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠪᠠᠷ ᠱᠠᠭᠠᠷᠳᠠᠭᠰᠠᠨ ᠪᠠᠶᠢᠳᠠᠯ ᠳᠤ ᠬᠡᠮᠵᠢᠶ᠎ᠡ ᠪᠠᠷ ᠪᠤᠳᠤᠵᠤ ᠬᠤᠷᠢᠶᠠᠬᠤ ᠶᠢ ᠬᠡᠷᠡᠭᠯᠡᠨ᠎ᠡ᠃ ᠬᠤᠯᠪᠣᠭᠳᠠᠯ ᠪᠥᠬᠦᠶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠢᠭᠡᠨᠲᠡ ᠰᠠᠨᠠᠭᠠᠴᠢᠯᠠᠭ᠎ᠠ ᠠᠴᠠ ᠪᠠᠨ ᠭᠠᠳᠠᠭᠰᠢ ᠢᠯᠡ ᠪᠣᠯᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠤᠨ ᠭᠤᠴᠢᠨ ᠵᠢᠷᠭᠤᠳᠤᠭᠠᠷ ᠵᠦᠢᠯ ᠤᠨ ︵ᠨᠢᠭᠡ︶  ᠳ᠋ᠦ᠋ᠭᠡᠷ ᠵᠤᠷᠪᠤᠰ᠂ ︵ᠬᠤᠶᠠᠷ︶ ᠳ᠋ᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ ᠭᠤᠶᠤᠴᠢᠯᠠᠭᠴᠢ ᠳᠤ ᠤᠯᠬᠤ ᠠᠷᠭ᠎ᠠ ᠮᠠᠶ᠋ᠢᠭ᠂ ᠠᠷᠭ᠎ᠠ ᠵᠠᠮ ᠵᠡᠷᠭᠡ ᠶᠢ ᠮᠡᠳᠡᠭᠳᠡᠭᠰᠡᠨ ᠪᠠᠶᠢᠪᠠᠯ᠂ ᠬᠡᠮᠵᠢᠶ᠎ᠡ ᠪᠠᠷ ᠪᠤᠳᠤᠵᠤ ᠬᠤᠷᠢᠶᠠᠬᠤ ᠶᠢ ᠬᠡᠷᠡᠭᠯᠡᠬᠦ ᠥᠬᠡᠶ᠃ ᠬᠡᠮᠵᠢᠶ᠎ᠡ ᠪᠠᠷ ᠪᠤᠳᠤᠵᠤ ᠬᠤᠷᠢᠶᠠᠬᠤ ᠳᠠᠭᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠭᠴᠠ ᠵᠦᠢᠯ ᠤᠨ ᠭᠤᠶᠤᠴᠢᠯᠠᠯ ᠢᠶᠠᠷ ᠨᠢᠭᠡᠴᠢ ᠪᠣᠯᠭᠠᠨ ᠲᠣᠰ ᠲᠣᠰ ᠨᠢᠭᠤᠷ ᠤᠨ ᠲᠤᠭ᠎ᠠ ︵A4 ᠵᠢᠴᠢ ᠲᠡᠭᠦᠨ ᠠᠴᠠ ᠳᠣᠷᠣᠭᠰᠢᠬᠢ ᠲᠠᠯ᠎ᠠ ᠶᠢᠨ ᠴᠠᠭᠠᠰᠤᠨ ᠤ ᠭᠠᠭᠴᠠ ᠲᠠᠯ᠎ᠠ ᠨᠢ 1 ᠨᠢᠭᠤᠷ︶ ᠶᠢ ᠪᠤᠳᠤᠵᠤ᠂ ᠠᠳᠠᠯᠢ ᠨᠢᠭᠡᠨ ᠭᠤᠶᠤᠴᠢᠯᠠᠭᠴᠢ ᠶᠢᠨ ᠲᠤᠰᠢᠶᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠣᠯᠠᠨ ᠵᠦᠢᠯ ᠤᠨ ᠭᠤᠶᠤᠴᠢᠯᠠᠯ ᠳᠤ ᠨᠢᠭᠤᠷ ᠤᠨ ᠲᠤᠭ᠎ᠠ ᠶᠢ ᠠᠬᠢᠭᠤᠯᠤᠨ ᠪᠤᠳᠤᠬᠤ ᠥᠬᠡᠶ᠃      ᠬᠡᠮᠵᠢᠶ᠎ᠡ ᠪᠠᠷ ᠪᠤᠳᠤᠵᠤ ᠬᠤᠷᠢᠶᠠᠬᠤ ᠳᠤ ᠳᠣᠤᠷ᠎ᠠ ᠵᠢᠭᠰᠠᠭᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠄      ︵ᠨᠢᠭᠡ︶ 30 ᠨᠢᠭᠤᠷ ᠠᠴᠠ ᠳᠣᠷᠣᠭᠰᠢ ︵30 ᠨᠢᠭᠤᠷ ᠪᠠᠭᠲᠠᠨ᠎ᠠ︶ ᠪᠣᠯ ᠰᠦᠢᠳᠬᠡᠯ ᠬᠤᠷᠢᠶᠠᠬᠤ ᠥᠭᠡᠢ᠃      ︵ᠬᠤᠶᠠᠷ︶ 31 — 100 ᠨᠢᠭᠤᠷ ︵100 ᠨᠢᠭᠤᠷ ᠪᠠᠭᠲᠠᠨ᠎ᠠ︶ ᠤᠨ ᠬᠡᠰᠡᠭ ᠠᠴᠠ 10 ᠲᠥᠭᠦᠷᠢᠭ \ ᠨᠢᠭᠤᠷ᠃      ︵ᠭᠤᠷᠪᠠ︶ 101 — 200 ᠨᠢᠭᠤᠷ ︵200 ᠨᠢᠭᠤᠷ ᠪᠠᠭᠲᠠᠨ᠎ᠠ︶ ᠤᠨ ᠬᠡᠰᠡᠭ ᠠᠴᠠ 20 ᠲᠥᠭᠦᠷᠢᠭ \ ᠨᠢᠭᠤᠷ᠃      ︵ᠲᠦᠷᠪᠡ︶ 201 ᠳ᠋ᠦ᠋ᠭᠡᠷ ᠨᠢᠭᠤᠷ ᠠᠴᠠ ᠳᠡᠭᠡᠭᠰᠢᠬᠢ ᠬᠡᠰᠡᠭ ᠠᠴᠠ 40 ᠲᠥᠭᠦᠷᠢᠭ \ ᠨᠢᠭᠤᠷ᠃      ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠮᠡᠳᠡᠭᠡ ᠵᠠᠩᠭᠢ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷ ᠬᠠᠤᠯᠢ ᠶᠣᠰᠣᠭᠠᠷ ᠲᠣᠭᠲᠠᠭᠠᠭᠰᠠᠨ ᠪᠠᠶᠢᠪᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠬᠤᠭᠤᠴᠠᠭᠠᠨ ᠳᠤ᠂ ᠭᠤᠶᠤᠴᠢᠯᠠᠭᠴᠢ ᠶᠢᠨ ᠮᠡᠳᠡᠭᠡ ᠵᠠᠩᠭᠢ ᠤᠯᠬᠤ ᠠᠷᠭ᠎ᠠ ᠵᠠᠮ ᠢᠶᠠᠷ ᠭᠤᠶᠤᠴᠢᠯᠠᠭᠴᠢ ᠳᠤ ᠰᠦᠢᠳᠬᠡᠯ ᠬᠤᠷᠢᠶᠠᠬᠤ ᠮᠡᠳᠡᠭᠳᠡᠯ ᠶᠠᠪᠤᠭᠤᠯᠵᠤ᠂ ᠰᠦᠢᠳᠬᠡᠯ ᠬᠤᠷᠢᠶᠠᠬᠤ ᠦᠨᠳᠦᠰᠦᠯᠡᠯ᠂ ᠪᠠᠷᠢᠮᠵᠢᠶ᠎ᠠ᠂ ᠲᠤᠭ᠎ᠠ ᠬᠡᠮᠵᠢᠶ᠎ᠡ᠂ ᠲᠤᠰᠢᠶᠠᠬᠤ ᠠᠷᠭ᠎ᠠ ᠮᠠᠶ᠋ᠢᠭ ᠵᠡᠷᠭᠡ ᠶᠢ ᠲᠣᠳᠣᠷᠬᠠᠶᠢᠯᠠᠬᠤ ᠬᠡᠷᠡᠭᠲᠡᠶ ᠃ ᠭᠤᠶᠤᠴᠢᠯᠠᠭᠴᠢ ᠨᠢ ᠰᠦᠢᠳᠬᠡᠯ ᠬᠤᠷᠢᠶᠠᠬᠤ ᠮᠡᠳᠡᠭᠳᠡᠯ ᠢ ᠣᠯᠤᠭᠰᠠᠨ ᠤ ᠳᠠᠷᠠᠭ᠎ᠠ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠰᠦᠢᠳᠬᠡᠯ ᠲᠤᠰᠢᠶᠠᠬᠤ ᠬᠡᠷᠡᠭᠲᠡᠶ᠂ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠥᠬᠡᠶ ᠪᠣᠯ ᠭᠤᠶᠤᠴᠢᠯᠠᠯ ᠢᠶᠠᠨ ᠬᠠᠶᠠᠭᠰᠠᠨ ᠢᠶᠠᠷ ᠦᠵᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠠᠭᠢᠵᠤ ᠰᠢᠢᠳᠪᠦᠷᠢᠯᠡᠬᠦ ᠥᠬᠡᠶ᠃      ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠬᠤᠭᠤᠴᠠᠭ᠎ᠠ ᠶᠢ ᠭᠤᠶᠤᠴᠢᠯᠠᠭᠴᠢ ᠶᠢᠨ ᠰᠦᠢᠳᠬᠡᠯ ᠲᠤᠰᠢᠶᠠᠭᠰᠠᠨ ᠤ ᠳᠠᠷᠠᠭ᠎ᠠ ᠡᠳᠦᠷ ᠠᠴᠠ ᠡᠬᠢᠯᠡᠨ ᠳᠠᠭᠢᠵᠤ ᠪᠤᠳᠤᠨ᠎ᠠ᠃      ᠳᠣᠯᠣᠳᠤᠭᠠᠷ ᠵᠦᠢᠯ ᠭᠤᠶᠤᠴᠢᠯᠠᠭᠴᠢ ᠨᠢ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠬᠤᠷᠢᠶᠠᠬᠤ ᠲᠣᠭᠲᠠᠭᠠᠯ ᠳᠤ ᠣᠨᠳᠣᠣ ᠰᠠᠨᠠᠯ ᠲᠠᠢ ᠪᠠᠶᠢᠪᠠᠯ᠂ ᠲᠤᠰ ᠲᠣᠭᠲᠠᠭᠠᠯ ᠤᠨ ᠲᠤᠬᠠᠶ ᠲᠤᠰᠠᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠵᠤ ᠪᠣᠯᠬᠤ ᠦᠭᠡᠶ᠂ ᠵᠠᠷᠤᠳᠠᠯ ᠲᠤᠰᠢᠶᠠᠬᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠡᠭᠦᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠠᠭᠢᠵᠤ ᠰᠢᠢᠳᠪᠦᠷᠢᠯᠡᠬᠦ ᠦᠭᠡᠶ ᠪᠣᠯᠤᠭᠰᠠᠨ ᠠᠵᠢᠯᠯᠠᠭ᠎ᠠ ᠶᠢᠨ ᠲᠤᠬᠠᠶ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠲᠠᠪᠢᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠬᠤ᠂ ᠢᠯᠡᠴᠢᠯᠡᠨ ᠮᠡᠳᠡᠭᠦᠯᠬᠦ ᠪᠤᠶᠤ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢ ᠭᠤᠶᠤᠴᠢᠯᠠᠵᠤ᠂ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠵᠤ ᠪᠣᠯᠤᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃       ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠤᠷᠢᠶᠠᠭᠰᠠᠨ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠯᠲᠠ ᠳᠤ ᠬᠠᠷᠢᠶᠠᠯᠠᠭᠳᠠᠵᠤ᠂ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠡᠩ ᠤᠨ ᠣᠯᠠᠨ ᠨᠡᠶᠢᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠵᠤ᠂ ᠠᠳᠠᠯᠢ ᠱᠠᠲᠤᠨ ᠤ ᠤᠯᠤᠰ ᠤᠨ ᠬᠥᠮᠥᠷᠭᠡ ᠳᠤ ᠴᠠᠭ ᠲᠤᠬᠠᠶ ᠳᠤᠨᠢ  ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠶ᠃ ᠪᠣᠳᠠᠲᠠᠶ ᠬᠤᠷᠢᠶᠠᠨ ᠲᠤᠰᠢᠶᠠᠬᠤ ᠠᠷᠭ᠎ᠠ ᠮᠠᠶ᠋ᠢᠭ ᠢ ᠠᠳᠠᠯᠢ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠶᠢᠰᠦᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠮᠡᠳᠡᠭᠡ ᠵᠠᠩᠭᠢ ᠰᠢᠢᠳᠪᠦᠷᠢᠯᠡᠬᠦ ᠰᠦᠢᠳᠬᠡᠯ ᠬᠤᠷᠢᠶᠠᠬᠤ ᠳᠠᠭᠠᠨ ᠡᠳ᠋ ᠤᠨ ᠶᠠᠪᠤᠳᠠᠯ ᠤᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠡᠳ᠋ ᠤᠨ ᠵᠠᠰᠠᠭ ᠤᠨ ᠶᠠᠮᠤᠨ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠢᠭᠡᠳᠦᠯᠲᠡᠶ ᠬᠢᠨᠠᠨ ︵ᠲᠠᠮᠠᠭ᠎ᠠ︶ ᠦᠢᠯᠡᠳᠦᠭᠰᠡᠨ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠲᠤᠰ ᠲᠤᠰ ᠬᠡᠷᠡᠭᠯᠡᠬᠦ ᠬᠡᠷᠡᠭᠲᠡᠶ᠃      ᠠᠷᠪᠠᠳᠤᠭᠠᠷ ᠵᠦᠢᠯ ᠦᠨ᠎ᠡ ᠬᠠᠩᠰᠢ᠂ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠮᠡᠳᠡᠭᠡ ᠵᠠᠩᠭᠢ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠵᠤ᠂ ᠭᠤᠶᠤᠴᠢᠯᠠᠭᠴᠢ ᠶᠢᠨ ᠳᠤᠷᠠᠳᠤᠭᠰᠠᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠶ ᠳᠤᠨᠢ  ᠰᠢᠢᠳᠪᠦᠷᠢᠯᠡᠵᠦ᠂ ᠬᠠᠤᠯᠢ ᠠᠴᠠ ᠵᠥᠷᠢᠴᠡᠭᠰᠡᠨ ᠪᠤᠶᠤ ᠵᠦᠶ ᠵᠣᠬᠢᠰ ᠥᠬᠡᠶ ᠦᠢᠯᠡ ᠠᠵᠢᠯᠯᠠᠭ᠎ᠠ ᠶᠢ ᠴᠢᠩᠭ᠎ᠠ ᠵᠠᠯᠠᠷᠠᠭᠤᠯᠬᠤ ᠬᠡᠷᠡᠭᠲᠡᠶ᠃ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠬᠤᠷᠢᠶᠠᠭᠰᠠᠨ ᠪᠠᠶᠢᠳᠠᠯ ᠢ ᠪᠥᠬᠦ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠵᠠᠭᠪᠤᠷ ᠢᠶᠠᠷ ᠪᠦᠷᠢᠳᠬᠡᠨ ᠬᠤᠷᠢᠶᠠᠩᠭᠤᠶᠢᠯᠠᠬᠤ ᠶᠢᠨ ᠬᠠᠮᠲᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠳᠤ ᠣᠷᠣᠭᠤᠯᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃      ᠠᠷᠪᠠᠨ ᠬᠤᠶᠠᠳᠤᠭᠠᠷ ᠵᠦᠢᠯ ᠲᠤᠰ ᠠᠷᠭ᠎ᠠ ᠶᠢ ᠪᠦᠬᠦ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠲᠦᠷᠦ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠬᠠᠷᠢᠭᠤᠴᠠᠨ ᠲᠠᠶᠢᠯᠪᠤᠷᠢᠯᠠᠨ᠎ᠠ᠃      ᠠᠷᠪᠠᠨ ᠭᠤᠷᠪᠠᠳᠤᠭᠠᠷ ᠵᠦᠢᠯ ᠲᠣᠰ ᠠᠷᠭ᠎ᠠ ᠶᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号