ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ | ᠦᠨᠳᠦᠰᠦᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠪᠠ ᠬᠢᠨᠠᠯᠲᠠ ᠲᠠᠯᠪᠢᠵᠤ᠂ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠨᠠᠩ ᠰᠠᠶᠢᠲᠤᠷ ᠥᠷᠨᠢᠭᠦᠯᠵᠦ᠂ ᠠᠷᠠᠳ | ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠤᠯᠬᠤ ᠪᠠ ᠪᠠᠶᠢᠴᠠᠭᠠᠨ ᠦᠵᠡᠬᠦ ᠳᠤ ᠲᠥᠬᠦᠮ ᠦᠵᠡᠭᠦᠯᠦᠨ᠂ ᠲᠡᠳᠡᠨ ᠤ ᠪᠠᠶᠢᠳᠠᠯ ᠢ ᠮᠡᠳᠡᠬᠦ ᠡᠷᠬᠡ᠂ | ᠣᠷᠣᠯᠴᠠᠬᠤ ᠡᠷᠬᠡ ᠪᠠ ᠠᠪᠤᠷᠠᠨ ᠲᠣᠰᠠᠯᠠᠬᠤ ᠡᠷᠬᠡ ᠶᠢ ᠬᠠᠤᠯᠢ ᠶᠣᠰᠣᠭᠠᠷ ᠪᠠᠲᠤᠯᠠᠬᠤ ᠶᠢᠨ ᠲᠤᠰᠠᠳᠠ᠂ ᠲᠣᠰ ︽ | ᠤᠳᠤᠷᠢᠮᠳᠣᠵᠢ︾ ᠶᠢ ᠲᠤᠰᠬᠠᠶᠢᠯᠠᠨ ᠨᠠᠶᠢᠷᠠᠭᠤᠯᠤᠨ ᠵᠣᠬᠢᠶᠠᠪᠠ᠃ | ︽ᠤᠳᠤᠷᠢᠮᠳᠣᠵᠢ︾ ᠶᠢ ᠵᠢᠯ ᠪᠦᠷᠢ ᠨᠢᠭᠡ ᠤᠳᠠᠭ᠎ᠠ ᠰᠢᠨᠡᠳᠬᠡᠵᠦ᠂ ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶᠡᠨ ᠳᠡᠭᠡᠷ᠎ᠡ ᠠᠴᠠ ᠡᠷᠢᠵᠦ ᠦᠵᠡᠵᠦ ᠪᠣᠯᠤᠨ᠎ᠠ | ᠂ ᠪᠠᠰᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︵ᠰᠦᠩᠪᠸᠢ ᠶᠢᠨ ᠰᠢᠨ᠎ᠡ | ᠬᠤᠲᠠ ᠶᠢᠨ ᠪᠠᠶ ᠯᠢᠦ ᠵᠠᠮ ᠤᠨ ᠪᠠᠷᠠᠭᠤᠨ ᠲᠠᠯ᠎ᠠ᠂ ᠰᠦᠩ ᠶᠤᠸᠠᠢ ᠵᠡᠭᠡᠯᠢ ᠶᠢᠨ ᠡᠮᠦᠨᠡᠬᠢ ᠠᠭᠤᠯᠵᠠᠷ ᠤᠨ | ᠭᠠᠵᠠᠷ ᠤᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ ᠠᠴᠠ ᠠᠪᠴᠤ | ᠪᠣᠯᠤᠨ᠎ᠠ᠃ | ︽ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ︾ ᠶᠢᠨ | ᠰᠦᠯᠵᠢᠶᠡᠨ ᠤ ᠬᠠᠶ᠋ᠢᠭ᠄ http://www.ssq.gov.cn/ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠯᠪᠠᠨ ᠬᠡᠷ ᠤᠨ ᠬᠠᠶ᠋ᠢᠭ᠄ | ᠰᠥᠩ ᠪᠸᠢ ᠰᠢᠨ᠎ᠡ ᠬᠤᠲᠠ ᠶᠢᠨ ᠪᠠᠶ ᠯᠢᠦ ᠵᠠᠮ ᠤᠨ ᠪᠠᠷᠠᠭᠤᠨ᠂ ᠰᠥᠩ ᠶᠤᠸᠠᠢ ᠵᠡᠭᠡᠯᠢ ᠶᠢᠨ ᠡᠮᠦᠨ᠎ᠡ | ᠠᠭᠤᠯᠵᠠᠷ ᠤᠨ ᠭᠠᠵᠠᠷ ᠤᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠠᠯᠪᠠᠨ ᠬᠡᠷ ᠤᠨ ᠳᠥᠷᠪᠡᠳᠦᠭᠡᠷ ᠠᠰᠠᠷ᠃ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠯᠪᠠᠨ ᠬᠡᠷ ᠤᠨ ᠬᠠᠷᠢᠯᠴᠠᠬᠤ | ᠤᠲᠠᠰᠤ᠄ 0476 — 8469099᠃ | ᠨᠢᠭᠡ᠂ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ | ︵ᠨᠢᠭᠡ︶ ᠰᠠᠨᠠᠭᠠᠴᠢᠯᠠᠭ᠎ᠠ ᠠᠴᠠ ᠪᠠᠨ ᠨᠡᠶᠢᠳᠡᠯᠡᠬᠦ ᠮᠡᠳᠡᠭᠡ ᠵᠠᠩᠭᠢ᠄ | 1᠂ ᠵᠢᠷᠤᠮᠵᠢᠯ ᠤᠨ ᠴᠢᠨᠠᠷᠲᠠᠶ ᠮᠠᠲ᠋ᠧᠷᠢᠶᠠᠯ ᠵᠢᠴᠢ ᠨᠡᠶᠢᠭᠡᠮ ᠤᠨ ᠬᠠᠮᠢᠶᠠᠷᠤᠯᠲᠠ ᠪᠠ ᠨᠡᠶᠢᠲᠡ ᠶᠢᠨ | ᠦᠢᠯᠡᠴᠢᠯᠡᠯᠭᠡᠨ ᠤ ᠬᠠᠮᠢᠶ᠎ᠠ ᠪᠦᠭᠦᠢ ᠪᠣᠰᠣᠳ ᠪᠢᠴᠢᠭ ᠮᠠᠲ᠋ᠧᠷᠢᠶᠠᠯ | 2᠂ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ᠂ ᠲᠥᠯᠥᠪᠯᠡᠭᠡ ᠵᠢᠴᠢ | ᠲᠡᠭᠦᠨ ᠢ ᠬᠡᠷᠡᠭᠵᠢᠭᠦᠯᠦᠭᠰᠡᠨ ᠪᠠᠶᠢᠳᠠᠯ︔ | 3᠂ ᠬᠤᠳᠠ ᠪᠠᠯᠭᠠᠰᠤᠨ ᠤ ᠲᠥᠯᠥᠪᠵᠢᠭᠦᠯᠭᠡ᠂ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ᠂ | ᠪᠤᠰᠤᠳ ᠲᠤᠰᠬᠠᠶ ᠮᠡᠷᠭᠡᠵᠢᠯ ᠤᠨ ᠲᠥᠯᠥᠪᠵᠢᠭᠦᠯᠭᠡ ᠵᠢᠴᠢ ᠲᠡᠭᠦᠨ ᠢ ᠬᠡᠷᠡᠭᠵᠢᠭᠦᠯᠦᠭᠰᠡᠨ ᠪᠠᠶᠢᠳᠠᠯ︔ | 4᠂ ᠬᠥᠮᠦᠨ ᠠᠮᠠ᠂ ᠡᠬᠢ ᠪᠠᠶᠠᠯᠢᠭ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠪᠠᠶᠢᠳᠠᠯ︔ | 5᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ᠂ ᠲᠥᠰᠦᠪ ᠤᠨ ᠭᠦᠢᠴᠡᠳᠬᠡᠯ ᠵᠢᠴᠢ ᠬᠢᠨᠠᠨ | ᠪᠤᠳᠤᠯᠳᠠ ᠶᠢᠨ ᠪᠠᠶᠢᠳᠠᠯ︔ | 6᠂ ᠵᠠᠰᠠᠭ ᠤᠨ ᠣᠷᠳᠣᠨ ᠤ ᠪᠠᠶᠢᠭᠤᠯᠤᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢᠨ ᠪᠠᠶᠢᠷᠢᠯᠠᠭᠤᠯᠤᠯᠲᠠ᠂ ᠡᠭᠦᠷᠭᠡ ᠴᠢᠳᠠᠪᠬᠢ ᠶᠢᠨ ᠳᠤᠬᠢᠷᠠᠭᠤᠯᠤᠯᠳᠠ ᠵᠢᠴᠢ ᠳᠤᠬᠢᠷᠠᠭᠤᠯᠤᠯᠳᠠ ᠶᠢᠨ | ᠪᠠᠶᠢᠳᠠᠯ︔ | 7᠂ ᠬᠦᠨᠳᠦ ᠶᠡᠭᠡ ᠬᠢᠵᠢᠭ ᠤᠨ ᠪᠠᠶᠢᠳᠠᠯ᠂ ᠭᠠᠮᠰᠢᠭ ᠤᠨ ᠪᠠᠶᠢᠳᠠᠯ ᠵᠢᠴᠢ ᠪᠤᠰᠤᠳ ᠭᠡᠨᠡᠳᠲᠡ ᠶᠢᠨ ᠬᠡᠷᠡᠭ ᠢ | ᠤᠷᠢᠳᠴᠢᠯᠠᠨ ᠮᠡᠳᠡᠭᠡᠯᠡᠭᠰᠡᠨ᠂ ᠡᠭᠦᠰᠦᠭᠰᠡᠨ ᠵᠢᠴᠢ ᠰᠢᠢᠳᠪᠦᠷᠢᠯᠡᠭᠰᠡᠨ ᠪᠠᠶᠢᠳᠠᠯ︔ | 8᠂ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠭᠰᠡᠨ ᠠᠬᠢᠴᠠ ᠶᠢᠨ | ᠪᠠᠶᠢᠳᠠᠯ︔ | 9᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷᠴᠠᠭ᠂ ᠬᠢᠵᠠᠭᠠᠷᠯᠠᠭᠰᠠᠨ ᠪᠠᠷᠢᠮᠵᠢᠶ᠎ᠠ ᠪᠠ ᠬᠤᠳᠠᠯᠳᠤᠨ | ᠠᠪᠤᠭᠰᠠᠨ ᠦᠷ᠎ᠡ ᠳ᠋ᠦᠩ︔ | 10᠂ ᠵᠠᠰᠠᠭ ᠵᠠᠬᠢᠷᠭᠠᠨ ᠤ ᠬᠥᠬᠢᠭᠦᠯᠦᠯ ᠵᠢᠴᠢ ᠠᠯᠪᠠᠲᠠᠨ ᠢ ᠰᠢᠯᠭᠠᠨ ᠡᠯᠰᠡᠬᠦ᠂ ᠡᠯᠰᠡᠨ ᠬᠡᠷᠡᠭᠯᠡᠬᠦ ᠵᠦᠢᠯᠡᠰ︔ | | 11᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ | ᠶᠣᠰᠣᠲᠠᠢ ᠪᠤᠰᠤᠳ ᠮᠡᠳᠡᠭᠡ ᠵᠠᠩᠭᠢ᠃ | ︵ᠬᠤᠶᠠᠷ︶ ᠬᠠᠤᠯᠢ ᠪᠠᠷ ᠲᠣᠭᠲᠠᠭᠠᠭᠰᠠᠨ ᠡᠭᠦᠷᠭᠡ ᠴᠢᠳᠠᠪᠤᠷᠢ ᠶᠢᠨ ᠶᠣᠰᠣᠭᠠᠷ᠂ ᠮᠠᠨ ᠤ ᠲᠣᠭᠤᠷᠢᠭ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠢᠯᠡ ᠪᠣᠯᠭᠠᠭᠰᠠᠨ ᠮᠡᠳᠡᠭᠡ ᠵᠠᠩᠭᠢ ᠶᠢᠨ ᠭᠠᠷᠴᠠᠭ ᠢ ᠨᠠᠶᠢᠷᠠᠭᠤᠯᠤᠨ | ᠵᠣᠬᠢᠶᠠᠬᠤ ᠶᠢᠨ ᠬᠠᠮᠲᠤ᠂ ᠬᠥᠳᠡᠯᠦᠩᠭᠦᠶ ᠴᠢᠨᠠᠷᠲᠠᠶ ᠮᠡᠳᠡᠭᠡ ᠵᠠᠩᠭᠢ ᠶᠢᠨ ᠭᠠᠷᠴᠠᠭ ᠲᠤ ᠴᠠᠭ ᠲᠤᠨᠢ | ᠲᠣᠬᠢᠷᠠᠭᠤᠯᠤᠯᠲᠠ ᠬᠢᠬᠦ ᠪᠠ ᠰᠢᠨᠡᠳᠬᠡᠨ᠎ᠡ᠃ | ︵ᠭᠤᠷᠪᠠ︶ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ | ᠵᠠᠬᠢᠷᠭᠠᠨ ᠤ ᠪᠠᠶᠢᠭᠤᠯᠭ᠎ᠠ ᠠᠴᠠ ᠤᠯᠬᠤ᠂ ᠪᠠᠶᠢᠴᠠᠭᠠᠨ ᠦᠵᠡᠬᠦ ᠴᠢᠬᠤᠯᠠᠲᠠᠶ ᠵᠠᠰᠠᠭ ᠤᠨ ᠣᠷᠳᠣᠨ ᠤ ᠪᠤᠰᠤᠳ | ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠵᠤ ᠪᠣᠯᠤᠨ᠎ᠠ᠃ | ︵ᠳᠥᠷᠪᠡ︶ ᠲᠣᠰ ᠱᠠᠲᠤᠨ ᠤ ᠨᠠᠮ ᠤᠨ ᠬᠤᠷᠢᠶ᠎ᠠ᠂ ᠡᠷᠬᠡᠲᠦ ᠪᠠᠶᠢᠭᠤᠯᠭ᠎ᠠ᠂ ᠳᠡᠭᠡᠳᠦ ᠱᠠᠲᠤᠨ ᠤ ᠵᠠᠰᠠᠭ | ᠵᠠᠬᠢᠷᠭᠠᠨ ᠤ ᠪᠠᠶᠢᠭᠤᠯᠭ᠎ᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠠᠮᠲᠤᠷᠠᠭᠰᠠᠨ ᠬᠤᠷᠠᠯ ᠪᠠ ᠵᠠᠰᠠᠭ ᠤᠨ | ᠣᠷᠳᠣᠨ ᠤ ᠠᠯᠪᠠᠨ ᠬᠡᠷ᠂ ᠬᠢᠨᠠᠨ ᠪᠠᠶᠢᠴᠠᠭᠠᠬᠤ ᠲᠣᠪᠴᠢᠶ᠎ᠠ ᠠᠴᠠ ᠲᠣᠭᠲᠠᠭᠠᠭᠰᠠᠨ ᠢᠯᠡ ᠪᠣᠯᠭᠠᠬᠤ ᠮᠡᠳᠡᠭᠡ | ᠵᠠᠩᠭᠢ ᠶᠢ ᠡᠷᠬᠡᠪᠰᠢ ᠢᠯᠡ ᠪᠣᠯᠭᠠᠬᠤ ᠬᠡᠷᠡᠭᠲᠡᠶ᠃ | ᠬᠤᠶᠠᠷ᠂ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠮᠠᠶ᠋ᠢᠭ | ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠣᠯᠳᠠᠭᠤ ᠳᠣᠣᠷᠠᠬᠢ ᠬᠡᠯᠪᠡᠷᠢ ᠪᠠᠷ ᠢᠯᠡ | ᠪᠣᠯᠭᠠᠨ᠎ᠠ᠄ | ︵ᠨᠢᠭᠡ︶ ︽ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾ ᠤ ᠠᠯᠪᠠᠨ ᠰᠦᠯᠵᠢᠶ᠎ᠡ︔ | ︵ᠬᠤᠶᠠᠷ︶ ᠰᠦᠩᠱᠠᠨ ᠨᠡᠶᠢᠲᠡᠯᠡᠬᠦ᠂ ᠰᠦᠩᠱᠠᠨ ᠷᠠᠳᠢᠣ᠋ ᠬᠤᠷᠢᠶ᠎ᠠ ᠵᠡᠷᠭᠡ ᠰᠣᠨᠢᠨ ᠮᠡᠳᠡᠭᠡᠨ ᠤ ᠵᠠᠭᠤᠴᠢ | ᠪᠣᠯᠤᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠲᠣᠭᠲᠠᠮᠠᠯ ᠪᠡᠯᠡᠳᠬᠡᠮᠵᠢ | ᠳᠣᠭᠢᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠢᠯᠡ ᠪᠣᠯᠭᠠᠨ᠎ᠠ᠃ | ᠭᠤᠷᠪᠠ᠂ ᠮᠡᠳᠡᠭᠡ ᠵᠠᠩᠭᠢ ᠶᠢ ᠢᠯᠡ ᠪᠣᠯᠭᠠᠬᠤ ᠲᠠᠰ ᠳᠠᠷᠠᠭᠠᠯᠠᠯ | ︵ᠨᠢᠭᠡ︶ ᠢᠯᠡ ᠪᠣᠯᠭᠠᠭᠰᠠᠨ ᠮᠡᠳᠡᠭᠡ ᠵᠠᠩᠭᠢ ᠶᠢᠨ ᠳᠣᠲᠣᠷ᠎ᠠ᠂ ᠠᠷᠠᠳ ᠢᠷᠭᠡᠨ᠂ ᠬᠠᠤᠯᠢ ᠶᠢᠨ ᠡᠷᠬᠡᠲᠡᠨ | ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠴᠢᠬᠤᠯᠠ ᠶᠡᠭᠡ ᠠᠰᠢᠭ ᠲᠤᠰᠠ ᠳᠤ ᠨᠡᠶᠢᠳᠡᠮ ᠬᠤᠯᠪᠣᠭᠳᠠᠬᠤ ᠪᠤᠶᠤ | ᠴᠢᠬᠤᠯᠠ ᠶᠡᠭᠡ ᠨᠡᠶᠢᠭᠡᠮ ᠤᠨ ᠨᠥᠯᠥᠭᠡ ᠲᠠᠢ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ | ᠨᠡᠶᠢᠭᠡᠮ ᠨᠡᠶᠢᠲᠡ ᠳᠤ ᠨᠡᠶᠢᠲᠡᠯᠡᠨ᠎ᠡ᠃ | ︵ᠬᠤᠶᠠᠷ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠷᠥᠯ ᠤᠨ ᠪᠤᠰᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠮᠡᠳᠡᠭᠡ ᠵᠠᠩᠭᠢ ᠪᠣᠶ ᠪᠣᠯᠤᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡ | ᠪᠣᠯᠭᠠᠨ᠎ᠠ᠃ | ︵ᠭᠤᠷᠪᠠ︶ ᠬᠤᠶᠠᠷ ᠠᠴᠠ ᠳᠡᠭᠡᠭᠰᠢᠬᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠤᠯᠪᠣᠭᠠᠯᠠᠨ | ᠪᠦᠷᠢᠯᠳᠦᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠤᠯᠯᠠᠨ ᠡᠷᠭᠢᠯᠡᠬᠦ ᠰᠠᠯᠠᠭ᠎ᠠ ᠮᠥᠴᠢᠷ ᠠᠴᠠ ᠬᠠᠮᠲᠤᠷᠠᠨ | ᠭᠦᠢᠴᠡᠳᠬᠡᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠵᠥᠪᠳᠡᠯᠴᠡᠵᠦ ᠭᠠᠷ ᠤᠨ ᠥᠰᠥᠭ ᠵᠢᠷᠤᠭᠰᠠᠨ ᠤ | ᠳᠠᠷᠠᠭ᠎ᠠ ᠢᠯᠡ ᠪᠣᠯᠭᠠᠨ᠎ᠠ᠃ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠤᠭᠤᠷᠣᠨᠳᠣ ᠪᠠᠨ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ | ᠪᠣᠯᠭᠠᠬᠤ ᠶᠢ ᠵᠥᠪᠳᠡᠯᠴᠡᠭᠡᠳ ᠰᠠᠨᠠᠯ ᠨᠢᠭᠡᠳᠴᠦ ᠳᠡᠶᠢᠯᠬᠦ ᠥᠬᠡᠶ ᠪᠠᠶᠢᠪᠠᠯ᠂ ᠭᠤᠤᠯᠴᠢᠯᠠᠨ ᠭᠦᠢᠴᠡᠳᠬᠡᠬᠦ ᠰᠠᠯᠠᠭ᠎ᠠ | ᠮᠥᠴᠢᠷ ᠨᠢ ᠴᠠᠭ ᠲᠤᠬᠠᠶ ᠳᠤᠨᠢ ᠵᠠᠰᠠᠭ ᠤᠨ ᠣᠷᠳᠣᠨ ᠤ ᠠᠯᠪᠠᠨ ᠬᠡᠷ ᠲᠤ ᠮᠡᠳᠡᠭᠦᠯᠵᠦ ᠬᠢᠨᠠᠨ ᠲᠡᠰᠦᠯᠦᠨ | ᠲᠣᠭᠲᠠᠭᠠᠯᠭᠠᠬᠤ ᠬᠡᠷᠡᠭᠲᠡᠶ᠃ | ︵ᠳᠥᠷᠪᠡ︶ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ | ᠲᠣᠭᠤᠷᠢᠭ ᠤᠨ ᠵᠠᠰᠠᠭ ᠤᠨ ᠣᠷᠳᠣᠨ ᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠴᠠ ᠭᠠᠳᠠᠨᠠᠬᠢ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠤᠯᠬᠤ ᠴᠢᠬᠤᠯᠠ ᠲᠠᠢ ᠪᠣᠯ ᠭᠤᠶᠤᠴᠢᠯᠠᠯ ᠢᠶᠠᠨ ᠳᠤᠷᠠᠳᠴᠤ ᠪᠣᠯᠤᠨ᠎ᠠ᠃ | ᠲᠣᠭᠤᠷᠢᠭ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠬᠠᠤᠯᠢ ᠲᠦᠷᠢᠮ ᠤᠨ ᠮᠡᠳᠡᠭᠡ ᠵᠠᠩᠭᠢ ᠶᠢᠨ | ᠲᠠᠰᠤᠭ ᠨᠢ ᠲᠣᠰ ᠮᠡᠳᠡᠭᠡ ᠵᠠᠩᠭᠢ ᠶᠢ ᠡᠵᠡᠮᠰᠢᠭᠰᠡᠨ ᠪᠣᠳᠠᠲᠠᠶ ᠪᠠᠶᠢᠳᠠᠯ ᠢ ᠦᠨᠳᠦᠰᠦᠯᠡᠨ ᠬᠠᠩᠭᠠᠬᠤ ᠬᠡᠷᠡᠭᠲᠡᠶ᠃ | 1᠂ ᠬᠦᠯᠢᠶᠡᠨ ᠠᠪᠬᠤ ᠪᠠᠶᠢᠭᠤᠯᠤᠮᠵᠢ᠃ ᠲᠣᠭᠤᠷᠢᠭ ᠤᠨ ᠵᠠᠰᠠᠭ ᠤᠨ ᠣᠷᠳᠣᠨ 2008 ᠣᠨ ᠤ 5 | ᠰᠠᠷ᠎ᠠ ᠶᠢᠨ 1 ᠤ ᠡᠳᠦᠷ ᠠᠴᠠ ᠡᠬᠢᠯᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ | ᠵᠢᠩᠬᠢᠨᠢ ᠪᠠᠷ ᠭᠥᠯᠢᠶᠡᠨ ᠠᠪᠴᠤ ᠰᠢᠢᠳᠪᠦᠷᠢᠯᠡᠪᠡ᠂ ᠰᠦᠯᠵᠢᠶᠡᠨ ᠭᠠᠳᠠᠨᠠᠬᠢ ᠭᠥᠯᠢᠶᠡᠨ ᠠᠪᠴᠤ ᠰᠢᠢᠳᠪᠦᠷᠢᠯᠡᠬᠦ | ᠪᠠᠶᠢᠭᠤᠯᠤᠮᠵᠢ ᠪᠣᠯ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠯᠪᠠᠨ | ᠬᠡᠷ ᠪᠣᠯᠤᠨ᠎ᠠ᠂ ᠬᠠᠶ᠋ᠢᠭ᠄ ᠰᠥᠩ ᠪᠸᠢ ᠰᠢᠨ᠎ᠡ ᠬᠤᠲᠠ ᠶᠢᠨ ᠪᠠᠶ ᠯᠢᠦ ᠵᠠᠮ ᠤᠨ ᠪᠠᠷᠠᠭᠤᠨ᠂ ᠰᠥᠩ ᠶᠤᠸᠠᠢ | ᠵᠡᠭᠡᠯᠢ ᠶᠢᠨ ᠡᠮᠦᠨᠡᠬᠢ ᠠᠭᠤᠯᠵᠠᠷ ᠤᠨ ᠭᠠᠵᠠᠷ ᠤᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠠᠯᠪᠠᠨ ᠬᠡᠷ ᠤᠨ ᠳᠥᠷᠪᠡᠳᠦᠭᠡᠷ ᠳᠠᠪᠬᠤᠷᠯᠢᠭ᠂ ᠠᠵᠢᠯᠯᠠᠬᠤ ᠴᠠᠭ ᠨᠢ ᠭᠠᠷᠠᠭ ᠤᠨ | ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ | ᠪᠠᠭᠲᠠᠬᠤ ᠥᠬᠡᠶ︶᠂ ᠡᠳᠦᠷ ᠪᠦᠷᠢ ᠶᠢᠨ 8᠄ 30 — 12᠄ 00᠂ 14᠄ 30 — 17᠄ 30︔ | ᠬᠠᠷᠢᠯᠴᠠᠬᠤ ᠤᠲᠠᠰᠤ᠄ 0476-8469099᠂ ᠰᠢᠦᠳᠠᠨ ᠨᠣᠮᠧᠷ ᠨᠢ 024005᠂ ᠰᠦᠯᠵᠢᠶᠡᠨ ᠳᠡᠭᠡᠷᠡᠬᠢ | ᠬᠦᠯᠢᠶᠡᠨ ᠠᠪᠬᠤ ᠡᠯᠧᠺᠲᠷᠣᠨ ᠰᠢᠦᠳᠠᠨ ᠬᠠᠶᠢᠷᠴᠠᠭ ᠤᠨ ᠬᠠᠶ᠋ᠢᠭ᠄ 769973513@qq.com᠃ | 2᠂ ᠭᠤᠶᠤᠴᠢᠯᠠᠬᠤ ᠬᠡᠯᠪᠡᠷᠢ᠃ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠡ ᠵᠠᠩᠭᠢ ᠤᠯᠬᠤ | ᠭᠤᠶᠤᠴᠢᠯᠠᠯ ᠭᠠᠷᠭᠠᠪᠠᠯ᠂ ︽ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ ᠤᠨ ᠬᠦᠰᠦᠨᠦᠭᠲᠦ︾ ︵ᠬᠦᠰᠦᠨᠦᠭᠲᠦ ᠶᠢ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠠᠯᠪᠠᠨ ᠰᠦᠯᠵᠢᠶ᠎ᠡ ᠠᠴᠠ ᠪᠠᠭᠤᠯᠭᠠᠷᠠᠢ︶ ᠶᠢ ᠲᠠᠭᠯᠠᠭᠠᠷᠠᠶ᠃ ᠭᠤᠶᠤᠴᠢᠯᠠᠯ ᠤᠨ ᠬᠦᠰᠦᠨᠦᠭᠲᠦ ᠶᠢ | ᠪᠠᠭᠤᠯᠭᠠᠬᠤ ᠨᠢ ᠬᠦᠴᠦᠨ ᠲᠠᠢ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠠᠴᠠ ᠠᠪᠴᠤ ᠪᠣᠯᠤᠨ᠎ᠠ᠂ ᠲᠤᠰ | ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠠᠴᠠ ᠪᠠᠭᠤᠯᠭᠠᠨ ᠠᠪᠤᠭᠰᠠᠨ ᠴᠤ ᠪᠣᠯᠤᠨ᠎ᠠ᠃ ᠳᠣᠣᠷᠠᠬᠢ ᠠᠷᠭ᠎ᠠ | ᠮᠠᠶ᠋ᠢᠭ ᠢᠶᠠᠷ ᠭᠤᠶᠤᠴᠢᠯᠠᠯ ᠭᠠᠷᠭᠠᠵᠤ ᠪᠣᠯᠤᠨ᠎ᠠ᠄ | ︵1︶ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠭᠤᠶᠤᠴᠢᠯᠠᠯ ᠭᠠᠷᠭᠠᠬᠤ᠃ ᠭᠤᠶᠤᠴᠢᠯᠠᠭᠴᠢ | ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠡᠯᠧᠺᠲᠷᠣᠨ ᠬᠡᠪᠯᠡᠯ ᠤᠨ ︽ᠭᠤᠶᠤᠴᠢᠯᠠᠯ ᠤᠨ | ᠬᠦᠰᠦᠨᠦᠭᠲᠦ︾ ᠶᠢ ᠲᠠᠭᠯᠠᠵᠤ ᠪᠣᠯᠤᠨ᠎ᠠ᠂ ᠪᠣᠳᠠᠲᠠᠶ ᠰᠦᠯᠵᠢᠶᠡᠨ ᠤ ᠬᠠᠶ᠋ᠢᠭ ᠨᠢ http://www.ssq.gov. | cn/zwgk/jbxxgk/zfxxgknr//gk=0︔ ᠭᠤᠶᠤᠴᠢᠯᠠᠭᠴᠢ ︽ᠭᠤᠶᠤᠴᠢᠯᠠᠯ ᠤᠨ ᠬᠦᠰᠦᠨᠦᠭᠲᠦ︾ ᠶᠢ | ᠲᠠᠭᠯᠠᠭᠰᠠᠨ ᠤ ᠳᠠᠷᠠᠭ᠎ᠠ ᠰᠦᠯᠵᠢᠶ᠎ᠡ ᠪᠠᠷ ᠶᠠᠪᠤᠭᠤᠯᠪᠠᠯ ᠪᠣᠯᠴᠢᠬᠠᠨ᠎ᠠ᠃ | ︵2︶ ᠵᠠᠬᠢᠳᠠᠯ᠂ ᠴᠠᠬᠢᠯᠭᠠᠨ ᠮᠡᠳᠡᠭᠡ᠂ ᠳᠦᠷᠰᠦ ᠨᠡᠪᠲᠡᠷᠡᠭᠦᠯᠭᠡ ᠶᠢᠨ ᠭᠤᠶᠤᠴᠢᠯᠠᠯ᠃ ᠭᠤᠶᠤᠴᠢᠯᠠᠭᠴᠢ ᠨᠢ | ᠵᠠᠬᠢᠳᠠᠯ ᠤᠨ ᠬᠡᠯᠪᠡᠷᠢ ᠪᠠᠷ ᠭᠤᠶᠤᠴᠢᠯᠠᠯ ᠢᠶᠠᠨ ᠳᠤᠷᠠᠳᠪᠠᠯ᠂ ᠵᠠᠬᠢᠳᠠᠯ ᠤᠨ ᠳᠤᠭᠲᠤᠢ ᠶᠢᠨ ᠵᠡᠭᠦᠨ ᠳᠣᠤᠷ᠎ᠠ | ᠥᠨᠴᠥᠭ ᠲᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ︾ ᠭᠡᠰᠡᠨ ᠥᠰᠥᠭ ᠢ | ᠲᠣᠳᠣᠷᠬᠠᠶᠢᠯᠠᠭᠠᠷᠠᠶ︔ ᠭᠤᠶᠤᠴᠢᠯᠠᠭᠴᠢ ᠨᠢ ᠴᠠᠬᠢᠯᠭᠠᠨ ᠮᠡᠳᠡᠭᠡ᠂ ᠳᠦᠷᠰᠦᠲᠦ ᠴᠠᠬᠢᠯᠭᠠᠨ ᠮᠡᠳᠡᠭᠡ ᠶᠢᠨ ᠠᠷᠭ᠎ᠠ | ᠮᠠᠶ᠋ᠢᠭ ᠢᠶᠠᠷ ᠭᠤᠶᠤᠴᠢᠯᠠᠯ ᠢᠶᠠᠨ ᠳᠤᠷᠠᠳᠪᠠᠯ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ︾ ᠭᠡᠬᠦ ᠥᠰᠥᠭ ᠢ ᠵᠣᠬᠢᠴᠠᠩᠭᠤᠶ ᠪᠠᠷ ᠲᠣᠳᠣᠷᠬᠠᠶᠢᠯᠠᠭᠠᠷᠠᠶ᠃ | ︵3︶ ᠨᠢᠭᠤᠷᠳᠡᠨ ᠭᠤᠶᠤᠴᠢᠯᠠᠬᠤ᠃ ᠭᠤᠶᠤᠴᠢᠯᠠᠭᠴᠢ ᠨᠢ ᠬᠦᠯᠢᠶᠡᠨ ᠠᠪᠴᠤ ᠰᠢᠢᠳᠪᠦᠷᠢᠯᠡᠬᠦ | ᠪᠠᠶᠢᠭᠤᠯᠤᠮᠵᠢ ᠶᠢᠨ ᠲᠡᠨᠳᠡ ᠬᠦᠷᠴᠦ ᠲᠤᠬᠠᠶ ᠶᠢᠨ ᠭᠠᠵᠠᠷ ᠲᠤᠨᠢ ᠭᠤᠶᠤᠴᠢᠯᠠᠯ ᠭᠠᠷᠭᠠᠵᠤ ᠪᠣᠯᠤᠨ᠎ᠠ᠃ | ︵4︶ ᠣᠨᠴᠠᠭᠠᠶ ᠵᠢᠷᠤᠮ᠃ ᠭᠤᠶᠤᠴᠢᠯᠠᠭᠴᠢ ᠥᠪᠡᠷ ᠤᠨ ᠪᠡᠶ᠎ᠡ ᠲᠠᠢ ᠪᠠᠨ ᠬᠤᠯᠪᠣᠭᠳᠠᠬᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠭᠤᠶᠤᠴᠢᠯᠠᠬᠤ ᠳᠤ ᠬᠦᠷᠪᠡᠯ᠂ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ | ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠳᠤ ᠪᠢᠴᠢᠭ ᠤᠨ ᠭᠤᠶᠤᠴᠢᠯᠠᠯ ᠳᠡᠪᠰᠢᠭᠦᠯᠬᠦ ᠬᠡᠷᠡᠭᠲᠡᠶ᠃ | ᠲᠣᠭᠤᠷᠢᠭ ᠤᠨ ᠵᠠᠰᠠᠭ ᠤᠨ ᠣᠷᠳᠣᠨ ᠳ᠋ᠢᠶᠠᠩᠬᠤᠸᠠ ᠶᠢᠨ ᠬᠡᠯᠪᠡᠷᠢ ᠪᠠᠷ ᠳᠤᠷᠠᠳᠤᠭᠰᠠᠨ ᠭᠤᠶᠤᠴᠢᠯᠠᠯ ᠢ | ᠭᠥᠯᠢᠶᠡᠨ ᠠᠪᠴᠤ ᠰᠢᠢᠳᠪᠦᠷᠢᠯᠡᠬᠦ ᠥᠬᠡᠶ᠂ ᠭᠡᠪᠡᠴᠦ ᠭᠤᠶᠤᠴᠢᠯᠠᠭᠴᠢ ᠨᠢ ᠳ᠋ᠢᠶᠠᠩᠬᠤᠸᠠ ᠪᠠᠷ ᠳᠠᠮᠵᠢᠭᠤᠯᠤᠨ | ᠵᠣᠬᠢᠴᠠᠩᠭᠤᠶ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠠᠰᠠᠭᠤᠨ ᠯᠠᠪᠯᠠᠵᠤ ᠪᠣᠯᠤᠨ᠎ᠠ᠃ | 3᠂ ᠰᠢᠢᠳᠪᠦᠷᠢᠯᠡᠭᠦᠯᠬᠦ ᠪᠠᠷ ᠭᠤᠶᠤᠴᠢᠯᠠᠬᠤ᠃ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 20 | ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠯ ᠳᠤ ᠬᠠᠷᠢᠭᠤᠯᠲᠠ ᠥᠭᠭᠦᠨ᠎ᠡ᠃ ᠬᠠᠷᠢᠭᠤᠯᠲᠠ ᠥᠭᠬᠦ | ᠬᠤᠭᠤᠴᠠᠭ᠎ᠠ ᠶᠢ ᠦᠨᠡᠬᠡᠷ ᠤᠷᠲᠤᠳᠬᠠᠬᠤ ᠴᠢᠬᠤᠯᠠ ᠲᠠᠢ ᠪᠣᠯ ᠭᠤᠶᠤᠴᠢᠯᠠᠭᠴᠢ ᠳᠤ ᠮᠡᠳᠡᠭᠳᠡᠨ᠎ᠡ᠃ ᠤᠷᠲᠤᠳᠬᠠᠵᠤ | ᠬᠠᠷᠢᠭᠤᠯᠲᠠ ᠥᠭᠬᠦ ᠬᠤᠭᠤᠴᠠᠭ᠎ᠠ ᠶᠢ ᠬᠠᠮᠤᠭ ᠤᠨ ᠤᠷᠳᠦ ᠳᠠᠭᠠᠨ 20 ᠠᠵᠢᠯ ᠤᠨ ᠡᠳᠦᠷ ᠠᠴᠠ ᠬᠡᠲᠦᠷᠡᠭᠦᠯᠵᠦ | ᠪᠣᠯᠬᠤ ᠤᠢᠭᠡᠢ᠃ ᠭᠤᠶᠤᠴᠢᠯᠠᠯ ᠢ ᠣᠯᠤᠭᠰᠠᠨ ᠡᠮᠦᠨ᠎ᠡ ᠬᠤᠶᠢᠨᠠᠬᠢ ᠳᠡᠰ ᠳᠠᠷᠠᠭᠠᠯᠠᠯ ᠢ ᠦᠨᠳᠦᠰᠦᠯᠡᠨ | ᠭᠤᠶᠤᠴᠢᠯᠠᠯ ᠢ ᠰᠢᠢᠳᠪᠦᠷᠢᠯᠡᠨ᠎ᠡ᠂ ᠭᠠᠭᠴᠠ ᠵᠦᠢᠯ ᠤᠨ ᠭᠤᠶᠤᠴᠢᠯᠠᠯ ᠳᠤ ᠬᠠᠮᠲᠤ ᠳᠤᠨᠢ ᠬᠡᠳᠦᠨ ᠵᠦᠢᠯ ᠤᠨ | ᠲᠤᠰᠠᠭᠠᠷ ᠭᠤᠶᠤᠴᠢᠯᠠᠯ ᠭᠠᠷᠭᠠᠭᠰᠠᠨ ᠪᠠᠶᠢᠪᠠᠯ᠂ ᠪᠦᠬᠦᠨ ᠢ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ | ᠨᠢᠭᠡᠳᠦᠯᠲᠡᠶ ᠬᠠᠷᠢᠭᠤᠯᠲᠠ ᠥᠭᠭᠦᠨ᠎ᠡ᠃ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ | ᠭᠤᠶᠤᠴᠢᠯᠠᠭᠴᠢ ᠳᠤ ᠠᠳᠠᠯᠢ ᠪᠤᠰᠤ ᠭᠤᠶᠤᠴᠢᠯᠠᠯ ᠤᠨ ᠲᠤᠬᠠᠶ ᠲᠣᠰ ᠲᠣᠰ ᠭᠤᠶᠤᠴᠢᠯᠠᠬᠤ ᠶᠢ ᠰᠠᠨᠠᠭᠤᠯᠵᠤ ᠪᠠᠶᠢᠨ᠎ᠠ | ᠃ ᠭᠤᠶᠤᠴᠢᠯᠠᠭᠴᠢ ᠶᠢᠨ ᠬᠠᠩᠭᠠᠭᠰᠠᠨ ᠭᠤᠶᠤᠴᠢᠯᠠᠬᠤ ᠴᠢᠬᠤᠯᠠ ᠨᠥᠬᠦᠴᠡᠯ ᠨᠢ ᠪᠦᠷᠢᠨ ᠪᠤᠰᠤ᠂ ᠣᠨᠣᠪᠴᠢ ᠦᠭᠡᠢ | ᠪᠠᠶᠢᠵᠤ᠂ ᠪᠣᠳᠠᠲᠠᠶ ᠮᠡᠳᠡᠭᠡ ᠵᠠᠩᠭᠢ ᠶᠢᠨ ᠠᠭᠤᠯᠭ᠎ᠠ ᠶᠢ ᠲᠣᠭᠲᠠᠭᠠᠬᠤ ᠳᠤ ᠪᠡᠷᠬᠡᠲᠡᠶ ᠪᠠᠶᠢᠪᠠᠯ᠂ ᠲᠤᠰ | ᠪᠠᠶᠢᠭᠤᠯᠭ᠎ᠠ ᠠᠴᠠ ᠭᠤᠶᠤᠴᠢᠯᠠᠭᠴᠢ ᠶᠢ ᠨᠥᠬᠦᠪᠥᠷᠢᠯᠡᠬᠦ ᠪᠤᠶᠤ ᠵᠠᠯᠠᠷᠠᠭᠤᠯᠤᠭᠤᠯᠬᠤ ᠪᠠᠷ ᠱᠠᠭᠠᠷᠳᠠᠨ᠎ᠠ᠃ ᠪᠣᠳᠠᠲᠠᠶ | ᠬᠠᠷᠢᠭᠤᠯᠲᠠ ᠥᠭᠬᠦ ᠠᠷᠭ᠎ᠠ ᠮᠠᠶ᠋ᠢᠭ ᠨᠢ ᠳᠣᠣᠷᠠᠬᠢ ᠮᠡᠲᠦ᠄ | ︵1︶ ᠤᠯᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠨᠢ ᠬᠡᠷᠪᠡ ᠲᠣᠭᠤᠷᠢᠭ ᠤᠨ ᠵᠠᠰᠠᠭ ᠤᠨ ᠣᠷᠳᠣᠨ ᠤ | ᠨᠢᠭᠡᠨᠲᠡ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠮᠡᠳᠡᠭᠡ ᠵᠠᠩᠭᠢ ᠳᠤ ᠬᠠᠷᠢᠶᠠᠯᠠᠭᠳᠠᠪᠠᠯ᠂ ᠭᠥᠯᠢᠶᠡᠨ ᠠᠪᠴᠤ | ᠰᠢᠢᠳᠪᠦᠷᠢᠯᠡᠬᠦ ᠪᠠᠶᠢᠭᠤᠯᠤᠮᠵᠢ ᠠᠴᠠ ᠭᠤᠶᠤᠴᠢᠯᠠᠯ ᠢ ᠭᠥᠯᠢᠶᠡᠨ ᠠᠪᠬᠤ ᠲᠠᠰ ᠳᠠᠷᠠᠭᠠᠯᠠᠯ ᠢᠶᠠᠨ ᠵᠣᠭᠰᠣᠭᠠᠵᠤ᠂ | ᠭᠤᠶᠤᠴᠢᠯᠠᠭᠴᠢ ᠳᠤ ᠮᠡᠳᠡᠭᠡ ᠵᠠᠩᠭᠢ ᠤᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠮᠡᠳᠡᠭᠳᠡᠨ᠎ᠡ᠃ | ︵2︶ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠨᠢᠭᠡ ᠬᠡᠰᠡᠭ ᠢ ᠨᠢ ᠢᠯᠡ ᠪᠣᠯᠭᠠᠬᠤ ᠪᠤᠶᠤ ᠢᠯᠡ | ᠪᠤᠯᠭᠠᠵᠤ ᠪᠤᠯᠬᠤ ᠦᠭᠡᠶ ᠪᠠᠶᠢᠪᠠᠯ᠂ ᠭᠤᠶᠤᠴᠢᠯᠠᠭᠴᠢ ᠳᠤ ᠤᠴᠢᠷ ᠰᠢᠯᠲᠠᠭᠠᠨ ᠢ ᠨᠢ ᠮᠡᠳᠡᠭᠳᠡᠨ᠎ᠡ᠃ | ︵3︶ ᠲᠣᠭᠤᠷᠢᠭ ᠤᠨ ᠵᠠᠰᠠᠭ ᠤᠨ ᠣᠷᠳᠣᠨ ᠤ ᠢᠯᠡ ᠪᠣᠯᠭᠠᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ | ᠥᠬᠡᠶ ᠪᠤᠶᠤ ᠲᠣᠰ ᠮᠡᠳᠡᠭᠡ ᠵᠠᠩᠭᠢ ᠣᠷᠣᠰᠢᠬᠤ ᠥᠬᠡᠶ ᠪᠠᠶᠢᠪᠠᠯ᠂ ᠭᠤᠶᠤᠴᠢᠯᠠᠭᠴᠢ ᠳᠤ ᠴᠠᠭ ᠲᠤᠬᠠᠶ ᠳᠤᠨᠢ | ᠮᠡᠳᠡᠭᠳᠡᠨ᠎ᠡ᠃ | ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ﹀ ᠶᠢ | ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠲᠥᠷᠥ ᠠᠯᠪᠠᠨ ᠵᠠᠬᠢᠳᠠᠯ ﹇2020﹈ 109 ᠳ᠋ᠦ᠋ᠭᠡᠷ ᠲᠣᠭᠠᠲᠤ | ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠭᠤᠶᠤᠴᠢᠯᠠᠯ ᠤᠨ ᠠᠵᠢᠯᠯᠠᠭ᠎ᠠ ᠳᠤ ᠪᠦᠲᠦᠮᠵᠢᠲᠡᠶ ᠲᠣᠬᠢᠷᠠᠭᠤᠯᠤᠯᠲᠠ ᠬᠢᠵᠦ᠂ ᠭᠤᠶᠤᠴᠢᠯᠠᠭᠴᠢ ᠶᠢᠨ ᠡᠷᠬᠡ | ᠠᠰᠢᠭ ᠢᠶᠠᠨ ᠵᠦᠶ ᠵᠣᠬᠢᠰᠲᠠᠶ ᠬᠡᠷᠡᠭᠵᠢᠭᠦᠯᠬᠦ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ ᠵᠠᠰᠠᠭ ᠵᠠᠬᠢᠷᠭᠠᠨ ᠤ | ᠪᠠᠶᠢᠭᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠵᠣᠬᠢᠬᠤ ᠲᠤᠭ᠎ᠠ | ᠬᠡᠮᠵᠢᠶ᠎ᠡ ᠪᠤᠶᠤ ᠤᠳᠠᠭ᠎ᠠ ᠶᠢᠨ ᠬᠡᠪᠴᠢᠶᠡᠨ ᠠᠴᠠ ᠬᠡᠲᠦᠷᠡᠭᠰᠡᠨ ᠭᠤᠶᠤᠴᠢᠯᠠᠭᠴᠢ ᠠᠴᠠ ᠰᠦᠢᠳᠬᠡᠯ ᠬᠤᠷᠢᠶᠠᠵᠤ | ᠪᠣᠯᠤᠨ᠎ᠠ᠃ | ᠵᠠᠰᠠᠭ ᠵᠠᠬᠢᠷᠭᠠᠨ ᠤ ᠪᠠᠶᠢᠭᠤᠯᠭ᠎ᠠ ᠮᠡᠳᠡᠭᠡ ᠵᠠᠩᠭᠢ ᠰᠢᠢᠳᠪᠦᠷᠢᠯᠡᠬᠦ ᠵᠠᠷᠤᠳᠠᠯ ᠬᠤᠷᠢᠶᠠᠬᠤ ᠪᠠᠷ ᠬᠠᠤᠯᠢ | ᠶᠣᠰᠣᠭᠠᠷ ᠲᠣᠭᠲᠠᠭᠠᠭᠰᠠᠨ ᠪᠠᠶᠢᠪᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ | ᠰᠢᠢᠳᠪᠦᠷᠢᠯᠡᠬᠦ ᠬᠤᠭᠤᠴᠠᠭᠠᠨ ᠳᠤ᠂ ᠭᠤᠶᠤᠴᠢᠯᠠᠭᠴᠢ ᠶᠢᠨ ᠮᠡᠳᠡᠭᠡ ᠵᠠᠩᠭᠢ ᠤᠯᠬᠤ ᠠᠷᠭ᠎ᠠ ᠵᠠᠮ ᠢᠶᠠᠷ | ᠭᠤᠶᠤᠴᠢᠯᠠᠭᠴᠢ ᠳᠤ ᠵᠠᠷᠤᠳᠠᠯ ᠬᠤᠷᠢᠶᠠᠬᠤ ᠮᠡᠳᠡᠭᠳᠡᠯ ᠶᠠᠪᠤᠭᠤᠯᠵᠤ᠂ ᠵᠠᠷᠤᠳᠠᠯ ᠬᠤᠷᠢᠶᠠᠬᠤ ᠦᠨᠳᠦᠰᠦᠯᠡᠯ᠂ | ᠪᠠᠷᠢᠮᠵᠢᠶ᠎ᠠ᠂ ᠲᠤᠭ᠎ᠠ ᠬᠡᠮᠵᠢᠶ᠎ᠡ᠂ ᠲᠤᠰᠢᠶᠠᠬᠤ ᠠᠷᠭ᠎ᠠ ᠮᠠᠶ᠋ᠢᠭ ᠵᠡᠷᠭᠡ ᠪᠠᠨ ᠲᠣᠳᠣᠷᠬᠠᠶᠢᠯᠠᠬᠤ ᠬᠡᠷᠡᠭᠲᠡᠶ᠃ | ᠭᠤᠶᠤᠴᠢᠯᠠᠭᠴᠢ ᠨᠢ ᠰᠦᠢᠳᠬᠡᠯ ᠬᠤᠷᠢᠶᠠᠬᠤ ᠮᠡᠳᠡᠭᠳᠡᠯ ᠢ ᠣᠯᠤᠭᠰᠠᠨ ᠤ ᠳᠠᠷᠠᠭ᠎ᠠ ᠡᠳᠦᠷ ᠠᠴᠠ ᠡᠬᠢᠯᠡᠨ 20 | ᠠᠵᠢᠯᠯᠠᠬᠤ ᠡᠳᠦᠷ ᠤᠨ ᠳᠣᠲᠣᠷ᠎ᠠ ᠰᠦᠢᠳᠬᠡᠯ ᠲᠤᠰᠢᠶᠠᠬᠤ ᠬᠡᠷᠡᠭᠲᠡᠶ᠂ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ | ᠥᠬᠡᠶ ᠪᠣᠯ ᠭᠤᠶᠤᠴᠢᠯᠠᠯ ᠢᠶᠠᠨ ᠬᠠᠶᠠᠭᠰᠠᠨ ᠢᠶᠠᠷ ᠦᠵᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠲᠣᠰ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠠᠭᠢᠵᠤ ᠰᠢᠢᠳᠪᠦᠷᠢᠯᠡᠬᠦ ᠥᠬᠡᠶ᠃ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ | ᠬᠤᠭᠤᠴᠠᠭ᠎ᠠ ᠶᠢ ᠭᠤᠶᠤᠴᠢᠯᠠᠭᠴᠢ ᠶᠢᠨ ᠰᠦᠢᠳᠬᠡᠯ ᠲᠤᠰᠢᠶᠠᠭᠰᠠᠨ ᠤ ᠳᠠᠷᠠᠭ᠎ᠠ ᠡᠳᠦᠷ ᠠᠴᠠ ᠡᠬᠢᠯᠡᠨ ᠳᠠᠭᠢᠵᠤ | ᠪᠤᠳᠤᠨ᠎ᠠ᠃ | ︵ᠲᠠᠪᠤ︶ ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠤᠨ | ᠣᠷᠲᠦᠨ ᠤ ᠮᠡᠳᠡᠭᠡ ᠵᠠᠩᠭᠢ ᠤᠨ ᠨᠡᠶᠢᠳᠡᠯᠡᠯ ᠶᠢ ᠭᠦᠢᠴᠡᠳ ᠪᠣᠰᠤ᠂ ᠣᠨᠣᠪᠴᠢ ᠦᠭᠡᠢ᠂ ᠦᠨᠡᠨ ᠪᠣᠲᠠᠲᠠᠢ ᠪᠢᠰᠢ | ᠭᠡᠵᠦ ᠦᠵᠡᠵᠦ ᠪᠠᠶᠢᠪᠠᠯ᠂ ᠬᠠᠯᠠᠵᠦ ᠥᠭᠡᠷᠡᠴᠢᠯᠡᠬᠦ ᠶᠢ ᠱᠠᠭᠠᠷᠳᠠᠬᠤ ᠡᠷᠬᠡ ᠲᠠᠢ᠂ ᠲᠤᠭᠤᠷᠢᠭ ᠤᠨ ᠵᠠᠰᠠᠭ ᠤᠨ | ᠣᠷᠲᠦᠨ ᠨᠢ ᠥᠭᠡᠷᠡᠴᠢᠯᠡᠬᠦ ᠡᠷᠬᠡ ᠦᠭᠡᠢ ᠪᠠᠶᠢᠳᠠᠯ ᠤᠨ ᠳᠤᠤᠷ᠎ᠠ᠂ ᠰᠢᠢᠳᠪᠦᠷᠢᠯᠡᠬᠦ ᠡᠷᠬᠡ ᠲᠠᠢ ᠪᠠᠶᠢᠭᠤᠯᠭ᠎ᠠ ᠳᠤ | ᠰᠢᠯᠵᠢᠭᠦᠯᠦᠨ ᠥᠭᠴᠦ ᠰᠢᠢᠳᠪᠦᠷᠢᠯᠡᠭᠦᠯᠬᠦ ᠪᠦᠭᠡᠳ ᠱᠠᠭᠠᠷᠳᠤᠯᠭ᠎ᠠ ᠲᠤᠷᠠᠳᠤᠭᠰᠠᠨ ᠬᠦᠮᠦᠨ ᠳᠤ ᠮᠡᠳᠡᠭᠳᠡᠨ᠎ᠡ᠃ | ᠳᠥᠷᠪᠡ᠂ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ | ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︿ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠰᠦᠢᠳᠬᠡᠯ ᠤᠨ ᠬᠠᠮᠢᠶᠠᠷᠤᠯᠲᠠ ᠶᠢᠨ ᠠᠷᠭ᠎ᠠ﹀ ᠶᠢ | ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠲᠥᠷᠥ ᠠᠯᠪᠠᠨ ᠵᠠᠬᠢᠳᠠᠯ ︹2020︺109 ᠳ᠋ᠦ᠋ᠭᠡᠷ ᠲᠣᠭᠠᠲᠤ | ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠲᠣᠭᠤᠷᠢᠭ ᠤᠨ ᠡᠳ᠋ ᠤᠨ ᠵᠠᠰᠠᠭ ᠤᠨ ᠲᠢᠩᠬᠢᠮ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠰᠦᠢᠳᠬᠡᠯ ᠤᠨ | ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠵᠦᠢᠯᠡᠰ ᠢ ᠲᠣᠳᠣᠷᠬᠠᠶᠢᠯᠠᠬᠤ ᠲᠤᠬᠠᠶ ᠮᠡᠳᠡᠭᠳᠡᠯ︾ | ︵ᠥᠪᠥᠷ ᠡᠳ᠋ ᠤᠨ ᠵᠠᠰᠠᠭ ᠭᠠᠶᠢᠯᠢ ︹2021︺785 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠪᠣᠳᠠᠲᠠᠶ ᠰᠦᠢᠳᠬᠡᠯ ᠬᠤᠷᠢᠶᠠᠬᠤ ᠪᠠᠷᠢᠮᠵᠢᠶ᠎ᠠ ᠨᠢ ᠳᠣᠤᠷᠠᠬᠢ ᠮᠡᠲᠦ᠄ | ᠲᠤᠭ᠎ᠠ ᠪᠠᠷ ᠪᠤᠳᠤᠵᠤ ᠬᠤᠷᠢᠶᠠᠬᠤ ᠳᠤ ᠳᠣᠤᠷᠠᠬᠢ ᠮᠡᠲᠦ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠬᠡᠷᠡᠭᠵᠢᠭᠦᠯᠦᠨ᠎ᠡ᠄ | 1.ᠠᠳᠠᠯᠢ ᠨᠢᠭᠡᠨ ᠭᠤᠶᠤᠴᠢᠯᠠᠭᠴᠢ ᠨᠢᠭᠡ ᠰᠠᠷ᠎ᠠ ᠶᠢᠨ ᠳᠣᠲᠣᠷ᠎ᠠ ᠨᠡᠶᠢᠳᠡ 10 ᠬᠤᠪᠢ ᠠᠴᠠ ᠳᠣᠭᠤᠭᠰᠢ ︵ | 10 ᠬᠤᠪᠢ ᠶᠢ ᠪᠠᠭᠲᠠᠭᠠᠨ᠎ᠠ︶ ᠭᠤᠶᠤᠴᠢᠯᠠᠭᠰᠠᠨ ᠪᠠᠶᠢᠪᠠᠯ᠂ ᠰᠦᠢᠳᠬᠡᠯ ᠬᠤᠷᠢᠶᠠᠬᠤ ᠦᠭᠡᠢ᠃ | 2. ᠠᠳᠠᠯᠢ ᠨᠢᠭᠡᠨ ᠭᠤᠶᠤᠴᠢᠯᠠᠭᠴᠢ ᠨᠢᠭᠡ ᠰᠠᠷ᠎ᠠ ᠶᠢᠨ ᠳᠣᠲᠣᠷ᠎ᠠ ᠨᠡᠶᠢᠲᠡ 11 — 30 ᠬᠤᠪᠢ ︵30 | ᠬᠤᠪᠢ ᠶᠢ ᠪᠠᠭᠲᠠᠭᠠᠨ᠎ᠠ︶ ᠭᠤᠶᠤᠴᠢᠯᠠᠭᠰᠠᠨ ᠬᠡᠰᠡᠭ ᠠᠴᠠ 100 ᠲᠥᠭᠦᠷᠢᠭ \ ᠬᠤᠪᠢ᠃ | 3. ᠠᠳᠠᠯᠢ ᠨᠢᠭᠡᠨ ᠭᠤᠶᠤᠴᠢᠯᠠᠭᠴᠢ ᠨᠢᠭᠡ ᠰᠠᠷ᠎ᠠ ᠶᠢᠨ ᠳᠣᠲᠣᠷ᠎ᠠ ᠨᠡᠶᠢᠲᠡ 31 ᠬᠤᠪᠢ ᠠᠴᠠ ᠳᠡᠭᠡᠭᠰᠢ | ᠭᠤᠶᠤᠴᠢᠯᠠᠭᠰᠠᠨ ᠬᠡᠰᠡᠭ ᠠᠴᠠ 10 ᠬᠤᠪᠢ ᠶᠢ ᠨᠢᠭᠡ ᠳᠡᠰ ᠪᠣᠯᠭᠠᠵᠤ᠂ ᠨᠢᠭᠡ ᠳᠡᠰ ᠨᠡᠮᠡᠬᠦ ᠪᠦᠷᠢ ᠰᠦᠢᠳᠬᠡᠯ | ᠬᠤᠷᠢᠶᠠᠬᠤ ᠪᠠᠷᠢᠮᠵᠢᠶ᠎ᠠ ᠶᠢ 100 ᠲᠥᠭᠦᠷᠢᠭ \ ᠲᠤᠭ᠎ᠠ ᠢᠶᠠᠷ ᠳᠡᠭᠡᠭᠰᠢᠯᠡᠭᠦᠯᠦᠨ᠎ᠡ᠃ | ᠬᠡᠮᠵᠢᠶ᠎ᠡ ᠪᠠᠷ ᠪᠤᠳᠤᠵᠤ ᠬᠤᠷᠢᠶᠠᠬᠤ ᠳᠤ ᠳᠣᠤᠷ᠎ᠠ ᠵᠢᠭᠰᠠᠭᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠬᠡᠷᠡᠭᠵᠢᠭᠦᠯᠦᠨ᠎ᠡ᠄ | 1.30 ᠨᠢᠭᠤᠷ ᠠᠴᠠ ᠳᠣᠷᠣᠭᠰᠢ ︵30 ᠨᠢᠭᠤᠷ ᠢ ᠪᠠᠭᠲᠠᠭᠠᠨ᠎ᠠ︶ ᠪᠣᠯ ᠰᠦᠢᠳᠬᠡᠯ ᠬᠤᠷᠢᠶᠠᠬᠤ ᠦᠭᠡᠢ᠃ | 2.31 — 100 ᠨᠢᠭᠤᠷ ︵100 ᠨᠢᠭᠤᠷ ᠪᠠᠭᠲᠠᠨ᠎ᠠ︶ ᠤᠨ ᠬᠡᠰᠡᠭ ᠠᠴᠠ 10 ᠲᠥᠭᠦᠷᠢᠭ \ ᠨᠢᠭᠤᠷ | ᠃ | 3.101 — 200 ᠨᠢᠭᠤᠷ ︵200 ᠨᠢᠭᠤᠷ ᠢ ᠪᠠᠭᠲᠠᠭᠠᠨ᠎ᠠ︶ ᠤᠨ ᠬᠡᠰᠡᠭ ᠠᠴᠠ 20 ᠲᠥᠭᠦᠷᠢᠭ \ | ᠨᠢᠭᠤᠷ᠃ | 4.201 ᠨᠢᠭᠤᠷ ᠠᠴᠠ ᠳᠡᠭᠡᠭᠰᠢᠬᠢ ᠬᠡᠰᠡᠭ ᠠᠴᠠ 40 ᠲᠥᠭᠦᠷᠢᠭ \ ᠨᠢᠭᠤᠷ᠃ | ᠲᠠᠪᠤ᠂ ᠮᠡᠳᠡᠭᠡ ᠵᠠᠩᠭᠢ ᠶᠢ ᠢᠯᠡ ᠪᠣᠯᠭᠠᠬᠤ ᠶᠢᠨ ᠬᠦᠴᠦᠨ | ︵ᠨᠢᠭᠡ︶ ᠲᠣᠭᠤᠷᠢᠭ ᠤᠨ ᠵᠠᠰᠠᠭ ᠤᠨ ᠣᠷᠳᠣᠨ ᠤ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠭᠰᠠᠨ | ᠪᠢᠴᠢᠭ ᠮᠠᠲ᠋ᠧᠷᠢᠶᠠᠯ ᠤᠨ ᠲᠥᠰᠦᠯ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠰᠦᠯ ᠨᠢ ᠵᠢᠩᠬᠢᠨᠢ | ᠮᠠᠲ᠋ᠧᠷᠢᠶᠠᠯ ᠪᠦᠷᠢᠯᠳᠦᠬᠦ ᠠᠴᠠ ᠡᠮᠦᠨ᠎ᠡ ᠵᠠᠰᠠᠭ ᠵᠠᠬᠢᠷᠭᠠᠨ ᠤ ᠬᠦᠴᠦᠨ ᠥᠬᠡᠶ ᠪᠠᠶᠢᠵᠤ᠂ ᠵᠥᠪᠬᠡᠨ ᠣᠯᠠᠨ | ᠨᠡᠶᠢᠲᠡ ᠶᠢᠨ ᠶᠠᠷᠢᠯᠴᠠᠭ᠎ᠠ ᠪᠠ ᠵᠠᠰᠠᠪᠤᠷᠢ ᠣᠷᠣᠭᠤᠯᠤᠯᠲᠠ ᠳᠤ ᠣᠷᠣᠯᠴᠠᠬᠤ ᠳᠤ ᠬᠠᠩᠭᠠᠨ᠎ᠠ᠃ | ︵ᠬᠤᠶᠠᠷ︶ ᠲᠣᠭᠤᠷᠢᠭ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠬᠢᠭᠡᠳ ᠪᠤᠰᠤᠳ ᠨᠡᠶᠢᠳᠡᠮ ᠬᠢᠵᠠᠭᠠᠷᠯᠠᠬᠤ ᠬᠦᠴᠦᠨ ᠲᠠᠢ ᠪᠢᠴᠢᠭ ᠮᠠᠲ᠋ᠧᠷᠢᠶᠠᠯ ᠨᠢ ᠨᠡᠶᠢᠭᠡᠮ ᠳᠤ ᠢᠯᠡ | ᠪᠣᠯᠭᠠᠭᠰᠠᠨ ᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠵᠠᠰᠠᠭ ᠵᠠᠬᠢᠷᠭᠠᠨ ᠤ ᠬᠦᠴᠦᠨ ᠲᠠᠢ ᠪᠣᠯᠤᠨ᠎ᠠ᠃ | ᠬᠠᠤᠯᠢ ᠶᠣᠰᠣᠭᠠᠷ ᠨᠡᠶᠢᠭᠡᠮ ᠨᠡᠶᠢᠲᠡ ᠳᠤ ᠢᠯᠡ ᠪᠣᠯᠭᠠᠬᠤ ᠶᠣᠰᠣᠲᠠᠶ ᠪᠠᠶᠢᠲᠠᠯ᠎ᠠ ᠢᠯᠡ ᠪᠣᠯᠭᠠᠭᠠᠳᠤᠶ ᠪᠢᠴᠢᠭ | ᠮᠠᠲ᠋ᠧᠷᠢᠶᠠᠯ ᠪᠦᠬᠦᠨ ᠨᠢ ᠵᠠᠰᠠᠭ ᠵᠠᠬᠢᠷᠭᠠᠨ ᠤ ᠬᠦᠴᠦᠨ ᠲᠠᠢ ᠪᠣᠯᠬᠤ ᠦᠭᠡᠢ᠃ | ᠲᠤᠰ ᠱᠠᠲᠤᠨ ᠤ ᠡᠷᠬᠡᠲᠦ ᠪᠠᠶᠢᠭᠤᠯᠭ᠎ᠠ ᠪᠤᠶᠤ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ | ᠬᠦᠴᠦᠨ ᠦᠭᠡᠢ ᠪᠣᠯᠭᠠᠭᠳᠠᠭᠰᠠᠨ ᠪᠢᠴᠢᠭ ᠮᠠᠲ᠋ᠧᠷᠢᠶᠠᠯ ᠨᠢ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ | ᠡᠬᠢᠯᠡᠨ ᠵᠠᠰᠠᠭ ᠵᠠᠬᠢᠷᠭᠠᠨ ᠤ ᠬᠦᠴᠦᠨ ᠦᠭᠡᠢ᠃ | ︵ᠭᠤᠷᠪᠠ︶ ᠲᠣᠭᠤᠷᠢᠭ ᠤᠨ ᠵᠠᠰᠠᠭ ᠤᠨ ᠣᠷᠳᠣᠨ ᠤ ᠢᠯᠡ ᠪᠣᠯᠭᠠᠭᠰᠠᠨ ᠮᠡᠳᠡᠭᠡ ᠵᠠᠩᠭᠢ ᠨᠢ᠂ ᠨᠡᠶᠢᠭᠡᠮ | ᠨᠡᠶᠢᠲᠡ ᠳᠤ ᠰᠠᠨᠠᠯ ᠬᠤᠷᠢᠶᠠᠭᠰᠠᠨ ᠪᠢᠴᠢᠭ ᠮᠠᠲ᠋ᠧᠷᠢᠶᠠᠯ ᠤᠨ ᠲᠥᠰᠦᠯ᠂ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢᠨ ᠲᠥᠰᠦᠯ ᠢ ᠢᠯᠡ ᠪᠤᠯᠭᠠᠭᠰᠠᠨ ᠠᠴᠠ ᠭᠠᠳᠠᠨᠠᠬᠢ᠂ ᠵᠠᠰᠠᠭ ᠤᠨ ᠣᠷᠳᠣᠨ ᠤ ᠪᠤᠰᠤᠳ ᠮᠡᠳᠡᠭᠡ | ᠵᠠᠩᠭᠢ ᠨᠢ ᠨᠡᠶᠢᠲᠡᠯᠡᠭᠰᠡᠨ ᠡᠳᠦᠷ ᠠᠴᠠ ᠡᠬᠢᠯᠡᠨ ᠨᠡᠶᠢᠲᠡ ᠳᠤ ᠢᠲᠡᠭᠡᠭᠦᠯᠬᠦ ᠬᠦᠴᠦᠨ ᠪᠤᠶᠤ ᠬᠡᠷᠡᠭᠵᠢᠭᠦᠯᠬᠦ | ᠬᠦᠴᠦᠨ ᠲᠠᠢ ᠪᠣᠯᠤᠨ᠎ᠠ᠃ | ᠵᠢᠷᠭᠤᠭ᠎ᠠ᠂ ᠠᠵᠢᠯ ᠤᠨ ᠪᠠᠶᠢᠭᠤᠯᠤᠮᠵᠢ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ᠄ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠤᠳᠤᠷᠢᠳᠬᠤ | ᠳᠤᠭᠤᠶᠢᠯᠠᠩ ᠨᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠵᠢᠴᠢ ᠪᠤᠰᠤᠳ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠶᠡᠷᠦᠩᠬᠡᠶᠢᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ | ᠪᠠᠶᠢᠴᠠᠭᠠᠬᠤ ᠶᠢ ᠬᠠᠷᠢᠭᠤᠴᠠᠨ᠎ᠠ᠃ ᠤᠲᠠᠰᠤ ᠵᠢᠴᠢ ᠹᠠᠺᠰ ᠤᠨ ᠨᠣᠮᠧᠷ᠄ 8469099︔ ᠰᠢᠦᠳᠠᠨ ᠳ᠋ᠤᠭᠠᠷ᠄ | 024005᠃ | ᠳᠣᠯᠤᠭ᠎ᠠ᠂ ᠬᠢᠨᠠᠯᠲᠠ ᠲᠠᠯᠪᠢᠬᠤ ᠠᠷᠭ᠎ᠠ ᠮᠠᠶ᠋ᠢᠭ | ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠲᠤᠬᠠᠶ ᠤᠯᠠᠭᠠᠨᠬᠠᠳᠠ | ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠭᠤᠮᠣᠳᠠᠯ ᠲᠣᠭᠠᠴᠢᠬᠤ ᠪᠤᠶᠤ ᠵᠠᠭᠠᠯᠳᠤᠵᠤ ᠪᠣᠯᠤᠨ᠎ᠠ ︵ | ᠬᠠᠷᠢᠯᠴᠠᠬᠤ ᠤᠲᠠᠰᠤ᠄ 8469099︶᠂ ᠪᠠᠰᠠ ᠬᠢᠨᠠᠨ ᠪᠠᠶᠢᠴᠠᠭᠠᠬᠤ ᠪᠠᠶᠢᠭᠤᠯᠭ᠎ᠠ ᠳᠤ ᠢᠯᠡᠴᠢᠯᠡᠨ ᠮᠡᠳᠡᠭᠦᠯᠵᠦ | ᠪᠣᠯᠤᠨ᠎ᠠ᠂ ᠪᠠᠰᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠤᠶᠤ ᠵᠠᠰᠠᠭ ᠵᠠᠬᠢᠷᠭᠠᠨ ᠤ ᠵᠠᠷᠭᠤ ᠶᠢᠨ ᠠᠷᠭ᠎ᠠ | ᠮᠠᠶ᠋ᠢᠭ ᠢᠶᠠᠷ ᠰᠢᠢᠳᠪᠦᠷᠢᠡᠯᠵᠦ ᠪᠣᠯᠤᠨ᠎ᠠ᠃ |