ᠲᠣᠰ ᠵᠢᠯ ᠤᠨ ᠮᠡᠳᠡᠭᠦᠯᠦᠯᠲᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠵᠠᠭᠪᠤᠷ︾ ︵ᠲᠤᠷᠰᠢᠨ ᠬᠡᠷᠡᠭᠵᠢᠭᠦᠯᠬᠦ︶ ᠵᠢᠴᠢ 2022 ᠣᠨ ᠤ | ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠪᠠ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠬᠤᠯᠪᠣᠭᠳᠠᠯ | ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠣᠨ ᠤ ᠮᠡᠳᠡᠭᠦᠯᠦᠯᠲᠡ ᠶᠢ ᠦᠨᠳᠦᠰᠦᠯᠡᠨ ᠨᠠᠶᠢᠷᠠᠭᠤᠯᠤᠨ ᠵᠤᠬᠢᠶᠠᠪᠠ᠃ ᠲᠣᠰ ᠣᠨ ᠤ ᠮᠡᠳᠡᠭᠦᠯᠦᠯᠲᠡ ᠨᠢ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠶᠡᠷᠦᠩᠬᠡᠶ ᠪᠠᠶᠢᠳᠠᠯ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ | ᠪᠠᠶᠢᠳᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ ᠢ ᠭᠥᠯᠢᠶᠡᠨ ᠠᠪᠤᠭᠰᠠᠨ ᠪᠠ ᠰᠢᠢᠳᠪᠦᠷᠢᠯᠡᠭᠰᠡᠨᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠠᠵᠢᠯ ᠤᠨ ᠳᠠᠬᠢᠨ ᠵᠥᠪᠯᠡᠭᠦᠯᠬᠦ ᠪᠠᠷ ᠭᠤᠶᠤᠴᠢᠯᠠᠭᠳᠠᠭᠰᠠᠨ᠂ ᠵᠠᠭᠠᠯᠳᠤᠯᠭ᠎ᠠ ᠭᠠᠷᠭᠠᠭᠰᠠᠨ ᠪᠠᠶᠢᠳᠠᠯ | ᠵᠡᠷᠭᠡ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠪᠠ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ | ᠬᠡᠰᠡᠭ ᠢᠶᠠᠷ ᠪᠦᠷᠢᠯᠳᠦᠨ᠎ᠡ᠃ ᠮᠡᠳᠡᠭᠦᠯᠦᠯᠲᠡ ᠳᠤ ᠵᠢᠭᠰᠠᠭᠠᠭᠰᠠᠨ ᠲᠤᠭ᠎ᠠ ᠪᠠᠷᠢᠮᠲᠠ ᠶᠢᠨ ᠪᠦᠷᠢᠳᠬᠡᠬᠦ | ᠬᠤᠭᠤᠴᠠᠭ᠎ᠠ ᠨᠢ 2022 ᠣᠨ ᠤ 1 ᠰᠠᠷ᠎ᠠ ᠶᠢᠨ 1 ᠤ ᠡᠳᠦᠷ ᠠᠴᠠ 2022 ᠣᠨ ᠤ 12 ᠰᠠᠷ᠎ᠠ ᠶᠢᠨ 31 ᠤ | ᠡᠳᠦᠷ ᠪᠤᠯᠲᠠᠯ᠎ᠠ ᠪᠤᠯᠤᠨ᠎ᠠ᠃ ᠲᠣᠰ ᠮᠡᠳᠡᠭᠦᠯᠦᠯᠲᠡ ᠶᠢᠨ ᠡᠯᠧᠺᠲᠷᠣᠨ ᠬᠡᠪᠯᠡᠯ ᠢ ︽ᠰᠦᠩᠱᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ︾ ᠤ ᠠᠯᠪᠠᠨ ᠰᠦᠯᠵᠢᠶ᠎ᠡ ︵http://www.ssq.gov.cn︶ ᠠᠴᠠ | ᠪᠠᠶᠢᠴᠠᠭᠠᠨ ᠦᠵᠡᠵᠦ ᠪᠣᠯᠤᠨ᠎ᠠ᠃ ᠬᠡᠷᠪᠡ ᠲᠣᠰ ᠵᠢᠯ ᠤᠨ ᠮᠡᠳᠡᠭᠦᠯᠦᠯᠲᠡ ᠳᠤ ᠮᠠᠳᠠᠭ ᠲᠠᠢ ᠪᠣᠯ᠂ ᠰᠦᠩᠱᠠᠨ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠲᠣᠪᠴᠢᠶ᠎ᠠ ᠲᠠᠢ ᠬᠠᠷᠢᠯᠴᠠᠭᠠᠷᠠᠶ ︵ᠤᠲᠠᠰᠤ᠄ 0476 | — 8468546︶᠃ | ᠨᠢᠭᠡ᠂ ᠶᠡᠷᠦᠩᠬᠡᠶ ᠪᠠᠶᠢᠳᠠᠯ | 2022 ᠣᠨ ᠳᠤ ᠰᠦᠩᠱᠠᠨ ᠲᠣᠭᠤᠷᠢᠭ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠪᠣᠯᠤᠨ ᠳᠡᠭᠡᠳᠦ ᠱᠠᠲᠤᠨ ᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠢᠯᠡ ᠪᠣᠯᠭᠠᠬᠤ | ᠠᠭᠤᠯᠭ᠎ᠠ ᠶᠢ ᠲᠠᠰᠤᠷᠠᠯᠲᠠ ᠥᠬᠡᠶ ᠥᠷᠭᠡᠳᠬᠡᠨ᠂ ᠢᠯᠡ ᠪᠣᠯᠭᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠢᠯᠡ | ᠪᠣᠯᠭᠠᠬᠤ ᠲᠦᠷᠢᠮ ᠢ ᠲᠡᠭᠦᠯᠳᠡᠷᠵᠢᠭᠦᠯᠦᠨ᠂ ᠢᠯᠡ ᠪᠣᠯᠭᠠᠬᠤ ᠳᠤ ᠬᠢᠨᠠᠯᠲᠠ ᠲᠠᠯᠪᠢᠬᠤ ᠶᠢ ᠴᠢᠩᠭᠠᠷᠠᠭᠤᠯᠪᠠ᠂ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ᠂ ᠠᠵᠢᠯ ᠤᠨ ᠰᠤᠷᠲᠠᠯ ᠢ ᠬᠤᠪᠢᠷᠠᠭᠤᠯᠬᠤ ᠶᠢᠨ | ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠵᠤ᠂ ᠬᠢᠨᠠᠮᠠᠭᠠᠶ ᠪᠠᠶᠢᠷᠢᠯᠠᠭᠤᠯᠵᠤ᠂ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠪᠠ᠃ ᠢᠯᠡ ᠲᠣᠳᠣ᠂ ᠴᠠᠭ ᠲᠤᠬᠠᠶ ᠳᠤᠨᠢ | ᠠᠷᠠᠳ ᠲᠤ ᠲᠥᠬᠦᠮ ᠦᠵᠡᠭᠦᠯᠬᠦ ᠪᠠᠷ ᠵᠠᠷᠴᠢᠮ ᠪᠣᠯᠭᠠᠬᠤ ᠶᠢ ᠪᠠᠷᠢᠮᠲᠠᠯᠠᠪᠠ︔ ᠵᠠᠰᠠᠭ ᠵᠠᠬᠢᠷᠭᠠᠨ ᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠤᠯᠭᠠᠪᠠ︔ | ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠠᠷᠠᠳ ᠤᠯᠠᠨ ᠤ ᠡᠯ᠎ᠡ | ᠬᠦᠷᠢᠶᠡᠨ ᠳᠠᠬᠢ ᠠᠵᠢᠯ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠲᠠ | ᠲᠠᠯᠪᠢᠬᠤ ᠡᠷᠬᠡ ᠶᠢ ᠦᠨᠡᠨ ᠬᠦ ᠪᠠᠲᠤᠯᠠᠪᠠ᠃ | ᠬᠤᠶᠠᠷ᠂ ᠰᠠᠨᠠᠭᠠᠴᠢᠯᠠᠭ᠎ᠠ ᠠᠴᠠ ᠪᠠᠨ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠤᠯᠭᠠᠭᠰᠠᠨ | ᠪᠠᠶᠢᠳᠠᠯ | ᠨᠠᠷᠢᠨ ᠬᠦᠰᠦᠨᠦᠭᠲᠦ ᠶᠢ ᠰᠦᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ | ᠰᠦᠯᠵᠢᠶ᠎ᠡ ᠠᠴᠠ ᠦᠵᠡᠭᠡᠷᠡᠢ | ᠭᠤᠷᠪᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠦᠯᠢᠶᠡᠨ | ᠠᠪᠤᠭᠰᠠᠨ ᠪᠠ ᠰᠢᠢᠳᠪᠦᠷᠢᠯᠡᠭᠰᠡᠨᠪᠠᠶᠢᠳᠠᠯ | ᠨᠠᠷᠢᠨ ᠬᠦᠰᠦᠨᠦᠭᠲᠦ ᠶᠢ ᠰᠦᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ | ᠰᠦᠯᠵᠢᠶ᠎ᠡ ᠠᠴᠠ ᠦᠵᠡᠭᠡᠷᠡᠢ | ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠵᠠᠰᠠᠭ ᠵᠠᠬᠢᠷᠭᠠᠨ ᠤ ᠳᠠᠬᠢᠨ | ᠵᠥᠪᠯᠡᠭᠰᠡᠨ᠂ ᠵᠠᠰᠠᠭ ᠵᠠᠬᠢᠷᠭᠠᠨ ᠤᠵᠠᠷᠭᠤ ᠬᠢᠭᠰᠡᠨ ᠪᠠᠶᠢᠳᠠᠯ | ᠨᠠᠷᠢᠨ ᠬᠦᠰᠦᠨᠦᠭᠲᠦ ᠶᠢ ᠰᠦᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ | ᠰᠦᠯᠵᠢᠶ᠎ᠡ ᠠᠴᠠ ᠦᠵᠡᠭᠡᠷᠡᠢ | ᠲᠠᠪᠤ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ | ︵ᠨᠢᠭᠡ︶ ᠣᠷᠣᠰᠢᠵᠤ ᠪᠠᠶᠢᠭ᠎ᠠ ᠠᠰᠠᠭᠤᠳᠠᠯ᠃ ᠨᠢᠭᠡ ᠳᠤ ᠢᠯᠡ ᠪᠣᠯᠭᠠᠬᠤ ᠮᠡᠳᠡᠭᠡ ᠵᠠᠩᠭᠢ ᠶᠢᠨ ᠪᠦᠬᠦ | ᠲᠠᠯᠠᠲᠤ ᠴᠢᠨᠠᠷ ᠪᠠ ᠴᠠᠭ ᠲᠤᠬᠠᠢᠢᠴᠢ ᠴᠢᠨᠠᠷ ᠢ ᠪᠠᠰᠠ ᠴᠢᠩᠭᠠᠳᠬᠠᠬᠤ ᠴᠢᠬᠤᠯᠠᠲᠠᠶ ᠪᠠᠶᠢᠨ᠎ᠠ᠃ ᠴᠥᠭᠡᠨ ᠲᠣᠭᠠᠨ ᠤ | ᠰᠠᠯᠠᠭ᠎ᠠ ᠮᠥᠴᠢᠷ ᠤᠨ ᠨᠡᠶᠢᠲᠡᠯᠡᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠬᠠᠰᠢ ᠶᠠᠰᠢ ᠪᠠᠶᠢᠵᠤ᠂ ᠢᠯᠡ | ᠪᠣᠯᠭᠠᠬᠤ ᠮᠡᠳᠡᠭᠡ ᠵᠠᠩᠭᠢ ᠶᠢᠨ ᠣᠯᠠᠩᠬᠢ ᠨᠢ ᠲᠣᠰ ᠰᠠᠯᠠᠭ᠎ᠠ ᠮᠥᠴᠢᠷ ᠤᠨ ᠢᠶᠠᠨ ᠬᠥᠳᠡᠯᠦᠩᠭᠦᠶ ᠮᠡᠳᠡᠭᠡ ᠵᠠᠩᠭᠢ᠂ | ᠵᠢᠱᠢᠶᠡᠯᠡᠪᠡᠯ ᠠᠵᠢᠯ ᠤᠨ ᠬᠥᠳᠡᠯᠦᠩᠭᠦᠶ ᠪᠠᠶᠢᠳᠠᠯ᠂ ᠰᠣᠨᠢᠨ ᠮᠡᠳᠡᠭᠡᠯᠡᠯ ᠵᠡᠷᠭᠡ ᠲᠠᠯ᠎ᠠ ᠳᠤ ᠲᠥᠪᠯᠡᠷᠡᠵᠦ᠂ ᠨᠡᠶᠢᠭᠡᠮ | ᠨᠡᠶᠢᠲᠡ ᠶᠢᠨ ᠬᠠᠯᠠᠮᠵᠢᠯᠠᠨ ᠠᠩᠬᠠᠷᠴᠤ ᠪᠠᠶᠢᠭ᠎ᠠ᠂ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ | ᠬᠤᠯᠪᠣᠭ᠎ᠠ ᠲᠠᠢ ᠮᠡᠳᠡᠭᠡ ᠵᠠᠩᠭᠢ ᠵᠢᠴᠢ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠶᠢᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠵᠦᠢᠯᠡᠰ ᠤᠨ ᠮᠡᠳᠡᠭᠡ | ᠵᠠᠩᠭᠢ ᠶᠢ ᠢᠯᠡ ᠪᠣᠯᠭᠠᠬᠤ ᠲᠠᠯ᠎ᠠ ᠪᠠᠷ ᠪᠠᠰᠠ ᠭᠦᠨᠵᠡᠭᠡᠶ ᠦᠭᠡᠢ ᠪᠥᠭᠡᠳ ᠪᠥᠬᠦ ᠲᠠᠯ᠎ᠠ ᠶᠢᠨ ᠪᠢᠰᠢ ᠪᠠᠶᠢᠨ᠎ᠠ᠃ | ᠬᠤᠶᠠᠷ ᠲᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠬᠤ ᠴᠢᠬᠤᠯᠠᠲᠠᠶ ᠪᠠᠶᠢᠨ᠎ᠠ᠃ ᠪᠥᠬᠦ ᠲᠤᠭᠤᠷᠢᠭ ᠤᠨ ᠬᠡᠰᠡᠭ ᠨᠢᠭᠡᠴᠡ ᠶᠢᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠡᠷᠭᠢᠯᠡᠨ ᠬᠢᠵᠦ ᠪᠠᠶᠢᠭ᠎ᠠ ᠠᠵᠢᠯᠲᠠᠨ ᠨᠢ ᠲᠤᠰᠢᠶᠠᠯ ᠬᠠᠪᠰᠤᠷᠭᠠᠵᠤ᠂ | ᠠᠵᠢᠯᠲᠠᠨ ᠨᠢ ᠦᠷᠭᠦᠯᠵᠢ ᠬᠤᠪᠢᠷᠠᠵᠤ ᠪᠠᠶᠢᠳᠠᠭ ᠪᠣᠯᠬᠤᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠢ ᠥᠷᠨᠢᠭᠦᠯᠬᠦ ᠪᠠ ᠦᠷᠭᠦᠯᠵᠢᠯᠡᠭᠦᠯᠬᠦ ᠳᠤ ᠠᠰᠢᠭ ᠥᠬᠡᠶ ᠶᠤᠮ᠃ ᠭᠤᠷᠪᠠ ᠳᠤ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠶᠢᠨ ᠬᠦᠴᠦᠨ ᠲᠠᠢ ᠬᠤᠭᠤᠴᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠴᠢᠬᠤᠯᠠᠲᠠᠶ᠂ ᠲᠠᠶᠢᠯᠤᠮᠵᠢ ᠶᠢᠨ ᠬᠡᠯᠪᠡᠷᠢ ᠶᠢ ᠤᠯᠠᠮ ᠨᠢᠭᠡ ᠠᠯᠬᠤᠮ ᠰᠢᠨᠡᠳᠬᠡᠬᠦ ᠴᠢᠬᠤᠯᠠᠲᠠᠶ᠂ ᠠᠭᠤᠯᠭ᠎ᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ | ︵ᠬᠤᠶᠠᠷ︶ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ᠃ ᠨᠢᠭᠡ ᠳᠤ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠶᠢᠨ ᠪᠥᠬᠦ ᠲᠠᠯᠠᠲᠤ ᠴᠢᠨᠠᠷ ᠪᠠ ᠵᠢᠷᠤᠮᠵᠢᠯᠳᠤ ᠴᠢᠨᠠᠷ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠮᠡᠳᠡᠭᠡ | ᠵᠠᠩᠭᠢ ᠪᠠᠷ ᠭᠤᠤᠯᠳᠠᠯᠭ᠎ᠠ ᠪᠣᠯᠭᠠᠵᠤ᠂ ᠢᠯᠡ ᠪᠣᠯᠭᠠᠬᠤ ᠲᠠᠪᠴᠠᠩ ᠳᠠᠬᠢ ᠠᠷᠠᠳ ᠲᠦᠮᠡᠨ ᠳᠤ ᠦᠢᠯᠡᠴᠢᠯᠡᠬᠦ᠂ | ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠵᠡᠷᠭᠡ ᠬᠠᠮᠢᠶ᠎ᠠ ᠪᠥᠬᠦᠶ ᠲᠤᠰᠬᠠᠶ ᠪᠤᠯᠤᠩ ᠤᠨ | ᠪᠠᠶᠢᠭᠤᠯᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠮᠡᠳᠡᠭᠡ ᠵᠠᠩᠭᠢ ᠶᠢ ᠢᠯᠡ ᠪᠣᠯᠭᠠᠬᠤ ᠬᠦᠷᠢᠶ᠎ᠡ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠮᠡᠳᠡᠭᠡ ᠵᠠᠩᠭᠢ ᠶᠢ | ᠢᠯᠡ ᠪᠣᠯᠭᠠᠬᠤ ᠭᠦᠨᠴᠡ ᠶᠢ ᠥᠷᠭᠡᠳᠬᠡᠨ᠎ᠡ᠃ ᠬᠤᠶᠠᠷ ᠲᠤ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠡᠯ᠎ᠡ ᠨᠢᠭᠡᠴᠡ ᠶᠢ ᠪᠠᠶᠢᠭᠤᠯᠤᠮᠵᠢ ᠪᠠᠨ ᠪᠦᠷᠢᠨᠰᠢᠬᠦᠯᠦᠨ᠂ | ᠡᠩᠨᠡᠭᠡ ᠪᠠᠨ ᠰᠢᠯᠢᠳᠡᠭᠵᠢᠭᠦᠯᠵᠦ᠂ ᠲᠦᠷᠢᠮ ᠢᠶᠠᠨ ᠲᠡᠭᠦᠯᠳᠡᠷᠵᠢᠭᠦᠯᠦᠨ᠂ ᠪᠣᠯᠪᠠᠰᠤᠷᠠᠭᠤᠯᠤᠯ ᠢᠶᠠᠨ ᠴᠢᠩᠭᠠᠳᠬᠠᠵᠤ᠂ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠴᠠᠭ ᠤᠨ ᠬᠢᠵᠠᠭᠠᠷ᠂ ᠬᠡᠯᠪᠡᠷᠢ᠂ ᠠᠭᠤᠯᠭ᠎ᠠ᠂ ᠲᠠᠰ | ᠳᠠᠷᠠᠭᠠᠯᠠᠯ ᠪᠠ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠬᠠᠮᠲᠤ ᠰᠢᠨ᠎ᠡ ᠢᠯᠡ | ᠪᠣᠯᠭᠠᠬᠤ ᠠᠷᠭ᠎ᠠ ᠵᠠᠮ ᠢ ᠢᠳᠡᠪᠬᠢᠲᠡᠶ ᠪᠠᠷ ᠨᠡᠭᠡᠭᠡᠨ᠂ ᠪᠢᠴᠢᠯ ᠪᠦᠷᠭᠡ᠂ ᠸᠢᠴᠠᠲ ᠵᠡᠷᠭᠡ ᠠᠷᠭ᠎ᠠ ᠮᠠᠶ᠋ᠢᠭ ᠢ ᠲᠤᠷᠰᠢᠨ | ᠬᠡᠷᠡᠭᠯᠡᠵᠦ᠂ ᠡᠯ᠎ᠡ ᠲᠥᠷᠥᠯ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ | ᠬᠡᠷᠡᠭᠲᠡᠶ ᠭᠡᠵᠦ ᠱᠠᠭᠠᠷᠳᠠᠨ᠎ᠠ᠃ ᠭᠤᠷᠪᠠ ᠳᠤ᠂ ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠨ᠎ᠠ᠃ ᠣᠯᠠᠨ | ᠵᠦᠢᠯ ᠤᠨ ᠠᠮᠢᠳᠤᠯᠢᠭ ᠪᠦᠲᠦᠮᠵᠢᠲᠡᠶ ᠬᠡᠯᠪᠡᠷᠢ ᠶᠢ ᠠᠪᠴᠤ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠳᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠪᠣᠯᠭᠠᠬᠤ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠬᠢᠨᠠᠮᠠᠭᠠᠶ ᠰᠤᠷᠤᠯᠴᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠦᠨᠳᠦᠰᠦᠨ ᠵᠣᠷᠢᠭ ᠰᠠᠨᠠᠭ᠎ᠠ ᠪᠠ | ᠭᠤᠤᠯ ᠠᠭᠤᠯᠭ᠎ᠠ ᠶᠢ ᠭᠦᠨᠵᠡᠭᠡᠶ ᠤᠬᠠᠭᠤᠯᠵᠤ᠂ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠪᠦᠷᠢᠯᠳᠦᠬᠦᠨ ᠪᠠ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯᠲᠠᠨ ᠢ ᠰᠢᠮᠳᠠᠭᠤᠯᠵᠤ ᠪᠠᠶᠢᠭᠠᠳ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠭᠤᠯᠵᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠢᠳᠡᠪᠬᠢᠲᠡᠶ ᠠᠬᠢᠭᠤᠯᠬᠤ ᠶᠢᠨ ᠡᠭᠦᠷᠭᠡᠲᠦ ᠰᠡᠳᠬᠢᠯᠭᠡ ᠪᠠ | ᠬᠠᠷᠢᠭᠤᠴᠠᠯᠭᠠᠲᠤ ᠰᠡᠳᠬᠢᠯᠭᠡ ᠶᠢ ᠴᠢᠩᠭᠠᠷᠠᠭᠤᠯᠤᠨ᠎ᠠ᠃ | ᠵᠢᠷᠭᠤᠭ᠎ᠠ᠂ ᠪᠤᠰᠤᠳ ᠮᠡᠳᠡᠭᠦᠯᠬᠦ ᠴᠢᠬᠤᠯᠠᠲᠠᠢ ᠵᠦᠢᠯ | ᠪᠤᠰᠤᠳ ᠮᠡᠳᠡᠭᠦᠯᠬᠦ ᠴᠢᠬᠤᠯᠠ ᠲᠠᠢ ᠵᠦᠢᠯ ᠪᠠᠶᠢᠬᠤ ᠦᠭᠡᠢ᠃ |