— 2023 ᠣᠨ ᠤ 2 ᠰᠠᠷ᠎ᠠ ᠶᠢᠨ 8 ᠤ ᠡᠳᠦᠷ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ | ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ | ᠳᠡᠭᠡᠷ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ | ᠲᠥᠯᠥᠭᠡᠯᠡᠭᠴᠢᠳ ᠡ᠄ | ᠤᠳᠤ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠷᠡᠴᠢᠯᠡᠨ ᠲᠣᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | 2022 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠥᠭᠵᠢᠯᠲᠡ ᠶᠢᠨ ᠣᠷᠴᠢᠨ | ᠲᠣᠭᠤᠷᠢᠨ ᠪᠣᠯᠤᠨ ᠬᠦᠨᠳᠦ ᠨᠦᠰᠡᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠶᠢᠨ ᠡᠮᠦᠨ᠎ᠡ᠂ ᠪᠦᠬᠦ | ᠲᠣᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠬᠢᠵᠢᠭ ᠤᠨ | ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ | ᠪᠠᠶᠢᠯᠭᠠᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ︽ᠲᠠᠪᠤᠨ ᠶᠡᠭᠡ ᠡᠭᠦᠷᠭᠡ︾ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠡᠯ᠎ᠡ ᠵᠦᠢᠯ ᠤᠨ ᠠᠵᠢᠯ ᠢᠶᠠᠨ ᠨᠡᠯᠢᠶᠡᠳ ᠰᠠᠶᠢᠨ ᠪᠡᠶᠡᠯᠡᠭᠦᠯᠪᠡ᠃ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 313 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 15.5 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠤᠯᠲᠠ 95 ᠳ᠋ᠦᠩᠰᠢᠭᠤᠷ ᠲᠥᠭᠦᠷᠢᠭ ᠲᠤ ᠬᠥᠷᠪᠡ︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 122.4 ᠳ᠋ᠦᠩᠰᠢᠭᠤᠷ ᠲᠥᠭᠦᠷᠢᠭ ᠲᠤ ᠬᠥᠷᠪᠡ︔ ᠬᠤᠲᠠ | ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | ᠲᠣᠰ ᠲᠣᠰ 41714 ᠲᠥᠭᠦᠷᠢᠭ ᠪᠠ 21453 ᠲᠥᠭᠦᠷᠢᠭ ᠲᠤ ᠬᠥᠷᠪᠡ᠃ | ᠨᠢᠭᠡ ᠵᠢᠯ ᠤᠨ ᠲᠤᠷᠰᠢ᠂ ᠪᠢᠳᠡ ᠡᠷᠡᠮᠡᠬᠡᠶᠢᠯᠡᠨ ᠤᠷᠤᠭᠰᠢᠯᠠᠵᠤ ᠬᠥᠭᠵᠢᠯᠲᠡ ᠶᠢ ᠡᠷᠢᠯᠬᠢᠯᠡᠵᠦ᠂ ᠠᠵᠤ | ᠠᠬᠤᠢ ᠶᠢᠨ ᠪᠣᠳᠠᠲᠤ ᠬᠦᠴᠦᠨ ᠲᠣᠭᠲᠠᠭᠤᠨ ᠤ ᠳᠤᠮᠳᠠ ᠤᠷᠤᠭᠰᠢᠯᠠᠪᠠ᠃ ᠲᠠᠷᠢᠶᠠᠯᠠᠩ ᠤᠨ ᠬᠥᠭᠵᠢᠯᠲᠡ ᠪᠣᠳᠠᠲᠤ | ᠬᠦᠴᠦᠨ ᠢᠶᠠᠨ ᠢᠯᠡᠷᠡᠭᠦᠯᠪᠡ᠃ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠤᠪᠤᠶᠢᠮ᠎ᠠ | ᠪᠠᠶᠢᠷᠢᠨ ᠳᠤ ᠲᠠᠯᠪᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 17 ᠲᠦᠮᠡᠨ ᠮᠤ᠋ ᠥᠭᠡᠷᠡᠴᠢᠯᠡᠵᠦ᠂ | ᠠᠮᠤ ᠪᠤᠳᠠᠭ᠎ᠠ ᠲᠠᠷᠢᠬᠤ ᠲᠠᠯᠠᠪᠠᠢ ᠶᠢ 197.5 ᠲᠦᠮᠡᠨ ᠮᠤ᠋ ᠳᠤ ᠬᠦᠷᠭᠡᠵᠦ᠂ ᠠᠮᠤ ᠪᠤᠳᠠᠭᠠᠨ ᠤ | ᠤᠨᠠᠯᠲᠠ ᠶᠢ 17 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠪᠠ᠃ 1.5 ᠲᠦᠮᠡᠨ | ᠮᠤ᠋ ᠳᠦᠬᠦᠭᠡᠷᠦᠮᠵᠢᠳᠤ ᠲᠠᠷᠢᠶᠠᠯᠠᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 3 ᠲᠦᠮᠡᠨ ᠮᠤ᠋ | ᠠᠵᠤ ᠠᠬᠤᠶ ᠶᠢᠨ ᠤᠢ ᠶᠢ ᠰᠢᠨ᠎ᠡ ᠪᠠᠷ ᠬᠥᠭᠵᠢᠭᠦᠯᠵᠦ᠂ ᠵᠢᠯ ᠳᠤ ᠠᠯᠠᠰᠢᠨ ᠦᠬᠡᠷ᠂ ᠠᠯᠠᠰᠢᠨ ᠬᠤᠨᠢᠨ ᠤ ᠲᠤᠭ᠎ᠠ | ᠲᠣᠯᠣᠭᠠᠶ ᠲᠤᠰ ᠲᠤᠰ 29 ᠲᠦᠮᠡ᠂ 75 ᠲᠦᠮᠡ ᠳᠤ ᠬᠦᠷᠴᠦ᠂ 200 ᠲᠦᠮᠡᠨ ᠭᠠᠭ᠋ᠠᠶ ᠶᠢᠨ | ᠭᠠᠷᠭᠠᠯᠲᠠ ᠶᠢ ᠭᠠᠷᠭᠠᠪᠠ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ 46 ᠪᠣᠯᠵᠣ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠭᠦᠯ ᠤᠨ | ᠲᠣᠰ ᠤᠯᠠᠷᠢᠯ ᠤᠨ ᠪᠤᠴᠠᠭᠠᠨ ᠬᠤᠷᠢᠶᠠᠭᠰᠠᠨ ᠨᠣᠷᠮ᠎ᠠ 82%᠂ ᠡᠰᠢ ᠰᠦᠷᠡᠯ ᠤᠨ ᠶᠡᠷᠦᠩᠬᠡᠶᠢᠯᠡᠭᠰᠡᠨ | ᠠᠰᠢᠭᠯᠠᠯᠲᠠ ᠶᠢᠨ ᠨᠣᠷᠮ᠎ᠠ 91%᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ 100% ᠪᠣᠯᠪᠠ᠃ ᠠᠵᠤ | ᠦᠢᠯᠡᠳᠪᠦᠷᠢ ᠶᠢᠨ ᠶᠡᠷᠦᠩᠬᠡᠶ ᠬᠡᠮᠵᠢᠶ᠎ᠡ ᠦᠷᠭᠦᠯᠵᠢᠯᠡᠨ ᠪᠤᠵᠠᠭᠠᠶᠢᠷᠠᠪᠠ᠃ | ᠬᠡᠪᠴᠢᠶᠡᠵᠢᠯ ᠡᠴᠡ ᠳᠡᠭᠡᠭᠰᠢᠬᠢ ᠠᠵᠤ ᠠᠬᠤᠶᠢᠯᠠᠯ 10 ᠶᠢ | ᠰᠢᠨ᠎ᠡ ᠪᠠᠷ ᠨᠡᠮᠡᠭᠳᠡᠭᠦᠯᠵᠦ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠠᠵᠤ | ᠠᠬᠤᠶᠢᠯᠠᠯ 10 ᠶᠢ ᠪᠡᠶᠡᠯᠡᠭᠦᠯᠵᠦ᠂ ᠬᠡᠪᠴᠢᠶᠡᠵᠢᠯ ᠡᠴᠡ | ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠶ ᠥᠷᠲᠡᠭ 61.4 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ 5.1% ᠪᠠᠷ ᠨᠡᠮᠡᠭᠳᠡᠪᠡ᠃ ︽ᠤᠯᠤᠰ ᠤᠨ ᠳᠡᠭᠡᠳᠦ ᠰᠢᠨ᠎ᠡ ᠮᠡᠷᠭᠡᠵᠢᠯ︾ ︽ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠵᠢᠵᠢᠭ ᠠᠵᠤ ᠠᠬᠤᠶᠢᠯᠠᠯ︾ 38 ᠶᠢ ᠮᠠᠭᠠᠳᠯᠠᠨ ᠲᠣᠭᠲᠠᠭᠠᠵᠤ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢ ᠳᠠᠬᠢᠨ ᠢᠶᠠᠷ ᠨᠡᠮᠡᠭᠳᠡᠭᠦᠯᠪᠡ᠃ ᠠᠩᠴᠢᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠰᠢᠨ᠎ᠡ | ᠠᠬᠢᠴᠠ ᠲᠠᠢ ᠪᠣᠯᠵᠣ᠂ 20.6 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠬᠡᠷ ᠪᠠᠶᠢᠰᠢᠩ᠂ ᠵᠥᠩ ᠱᠦᠶ ᠦᠢᠯᠡᠳᠪᠦᠷᠢ ᠶᠢᠨ | ᠨᠢᠭᠡᠳᠦᠭᠡᠷ ᠬᠤᠭᠤᠴᠠᠭ᠎ᠠ᠂ ᠤᠶᠤᠨᠲᠤ ᠬᠦᠷᠢᠶᠡᠯᠡᠩ ᠲᠣᠭᠤᠷᠢᠭ ᠵᠡᠷᠭᠡ 3 ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ ᠪᠠᠷ ᠭᠡᠷ᠎ᠡ ᠲᠣᠭᠲᠠᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠲᠥᠷᠥᠯ ᠵᠦᠢᠯ 13᠂ ᠰᠢᠨ᠎ᠡ ᠪᠠᠷ ᠬᠦᠷᠢᠶᠡᠯᠡᠩ ᠳᠤ ᠤᠷᠤᠭᠰᠠᠨ ᠠᠵᠤ ᠠᠬᠤᠶᠢᠯᠠᠯ 23 ᠪᠠᠶᠢᠵᠤ᠂ | ᠵᠢᠯ ᠤᠨ ᠦᠢᠯᠡᠳᠬᠦᠨ ᠤ ᠥᠷᠲᠡᠭ 50 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠮᠡᠳᠡᠭᠡ | ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠬᠠᠮᠲᠤ ᠪᠠᠷ ᠡᠳ᠋ᠯᠡᠬᠦ | ᠦᠢᠯᠡᠳᠪᠦᠷᠢ ᠶᠢᠨ ᠲᠠᠰᠤᠭ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠪ ᠵᠡᠷᠭᠡ ᠲᠥᠷᠥᠯ ᠵᠦᠢᠯ ᠢ ᠡᠬᠢᠯᠡᠨ ᠪᠥᠲᠥᠭᠡᠨ ᠪᠠᠶᠢᠭᠤᠯᠵᠤ᠂ ᠤᠯᠠᠭᠠᠨᠬᠠᠳᠠ · ᠵᠥᠩ | ᠭᠤᠸᠠᠨ ᠼᠦᠨ ᠤ ᠮᠡᠳᠡᠭᠡ ᠵᠠᠩᠭᠢ ᠶᠢᠨ ᠬᠥᠨᠳᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠰᠠᠭᠤᠷᠢᠨ ᠭᠠᠵᠠᠷ ᠢᠯᠡᠳᠲᠡ ᠦᠷ᠎ᠡ ᠪᠦᠲᠦᠮᠵᠢ ᠣᠯᠵᠤ᠂ 14 ᠠᠵᠤ ᠠᠬᠤᠶᠢᠯᠠᠯ ᠰᠢᠨ᠎ᠡ ᠪᠠᠷ ᠣᠷᠣᠵᠤ ᠰᠠᠭᠤᠭᠠᠳ | ᠂ ᠨᠡᠶᠢᠲᠡ 6.77 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ᠃ ᠠᠷᠠᠯᠵᠢᠶ᠎ᠠ ᠬᠤᠳᠠᠯᠳᠤᠭᠠᠨ ᠤ | ᠦᠢᠯᠡᠴᠢᠯᠡᠭᠡᠨ ᠤ ᠦᠢᠯᠡᠰ ᠯᠠᠪᠳᠠᠭᠤᠨ ᠢᠶᠠᠷ | ᠬᠦᠭᠵᠢᠪᠡ᠃ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ | ᠬᠤᠲᠠ ᠶᠢᠨ 7 ᠵᠤᠷᠪᠤᠰ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ᠂ ᠤᠰᠤ ᠬᠠᠩᠭᠠᠬᠤ ᠤᠰᠤ ᠵᠠᠯᠠᠬᠤ ᠵᠢᠴᠢ | ᠭᠡᠷᠡᠯᠲᠦᠭᠦᠯᠭᠡ ᠶᠢᠨ ᠢᠨᠵᠧᠨᠧᠷᠢᠩ ᠢ ᠠᠰᠢᠭᠯᠠᠯᠲᠠ ᠳᠤ ᠣᠷᠣᠭᠤᠯᠪᠠ᠃ ᠤᠯᠤᠰ ᠤᠨ ᠭᠠᠭ᠋ᠠᠶ ᠶᠢᠨ ᠵᠠᠬ᠎ᠠ ᠳᠡᠯᠭᠡᠭᠦᠷ | — ᠥᠪᠥᠷ ᠮᠣᠩᠭᠤᠯ ᠤᠨ ᠡᠵᠡᠩᠨᠡᠯᠲᠡ ᠶᠢᠨ ᠲᠥᠪ ᠢ ᠪᠠᠶᠢᠭᠤᠯᠤᠨ ᠠᠵᠢᠯᠯᠠᠭᠤᠯᠵᠤ᠂ ︽ᡂᠢ ᠴᠧᠩ ᠹᠧᠩ | ᠸᠸᠢ ᠭᠡᠷ ᠦᠨ ᠡᠭᠦᠳᠡᠨ ᠦ ᠬᠤᠳᠠᠯᠳᠤᠭ᠎ᠠ︾ ᠶᠢᠨ ᠲᠠᠪᠴᠠᠩ ᠢ ᠡᠬᠢᠯᠡᠭᠦᠯᠵᠦ᠂ 1492 | ᠬᠤᠳᠠᠯᠳᠤᠭᠠᠴᠢᠨ ᠡᠷᠦᠬᠡ ᠣᠷᠣᠵᠤ ᠰᠠᠭᠤᠪᠠ᠃ ᠶᠦᠩ ᠶᠧ᠂ ᠵᠥᠩ ᠯᠢᠶᠠᠨ᠂ ᠰᠢᠨ ᠲᠢᠶᠠᠨ ᠳ᠋ᠢ ᠵᠡᠷᠭᠡ | ᠤᠯᠠᠮᠵᠢᠯᠠᠯᠲᠤ ᠬᠤᠳᠠᠯᠳᠤᠭᠠᠨ ᠤ ᠲᠣᠭᠤᠷᠢᠭ ᠲᠣᠭᠲᠠᠭᠤᠨ ᠢᠶᠠᠷ ᠬᠥᠭᠵᠢᠵᠦ᠂ ᠸᠠᠨ ᠳ᠋ᠠ᠂ ᠬᠠᠶ ᠳ᠋ᠠ᠂ ᠳ᠋ᠢ ᠬᠤᠤ | ᠵᠡᠷᠭᠡ ᠰᠢᠨ᠎ᠡ ᠪᠠᠷ ᠮᠠᠨᠳᠤᠭᠰᠠᠨ ᠬᠤᠳᠠᠯᠳᠤᠭᠠᠨ ᠤ ᠲᠣᠭᠤᠷᠢᠭ ᠦᠷᠨᠢᠭᠦᠨ ᠢᠶᠡᠷ | ᠡᠵᠡᠭᠨᠨᠡᠪᠡ᠃ ᠤᠯᠠᠭᠠᠨᠬᠠᠳᠠ ᠬᠤᠲᠠ ᠶᠢᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠶᠡᠭᠡ | ᠬᠤᠷᠠᠯ ᠢ ᠴᠢᠨᠠᠷ ᠰᠠᠶᠢᠲᠠᠶ ᠳᠠᠭᠠᠭᠠᠴᠢᠯᠠᠨ ᠡᠷᠭᠢᠯᠡᠵᠦ᠂ ᠶᠡᠭᠡ ᠤᠯᠠᠭᠠᠨᠰᠤᠬᠠᠢ ᠲᠣᠰᠬᠤᠨ | ᠤᠯᠤᠰ ᠤᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢᠶᠠᠷ | ᠦᠨᠡᠯᠡᠭᠳᠡᠵᠦ᠂ ᠪᠥᠬᠦ ᠲᠤᠭᠤᠷᠢᠭ ᠤᠨ ᠵᠢᠭᠤᠯᠴᠢᠯᠠᠯ ᠤᠨ ᠣᠷᠣᠯᠭ᠎ᠠ | 11.3 ᠳ᠋ᠦᠩᠰᠢᠭᠤᠷ ᠲᠥᠭᠦᠷᠢᠭ ᠲᠤ ᠬᠥᠷᠪᠡ᠃ | ᠨᠢᠭᠡ ᠵᠢᠯ ᠤᠨ ᠲᠤᠷᠰᠢ᠂ ᠪᠢᠳᠡ ᠰᠢᠨᠲᠠᠷᠠᠰᠢ ᠦᠭᠡᠢ ᠰᠢᠪᠲᠤᠯᠤᠯᠲᠠ ᠶᠢ ᠡᠷᠢᠯᠬᠢᠯᠡᠵᠦ᠂ ᠬᠥᠭᠵᠢᠯᠲᠡ ᠶᠢᠨ | ᠠᠮᠢᠵᠢᠷᠠᠯ ᠤᠨ ᠬᠦᠴᠦᠨ ᠡᠳᠦᠷ ᠢᠷᠡᠬᠦᠶ᠎ᠡ ᠴᠢᠩᠭᠠᠷᠠᠪᠠ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠬᠦᠴᠦᠨ ᠢ ᠬᠤᠷᠠᠮᠳᠤᠭᠤᠯᠤᠨ ᠡᠨᠧᠷᠭᠢ ᠶᠢ ᠲᠦᠪᠯᠡᠷᠡᠭᠦᠯᠪᠡ᠃ 45 ᠭᠤᠤᠯᠳᠠᠯᠭ᠎ᠠ ᠲᠠᠢ ᠲᠥᠷᠥᠯ ᠵᠦᠢᠯ ᠢ | ᠲᠣᠭᠲᠠᠭᠰᠠᠨ ᠬᠤᠭᠤᠴᠠᠭᠠᠨ ᠳᠤ ᠡᠬᠢᠯᠡᠨ ᠠᠵᠢᠯᠯᠠᠭᠤᠯᠵᠤ᠂ ᠪᠣᠷᠣᠭᠠᠨ ᠤ ᠤᠰᠤᠨ ᠤ ᠬᠤᠭᠤᠯᠠᠶ ᠲᠣᠤᠷ ᠪᠠ | ᠲᠦᠭᠡᠭᠡᠯ ᠤᠰᠤᠨ ᠤ ᠬᠤᠯᠪᠣᠯᠳᠤᠨ ᠨᠡᠪᠲᠡᠷᠡᠯᠴᠡᠬᠦ ᠢᠨᠵᠧᠨᠧᠷᠢᠩ᠂ ᠰᠢᠨ᠎ᠡ ᠬᠤᠲᠠ ᠲᠣᠭᠤᠷᠢᠭ ᠤᠨ ᠠᠮᠠᠷᠬᠠᠨ | ᠤᠰᠤᠲᠤᠬᠤ ᠴᠡᠭ ᠢ ᠵᠠᠰᠠᠬᠤ ᠢᠨᠵᠧᠨᠧᠷᠢᠩ ᠵᠡᠷᠭᠡ 4 ᠲᠥᠷᠥᠯ ᠵᠦᠢᠯ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠤᠨ᠂ ᠵᠢᠯ ᠤᠨ ᠳᠣᠲᠣᠷ᠎ᠠ 68 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠪᠡ᠃ ᠵᠢᠭᠡᠯᠡᠯᠭᠡ ᠶᠢᠨ ᠲᠡᠮᠳᠡᠭᠲᠦ ᠶᠢᠨ ᠲᠤᠰᠬᠠᠶ ᠡᠭᠡᠯᠵᠢ ᠶᠢ ᠬᠦᠴᠦᠯᠡᠨ ᠠᠬᠢᠭᠤᠯᠪᠠ᠃ 3 ᠳ᠋ᠦᠩᠰᠢᠭᠤᠷ | ᠲᠥᠭᠦᠷᠢᠭ ᠤᠨ ᠪᠠᠯᠠ ᠮᠥᠩᠭᠦ ᠣᠯᠵᠤ᠂ 9 ᠲᠥᠷᠥᠯ ᠵᠦᠢᠯ ᠤᠨ 13.3 ᠳ᠋ᠦᠩᠰᠢᠭᠤᠷ ᠲᠥᠭᠦᠷᠢᠭ ᠤᠨ | ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠤᠯᠤᠰ ᠤᠨ ᠶᠠᠮᠤᠨ ᠵᠥᠪᠯᠡᠯ ᠤᠨ ᠬᠢᠨᠠᠨ | ᠬᠠᠷᠭᠤᠭᠤᠯᠤᠯᠲᠠ ᠶᠢ ᠥᠩᠭᠡᠷᠡᠭᠡᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢᠯᠡᠳᠲᠡ ᠦᠷ᠎ᠡ | ᠪᠦᠲᠦᠮᠵᠢ ᠤᠯᠪᠠ᠃ ᠶᠡᠭᠡ ᠶᠢ ᠡᠯᠰᠡᠬᠦ ᠰᠢᠯᠢᠳᠡᠭ ᠢ ᠰᠤᠩᠭᠤᠬᠤ ᠶᠢ ᠵᠡᠷᠭᠡ ᠪᠠᠷ ᠴᠢᠬᠤᠯᠠᠴᠢᠯᠠᠵᠤ᠂ ᠪᠡᠭᠡᠵᠢᠩ | ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ | ᠲᠡᠯᠡᠶ ᠳᠠᠭᠠᠤ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢᠨ ᠬᠠᠨᠳᠤᠰᠢ ᠶᠢ ᠳᠠᠭᠠᠵᠤ᠂ ᠭᠤᠤᠯᠳᠠᠯᠭ᠎ᠠ ᠲᠠᠢ | ᠠᠵᠤ ᠠᠬᠤᠶᠢᠯᠠᠯ ᠳᠤ ᠴᠢᠭᠯᠡᠭᠦᠯᠦᠨ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠨᠠᠶᠢᠳᠠᠯᠭ᠎ᠠ ᠪᠠᠷ | ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ | 100 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠬᠤ ᠵᠧᠩ ᠸᠧᠶ ᠵᠡᠰ ᠤᠨ ᠦᠢᠯᠡᠳᠬᠦᠨ ᠢ | ᠭᠦᠨᠵᠡᠭᠡᠶ ᠡᠳ᠋ᠰᠢᠭᠦᠯᠬᠦ᠂ 30 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠬᠤ ᠰᠢᠨ ᠸᠠᠩ ᠳ᠋ᠠ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ | ᠠᠮᠵᠢᠯᠲᠠ ᠲᠠᠢ ᠪᠠᠷ ᠭᠡᠷ᠎ᠡ ᠲᠣᠭᠲᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢᠨ ᠬᠤᠷᠳᠤᠴᠠ ᠶᠢ | ᠲᠦᠷᠭᠡᠳᠬᠡᠵᠦ᠂ ᠵᠠᠭᠤᠨ ᠳ᠋ᠦᠩᠰᠢᠭᠤᠷ ᠲᠠᠰ ᠤᠨ ᠠᠵᠤ ᠦᠢᠯᠡᠳᠪᠦᠷᠢ ᠶᠢᠨ ᠲᠥᠷᠥᠯ | ᠵᠦᠢᠯ ᠳᠤ ︽ᠰᠢᠪᠲᠤᠯᠤᠯᠲᠠ ᠥᠬᠡᠶ︾ ᠪᠠᠶᠢᠭᠰᠠᠨ ᠢ ᠪᠡᠶᠡᠯᠡᠭᠦᠯᠪᠡ᠃ ᠪᠥᠬᠦ ᠵᠢᠯ ᠳᠤ 98 | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠪᠡᠶᠡᠯᠡᠭᠦᠯᠵᠦ᠂ 449 ᠳ᠋ᠦᠩᠰᠢᠭᠤᠷ | ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠶᠢ ᠲᠥᠯᠥᠪᠯᠡᠨ᠂ 55 ᠲᠥᠷᠥᠯ ᠵᠦᠢᠯ ᠢ | ᠨᠠᠶᠢᠳᠠᠪᠤᠷᠢᠵᠢᠭᠤᠯᠤᠨ ᠠᠵᠢᠯ ᠡᠬᠢᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ | ᠰᠢᠯᠢᠳᠡᠭᠵᠢᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠰᠢᠨ᠎ᠡ ᠬᠠᠶ᠋ᠢᠭ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠠᠯᠠᠭ᠎ᠠ ᠮᠥᠴᠢᠷ ᠪᠦᠬᠦᠨ ᠢᠶᠠᠷ ᠢᠶᠠᠨ | ᠣᠷᠣᠵᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ︽ᠬᠠᠮᠤᠭ ᠠᠷᠪᠢᠨ ᠳᠤ ᠪᠠᠨ ᠨᠢᠭᠡ ᠯᠡ | ᠬᠦᠶᠦᠬᠦ︾ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠵᠦᠢᠯᠡᠰ ᠤᠨ ᠬᠡᠷᠡᠭ ᠡᠷᠬᠢᠯᠡᠬᠦ ᠴᠠᠭ ᠤᠨ ᠬᠢᠵᠠᠭᠠᠷ᠂ ᠵᠠᠩᠭᠢᠯᠠᠭ᠎ᠠ᠂ ᠮᠠᠲ᠋ᠧᠷᠢᠶᠠᠯ ᠢ ᠲᠤᠰ ᠲᠤᠰ 73. 3%᠂ 33. | 5%᠂ 19.6% ᠪᠠᠷ ᠬᠠᠰᠤᠪᠠ᠂ ᠪᠠᠷᠢᠨ ᠭᠦᠢᠴᠡᠳᠬᠡᠬᠦ ᠤᠴᠢᠷ ᠶᠠᠪᠤᠳᠠᠯ ᠢ 1080 ᠰᠢᠢᠳᠪᠦᠷᠢᠯᠡᠵᠦ᠂ | ᠠᠯᠠᠭᠠᠨ ᠳᠡᠭᠡᠷ᠎ᠡ ᠭᠦᠢᠴᠡᠳᠬᠡᠬᠦ ᠤᠴᠢᠷ ᠶᠠᠪᠤᠳᠠᠯ ᠢ 977 ᠰᠢᠢᠳᠪᠦᠷᠢᠯᠡᠵᠦ᠂ 677 ᠤᠴᠢᠷ ᠶᠠᠪᠤᠳᠠᠯ ᠢ ᠦᠨᠡᠮᠯᠡᠯ | ᠦᠭᠡᠢ ᠪᠠᠷ ᠰᠢᠢᠳᠪᠦᠷᠢᠯᠡᠬᠦ ᠶᠢ ᠪᠡᠶᠡᠯᠡᠭᠦᠯᠵᠦ᠂ 37 ᠤᠴᠢᠷ ᠶᠠᠪᠤᠳᠠᠯ ᠢ ᠮᠤᠵᠢ ᠠᠯᠤᠰᠯᠠᠨ ᠨᠡᠶᠢᠳᠡᠮ | ᠰᠢᠢᠳᠪᠦᠷᠢᠯᠡᠬᠦ ᠶᠢ ᠪᠡᠶᠡᠯᠡᠭᠦᠯᠪᠡ᠃ 8903 ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠰᠢᠨ᠎ᠡ ᠪᠠᠷ ᠨᠡᠮᠡᠭᠳᠡᠭᠦᠯᠵᠦ᠂ | ︽ᠵᠢᠷᠭᠤᠭᠠᠨ ᠭᠠᠶᠢᠯᠢ ᠬᠤᠶᠠᠷ ᠰᠦᠢᠳᠬᠡᠯ︾᠂ ᠦᠯᠡᠳᠡᠭᠡᠬᠦ ᠪᠠ ᠭᠠᠶᠢᠯᠢ ᠶᠢ ᠲᠤᠯᠭᠠᠨ ᠪᠤᠴᠠᠭᠠᠬᠤ ᠵᠡᠷᠭᠡ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠵᠢᠯ ᠳᠤ 6.78 | ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠵᠤ᠂ ᠠᠵᠤ ᠠᠬᠤᠶᠢᠯᠠᠯ ᠤᠨ ︽ | ᠬᠦᠡᠭᠬᠡᠨ ᠲᠣᠨᠣᠭᠯᠠᠯ ᠤᠨ ᠤᠷᠤᠭᠰᠢᠯᠠᠯᠲᠠ︾ ᠳᠤ ᠬᠦᠴᠦᠨ ᠨᠡᠮᠡᠷᠢᠯᠡᠵᠦ᠂ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠢᠲᠡᠭᠡᠯ ᠢ ᠨᠡᠮᠡᠭᠳᠡᠭᠦᠯᠪᠡ᠃ | ᠨᠢᠭᠡ ᠵᠢᠯ ᠤᠨ ᠲᠤᠷᠰᠢ᠂ ᠪᠢᠳᠡ ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠵᠦ᠂ ᠬᠤᠲᠠ | ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠬᠤᠳᠠ ᠶᠢᠨ ᠪᠦᠳᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ 2.6 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ᠂ ᠸᠠᠩ ᠹᠦ᠋ ᠶᠡᠭᠡ ᠵᠡᠭᠡᠯᠢ᠂ ᠪᠠᠭᠠᠷᠢᠨ ᠶᠡᠭᠡ ᠵᠡᠭᠡᠯᠢ ᠵᠡᠷᠭᠡ 9 ᠵᠡᠭᠡᠯᠢ ᠭᠤᠳᠤᠮᠵᠢ ᠳᠤ ᠪᠣᠷᠣᠭᠠᠨ | ᠪᠣᠬᠢᠷᠲᠤᠯ ᠢ ᠰᠠᠯᠭᠠᠨ ᠥᠭᠡᠷᠡᠴᠢᠯᠡᠬᠦ 14.4 ᠺᠢᠯᠣᠮᠧᠲᠷ ᠢ ᠪᠡᠶᠡᠯᠡᠭᠦᠯᠵᠦ᠂ ᠰᠢᠪᠡᠭᠡ ᠭᠤᠤᠯ ᠵᠡᠭᠡᠯᠢ ᠶᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠨᠥᠬᠦᠷᠯᠡᠯ ᠭᠤᠳᠤᠮᠵᠢ ᠵᠡᠷᠭᠡ 5 ᠭᠤᠳᠤᠮᠵᠢ ᠶᠢᠨ ᠵᠠᠮ ᠢ ᠵᠠᠰᠠᠵᠤ ᠳᠠᠭᠤᠰᠬᠠᠨ᠂ | ᠰᠥᠩ ᠵᠧᠤ ᠴᠡᠴᠡᠷᠯᠢᠭ ᠤᠨ ᠭᠤᠤᠯ ᠴᠣᠭᠴᠠ ᠶᠢᠨ ᠠᠵᠢᠯ ᠢ ᠳᠠᠭᠤᠰᠬᠠᠵᠤ᠂ ᠬᠤᠲᠠ ᠶᠢᠨ ᠨᠣᠭᠤᠭᠠᠷᠠᠭᠤᠯᠤᠭᠰᠠᠨ | ᠭᠠᠵᠠᠷ ᠢ 3.48 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ 63.14 ᠲᠦᠮᠡᠨ ᠲᠡᠭᠰᠢ | ᠳᠥᠷᠪᠡᠯᠵᠢᠨ ᠮᠧᠲᠷ 64 ᠬᠠᠭᠤᠴᠢᠨ ᠰᠠᠭᠤᠭᠠᠯᠢ ᠲᠣᠭᠤᠷᠢᠭ ᠪᠠ 10 ᠲᠦᠮᠡᠨ ᠲᠡᠭᠰᠢ ᠳᠥᠷᠪᠡᠯᠵᠢᠨ ᠮᠧᠲᠷ | ᠶᠠᠪᠠᠭᠠᠨ ᠬᠥᠮᠦᠨ ᠤ ᠵᠠᠮ ᠢ ᠥᠭᠡᠷᠡᠴᠢᠯᠡᠨ ᠪᠠᠶᠢᠭᠤᠯᠵᠤ᠂ 29 ᠲᠦᠮᠡᠨ ᠲᠡᠭᠰᠢ ᠳᠥᠷᠪᠡᠯᠵᠢᠨ ᠮᠧᠲᠷ ᠶᠠᠰᠤ ᠴᠢᠨᠠᠷ ᠢ | ᠳᠡᠭᠡᠭᠰᠢᠯᠡᠭᠦᠯᠦᠭᠰᠡᠨ ᠣᠷᠣᠨ ᠰᠠᠭᠤᠴᠠ ᠶᠢᠨ ᠲᠣᠭᠤᠷᠢᠭ ᠢ 15 ᠥᠭᠡᠷᠡᠴᠢᠯᠡᠨ ᠪᠠᠶᠢᠭᠤᠯᠪᠠ᠃ 1.1 ᠲᠦᠮᠡᠨ | ᠤᠶᠤᠨᠲᠤ ᠲᠡᠷᠭᠡᠨ ᠵᠣᠭᠰᠣᠭᠠᠯ ᠢ ᠵᠠᠭᠠᠭᠯᠠᠨ ᠲᠣᠭᠲᠠᠭᠠᠵᠤ᠂ ᠬᠤᠳᠠ ᠶᠢᠨ ᠬᠠᠮᠢᠶᠠᠷᠤᠯᠲᠠ ᠶᠢᠨ ᠡᠩᠨᠡᠭᠡ ᠶᠢ ᠪᠦᠬᠦ | ᠲᠠᠯ᠎ᠠ ᠪᠠᠷ ᠳᠤᠭᠤᠭᠰᠢ ᠪᠠᠭᠤᠯᠭᠠᠨ᠂ ᠤᠶᠤᠨᠲᠤ ᠬᠤᠳᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠥᠪ ᠢ ᠪᠦᠬᠦ | ᠲᠠᠯ᠎ᠠ ᠪᠠᠷ ᠰᠢᠯᠢᠳᠡᠭᠵᠢᠭᠦᠯᠵᠦ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ︽ᠨᠢᠭᠡ ᠲᠣᠣᠷ ᠢᠶᠠᠷ | ᠨᠢᠭᠡᠳᠦᠯᠲᠡᠢ ᠬᠠᠮᠢᠶᠠᠷᠬᠤ᠂ ᠣᠶᠤᠨᠴᠢ ᠬᠡᠷᠡᠭᠯᠡᠭᠡ︾ ᠲᠡᠰᠢ ᠭᠦᠨᠵᠡᠭᠡᠢ ᠬᠥᠭᠵᠢᠭᠦᠯᠪᠡ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ︽ᠭᠤᠷᠪᠠᠨ | ᠣᠷᠣᠨ ᠭᠤᠷᠪᠠᠨ ᠱᠤᠭᠤᠮ︾ ᠪᠠ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠢ | ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠵᠠᠭᠠᠭᠯᠠᠨ ᠲᠣᠭᠲᠠᠭᠠᠵᠤ᠂ 9256.73 ᠾᠧᠺᠲ᠋ᠠᠷ ᠭᠠᠵᠠᠷ | ᠰᠢᠷᠣᠶ ᠶᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠣᠷᠣᠭᠤᠯᠵᠤ᠂ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ 1900.34 ᠾᠧᠺᠲ᠋ᠠᠷ ᠰᠢᠨ᠎ᠡ ᠪᠠᠷ ᠨᠡᠮᠡᠭᠳᠡᠭᠦᠯᠪᠡ᠃ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠪᠠ | ᠃ 55 ᠵᠠᠰᠠᠭ ᠵᠠᠬᠢᠷᠭᠠᠨ ᠤ ᠲᠣᠰᠬᠤᠨ ᠤ ᠨᠣᠭᠤᠭᠠᠷᠠᠭᠤᠯᠤᠯᠲᠠ ᠶᠢ ᠪᠡᠶᠡᠯᠡᠭᠦᠯᠵᠦ᠂ 89 ᠰᠠᠭᠤᠷᠢ ᠤᠰᠤ | ᠬᠠᠩᠭᠠᠬᠤ ᠪᠠᠲᠤᠯᠠᠪᠤᠷᠢ ᠶᠢᠨ ᠢᠨᠵᠧᠨᠧᠷᠢᠩ ᠢ ᠬᠡᠷᠡᠭᠵᠢᠭᠦᠯᠵᠦ᠂ 19.3 ᠺᠢᠯᠣᠮᠧᠲᠷ ᠬᠠᠲᠠᠭᠤᠷᠠᠭᠤᠯᠤᠨ ᠵᠠᠮ | ᠨᠡᠪᠲᠡᠷᠡᠭᠦᠯᠵᠦ᠂ 28.62 ᠺᠢᠯᠣᠮᠧᠲᠷ ᠤᠨ ᠲᠣᠰᠬᠤᠨ ᠳᠤ ᠨᠡᠪᠲᠡᠷᠡᠬᠦ ᠵᠠᠮ ᠤᠨ ᠠᠮᠤᠷ ᠲᠦᠪᠰᠢᠨ ᠤ | ᠬᠠᠮᠠᠭᠠᠯᠠᠯᠲᠠ ᠶᠢᠨ ᠢᠨᠵᠧᠨᠧᠷᠢᠩ ᠢ ᠪᠠᠶᠢᠭᠤᠯᠵᠤ᠂ 7 ᠰᠠᠭᠤᠷᠢ ᠨᠤᠷᠠᠬᠤ ᠠᠶᠤᠯᠲᠠᠢ ᠬᠥᠭᠦᠷᠭᠡ ᠶᠢ ᠥᠭᠡᠷᠡᠴᠢᠯᠡᠨ | ᠪᠠᠶᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠪᠦᠷᠬᠦᠴᠡ ᠶᠢᠨ ᠨᠤᠷᠮ᠎ᠠ 71% ᠳᠤ ᠬᠦᠷᠴᠦ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ | ᠪᠠᠶᠢᠴᠠᠭᠠᠨ ᠵᠠᠰᠠᠵᠤ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠶᠢ ᠴᠢᠨᠠᠷ ᠰᠠᠶᠢᠲᠠᠢ ᠪᠡᠶᠡᠯᠡᠭᠦᠯᠵᠦ᠂ ᠹᠦ᠋ | ᠱᠠᠨ ᠵᠤᠸᠠᠩ ᠤᠨ ᠵᠢᠱᠢᠶ᠎ᠡ ᠦᠵᠡᠭᠦᠯᠬᠦ ᠲᠣᠰᠬᠤᠨ ᠵᠡᠷᠭᠡ ᠨᠢᠭᠡ ᠪᠦᠯᠦᠭ ᠵᠢᠱᠢᠶ᠎ᠡ ᠦᠵᠡᠭᠦᠯᠬᠦ ᠪᠠ ᠭᠤᠣᠯᠳᠠᠯᠭ᠎ᠠ ᠲᠠᠢ | ᠲᠦᠷᠦᠯ ᠵᠦᠢᠯ ᠤᠨ ᠦᠷ᠎ᠡ ᠪᠦᠲᠦᠮᠵᠢ ᠲᠤᠪᠤᠶᠢᠮ᠎ᠠ ᠪᠣᠯᠪᠠ᠃ 7.3 ᠲᠦᠮᠡᠨ ᠮᠤ᠋ ᠠᠮᠢ ᠠᠬᠤᠶ ᠶᠢ ᠵᠠᠰᠠᠨ | ᠰᠡᠷᠭᠦᠭᠡᠵᠦ᠂ 4.5 ᠲᠦᠮᠡᠨ ᠮᠤ᠋ ᠤᠢ ᠮᠣᠳᠣ ᠲᠠᠷᠢᠵᠤ᠂ 4 ᠲᠡᠭᠰᠢ ᠳᠥᠷᠪᠡᠯᠵᠢᠨ ᠺᠢᠯᠣᠮᠧᠲᠷ ᠠᠮᠢ | ᠠᠬᠤᠶ ᠶᠢᠨ ᠴᠢᠭᠢᠭᠯᠢᠭ ᠭᠠᠵᠠᠷ᠂ 11 ᠲᠡᠭᠰᠢ ᠳᠥᠷᠪᠡᠯᠵᠢᠨ ᠺᠢᠯᠣᠮᠧᠲᠷ ᠠᠮᠢ ᠠᠬᠤᠶ ᠶᠢᠨ ᠬᠠᠯᠬᠠᠪᠴᠢ ᠶᠢ | ᠪᠦᠳᠦᠭᠡᠨ ᠪᠠᠶᠢᠭᠤᠯᠵᠤ᠂ 10.13 ᠲᠦᠮᠡᠨ ᠲᠣᠨ ᠭᠤᠣᠯ ᠤᠨ ᠵᠠᠮ ᠤᠨ ᠬᠤᠭ ᠨᠣᠪᠰᠢ ᠶᠢ ᠴᠡᠪᠡᠷᠯᠡᠪᠡ᠃ ᠤᠯᠤᠰ | ᠪᠠ ᠮᠤᠵᠢ ᠶᠢᠨ ᠭᠤᠣᠯ ᠱᠤᠭᠤᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ 207 ᠺᠢᠯᠣᠮᠧᠲᠷ ᠬᠡᠷᠡᠭᠵᠢᠭᠦᠯᠵᠦ᠂ | ᠵᠠᠮ ᠤᠨ ᠰᠢᠯᠢᠳᠡᠭ ᠰᠠᠶᠢᠨ ᠨᠤᠷᠮ᠎ᠠ 98.99% ᠳᠤ ᠬᠦᠷᠪᠡ᠃ 127 ᠺᠢᠯᠣᠮᠧᠲᠷ ᠥᠨᠳᠥᠷ ᠪᠣᠭᠤᠨᠢ | ᠬᠦᠴᠦᠳᠡᠯᠲᠦ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠸᠠᠩ ᠵᠢᠶᠠ ᠳ᠋ᠢ ᠶᠢᠨ ᠴᠠᠬᠢᠯᠭᠠᠨ | ᠲᠣᠣᠷ ᠤᠨ ᠥᠭᠡᠷᠡᠴᠢᠯᠡᠯᠲᠡ ᠶᠢᠨ ᠲᠦᠷᠦᠯ ᠵᠦᠢᠯ 2022 ᠣᠨ ᠤ ᠪᠦᠬᠦ ᠤᠯᠤᠰ ᠤᠨ ᠴᠠᠬᠢᠯᠭᠠᠨ ᠲᠦᠭᠡᠭᠡᠬᠦ | ᠲᠣᠣᠷ ᠤᠨ ︽ᠵᠠᠭᠤᠨ ᠰᠢᠯᠢᠳᠡᠭ ᠢᠨᠵᠧᠨᠧᠷᠢᠩ︾ ᠢᠶᠠᠷ ᠦᠨᠡᠯᠡᠭᠳᠡᠪᠡ᠃ | ᠨᠢᠭᠡ ᠵᠢᠯ ᠤᠨ ᠲᠤᠷᠰᠢ᠂ ᠪᠢᠳᠡ ᠪᠣᠳᠠᠲᠠᠢ ᠶᠢ ᠡᠷᠬᠢᠮᠯᠡᠨ ᠠᠵᠢᠯ ᠦᠢᠯᠡᠰ ᠢᠶᠠᠨ ᠦᠨᠡᠨᠴᠢ ᠪᠠᠷ ᠬᠢᠵᠦ᠂ | ᠠᠷᠠᠳ ᠤᠨ ᠠᠮᠢᠳᠤᠷᠠᠯ ᠤᠨ ᠪᠤᠶᠠᠨ ᠬᠡᠰᠢᠭ ᠢᠯᠡᠳᠲᠡ ᠳᠡᠭᠡᠭᠰᠢᠯᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ | ᠲᠤᠭᠲᠠᠭᠤᠨ ᠢᠶᠠᠷ ᠳᠡᠭᠡᠭᠰᠢᠯᠡᠪᠡ᠃ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 33 ᠳ᠋ᠦᠩᠰᠢᠭᠤᠷ | ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 76.7% ᠶᠢ ᠡᠵᠡᠯᠡᠪᠡ᠃ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠲᠦᠷᠦ ᠶᠢᠨ ᠪᠤᠳᠤᠯᠭ᠎ᠠ ᠶᠢ | ᠭᠦᠨᠵᠡᠭᠡᠶ ᠨᠠᠶᠢᠳᠠᠪᠤᠷᠢᠵᠢᠭᠤᠯᠵᠤ᠂ ᠬᠤᠳᠠ ᠪᠠᠯᠭᠠᠰᠤᠨ ᠤ 3200 ᠬᠥᠮᠦᠨ ᠳᠤ ᠰᠢᠨ᠎ᠡ ᠪᠠᠷ ᠠᠵᠢᠯ ᠣᠯᠭᠤᠵᠤ᠂ | ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ 10.29 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ | ᠣᠯᠭᠤᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠨᠥᠬᠦᠪᠥᠷᠢ ᠵᠡᠷᠭᠡ ᠪᠡᠯᠡ ᠮᠥᠩᠭᠦ ᠶᠢ | ᠨᠡᠶᠢᠳᠡ 5085 ᠲᠦᠮᠡᠨ ᠲᠥᠭᠦᠷᠢᠭ ᠲᠠᠷᠬᠠᠭᠠᠪᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ ᠲᠣᠰ ᠲᠣᠰ 30 ᠲᠥᠭᠦᠷᠢᠭ ᠪᠠ 46 ᠲᠥᠭᠦᠷᠢᠭ | ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ 12.06 ᠳ᠋ᠦᠩᠰᠢᠭᠤᠷ ᠲᠥᠭᠦᠷᠢᠭ᠂ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ 1.37 ᠳ᠋ᠦᠩᠰᠢᠭᠤᠷ ᠲᠥᠭᠦᠷᠢᠭ᠂ | ᠠᠪᠤᠷᠠᠨ ᠲᠤᠰᠠᠯᠠᠬᠤ ᠮᠥᠩᠭᠦ 364 ᠲᠦᠮᠡᠨ ᠲᠥᠭᠦᠷᠢᠭ ᠲᠠᠷᠬᠠᠭᠠᠵᠤ᠂ ᠬᠦᠴᠢᠷᠳᠡᠯᠲᠡᠶ ᠣᠯᠠᠨ ᠲᠦᠮᠡᠨ ᠢ 2318 | ᠬᠥᠮᠦᠨ ᠤᠳᠠᠭ᠎ᠠ ᠠᠪᠤᠷᠠᠨ ᠲᠤᠰᠠᠯᠠᠪᠠ᠃ ᠬᠤᠲᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ | ᠨᠣᠷᠮ᠎ᠠ 97.1% ᠳᠤ ᠬᠦᠷᠴᠦ᠂ ᠡᠮ ᠡᠮᠨᠡᠯᠭᠡ ᠶᠢᠨ ᠵᠠᠷᠤᠳᠠᠯ ᠢ 2.15 ᠳ᠋ᠦᠩᠰᠢᠭᠤᠷ ᠲᠥᠭᠦᠷᠢᠭ ᠲᠠᠩᠰᠠᠨ ᠠᠴᠠ | ᠲᠠᠶᠢᠯᠪᠠ᠃ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠡᠯ᠎ᠡ | ᠲᠥᠷᠥᠯ ᠤᠨ ᠬᠠᠷᠠᠭᠠᠯᠵᠠᠯ᠂ ᠲᠥᠪᠬᠢᠨᠡᠭᠦᠯᠦᠯᠲᠡ ᠶᠢᠨ ᠪᠠᠯᠠ ᠮᠥᠩᠭᠦ 4383 ᠲᠦᠮᠡᠨ ᠲᠥᠭᠦᠷᠢᠭ ᠲᠠᠷᠬᠠᠭᠠᠵᠤ᠂ | ᠴᠡᠷᠢᠭ ᠠᠴᠠ ᠬᠠᠯᠠᠭᠳᠠᠭᠰᠠᠨ 22 ᠺᠠᠳ᠋ᠷ ᠪᠠ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ ᠲᠣᠬᠢᠲᠠᠶ | ᠲᠥᠪᠬᠢᠨᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠲᠣᠭᠲᠠᠴᠠ ᠶᠢ ᠲᠠᠰᠤᠷᠠᠯᠳᠡ ᠦᠭᠡᠢ ᠰᠢᠯᠢᠳᠡᠭᠵᠢᠭᠦᠯᠵᠦ᠂ ᠠᠶᠤᠯ ᠲᠦᠭᠰᠢᠭᠦᠷᠢ ᠶᠢ ᠬᠢᠨᠠᠨ | ᠬᠡᠮᠵᠢᠬᠦ ᠡᠲᠡᠭᠡᠳ ᠤᠨ 409 ᠡᠷᠤᠬᠡ 743 ᠬᠥᠮᠦᠨ ᠢ ᠤᠰᠠᠳᠬᠠᠵᠤ᠂ ᠣᠷᠣᠯᠭ᠎ᠠ ᠶᠢ ᠨᠡᠮᠡᠭᠳᠡᠭᠦᠯᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠶᠢᠨ | ᠬᠥᠮᠦᠨ ᠳᠤᠮᠳᠠᠴᠢ ᠶᠢᠨ ᠣᠷᠣᠯᠭ᠎ᠠ ᠶᠢ 11.23% ᠨᠡᠮᠡᠭᠳᠡᠭᠦᠯᠪᠡ᠃ 8.4 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ᠭᠦᠩᠵᠦ ᠶᠢᠨ ᠳᠠᠪᠠᠭ᠎ᠠ ᠶᠢᠨ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠢ ᠳᠡᠭᠡᠭᠰᠢᠯᠡᠭᠦᠯᠬᠦ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢᠯᠡᠳᠲᠡ ᠦᠷ᠎ᠡ | ᠪᠦᠲᠦᠮᠵᠢ ᠣᠯᠵᠤ᠂ ᠢᠩᠭᠡ ᠶᠢᠨ ᠭᠤᠤᠯ ᠤᠨ ᠳᠡᠭᠡᠳᠦ ᠤᠷᠤᠰᠬᠠᠯ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠭᠦᠨᠵᠡᠭᠡᠶᠢᠷᠡᠨ | ᠬᠥᠭᠵᠢᠪᠡ᠃ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠦᠭᠵᠢᠭᠦᠯᠪᠡ᠃ ᠬᠤᠷᠢᠨ | ᠨᠢᠭᠡᠳᠦᠭᠡᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠠᠷᠪᠠᠨ ᠳᠣᠯᠣᠳᠤᠭᠠᠷ ᠴᠡᠴᠡᠷᠯᠢᠭ᠂ ᠠᠷᠪᠠᠨ | ᠨᠠᠢᠮᠠᠳᠤᠭᠠᠷ ᠴᠡᠴᠡᠷᠯᠢᠭ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠭᠠᠵᠠᠷ ᠰᠢᠨᠵᠢᠯᠡᠭᠡᠨ ᠤ | ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠢᠨ᠎ᠡ ᠪᠠᠭᠤᠷᠢ᠂ ᠠᠷᠪᠠᠨ ᠲᠠᠪᠤᠳᠤᠭᠠᠷ ᠴᠡᠴᠡᠷᠯᠢᠭ᠂ ᠠᠷᠪᠠᠳᠤᠭᠠᠷ | ᠪᠠᠭ᠎ᠠ ᠰᠤᠷᠭᠠᠭᠤᠯᠢ ᠶᠢᠨ ᠤᠷᠠᠯᠢᠭ ᠤᠨ ᠪᠡᠶ᠎ᠡ ᠶᠢᠨ ᠲᠠᠮᠢᠷ ᠤᠨ ᠣᠷᠳᠣᠨ ᠵᠡᠷᠭᠡ ᠲᠥᠷᠥᠯ ᠵᠦᠢᠯ ᠤᠨ ᠭᠤᠤᠯ | ᠴᠣᠭᠴᠠ ᠶᠢᠨ ᠠᠵᠢᠯ ᠢ ᠳᠠᠭᠤᠰᠬᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠳᠡᠮ | ᠬᠠᠷᠠᠭᠠᠯᠵᠠᠬᠤ ᠴᠡᠴᠡᠷᠯᠢᠭ ᠤᠨ ᠪᠠᠶᠢᠷᠢ ᠶᠢᠨ ᠬᠤᠪᠢ ᠶᠢᠨ ᠵᠢᠩ ᠢ 80% ᠳᠤ ᠬᠦᠷᠭᠡᠪᠡ᠃ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ 81% ᠬᠦᠷᠴᠦ | ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃ 290 ᠪᠠᠭᠰᠢ ᠶᠢ ᠢᠯᠡ ᠪᠠᠷ ᠤᠷᠢᠨ ᠬᠡᠷᠡᠭᠯᠡᠵᠦ᠂ ᠣᠷᠣᠭᠤᠯᠤᠨ | ᠠᠪᠴᠢᠷᠠᠵᠤ᠂ ᠪᠠᠭᠰᠢ ᠶᠢᠨ ᠡᠩᠨᠡᠭᠡᠨ ᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠲᠣᠭᠤᠷᠢᠭ ᠤᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠪᠥᠬᠦ ᠤᠯᠤᠰ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠬᠡᠪ ᠳᠠᠭᠤᠷᠢᠶᠠᠯ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ | ᠪᠠᠶᠢᠭᠤᠯᠭ᠎ᠠ ᠪᠠᠷ ᠦᠨᠡᠯᠡᠭᠳᠡᠪᠡ᠃ ᠡᠮ ᠡᠮᠨᠡᠯᠭᠡ ᠶᠢᠨ ᠦᠢᠯᠡᠴᠢᠯᠡᠭᠡ ᠶᠢ ᠠᠷᠠᠳ ᠲᠤ ᠨᠡᠩ ᠲᠦᠬᠦᠮ ᠪᠤᠯᠭᠠᠪᠠ᠃ | 36 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ | ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ ᠬᠠᠶ᠋ᠢᠭ ᠵᠡᠷᠭᠡ ᠲᠥᠷᠥᠯ | ᠵᠦᠢᠯ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠵᠤ᠂ ᠬᠢᠲᠠᠳ ᠮᠣᠩᠭᠤᠯ ᠡᠮᠨᠡᠯᠭᠡ ᠶᠢᠨ | ᠬᠤᠷᠢᠶ᠎ᠠ ᠶᠢᠨ ᠡᠷᠡᠭᠦᠯᠵᠢᠯ ᠤᠨ ᠰᠠᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠰᠬᠠᠶ | ᠰᠠᠯᠠᠭ᠎ᠠ ᠳᠤ ᠠᠮᠵᠢᠯᠲᠠ ᠲᠠᠢ ᠪᠠᠷ ᠮᠡᠳᠡᠭᠦᠯᠪᠡ᠃ 197 ᠬᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ 30 | ᠲᠦᠮᠡᠨ ᠬᠥᠮᠦᠨ ᠳᠤ ᠭᠡᠷ᠎ᠡ ᠲᠣᠭᠲᠠᠨ ᠦᠢᠯᠡᠴᠢᠯᠡᠵᠦ᠂ ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠨ | ᠦᠢᠯᠡᠴᠢᠯᠡᠬᠦ ᠨᠣᠷᠮ᠎ᠠ 74.11%᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠡᠷᠭᠡ ᠣᠨᠴᠠᠭᠠᠶ | ᠬᠠᠮᠲᠤᠯᠢᠭ ᠤᠨ ᠭᠡᠷ᠎ᠡ ᠲᠣᠭᠲᠠᠨ ᠦᠢᠯᠡᠴᠢᠯᠡᠬᠦ ᠨᠣᠷᠮ᠎ᠠ 100% ᠳᠤ ᠬᠥᠷᠪᠡ᠃ 14 ᠰᠢᠶᠠᠩ ᠪᠠᠯᠭᠠᠰᠤ | ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠪᠠᠷ ᠦᠨᠡᠯᠡᠭᠳᠡᠵᠦ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢᠯᠡᠳᠲᠡ ᠦᠷ᠎ᠡ ᠪᠦᠲᠦᠮᠵᠢ ᠤᠯᠪᠠ᠃ | ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠪᠠ᠃ ᠳ᠋ᠠ ᠮᠢᠶᠣᠤ᠂ ᠸᠠᠩ ᠤᠨ ᠬᠤᠷᠤᠭ᠎ᠠ ᠪᠠ ᠭᠠᠩᠽᠢ ᠶᠢᠨ | ᠣᠷᠣᠨ ᠪᠦᠰᠡ ᠶᠢᠨ ᠴᠢᠨᠠᠷᠲᠠᠶ ᠨᠠᠰᠤᠲᠠᠨ ᠢ ᠠᠰᠠᠷᠠᠬᠤ ᠬᠦᠷᠢᠶᠡᠯᠡᠩ ᠢ ᠲᠡᠰ ᠳᠡᠪᠰᠢᠭᠦᠯᠦᠨ ᠥᠭᠡᠷᠡᠴᠢᠯᠡᠬᠦ ᠶᠢ | ᠪᠡᠶᠡᠯᠡᠭᠦᠯᠵᠦ᠂ ᠰᠢᠭᠢᠳᠬᠡᠯᠳᠦ ᠮᠠᠶ᠋ᠢᠭ ᠤᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠲᠤᠷᠰᠢᠯᠲᠠ ᠶᠢᠨ ᠪᠦᠳᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠤᠯᠠᠨ | ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ 158 ᠲᠠᠯᠠᠪᠤᠷ ᠤᠳᠠᠭ᠎ᠠ᠂ ᠠᠷᠠᠳ ᠲᠤ ᠠᠰᠢᠭ ᠬᠦᠷᠲᠡᠭᠡᠬᠦ | ᠲᠣᠭᠯᠠᠯᠲᠠ ᠶᠢ 78 ᠲᠠᠯᠠᠪᠤᠷ ᠤᠳᠠᠭ᠎ᠠ ᠥᠷᠨᠢᠭᠦᠯᠪᠡ᠃ ᠰᠦᠩᠱᠠᠨ ᠤ ᠠᠷᠪᠠᠳᠤᠭᠠᠷ ᠴᠡᠴᠡᠷᠯᠢᠭ᠂ ᠹᠦ᠋ ᠱᠠᠨ ᠵᠢᠶᠠ | ᠶᠤᠸᠠᠨ ᠨᠡᠶᠢᠭᠡᠮ ᠲᠣᠭᠤᠷᠢᠭ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠬᠠᠮᠲᠤ ᠶᠢᠨ ᠢᠷᠠᠭᠤ ᠠᠯᠳᠠᠷᠲᠠᠶ ᠢ ᠭᠥᠷᠳᠡᠪᠡ᠃ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ | ᠬᠡᠯᠲᠡᠰ ᠨᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠲᠠᠶᠢᠴᠢᠯᠠᠯᠳᠠ ᠶᠢᠨ ᠶᠠᠮᠤᠨ ᠳᠤ ᠵᠢᠩᠬᠢᠨᠢᠴᠢᠯᠡᠭᠰᠡᠨ ᠪᠦᠳᠦᠭᠡᠨ ᠪᠠᠶᠢᠭᠤᠯᠤᠯᠲᠠ ᠶᠢᠨ ᠲᠡᠷᠢᠭᠦᠨ ᠤ ᠪᠠᠶᠢᠭᠤᠯᠭ᠎ᠠ ᠪᠠᠷ | ᠦᠨᠡᠯᠡᠭᠳᠡᠪᠡ᠃ ᠪᠠᠶᠢᠭᠤᠯᠭ᠎ᠠ ᠶᠢᠨ ᠬᠡᠷᠡᠭ ᠶᠠᠪᠤᠳᠠᠯ᠂ ᠴᠠᠭ ᠠᠭᠤᠷ᠂ ᠭᠠᠳᠠᠭᠠᠳᠤ ᠶᠠᠪᠤᠳᠠᠯ᠂ ᠳᠠᠩᠰᠠ ᠡᠪᠬᠡᠮᠡᠯ ᠪᠠ | ᠣᠷᠣᠨ ᠨᠤᠲᠤᠭ ᠤᠨ ᠣᠶᠢᠯᠠᠯᠭ᠎ᠠ ᠵᠡᠷᠭᠡ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠵᠦ᠂ ᠡᠪ ᠬᠠᠮᠲᠤ | ᠵᠠᠯᠠᠭᠤᠴᠤᠳ ᠤᠨ ᠡᠪᠯᠡᠯ᠂ ᠨᠠᠰᠤᠲᠠᠶᠢᠴᠤᠳ᠂ ᠡᠮᠡᠭᠲᠡᠶᠢᠴᠦᠳ ᠬᠡᠦᠬᠡᠳ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠤᠯᠠᠭᠠᠨ ᠵᠠᠭᠠᠯᠮᠠᠶᠢᠳᠠᠨ᠂ ᠵᠡᠮᠳᠡᠭᠴᠦᠳ ᠵᠡᠷᠭᠡ ᠠᠵᠢᠯ ᠦᠢᠯᠡᠰ ᠰᠢᠨ᠎ᠡ ᠠᠮᠵᠢᠯᠲᠠ ᠪᠦᠲᠦᠮᠵᠢ ᠤᠯᠪᠠ᠃ | | ᠨᠢᠭᠡ ᠵᠢᠯ ᠤᠨ ᠲᠤᠷᠰᠢ᠂ ᠪᠢᠳᠡ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠥᠴᠦᠬᠡᠨ ᠴᠦ ᠰᠤᠯᠠᠷᠠᠭᠤᠯᠤᠯ | ᠦᠭᠡᠢ ᠬᠢᠭᠰᠡᠨ ᠢᠶᠠᠷ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠤᠯᠪᠠ᠃ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠲᠤ ᠴᠢᠩᠭ᠎ᠠ ᠪᠥᠭᠡᠳ ᠬᠦᠴᠦᠲᠡᠢ ᠬᠢᠪᠡ᠃ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠲᠡ᠂ | ᠲᠦᠷᠭᠡᠨ᠂ ᠣᠨᠣᠪᠴᠢᠲᠠᠶ ᠪᠠᠷ ᠨᠠᠶᠢᠳᠠᠪᠤᠷᠢᠵᠢᠭᠤᠯᠪᠠ᠃ 12 ᠡᠭᠡᠯᠵᠢ ᠶᠢᠨ ᠬᠢᠵᠢᠭ ᠤᠨ ᠪᠠᠶᠢᠳᠠᠯ ᠤᠨ ᠡᠮᠦᠨ᠎ᠡ᠂ 3 | ᠲᠦᠮᠡ ᠭᠠᠷᠤᠢ ᠨᠠᠮ ᠤᠨ ᠭᠡᠰᠢᠭᠦᠨ ᠺᠠᠳ᠋ᠷ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠡᠮᠦᠨ᠎ᠡ ᠨᠢ ᠭᠠᠪᠰᠢᠭᠠᠶᠢᠯᠠᠨ | ᠤᠷᠤᠪᠠ︔ ᠥᠷᠭᠡᠨ ᠤᠯᠠᠨ ᠡᠮ ᠡᠮᠨᠡᠯᠭᠡ ᠶᠢᠨ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ | ᠦᠨᠳᠦᠰᠦᠨ ᠱᠠᠲᠤᠨ ᠤ ᠺᠠᠳ᠋ᠷ᠂ ᠨᠡᠶᠢᠭᠡᠮ ᠲᠣᠭᠤᠷᠢᠭ ᠤᠨ ᠠᠵᠢᠯᠳᠠᠨ᠂ ᠰᠠᠶᠢᠨ ᠳᠤᠷ᠎ᠠ ᠶᠢᠨ ᠦᠢᠯᠡᠴᠢᠯᠡᠭᠴᠢ ᠨᠡᠷ | ᠡᠳᠦᠷ ᠰᠥᠨᠢ ᠦᠭᠡᠢ ᠪᠠᠲᠤ ᠰᠠᠬᠢᠵᠤ᠂ ᠬᠢᠵᠢᠭ ᠲᠠᠢ ᠲᠡᠮᠡᠴᠡᠪᠡ︔ ᠰᠦᠩᠱᠠᠨ ᠤ 70 ᠲᠦᠮᠡᠨ ᠬᠥᠪᠡᠭᠦᠳ | ᠥᠬᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠪᠠᠶᠢᠯᠳᠤᠪᠠ︔ ᠪᠦᠬᠦ | ᠲᠤᠭᠤᠷᠢᠭ ᠢᠶᠠᠷ ᠢᠶᠠᠨ ᠬᠠᠮᠲᠤ ᠪᠠᠷ ᠪᠤᠯᠤᠳ ᠲᠡᠮᠦᠷ ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠠᠷᠠᠳ | ᠤᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠰᠠᠬᠢᠨ ᠬᠠᠮᠠᠭᠠᠯᠠᠪᠠ᠃ ᠠᠮᠤᠷ ᠲᠦᠪᠰᠢᠨ ᠤ | ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠣᠯᠪᠠ᠃ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠪᠡᠰᠦᠪᠡᠨ ᠪᠠᠷᠢᠭᠰᠠᠨ ᠬᠡᠷ᠂ ᠠᠶᠤᠯᠲᠠᠶ ᠬᠢᠮᠢ ᠶᠢᠨ | ᠪᠣᠳᠠᠰ᠂ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢ ᠴᠢᠨᠠᠷ ᠰᠠᠶᠢᠲᠠᠶ ᠳᠠᠭᠤᠰᠬᠠᠵᠤ᠂ ᠡᠩ ᠤᠨ ᠪᠠᠶᠢᠳᠠᠯ ᠠᠴᠠ ᠳᠡᠭᠡᠭᠰᠢᠬᠢ ᠠᠶᠤᠯᠭᠦᠢ | ᠦᠢᠯᠡᠳᠪᠦᠷᠢᠯᠡᠯ ᠤᠨ ᠠᠳᠡᠯ ᠭᠠᠷᠤᠭᠰᠠᠨ ᠥᠬᠡᠶ᠃ ︽ᠳᠠᠷᠤᠭᠳᠠᠮᠠᠯ ᠬᠡᠷᠡᠭ ᠢ ᠠᠷᠢᠯᠭᠠᠬᠤ᠂ ᠬᠦᠨᠳᠦ | ᠰᠤᠷᠪᠤᠯᠵᠢᠯᠠᠭ᠎ᠠ ᠶᠢ ᠵᠠᠰᠠᠬᠤ᠂ ᠲᠣᠭᠲᠠᠭᠤᠨ ᠪᠠᠶᠢᠳᠠᠯ ᠢ ᠠᠬᠢᠭᠤᠯᠬᠤ︾ ᠲᠤᠰᠬᠠᠶ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ 271 ᠬᠤᠪᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠷᠠᠭᠠᠯᠠᠨ ᠪᠠᠶᠢᠴᠠᠭᠠᠨ ᠰᠢᠢᠳᠪᠦᠷᠢᠯᠡᠵᠦ᠂ | ᠰᠢᠢᠳᠪᠦᠷᠢᠯᠡᠭᠰᠡᠨ ᠨᠤᠷᠮ᠎ᠠ ᠨᠢ 88.3% ᠳᠤ ᠬᠦᠷᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ | ᠵᠢᠷᠤᠮᠵᠢᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ 1904 ᠵᠦᠢᠯ ᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠵᠦᠢᠯᠡᠰ ᠢ ᠪᠦᠬᠦᠨ ᠢ ᠨᠠᠷᠢᠨ ᠲᠠᠩᠰᠠᠨ ᠳᠤ ᠣᠷᠣᠭᠤᠯᠬᠤ ᠶᠢᠨ ᠬᠠᠮᠲᠤ ᠨᠡᠶᠢᠲᠡᠯᠡᠵᠦ᠂ | ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠤᠯᠤᠰ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠡᠷᠢᠭᠦᠨ ᠤ ᠨᠢᠭᠡᠴᠡ ᠪᠠᠷ ᠦᠨᠡᠯᠡᠭᠳᠡᠪᠡ᠃ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠡᠯ᠎ᠡ | ᠵᠦᠢᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠰᠠᠶᠢᠨ ᠰᠠᠶᠢᠬᠠᠨ ᠣᠷᠴᠢᠨ | ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠤᠯᠭᠠᠪᠠ᠃ 573 ᠲᠤᠤᠷᠵᠢᠯ ᠤᠨ ᠠᠵᠢᠯᠲᠠᠨ ᠪᠥᠬᠦ ᠲᠠᠯ᠎ᠠ ᠪᠠᠷ | ᠦᠢᠯᠡᠴᠢᠯᠡᠵᠦ᠂ ᠤᠶᠤᠨᠲᠤ ᠨᠡᠶᠢᠭᠡᠮ ᠲᠣᠭᠤᠷᠢᠭ ᠤᠨ ᠰᠢᠰᠲ᠋ᠧᠮ ᠪᠥᠬᠦ ᠶᠠᠪᠤᠴᠠ ᠪᠠᠷ ᠬᠤᠯᠪᠣᠭᠠᠯᠠᠨ ᠬᠥᠳᠡᠯᠦᠯᠴᠡᠵᠦ᠂ | ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠶᠢᠨ ᠪᠦᠷᠬᠦᠴᠡ ᠶᠢᠨ ᠨᠣᠷᠮ᠎ᠠ ᠶᠢ | 100% ᠳᠤ ᠬᠦᠷᠭᠡᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠪᠡ᠃ ᠲᠦᠭᠰᠢᠭᠦᠷᠢ ᠶᠢᠨ ᠰᠡᠷᠭᠡᠶᠢᠯᠡᠯᠲᠡ ᠶᠢ ᠬᠦᠴᠦᠲᠡᠶ ᠪᠥᠭᠡᠳ ᠪᠦᠲᠦᠮᠵᠢᠲᠡᠶ ᠪᠣᠯᠭᠠᠪᠠ᠃ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠪᠣᠭᠤᠮᠲᠠ ᠶᠢ ᠴᠢᠩᠭ᠎ᠠ ᠠᠳᠬᠤᠵᠤ᠂ | ᠦᠯᠡᠳᠡᠭᠡᠯ ᠥᠭᠴᠡᠭᠡ ᠶᠢ ᠢᠳᠡᠪᠬᠢᠲᠡᠶ ᠯᠠᠪᠳᠠᠭᠤᠨ ᠢᠶᠠᠷ ᠰᠢᠢᠳᠪᠦᠷᠢᠯᠡᠵᠦ ᠂ ᠥᠭᠴᠡᠭᠡ ᠶᠢᠨ ᠨᠡᠮᠡᠭᠳᠡᠯ ᠢ ᠴᠢᠩᠭ᠎ᠠ | ᠬᠢᠵᠠᠭᠠᠷᠯᠠᠵᠤ᠂ ᠥᠭᠴᠡᠭᠡ ᠶᠢᠨ ᠬᠦᠦ ᠮᠥᠩᠭᠦ ᠶᠢ ᠪᠠᠭᠤᠷᠠᠭᠤᠯᠬᠤ᠂ ᠰᠣᠯᠢᠵᠤ ᠲᠠᠬᠢᠨ ᠵᠣᠬᠢᠶᠠᠨ ᠪᠠᠶᠢᠭᠤᠯᠬᠤ᠂ | ᠵᠣᠭᠤᠰ ᠪᠤᠴᠠᠭᠠᠬᠤ ᠲᠥᠯᠥᠪᠯᠡᠭᠡ ᠶᠢ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠥᠭᠴᠡᠭᠡ ᠶᠢᠨ ᠬᠦᠦ | ᠮᠥᠩᠭᠦ ᠶᠢᠨ ᠵᠠᠷᠤᠯᠭ᠎ᠠ ᠶᠢ 2.2 ᠳ᠋ᠦᠩᠰᠢᠭᠤᠷ ᠲᠥᠭᠦᠷᠢᠭ ᠪᠠᠭᠠᠰᠬᠠᠪᠠ᠃ ᠭᠡᠷ ᠪᠠᠶᠢᠰᠢᠩ ᠭᠠᠵᠠᠷ ᠰᠢᠷᠣᠶ ᠶᠢᠨ | ᠬᠦᠷᠦᠩᠭᠡ ᠶᠢᠨ ᠠᠰᠠᠭᠤᠳᠠᠯ ᠤᠨ 21 ᠵᠦᠢᠯᠡᠰ ᠢ ᠲᠤᠬᠢᠲᠠᠢ ᠰᠢᠢᠳᠪᠦᠷᠢᠯᠡᠪᠡ᠃ ᠨᠡᠭᠡᠭᠡᠯᠲᠡ ᠶᠢᠨ ᠲᠣᠭᠤᠷᠢᠭ ᠨᠢ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠲᠠᠪᠤᠨ ᠶᠡᠭᠡ ᠡᠬᠢᠯᠡᠯᠲᠡ ᠶᠢ ᠥᠨᠳᠥᠷ ᠪᠦᠲᠦᠮᠵᠢᠲᠡᠶ ᠪᠠᠷ | ᠠᠬᠢᠭᠤᠯᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ 2807 ᠮᠥ ᠭᠠᠵᠠᠷ ᠰᠢᠷᠣᠶ ᠶᠢ ᠰᠢᠩᠭᠡᠭᠡᠵᠦ᠂ 50. | 13 ᠮᠥ ᠰᠤᠯᠠ ᠪᠠᠶᠢᠬᠤ ᠭᠠᠵᠠᠷ ᠰᠢᠷᠣᠶ ᠶᠢ ᠰᠢᠢᠳᠪᠦᠷᠢᠯᠡᠵᠦ ᠂ 971 ᠲᠦᠮᠡᠨ ᠲᠥᠭᠦᠷᠢᠭ ᠤᠨ ᠳᠠᠷᠤᠭᠳᠠᠮᠠᠯ | ᠪᠠᠯᠠ ᠮᠥᠩᠭᠦ ᠶᠢ ᠠᠮᠢᠯᠠᠭᠤᠯᠵᠤ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠭᠠᠷᠳᠠᠮ ᠢ | ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 100% ᠳᠤ ᠬᠥᠷᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠭᠦᠨᠵᠡᠭᠡᠶᠢᠷᠡᠭᠦᠯᠦᠨ ᠠᠬᠢᠭᠤᠯᠪᠠ᠃ ᠭᠤᠣᠯ ᠬᠤᠲᠠ ᠶᠢᠨ ᠲᠣᠭᠤᠷᠢᠭ ᠤᠨ ᠠᠭᠠᠷ ᠤᠨ ᠰᠢᠯᠢᠳᠡᠭ ᠬᠡᠮᠵᠢᠶ᠎ᠡ 97.3% | ᠪᠠᠶᠢᠵᠤ᠂ ᠤᠯᠤᠰ ᠤᠨ ᠪᠠ ᠮᠤᠵᠢ ᠶᠢᠨ ᠰᠢᠯᠭᠠᠯᠲᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠴᠢᠨᠰᠠᠭ᠎ᠠ ᠶᠢᠨ | ᠵᠢᠯ ᠤᠨ ᠳᠤᠮᠳᠠᠴᠢ ᠰᠢᠯᠢᠳᠡᠭ ᠨᠤᠷᠮ᠎ᠠ 100% ᠳᠤ ᠬᠦᠷᠴᠦ᠂ ᠬᠤᠳᠠ ᠶᠢᠨ ᠲᠥᠪᠯᠡᠷᠡᠩᠭᠦᠶ ᠮᠠᠶ᠋ᠢᠭ ᠤᠨ | ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ | ᠨᠤᠷᠮ᠎ᠠ ᠶᠢ 100% ᠳᠤ ᠬᠦᠷᠭᠡᠵᠦ᠂ ᠬᠥᠷᠥᠰᠥ ᠰᠢᠷᠣᠶ ᠶᠢᠨ ᠣᠷᠴᠢᠨ ᠠᠬᠤᠶ ᠶᠢ ᠶᠡᠷᠦᠩᠬᠡᠶ ᠳᠡᠭᠡᠨ ᠲᠣᠭᠲᠠᠭᠤᠨ | ᠪᠠᠶᠢᠯᠭᠠᠵᠤ᠂ 10 ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ | ᠲᠤᠷᠰᠢᠯᠲᠠ ᠶᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 1.5 | ᠲᠦᠮᠡᠨ ᠲᠣᠨ᠂ ᠬᠦᠬᠦᠷ ᠤᠨ ᠢᠰᠦᠮᠡᠭ ᠵᠡᠷᠭᠡ ᠬᠤᠣᠷᠲᠤ ᠬᠡᠢ ᠪᠡᠶᠡᠲᠦ ᠶᠢ 100 ᠲᠣᠨ ᠪᠠᠭᠠᠰᠬᠠᠵᠤ᠂ ᠲᠥᠪ ᠤᠨ | ᠬᠤᠶᠠᠳᠤᠭᠠᠷ ᠡᠭᠡᠯᠵᠢ ᠶᠢᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠲᠤᠰᠢᠶᠠᠨ | ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠢ ᠪᠦᠬᠦᠨ ᠢ | ᠰᠢᠢᠳᠪᠦᠷᠢᠯᠡᠨ ᠳᠠᠭᠤᠰᠬᠠᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠲᠤ ᠪᠠᠬᠢ ᠪᠣᠯᠭᠠᠪᠠ᠃ | | ᠨᠢᠭᠡ ᠵᠢᠯ ᠤᠨ ᠲᠤᠷᠰᠢ᠂ ᠪᠢᠳᠡ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠪᠠ᠃ | ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠬᠡᠷᠡᠭᠵᠢᠭᠦᠯᠵᠦ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠲᠤᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠭᠥᠯᠢᠶᠡᠨ ᠠᠪᠴᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 203 ᠬᠤᠪᠢ ᠬᠢᠨᠠᠮᠠᠭᠠᠢ ᠰᠢᠢᠳᠪᠦᠷᠢᠯᠡᠵᠦ᠂ ᠬᠠᠷᠢᠭᠤᠯᠲᠠ | ᠥᠭᠭᠦᠭᠰᠡᠨ ᠨᠣᠷᠮ᠎ᠠ 100% ᠳᠤ ᠬᠥᠷᠪᠡ᠃ ᠲᠤᠭᠤᠷᠢᠭ ᠤᠨ ᠳᠠᠷᠤᠭ᠎ᠠ ᠶᠢᠨ ᠰᠤᠷᠪᠤᠯᠵᠢᠯᠠᠭ᠎ᠠ ᠶᠢ ᠬᠦᠯᠢᠶᠡᠨ | ᠠᠪᠬᠤ᠂ ᠢᠯᠡ ᠳ᠋ᠢᠶᠠᠩᠬᠤᠸᠠ ᠵᠡᠷᠭᠡ ᠭᠤᠮᠣᠳᠠᠯ ᠲᠣᠭᠠᠴᠢᠬᠤ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ | ᠨᠡᠪᠲᠡᠷᠡᠭᠦᠯᠵᠦ᠂ ᠤᠯᠠᠨ ᠲᠦᠮᠡᠨ ᠤ 500 ᠭᠠᠷᠤᠶ ᠵᠠᠭᠠᠯᠳᠤᠯᠭ᠎ᠠ ᠶᠢ ᠰᠢᠢᠳᠪᠦᠷᠢᠡᠯᠪᠡ᠃ 12345 ᠤᠯᠠᠨ | ᠲᠦᠮᠡᠨ ᠤ ᠬᠠᠯᠠᠭᠤᠨ ᠤᠲᠠᠰᠤ ᠪᠠᠷ ᠬᠠᠷᠢᠭᠤ ᠲᠤᠰᠬᠠᠭᠰᠠᠨ ᠠᠰᠠᠭᠤᠳᠠᠯ ᠢ 1.67 ᠲᠦᠮᠡᠨ ᠬᠠᠭᠤᠳᠠᠰᠤ | ᠰᠢᠢᠳᠪᠦᠷᠢᠯᠡᠵᠦ᠂ ᠤᠯᠠᠨ ᠲᠦᠮᠡᠨ ᠤ ᠲᠤᠰᠬᠠᠭᠰᠠᠨ ᠬᠠᠯᠠᠭᠤᠨ ᠴᠡᠭ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ | ᠰᠢᠢᠳᠪᠦᠷᠢᠡᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠤᠷᠮ᠎ᠠ ᠶᠢ | 100% ᠳᠤ ᠬᠦᠷᠭᠡᠵᠦ᠂ ᠵᠠᠰᠠᠭ ᠤᠨ ᠶᠠᠪᠤᠳᠠᠯ᠂ ᠮᠡᠳᠡᠭᠡ ᠵᠠᠩᠭᠢ ᠶᠢ ᠬᠠᠤᠯᠢ ᠶᠤᠰᠤᠭᠠᠷ ᠢᠯᠡ ᠨᠡᠶᠢᠲᠡᠯᠡᠪᠡ᠃ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ | ᠪᠣᠯᠭᠠᠬᠤ ᠶᠢ ᠭᠦᠨᠵᠡᠭᠡᠢ ᠠᠬᠢᠭᠤᠯᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ | ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠠᠵᠢᠯ ᠤᠨ ᠲᠦᠷᠢᠮ᠂ ᠨᠠᠮ ᠤᠨ ᠤᠳᠤᠷᠢᠳᠬᠤ ᠳᠤᠭᠤᠶᠢᠯᠠᠩ ᠤᠨ | ᠬᠡᠷᠡᠭ ᠵᠥᠪᠯᠡᠬᠦ ᠲᠦᠷᠢᠮ᠂ ᠪᠠᠶᠢᠩᠭᠤ ᠶᠢᠨ ᠬᠤᠷᠠᠯ ᠤᠨ ᠲᠦᠷᠢᠮ ᠢ ᠤᠯᠠᠮ ᠴᠢᠨᠠᠭᠰᠢᠳᠠ ᠲᠡᠭᠦᠯᠳᠡᠷᠵᠢᠭᠦᠯᠪᠡ᠃ | ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠠᠬᠢ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠠ | ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ | ᠲᠤᠪᠤᠶᠢᠮ᠎ᠠ ᠠᠰᠠᠭᠤᠳᠠᠯ ᠢ ᠡᠷᠡᠰ ᠵᠠᠯᠠᠷᠠᠭᠤᠯᠪᠠ᠃ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ | ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ | ᠵᠠᠯᠠᠷᠠᠭᠤᠯᠵᠤ᠂ ᠪᠦᠬᠦ ᠲᠤᠭᠤᠷᠢᠭ ᠤᠨ ᠴᠢᠨᠠᠷᠲᠠᠶ ᠬᠤᠷᠠᠯ᠂ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ᠂ ︽ | ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠪᠠ᠃ ᠦᠵᠡᠯ | ᠤᠬᠠᠮᠰᠠᠷ ᠤᠨ ᠬᠡᠯᠪᠡᠷᠢ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ | ᠂ ᠠᠵᠢᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ | ᠲᠥᠯᠥᠭᠡᠯᠡᠭᠴᠢᠳ ᠡ᠂ ᠬᠦᠴᠢᠷ ᠪᠡᠷᠬᠡᠰᠢᠶᠡᠯ ᠲᠠᠢ ᠪᠠᠶᠢᠮᠠᠨᠵᠢᠨ ᠰᠠᠶ᠋ᠢ ᠡᠷᠡᠯᠬᠡᠭ ᠵᠣᠷᠢᠭ ᠢᠶᠠᠨ ᠢᠯᠡᠷᠡᠭᠦᠯᠵᠦ | ᠴᠢᠳᠠᠨ᠎ᠠ᠃ 2022 ᠣᠨ ᠪᠣᠯ ᠲᠦᠢᠯ ᠤᠨ ᠣᠨᠴᠠᠭᠠᠢ᠂ ᠲᠦᠢᠯ ᠤᠨ ᠥᠷᠢᠰᠥᠯᠳᠦᠭᠡᠨ ᠲᠠᠢ᠂ ᠲᠦᠢᠯ ᠤᠨ ᠬᠢᠯᠪᠡᠷ | ᠪᠤᠰᠤ ᠨᠢᠭᠡ ᠵᠢᠯ ᠪᠣᠯᠤᠨ᠎ᠠ᠃ ᠵᠢᠱᠢᠯᠲᠡ ᠠᠴᠠ ᠳᠠᠪᠠᠭᠰᠠᠨ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢᠨ | ᠡᠮᠦᠨ᠎ᠡ᠂ ᠪᠢᠳᠡ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠬᠦᠴᠢᠷ ᠢ ᠰᠦᠷᠦᠨ ᠤᠷᠤᠭᠰᠢᠯᠠᠵᠤ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠲᠤᠬᠢᠷᠠᠭᠤᠯᠭ᠎ᠠ ᠶᠢ ᠠᠳᠬᠤᠵᠤ᠂ ᠨᠡᠮᠡᠭᠳᠡᠯ ᠢ | ᠲᠣᠭᠲᠠᠪᠤᠷᠢᠵᠢᠭᠤᠯᠵᠤ᠂ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠪᠠᠲᠤᠯᠠᠪᠠ᠃ ᠤᠯᠠᠨ ᠳᠠᠪᠬᠤᠷᠳᠠᠵᠤ | ᠪᠠᠶᠢᠭ᠎ᠠ ᠠᠶᠤᠯ ᠲᠦᠭᠰᠢᠭᠦᠷᠢ ᠶᠢᠨ ᠬᠡᠮ ᠰᠣᠭᠤᠭ ᠤᠨ ᠡᠮᠦᠨ᠎ᠡ᠂ ᠪᠢᠳᠡ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠵᠦ᠂ | ᠢᠳᠡᠪᠬᠢᠲᠡᠢ ᠪᠠᠷ ᠠᠷᠢᠯᠭᠠᠵᠤ᠂ ᠡᠷᠡᠰ ᠭᠤᠶᠢᠪᠢᠰᠢ ᠦᠭᠡᠢ ᠪᠠᠷ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ | ᠲᠦᠪᠰᠢᠨ ᠢ ᠪᠠᠲᠤᠯᠠᠵᠤ᠂ ᠣᠷᠣᠨ ᠪᠦᠰᠡ ᠶᠢᠨ ᠴᠢᠨᠠᠷᠲᠠᠢ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ | ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠡᠮᠦᠨ᠎ᠡ᠂ ᠪᠢᠳᠡ ᠯᠠᠪᠳᠠᠭᠤᠨ ᠲᠣᠭᠲᠠᠭᠤᠨ ᠢᠶᠠᠷ ᠠᠷᠭᠠᠴᠠᠵᠤ᠂ ᠤᠨᠢᠨ ᠳᠡᠭᠡᠷ᠎ᠡ ᠨᠢ ᠰᠡᠷᠭᠡᠶᠢᠯᠡᠨ | ᠡᠵᠡᠮᠳᠡᠵᠦ᠂ ᠪᠦᠬᠦ ᠬᠦᠴᠦᠨ ᠢᠶᠠᠷ ᠢᠶᠠᠨ ᠭᠠᠳᠠᠭᠠᠳᠤ ᠠᠴᠠ ᠣᠷᠣᠭᠤᠯᠬᠤ᠂ ᠲᠠᠷᠬᠠᠬᠤ ᠶᠢ ᠰᠡᠷᠭᠡᠶᠢᠯᠡᠵᠦ᠂ | ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠨᠢᠭᠲᠠ ᠪᠥᠭᠡᠳ ᠪᠠᠲᠤ ᠰᠦᠯᠵᠢᠪᠡ᠃ ᠡᠶᠢᠮᠦᠷᠬᠦ ᠠᠮᠵᠢᠯᠲᠠ ᠶᠢ | ᠣᠯᠤᠭᠰᠠᠨ ᠨᠢ ᠦᠨᠡᠬᠡᠷ ᠬᠢᠯᠪᠡᠷ ᠪᠤᠰᠤ ᠶᠤᠮ᠂ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ | ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ | ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ ᠲᠤᠭᠤᠷᠢᠭ ᠤᠨ ᠤᠯᠤᠰ | ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠶᠢᠨ ᠦᠷ᠎ᠡ ᠳ᠋ᠦᠩ | ᠮᠥᠨ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ | ᠮᠥᠨ᠃ ᠡ᠊ᠨᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠲᠤᠭᠤᠷᠢᠭ ᠤᠨ | ᠡᠯ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ ᠳᠤ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ | ᠬᠥᠮᠦᠰ᠂ ᠠᠷᠠᠳ ᠤᠨ ᠪᠦᠯᠬᠦᠮ ᠳᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ | ᠠᠮᠠᠷᠠᠭᠰᠠᠨ ᠠᠬᠠᠮᠠᠳ ᠨᠥᠬᠦᠳ᠂ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ᠂ ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠠᠶᠢᠪᠤᠩ ᠪᠠᠶᠢᠵᠤ ᠴᠢᠳᠠᠨ᠎ᠠ᠂ | ᠵᠣᠪᠠᠭᠤᠷᠢ ᠵᠦᠳᠡᠭᠦᠷᠢ ᠶᠢ ᠮᠡᠳᠡᠪᠡᠯ ᠰᠠᠶ᠋ᠢ ᠬᠦᠴᠢᠷ ᠪᠡᠷᠬᠡᠰᠢᠶᠡᠯ ᠢ ᠢᠯᠠᠨ ᠳᠠᠪᠠᠵᠤ ᠴᠢᠳᠠᠨ᠎ᠠ︕ | ᠤᠷᠤᠭᠰᠢᠯᠠᠯᠲᠠ ᠶᠢᠨ ᠵᠠᠮ ᠳᠡᠭᠡᠷ᠎ᠡ᠂ ᠮᠠᠨ ᠤ ᠲᠤᠭᠤᠷᠢᠭ ᠤᠨ ᠬᠥᠭᠵᠢᠯᠲᠡ ᠳᠤ ᠪᠠᠰᠠ ᠵᠠᠷᠢᠮ ᠣᠮᠲᠣᠭᠠᠶᠢᠯᠠᠵᠤ | ᠪᠣᠯᠤᠰᠢ ᠦᠭᠡᠢ ᠵᠥᠷᠢᠴᠡᠯ ᠪᠠ ᠠᠰᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠪᠠ᠄ ᠠᠵᠤ | ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ | ᠦᠢᠯᠡᠳᠦᠯ ᠬᠠᠷᠠᠬᠠᠨ ᠢᠯᠡᠷᠡᠭᠡᠳᠦᠢ ᠪᠠᠶᠢᠭᠰᠠᠭᠠᠷ︔ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠬᠦᠷᠦᠯᠴᠡᠬᠦ ᠦᠭᠡᠢ᠂ ᠶᠡᠷᠦᠩᠬᠡᠶ ᠬᠡᠮᠵᠢᠶᠡᠨ ᠤ ᠳᠠᠪᠠᠭᠤᠯᠢᠭ ᠢ ᠠᠵᠤ ᠠᠬᠤᠶ ᠶᠢᠨ | ᠳᠠᠪᠠᠭᠤᠯᠢᠭ ᠪᠣᠯᠭᠠᠨ ᠬᠤᠪᠢᠷᠠᠭᠤᠯᠬᠤ ᠦᠢᠯᠡᠳᠦᠯ ᠨᠢ ᠢᠯᠡᠷᠬᠡᠶ ᠪᠢᠰᠢ︔ ᠠᠷᠠᠯᠵᠢᠶ᠎ᠠ ᠬᠤᠳᠠᠯᠳᠤᠭᠠᠨ ᠤ | ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠶᠢᠳᠠᠯ ᠲᠡᠶᠢᠮᠦ ᠡᠯᠪᠡᠭ ᠪᠢᠰᠢ ᠪᠠᠶᠢᠵᠤ᠂ ᠣᠯᠠᠨ ᠲᠦᠮᠡᠨ ᠤ | ᠬᠡᠷᠡᠭᠯᠡᠭᠡᠨ ᠤ ᠬᠦᠰᠡᠯ ᠢ ᠳᠠᠶᠢᠴᠢᠯᠠᠬᠤ᠂ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠦᠢᠯᠡᠳᠦᠯ ᠢ ᠮᠥᠨ ᠬᠦ | ᠴᠢᠩᠭᠠᠳᠬᠠᠬᠤ ᠴᠢᠬᠤᠯᠠᠲᠠᠶ ᠪᠠᠶᠢᠨ᠎ᠠ︔ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠭᠰᠠᠨ | ᠦᠭᠡᠢ᠂ ᠠᠵᠤ ᠦᠢᠯᠡᠰ ᠤᠨ ᠥᠷᠢᠰᠥᠯᠳᠦᠬᠦ ᠬᠦᠴᠦᠨ ᠢ ᠲᠦᠷᠭᠡᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠴᠢᠨᠠᠷ | ᠰᠠᠶᠢᠲᠠᠶ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠲᠡᠩᠴᠡᠭᠦᠷᠢ ᠥᠬᠡᠶ ᠪᠠᠶᠢᠵᠤ᠂ | ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠠᠴᠠ ᠪᠠᠰᠠ ᠵᠥᠷᠢᠶ᠎ᠡ ᠲᠠᠢ ᠪᠠᠶᠢᠨ᠎ᠠ︔ | ᠵᠠᠰᠠᠭ ᠤᠨ ᠣᠷᠳᠣᠨ ᠤ ᠥᠷᠢ ᠥᠭᠴᠡᠭᠡ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢᠨ ᠥᠷᠢᠰᠥᠯᠳᠦᠭᠡᠨ ᠢ | ᠣᠮᠲᠣᠭᠠᠶᠢᠯᠠᠵᠤ ᠪᠣᠯᠤᠰᠢ ᠦᠭᠡᠢ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠮᠥᠨ ᠬᠦ | ᠰᠢᠯᠢᠳᠡᠭᠵᠢᠭᠦᠯᠬᠦ ᠴᠢᠬᠤᠯᠠᠲᠠᠶ ᠪᠠᠶᠢᠵᠤ᠂ ᠺᠠᠳ᠋ᠷᠴᠤᠳ ᠤᠨ ᠣᠪᠣᠷ ᠰᠤᠷᠲᠠᠯ ᠴᠢᠳᠠᠪᠤᠷᠢ ᠶᠢᠨ ᠪᠠᠶᠢᠭᠤᠯᠤᠯᠲᠠ ᠶᠢ ᠪᠠᠰᠠ | ᠴᠢᠩᠭᠠᠳᠬᠠᠬᠤ ᠴᠢᠬᠤᠯᠠᠲᠠᠶ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠬᠠᠲᠠᠭᠤ ᠠᠷᠭ᠎ᠠ ᠪᠣᠳᠠᠲᠠᠢ ᠠᠷᠭ᠎ᠠ ᠬᠡᠮᠵᠢᠶ᠎ᠡ ᠠᠪᠴᠤ᠂ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ | ᠴᠢᠬᠤᠯᠠᠲᠠᠢ ᠪᠠᠶᠢᠨ᠎ᠠ᠃ | 2023 ᠣᠨ ᠤ ᠭᠤᠣᠯ ᠡᠭᠦᠷᠭᠡ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠨᠠᠮ ᠤᠨ ᠬᠤᠷᠢᠳᠤᠭᠠᠷ ᠶᠡᠭᠡ | ᠬᠤᠷᠠᠯ ᠠᠴᠠ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠠᠬᠢ ᠨᠠᠮ ᠪᠣᠯᠤᠨ ᠤᠯᠤᠰ ᠤᠨ ᠦᠢᠯᠡᠰ ᠤᠨ | ᠬᠥᠭᠵᠢᠯᠲᠡ ᠶᠢᠨ ᠠᠤᠭ᠎ᠠ ᠲᠥᠰᠦᠪ ᠢ ᠵᠢᠷᠤᠭᠯᠠᠵᠤ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ | ᠵᠢᠷᠤᠮᠯᠠᠯ ᠪᠣᠯᠤᠨ ᠠᠵᠢᠯᠯᠠᠭᠠᠨ ᠤ ᠵᠦᠭᠯᠡᠭᠦᠷ ᠬᠠᠩᠭᠠᠪᠠ᠃ ᠪᠢᠳᠡ ᠴᠢᠨᠠᠷ ᠰᠠᠶᠢᠲᠠᠢ ᠬᠥᠭᠵᠢᠯᠲᠡ ᠶᠢᠨ ᠡᠭᠦᠷᠭᠡ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠨᠢᠯᠲᠠ ᠶᠢᠨ ᠲᠠᠯ᠎ᠠ ᠪᠠᠷ ᠳᠡᠭᠡᠳᠦ ᠬᠡᠮᠵᠢᠶ᠎ᠡ ᠪᠠᠷ ᠨᠢᠭᠡᠳᠬᠡᠵᠦ᠂ | ᠠᠵᠢᠯ ᠤᠨ ᠲᠠᠯ᠎ᠠ ᠪᠠᠷ ᠳᠡᠭᠡᠳᠦ ᠬᠡᠮᠵᠢᠶ᠎ᠡ ᠪᠠᠷ ᠠᠬᠢᠭᠤᠯᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠥᠨᠳᠥᠷ | ᠪᠦᠲᠦᠮᠵᠢᠲᠡᠢ ᠪᠠᠷ ᠨᠠᠶᠢᠳᠠᠪᠤᠷᠢᠵᠢᠭᠤᠯᠵᠤ᠂ ᠬᠠᠷᠠᠯᠲᠠ ᠶᠢᠨ ᠰᠢᠰᠲ᠋ᠧᠮ᠂ ᠲᠤᠯᠭᠠᠭᠤᠷᠢᠯᠠᠬᠤ ᠰᠢᠰᠲ᠋ᠧᠮ᠂ | ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠵᠦ᠂ ᠠᠬᠢᠭᠤᠯᠬᠤ ᠲᠣᠭᠲᠠᠴᠠ᠂ ᠵᠣᠬᠢᠴᠠᠭᠤᠯᠬᠤ ᠲᠣᠭᠲᠠᠴᠠ᠂ | ᠨᠠᠶᠢᠳᠠᠪᠤᠷᠢᠵᠢᠭᠤᠯᠬᠤ ᠲᠣᠭᠲᠠᠴᠠ ᠶᠢ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠨᠠᠷᠢᠨ ᠨᠢᠮᠪᠠᠢ ᠬᠦᠴᠦ | ᠣᠷᠣᠭᠤᠯᠵᠤ᠂ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠠᠵᠢᠯ ᠦᠢᠯᠡᠰ ᠲᠤ | ᠰᠢᠨ᠎ᠡ ᠰᠢᠪᠲᠤᠯᠤᠯᠲᠠ ᠲᠠᠢ ᠪᠣᠯᠭᠠᠨ᠎ᠠ᠃ | ᠡᠨᠡ ᠵᠢᠯ ᠤᠨ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢ | ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ | ᠪᠦᠬᠦ ᠲᠠᠯ᠎ᠠ ᠪᠠᠷ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾ ᠪᠣᠯᠤᠨ ︽ᠲᠠᠪᠤᠨ ᠬᠥᠭᠵᠢᠯᠲᠡ ᠶᠢᠨ ᠪᠠᠶᠢᠷᠢ | ᠲᠣᠭᠲᠠᠭᠠᠯᠲᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠶᠢ | ᠬᠥᠭᠵᠢᠭᠦᠯᠦᠨ ᠮᠠᠨᠳᠤᠭᠤᠯᠬᠤ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ | ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ | ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ | ᠠᠳᠬᠤᠵᠤ᠂ ᠠᠵᠤ ᠦᠢᠯᠡᠰ ᠢ ᠬᠥᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠥᠭᠵᠢᠯᠲᠡ ᠶᠢ | ᠠᠬᠢᠭᠤᠯᠵᠤ᠂ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠲᠤᠭᠤᠷᠢᠭ ᠤᠨ | ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ︕ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 6.5% | ᠣᠷᠴᠢᠮ ᠢᠶᠠᠷ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6% ᠣᠷᠴᠢᠮ ᠢᠶᠠᠷ | ᠨᠡᠮᠡᠭᠳᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 7% ᠣᠷᠴᠢᠮ ᠢᠶᠠᠷ ᠨᠡᠮᠡᠭᠳᠡᠭᠦᠯᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 7% ᠣᠷᠴᠢᠮ ᠢᠶᠠᠷ | ᠨᠡᠮᠡᠭᠳᠡᠭᠦᠯᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7% ᠪᠠ 8% ᠣᠷᠴᠢᠮ ᠢᠶᠠᠷ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠲᠠᠢ ᠤᠶᠠᠯᠳᠤᠭᠤᠯᠤᠨ᠂ ᠲᠤᠯᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠲᠠᠯ᠎ᠠ ᠪᠠᠷ | ᠰᠢᠨ᠎ᠡ ᠳᠠᠪᠠᠭᠤᠯᠢᠭ ᠢ ᠪᠤᠢ ᠪᠣᠯᠭᠠᠨ᠎ᠠ | ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ | ᠡᠬᠢᠯᠡᠭᠦᠯᠦᠨ᠎ᠡ᠃ ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠢ ᠠᠬᠢᠭᠤᠯᠵᠤ | ᠂ 2023 ᠣᠨ ᠤ ᠰᠡᠭᠦᠯᠴᠢ ᠪᠣᠯᠬᠤ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ 50 ᠶᠢ ᠳᠠᠪᠠᠵᠤ᠂ ᠦᠢᠯᠡᠳᠬᠦᠨ ᠤ ᠦᠷᠳᠡᠭ ᠨᠢ 100 ᠳ᠋ᠦᠩᠰᠢᠭᠤᠷ ᠲᠥᠭᠦᠷᠢᠭ ᠢ ᠳᠠᠪᠠᠨ᠎ᠠ᠃ ᠠᠵᠤ | ᠦᠢᠯᠡᠳᠪᠦᠷᠢ ᠶᠢ ᠠᠵᠤ ᠠᠬᠤᠢ ᠶᠢᠨ ᠬᠥᠭᠵᠢᠯᠲᠡ ᠶᠢᠨ ᠭᠤᠣᠯ ᠪᠠᠶᠢᠷᠢᠨ ᠳᠤ ᠲᠠᠯᠪᠢᠵᠤ᠂ ᠠᠵᠤ ᠦᠢᠯᠡᠳᠪᠦᠷᠢ ᠶᠢᠨ | ᠠᠵᠤ ᠠᠬᠤᠢ ᠶᠢᠨ ︽ᠬᠥᠳᠡᠯᠭᠡᠭᠦᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ︽ᠬᠦᠴᠦᠷᠬᠡᠭ ᠬᠥᠳᠡᠯᠭᠡᠭᠦᠷ︾ ᠢ ᠴᠣᠭᠴᠠᠯᠠᠨ ᠪᠠᠶᠢᠭᠤᠯᠤᠨ᠎ᠠ᠃ ᠡᠬᠢ ᠪᠠᠶᠠᠯᠢᠭ ᠤᠨ | ᠲᠥᠷᠥᠯᠬᠢ ᠠᠪᠢᠶᠠᠰ᠂ ᠠᠵᠤ ᠦᠢᠯᠡᠰ ᠤᠨ ᠲᠠᠪᠴᠠᠩ᠂ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠴᠢᠳᠠᠪᠤᠷᠢᠲᠠᠨ ᠤ | ᠲᠤᠯᠭᠠᠭᠤᠷᠢᠯᠠᠯ ᠵᠡᠷᠭᠡ ᠬᠠᠷᠢᠴᠠᠭᠤᠯᠤᠭᠰᠠᠨ ᠳᠠᠪᠠᠭᠤᠯᠢᠭ ᠲᠤ ᠰᠠᠭᠤᠷᠢᠯᠠᠨ᠂ ᠬᠥᠭᠵᠢᠯᠲᠡ ᠶᠢᠨ ᠲᠠᠪᠴᠠᠩ ᠤᠨ | ᠲᠣᠭᠤᠷᠢᠨ ᠳᠤ᠂ ᠭᠤᠤᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ᠂ ᠠᠭᠤᠷᠬᠠᠶ ᠶᠢᠨ | ᠭᠠᠷᠤᠯᠲᠠ᠂ ᠥᠩᠭᠡ ᠦᠵᠡᠮᠵᠢ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ | ᠬᠤᠪᠢᠷᠠᠭᠤᠯᠬᠤ ᠶᠢ ᠲᠦᠷᠭᠡᠳᠬᠡᠨ᠎ᠡ᠃ ︽ᠴᠡᠴᠡᠷᠯᠢᠭ ᠲᠠᠬᠢ ᠴᠡᠴᠡᠷᠯᠢᠭ︾ ᠤᠨ ᠵᠠᠭᠪᠤᠷ ᠢ ᠦᠷᠭᠦᠯᠵᠢᠯᠡᠨ | ᠬᠥᠭᠵᠢᠭᠦᠯᠵᠦ᠂ ᠢᠵᠢ ᠪᠥᠷᠢᠳᠦᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠂ ᠳᠠᠭᠠᠭᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠲᠥᠪᠯᠡᠷᠡᠭᠰᠡᠨ ᠬᠥᠭᠵᠢᠯᠲᠡ ᠶᠢᠨ ᠦᠷ᠎ᠡ ᠪᠦᠲᠦᠮᠵᠢ ᠶᠢ ᠥᠷᠭᠡᠳᠬᠡᠨ᠎ᠡ᠃ ᠣᠯᠠᠨ ᠢᠶᠠᠷ ᠢᠶᠠᠨ | ᠰᠢᠨ᠎ᠡ ᠶᠢ ᠡᠭᠦᠳᠬᠦ ᠣᠷᠣᠨ ᠵᠠᠶ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ | ᠳᠡᠪᠰᠢᠭᠦᠯᠬᠦ᠂ ᠦᠢᠯᠡᠳᠪᠦᠷᠢᠯᠡᠬᠦ ᠴᠢᠳᠠᠪᠤᠷᠢ ᠪᠠᠨ ᠥᠷᠭᠡᠳᠬᠡᠬᠦ ᠶᠢ ᠵᠣᠷᠢᠭᠵᠢᠭᠤᠯᠤᠨ ᠳᠡᠮᠵᠢᠵᠦ᠂ ︽ᠤᠯᠤᠰ ᠤᠨ | ᠳᠡᠭᠡᠳᠦ ᠰᠢᠨ᠎ᠡ ᠮᠡᠷᠭᠡᠵᠢᠯ︾ ︽ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠠᠵᠤ ᠠᠬᠤᠶᠢᠯᠠᠯ︾ ᠤᠨ | ᠠᠵᠤ ᠠᠬᠤᠶᠢᠯᠠᠯ ᠢ 50 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ | ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ᠂ ᠴᠢᠳᠠᠪᠤᠷᠢ ᠶᠢ ᠥᠷᠭᠡᠳᠬᠡᠨ ᠦᠷ᠎ᠡ ᠠᠰᠢᠭ ᠢ | ᠨᠡᠮᠡᠭᠳᠡᠭᠦᠯᠬᠦ ᠲᠥᠷᠥᠯ ᠵᠦᠢᠯ ᠢ 10 ᠠᠴᠠ ᠳᠡᠭᠡᠭᠰᠢ ᠬᠡᠷᠡᠭᠵᠢᠭᠦᠯᠵᠦ᠂ ᠴᠠᠢ ᠬᠤ᠋ ᠯᠠᠨ ᠽᠢ ᠰᠢᠵᠢᠷ ᠠᠯᠲᠠ᠂ | ᠬᠤᠸᠠ ᠸᠧᠶ ᠡᠮᠴᠢᠯᠡᠭᠡᠨ ᠳᠤ ᠬᠡᠷᠡᠭᠯᠡᠬᠦ ᠵᠡᠷᠭᠡ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ | ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠬᠦᠴᠦᠨ ᠢᠶᠠᠨ ᠲᠥᠪᠯᠡᠷᠡᠭᠦᠯᠦᠨ ᠮᠡᠳᠡᠭᠡ | ᠵᠠᠩᠭᠢ ᠶᠢᠨ ᠠᠵᠤ ᠦᠢᠯᠡᠰ ᠢ ᠬᠥᠭᠵᠢᠭᠦᠯᠵᠦ᠂ ᠪᠡᠭᠡᠵᠢᠩ ᠥᠪᠥᠷ ᠮᠣᠩᠭᠤᠯ ︵ᠢᠵᠤᠸᠠᠩ · ᠤᠯᠠᠭᠠᠨᠬᠠᠳᠠ︶ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ · ᠵᠥᠩ | ᠭᠤᠸᠠᠨ ᠼᠦᠨ ᠤ ᠮᠡᠳᠡᠭᠡ ᠵᠠᠩᠭᠢ ᠶᠢᠨ ᠬᠥᠨᠳᠡᠶ ᠳᠤ ᠲᠦᠰᠢᠭᠯᠡᠨ᠂ 30 ᠠᠴᠠ ᠳᠡᠭᠡᠭᠰᠢ ᠲᠥᠷᠥᠯ ᠵᠦᠢᠯ ᠢ | ᠰᠢᠨ᠎ᠡ ᠪᠠᠷ ᠣᠷᠣᠭᠤᠯᠤᠨ᠎ᠠ᠃ ᠠᠰᠢᠭᠯᠠᠯᠲᠠ ᠳᠤ ᠣᠷᠣᠭᠤᠯᠤᠭᠰᠠᠨ ᠠᠵᠤ ᠠᠬᠤᠶᠢᠯᠠᠯ ᠤᠨ ᠦᠢᠯᠡᠴᠢᠯᠡᠭᠡᠨ ᠤ | ᠲᠣᠭᠲᠠᠴᠠ ᠶᠢ ᠪᠠᠶᠢᠭᠤᠯᠵᠤ᠂ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ | ᠵᠢᠵᠢᠭ ᠪᠢᠴᠢᠯ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠵᠦ᠂ | ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠬᠠᠭᠤᠳᠠᠰᠤ ᠡᠷᠢᠵᠦ | ᠥᠭᠬᠦ︾ ︽ᠪᠢ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠡᠷᠢᠵᠦ ᠥᠭᠬᠦ︾ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠬᠡᠯᠬᠢᠶᠡᠵᠢᠭᠰᠡᠨ ᠠᠵᠤ ᠠᠬᠤᠶᠢᠯᠠᠯ ᠯᠤᠭ᠎ᠠ ᠵᠠᠬ᠎ᠠ ᠳᠡᠯᠭᠡᠭᠦᠷᠴᠢᠯᠡᠨ ᠵᠣᠯᠭᠠᠭᠤᠯᠬᠤ ᠶᠢ | ᠢᠳᠡᠪᠬᠢᠲᠡᠶ ᠪᠠᠷ ᠠᠬᠢᠭᠤᠯᠵᠤ᠂ ᠵᠢᠱᠢᠭᠰᠡᠨ ᠠᠵᠤ ᠠᠬᠤᠶ ᠶᠢᠨ ᠭᠠᠷᠭᠠᠯᠲᠠ ᠶᠢ ᠪᠣᠶ ᠪᠣᠯᠭᠠᠬᠤ ᠶᠢ ᠦᠨᠡᠨᠬᠦ ᠪᠠᠲᠤᠯᠠᠨ᠎ᠠ | ᠃ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠡᠷᠴᠢᠮ ᠢ ᠴᠢᠩᠭᠠᠷᠠᠭᠤᠯᠵᠤ᠂ ᠰᠤᠷᠭᠠᠭᠤᠯᠢ ᠪᠠ | ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠪᠣᠶ ᠪᠣᠯᠭᠠᠵᠤ᠂ ᠴᠢᠳᠠᠪᠤᠷᠢᠲᠠᠨ ᠢ ᠬᠥᠮᠦᠵᠢᠭᠦᠯᠬᠦ ᠪᠠ ᠠᠵᠤ | ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠠᠵᠢᠯ | ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠲᠣᠭᠲᠠᠪᠤᠷᠢᠵᠢᠭᠤᠯᠤᠨ᠎ᠠ᠃ | ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠠᠵᠤ ᠦᠢᠯᠡᠰ ᠤᠨ ᠰᠦᠷᠦᠭᠵᠢᠯ ᠢ ᠪᠥᠬᠦ ᠲᠠᠯ᠎ᠠ ᠪᠠᠷ ᠪᠣᠶ | ᠪᠣᠯᠭᠠᠨ᠎ᠠ᠃ ᠠᠩᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠰᠢᠨ᠎ᠡ | ᠮᠠᠲ᠋ᠧᠷᠢᠶᠠᠯ᠂ ᠲᠣᠨᠣᠭᠯᠠᠯ ᠦᠢᠯᠡᠳᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ | ᠵᠡᠷᠭᠡ ᠬᠦᠷᠢᠶ᠎ᠡ ᠶᠢᠨ ᠲᠣᠭᠤᠷᠢᠨ ᠳᠤ᠂ ᠬᠦᠷᠢᠶᠡᠯᠡᠩ ᠲᠣᠭᠤᠷᠢᠭ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠦᠢᠯᠡᠳᠪᠦᠷᠢᠯᠡᠯ ᠤᠨ ᠡᠯᠧᠮᠧᠨ᠋ᠲ ᠤᠨ ᠲᠤᠬᠢᠷᠠᠭᠤᠯᠤᠯᠳᠠ ᠶᠢ ᠲᠡᠭᠦᠯᠳᠡᠷᠵᠢᠭᠦᠯᠵᠦ᠂ 10 | ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠪᠦᠳᠦᠭᠡᠨ | ᠪᠠᠶᠢᠭᠤᠯᠬᠤ ᠪᠠ ᠠᠮᠢᠳᠤᠯᠢᠭᠵᠢᠭᠤᠯᠵᠤ᠂ ᠤᠰᠤ ᠲᠠᠲᠠᠬᠤ ᠢᠨᠵᠧᠨᠧᠷᠢᠩ᠂ ᠥᠨᠳᠥᠷ ᠳᠠᠷᠤᠯᠲᠠᠲᠤ ᠰᠢᠲᠠᠮᠠᠬᠠᠢ | ᠬᠡᠢ ᠶᠢᠨ ᠬᠤᠭᠤᠯᠠᠢ᠂ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ᠂ ᠬᠦᠷᠢᠶᠡᠯᠡᠩ ᠪᠠᠶᠢᠭᠤᠯᠬᠤ ᠵᠠᠮ ᠵᠡᠷᠭᠡ | ᠰᠠᠭᠤᠷᠢ ᠲᠥᠬᠦᠭᠡᠷᠦᠮᠵᠢ ᠶᠢ ᠵᠢᠯ ᠤᠨ ᠳᠣᠲᠣᠷ᠎ᠠ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ | 100 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠵᠧᠩ ᠸᠧᠶ ᠪᠦᠯᠦᠭᠯᠡᠯ ᠤᠨ ᠵᠡᠰ ᠤᠨ | ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ᠂ 30 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠭᠰᠠᠨ ᠰᠢᠨ ᠸᠠᠩ ᠳ᠋ᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ | ᠬᠦᠷᠢᠶᠡᠯᠡᠩ ᠤᠨ ᠲᠥᠷᠥᠯ ᠵᠦᠢᠯ ᠢ ᠴᠥᠮ 4 ᠳ᠋ᠦ᠋ᠭᠡᠷ ᠰᠠᠷ᠎ᠠ ᠳᠤ ᠡᠬᠢᠯᠡᠨ ᠪᠠᠶᠢᠭᠤᠯᠵᠤ᠂ ᠵᠢᠯ ᠤᠨ | ᠡᠴᠦᠰ ᠲᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ︔ ᠤᠯᠤᠰ ᠤᠨ ᠡᠨᠧᠷᠭᠢ ᠶᠢᠨ | ᠬᠠᠮᠲᠤᠷᠠᠭᠰᠠᠨ ᠬᠥᠳᠡᠯᠭᠡᠬᠦ ᠬᠦᠴᠦᠨ ᠤ ᠬᠤᠳᠠ ᠠᠴᠠ ᠭᠠᠷᠴᠤ ᠬᠦᠷᠢᠶᠡᠯᠡᠩ ᠳᠤ ᠣᠷᠣᠬᠤ ᠪᠠᠷᠢᠯᠭ᠎ᠠ ᠶᠢ | ᠡᠬᠢᠯᠡᠭᠦᠯᠬᠦ ᠶᠢ ᠬᠦᠴᠦᠯᠡᠨ ᠠᠬᠢᠭᠤᠯᠤᠨ᠎ᠠ︔ ᠮᠠᠰᠢᠨ ᠲᠡᠷᠭᠡᠨ ᠤ ᠰᠡᠯᠪᠢᠭ ᠲᠣᠨᠤᠭ ᠤᠨ ᠠᠵᠤ ᠦᠢᠯᠡᠰ ᠤᠨ | ᠬᠦᠷᠢᠶᠡᠯᠡᠩ᠂ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠶᠢᠨ ᠬᠡᠪᠴᠢᠶ᠎ᠡ ᠶᠢ | ᠦᠷᠭᠦᠯᠵᠢᠯᠡᠨ ᠥᠷᠭᠡᠳᠬᠡᠵᠦ᠂ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠢ ᠬᠥᠭᠵᠢᠭᠡᠨ᠎ᠡ᠃ ᠰᠢᠨ᠎ᠡ | ᠡᠨᠧᠷᠭᠢ ᠶᠢᠨ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠰᠠᠯᠬᠢᠨ ᠬᠦᠴᠦᠨ ᠤ ᠴᠠᠬᠢᠯᠭᠠᠨ᠂ ᠬᠡᠷᠡᠯ | ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ | ᠪᠠᠶᠢᠷᠢᠯᠠᠭᠤᠯᠵᠤ᠂ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ | ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠶᠢᠨ ᠠᠭᠤᠳᠠᠮ ᠲᠠᠯᠠᠪᠠᠶ ᠶᠢᠨ 66 ᠺᠢᠯᠣᠸᠠᠲ ᠤᠨ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠵᠢᠯ ᠤᠨ ᠳᠣᠲᠣᠷ᠎ᠠ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠤᠨ᠂ ᠰᠢᠨ᠎ᠡ ᠡᠨᠧᠷᠭᠢ ᠶᠢᠨ ᠣᠯᠠᠨ ᠲᠠᠯᠠᠪᠤᠷ ᠤᠨ ᠬᠡᠷᠡᠭᠯᠡᠯᠲᠡ᠂ ᠪᠥᠬᠦ ᠠᠵᠤ | ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢ ᠠᠬᠢᠭᠤᠯᠤᠨ᠎ᠠ᠃ ᠵᠢᠯ ᠤᠨ ᠳᠣᠲᠣᠷ᠎ᠠ ᠠᠩᠴᠢᠨ ᠤ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠦᠷᠢᠶᠡᠯᠡᠩ ᠳᠤ ᠣᠷᠣᠬᠤ ᠠᠵᠤ ᠠᠬᠤᠶᠢᠯᠠᠯ 100 ᠶᠢ | ᠳᠠᠪᠠᠵᠤ᠂ ᠦᠢᠯᠡᠳᠬᠦᠨ ᠤ ᠦᠷᠳᠡᠭ ᠨᠢ 100 ᠳ᠋ᠦᠩᠰᠢᠭᠤᠷ ᠲᠥᠭᠦᠷᠢᠭ ᠢ ᠳᠠᠪᠠᠭ᠋ᠤ ᠶᠢ ᠪᠡᠶᠡᠯᠡᠭᠦᠯᠦᠨ᠎ᠡ᠃ ᠮᠡᠳᠡᠭᠡ | ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠨᠢ ᠵᠥᠭᠡᠯᠡᠨ ᠲᠣᠨᠤᠭ ᠢ ᠰᠤᠳᠤᠯᠤᠨ | ᠨᠡᠭᠡᠭᠡᠬᠦ᠂ ᠣᠶᠤᠨᠴᠢ ᠦᠢᠯᠡᠳᠬᠦ᠂ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ᠂ ᠲᠣᠭᠠᠴᠢᠯᠠᠭᠰᠠᠨ ᠪᠦᠲᠦᠭᠡᠯᠴᠢ | ᠰᠡᠳᠬᠢᠮᠵᠢ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠪᠦᠯᠦᠭᠵᠢᠨ ᠬᠥᠭᠵᠢᠬᠦ ᠶᠢ ᠠᠬᠢᠭᠤᠯᠤᠨ᠎ᠠ᠃ ᠬᠦᠷᠢᠶᠡᠯᠡᠩ | ᠲᠣᠭᠤᠷᠢᠭ ᠤᠨ ᠠᠵᠤ ᠦᠢᠯᠡᠰ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ 1.2 ᠳ᠋ᠦᠩᠰᠢᠭᠤᠷ | ᠲᠥᠭᠦᠷᠢᠭ ᠤᠨ ᠪᠡᠯᠡ ᠤᠷᠤᠭᠤᠯᠬᠤ ᠲᠢᠶᠠᠨ ᠢ ᠬᠥᠭᠦᠷᠭᠡ᠂ 6500 ᠲᠦᠮᠡᠨ ᠲᠥᠭᠦᠷᠢᠭ ᠤᠨ ᠪᠡᠯᠡ ᠤᠷᠤᠭᠤᠯᠬᠤ | ᠲᠢᠶᠠᠨ ᠢ ᠵᠠᠮ ᠢ ᠵᠢᠯ ᠤᠨ ᠳᠣᠲᠣᠷ᠎ᠠ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ 2.9 ᠳ᠋ᠦᠩᠰᠢᠭᠤᠷ | ᠲᠥᠭᠦᠷᠢᠭ ᠤᠨ ᠪᠡᠯᠡ ᠤᠷᠤᠭᠤᠯᠬᠤ ᠪᠠᠷᠢᠯᠭ᠎ᠠ ᠶᠢᠨ ᠲᠠᠯᠠᠪᠠᠶ ᠨᠢ 6.5 ᠲᠦᠮᠡᠨ ᠲᠡᠭᠰᠢ ᠳᠥᠷᠪᠡᠯᠵᠢᠨ ᠮᠧᠲᠷ ᠤᠨ | ᠦᠢᠯᠡᠳᠪᠦᠷᠢᠯᠡᠬᠦ ᠵᠢᠭᠠᠬᠤ ᠰᠤᠳᠤᠯᠬᠤ ᠲᠥᠪ ᠢ ᠠᠰᠢᠭᠯᠠᠯᠲᠠ ᠳᠤ ᠣᠷᠣᠭᠤᠯᠤᠨ᠎ᠠ᠃ ︽ᠰᠤᠷᠭᠠᠭᠤᠯᠢ ᠠᠵᠤ | ᠠᠬᠤᠶᠢᠯᠠᠯ ᠬᠦᠷᠢᠶᠡᠯᠡᠩ︾ ᠤᠨ ᠬᠠᠮᠲᠤᠷᠠᠯᠴᠠᠭᠠᠨ ᠤ ᠵᠠᠭᠪᠤᠷ ᠢ ᠦᠷᠭᠦᠯᠵᠢᠯᠡᠨ ᠠᠬᠢᠭᠤᠯᠵᠤ᠂ ᠮᠡᠳᠡᠭᠡ ᠵᠠᠩᠭᠢ ᠶᠢᠨ | ᠠᠵᠤ ᠦᠢᠯᠡᠰ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ | ᠲᠢᠶᠠᠨᠵᠢᠨ ᠤ ᠯᠦᠩ ᠶᠠᠨ ᠮᠠᠰᠢᠨ ᠬᠥᠮᠦᠨ᠂ ᠺᠠᠷᠤᠯ ᠮᠠᠰᠢᠨ ᠬᠥᠮᠦᠨ᠂ ᠰᠠᠨᠰᠠᠷ ᠤᠨ ᠠᠶᠠᠯᠠᠯ ᠤᠨ ᠬᠤᠩ ᠲᠦ᠋ | ᠵᠢᠯᠣᠭᠤᠴᠢ ᠥᠬᠡᠶ ᠨᠢᠰᠬᠡᠯ ᠤᠨ ᠶᠡᠷᠦᠩᠬᠡᠶ ᠤᠭᠰᠠᠷᠠᠯᠲᠠ ᠵᠡᠷᠭᠡ 18 ᠲᠥᠷᠥᠯ ᠵᠦᠢᠯ ᠤᠨ | ᠠᠰᠢᠭᠯᠠᠯᠲᠠ ᠳᠤ ᠣᠷᠣᠬᠤ ᠶᠢ ᠬᠦᠴᠦᠯᠡᠨ ᠠᠬᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠮᠥ | ᠪᠦᠷᠢ ᠶᠢᠨ ᠳᠤᠮᠳᠠᠴᠢ ᠦᠷ᠎ᠡ ᠠᠰᠢᠭ᠂ ᠭᠠᠶᠢᠯᠢ ᠲᠠᠲᠠᠪᠤᠷᠢ ᠵᠡᠷᠭᠡ ᠶᠢᠨ ᠭᠦᠢᠴᠡᠳᠬᠡᠯ ᠲᠤᠭ᠎ᠠ ᠶᠢᠨ ᠰᠢᠯᠭᠠᠨ | ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠪᠠᠷᠢᠮᠵᠢᠶᠠᠲᠦ ᠬᠡᠷ ᠪᠠᠶᠢᠰᠢᠩ ᠢ ᠰᠤᠯᠠᠯᠠᠨ | ᠪᠤᠴᠠᠭᠠᠬᠤ ᠲᠣᠭᠲᠠᠴᠠ ᠪᠠ ᠠᠵᠤ ᠠᠬᠤᠶᠢᠯᠠᠯ ᠤᠨ ᠲᠠᠲᠠᠵᠤ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠳᠠᠭᠠᠭᠠᠴᠠ ᠪᠠ ᠪᠣᠬᠢᠷᠲᠤᠯ ᠥᠬᠡᠶ ᠪᠣᠯᠭᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠦᠷᠢᠶᠡᠯᠡᠩ | ᠲᠣᠭᠤᠷᠢᠭ ᠤᠨ ᠰᠠᠶᠢᠨ ᠣᠷᠴᠢᠯ ᠢ ᠪᠡᠶᠡᠯᠡᠭᠦᠯᠦᠨ᠎ᠡ᠃ | ︵ᠬᠤᠶᠠᠷ︶ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠲᠠᠯ᠎ᠠ ᠪᠠᠷ ᠰᠢᠨ᠎ᠡ ᠠᠮᠢᠵᠢᠷᠠᠯ ᠤᠨ | ᠬᠦᠴᠦᠨ ᠢ ᠪᠠᠳᠠᠷᠠᠭᠤᠯᠤᠨ᠎ᠠ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠳᠬᠤᠨ᠎ᠠ᠃ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠶᠢ ᠭᠤᠣᠯ ᠠᠵᠢᠯ ᠪᠣᠯᠭᠠᠨ ᠠᠳᠬᠤᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ | ᠲᠣᠨᠤᠭ ᠲᠥᠬᠦᠭᠡᠷᠦᠮᠵᠢ ᠦᠢᠯᠡᠳᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ | ᠪᠣᠯᠪᠠᠰᠤᠷᠠᠭᠤᠯᠬᠤ᠂ ᠲᠣᠭᠠᠴᠢᠯᠠᠭᠰᠠᠨ ᠠᠵᠤ ᠠᠬᠤᠶ ᠵᠡᠷᠭᠡ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ᠂ ᠶᠡᠭᠡ ᠶᠢ ᠡᠯᠰᠡᠵᠦ ᠬᠦᠴᠦᠷᠬᠡᠭ ᠢ ᠲᠠᠲᠠᠬᠤ᠂ ᠪᠠᠭ᠎ᠠ ᠶᠢ ᠡᠯᠰᠡᠵᠦ ᠰᠢᠯᠢᠳᠡᠭ ᠢ ᠲᠠᠲᠠᠬᠤ ᠶᠢ | ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠭᠠᠳᠠᠭᠠᠳᠤ ᠠᠴᠠ ᠣᠷᠣᠭᠤᠯᠵᠤ ᠳᠣᠲᠣᠭᠠᠳᠤ ᠳᠠᠭᠠᠨ ᠲᠡᠳᠬᠦᠬᠦ ᠶᠢ | ᠵᠡᠷᠭᠡᠪᠡᠷ ᠶᠠᠪᠤᠭᠳᠠᠭᠤᠯᠬᠤ ᠶᠢ ᠪᠠᠷᠢᠮᠲᠠᠯᠠᠵᠤ᠂ ᠲᠦᠷᠦᠯ ᠵᠦᠢᠯ᠂ ᠪᠡᠯᠡ ᠮᠥᠩᠭᠦ᠂ ᠴᠢᠳᠠᠪᠤᠷᠢᠲᠠᠨ ᠢ ᠵᠡᠷᠭᠡᠪᠡᠷ | ᠠᠳᠬᠤᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠶᠢᠨ ᠵᠠᠩᠭᠢᠯᠠᠭ᠎ᠠ ᠶᠢᠨ | ᠭᠤᠭᠴᠤᠭ᠎ᠠ᠂ ᠭᠤᠣᠯᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠳᠡᠭᠡᠳᠦ ᠳᠤᠤᠷᠠᠳᠤ ᠤᠷᠤᠰᠬᠠᠯ ᠤᠨ | ᠢᠵᠢ ᠪᠦᠷᠢᠳᠦᠭᠰᠡᠨ ᠲᠦᠷᠦᠯ ᠵᠦᠢᠯ ᠢ ᠬᠥᠭᠵᠢᠭᠦᠯᠵᠦ᠂ ᠬᠠᠷᠠᠯᠲᠠ ᠶᠢᠨ ᠬᠢᠨᠠᠨ ᠰᠢᠯᠭᠠᠯᠲᠠ ᠶᠢ ᠴᠢᠩᠭᠠᠳᠬᠠᠵᠤ᠂ | ᠲᠦᠷᠦᠯ ᠵᠦᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠥᠷᠨᠢᠭᠦᠯᠵᠦ᠂ ᠶᠠᠷᠢᠯᠴᠠᠵᠤ ᠪᠠᠶᠢᠭ᠎ᠠ ᠵᠦᠩ | ᠨᠦᠩ ᠯᠢᠶᠠᠨ᠂ ᠱᠠᠩ ᠺᠦᠨ ᠪᠦᠯᠦᠭᠯᠡᠯ᠂ ᠤᠯᠤᠰ ᠤᠨ ᠲᠢᠲ᠋ᠠᠨ ᠪᠤᠯᠤᠳ ᠴᠠᠭᠠᠰᠤ᠂ ᠳᠤᠮᠳᠠᠳᠤ ᠤᠯᠤᠰ ᠤᠨ | ᠤᠰᠤᠲᠥ᠋ᠷᠥᠭᠴᠢ ᠡᠨᠧᠷᠭᠢ ᠵᠡᠷᠭᠡ ᠲᠤᠮᠤ ᠠᠵᠤ ᠠᠬᠤᠶᠢᠯᠠᠯ᠂ ᠲᠤᠮᠤ ᠲᠦᠷᠦᠯ ᠵᠦᠢᠯ ᠢ ᠴᠢᠩᠭ᠎ᠠ ᠠᠩᠬᠠᠷᠤᠨ᠎ᠠ᠃ | ᠪᠥᠬᠦ ᠵᠢᠯ ᠳᠤ ᠭᠡᠷ᠎ᠡ ᠲᠣᠭᠲᠠᠭᠰᠠᠨ ᠪᠠᠯᠠ ᠮᠥᠩᠭᠦ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ᠂ | ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 50 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠡᠯ᠎ᠡ | ᠲᠥᠷᠥᠯ ᠤᠨ ᠲᠥᠷᠥᠯ ᠵᠦᠢᠯ ᠢ 100 ᠠᠴᠠ ᠳᠡᠭᠡᠭᠰᠢ ᠣᠷᠣᠭᠤᠯᠬᠤ ᠶᠢ ᠦᠨᠡᠨᠬᠦ ᠪᠠᠲᠤᠯᠠᠨ᠎ᠠ᠃ | ᠥᠷᠯᠥᠭᠡ ᠦᠳᠡᠰᠢ ᠶᠢ ᠲᠡᠮᠡᠴᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠳᠬᠤᠨ᠎ᠠ᠃ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠭᠡᠬᠦ ᠡᠨᠡᠬᠦ ᠠᠵᠤ ᠠᠬᠤᠢ ᠶᠢᠨ ᠬᠥᠭᠵᠢᠯᠲᠡ ᠶᠢᠨ ᠵᠠᠩᠭᠢᠯᠠᠭ᠎ᠠ ᠶᠢ | ᠴᠢᠩᠭ᠎ᠠ ᠠᠳᠬᠤᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠬᠢᠨ ᠴᠢᠩᠭᠠᠷᠠᠭᠤᠯᠵᠤ᠂ ᠡᠷᠴᠢᠮ ᠤᠨ ᠲᠠᠯ᠎ᠠ ᠪᠠᠷ ᠲᠠᠬᠢᠨ | ᠴᠢᠩᠭᠠᠷᠠᠭᠤᠯᠵᠤ᠂ ᠠᠬᠢᠭᠤᠯᠬᠤ ᠲᠠᠯ᠎ᠠ ᠪᠠᠷ ᠲᠠᠬᠢᠨ ᠬᠦᠴᠦᠯᠡᠵᠦ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠰᠢᠨ᠎ᠡ ᠰᠢᠪᠲᠤᠯᠤᠯᠲᠠ ᠪᠠᠷ ᠠᠵᠤ ᠠᠬᠤᠢ ᠶᠢᠨ ᠬᠥᠭᠵᠢᠯᠲᠡ ᠶᠢᠨ ᠲᠠᠬᠢᠨ ᠲᠦᠷᠭᠡᠳᠬᠦ ᠶᠢ | ᠠᠬᠢᠭᠤᠯᠤᠨ᠎ᠠ᠃ ᠲᠥᠷᠥᠯ ᠵᠦᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠤᠨ | ᠭᠠᠵᠠᠷ ᠤᠨ ᠳᠡᠰ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ | ︽ᠨᠢᠭᠡ ᠲᠥᠪ ᠬᠤᠶᠠᠷ ᠲᠤᠰᠬᠠᠶ ᠠᠩᠭᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠳᠦᠷ ᠤᠨ | ᠲᠣᠬᠢᠷᠠᠭᠤᠯᠭ᠎ᠠ᠂ ᠭᠠᠷᠠᠭ ᠤᠨ ᠰᠢᠪᠠᠳᠠᠨ ᠪᠠᠶᠢᠴᠠᠭᠠᠯᠲᠠ᠂ ᠠᠷᠪᠠᠨ ᠡᠳᠦᠷ ᠤᠨ ᠵᠠᠷᠯᠠᠯ ᠢ ᠪᠠᠷᠢᠮᠲᠠᠯᠠᠨ᠂ | ᠭᠤᠤᠯᠳᠠᠯᠭ᠎ᠠ ᠲᠠᠢ ᠲᠥᠷᠥᠯ ᠵᠦᠢᠯ ᠢ ︽ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠬᠦ︾ ᠶᠢ | ᠬᠡᠷᠡᠭᠵᠢᠭᠦᠯᠵᠦ᠂ ᠾᠧᠩ ᠯᠢᠶᠠᠨ ᠱᠧᠩ ᠤᠶᠤᠨᠲᠤ ᠲᠠᠷᠢᠶᠠᠯᠠᠩ᠂ ᠴᠥᠩ ᠵᠧᠩ ᠰᠢᠨᠵᠢᠯᠡᠬᠦ ᠤᠬᠠᠭᠠᠨ ᠮᠡᠷᠭᠡᠵᠢᠯ | ᠵᠡᠷᠭᠡ ᠣᠶᠤᠨᠴᠢ ᠦᠢᠯᠡᠳᠬᠦ ᠲᠥᠷᠥᠯ ᠵᠦᠢᠯ᠂ ᠠᠩᠬᠠᠨ ᠤ ᠤᠷᠴᠢᠯᠠᠩ ᠤᠨ ᠲᠤᠷᠰᠢᠯᠲᠠ ᠶᠢᠨ ᠣᠷᠳᠣᠨ᠂ | ᠲᠢᠶᠠᠨ ᠹᠧᠩ ᠺᠢᠨᠣ᠋ ᠶᠢᠨ ᠦᠢᠯᠡᠰ ᠵᠡᠷᠭᠡ ᠲᠣᠭᠠᠴᠢᠯᠠᠭᠰᠠᠨ ᠪᠦᠲᠦᠭᠡᠯᠴᠢ ᠲᠥᠷᠥᠯ ᠵᠦᠢᠯ᠂ 39 | ᠬᠤᠲᠠ ᠶᠢᠨ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ | ᠡᠬᠢᠯᠡᠭᠦᠯᠦᠨ ᠠᠵᠢᠯ ᠢᠶᠠᠨ ᠰᠡᠷᠭᠦᠭᠡᠬᠦ ᠶᠢ ᠦᠨᠡᠨ ᠬᠦ ᠪᠠᠲᠤᠯᠠᠵᠤ᠂ ᠳ᠋ᠠ ᠰᠥᠩ ᠴᠠᠬᠢᠯᠭᠠᠨ ᠬᠡᠷᠡᠭᠰᠡᠯ᠂ ᠲᠢᠶᠠᠨ ᠴᠢᠨ | ᠭᠤᠤᠯ ᠬᠠᠪᠲᠠᠰᠤ᠂ ᠺᠠᠩ ᠰᠢᠶᠠᠨ ᠡᠯᠧᠺᠲᠷᠣᠨ ᠵᠡᠷᠭᠡ 4 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ | ᠵᠦᠢᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠬᠦᠴᠦᠯᠡᠨ | ᠠᠬᠢᠭᠤᠯᠤᠨ᠎ᠠ᠃ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ᠂ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ᠂ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠢ | ᠳᠡᠭᠡᠭᠰᠢᠯᠡᠭᠦᠯᠬᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ | ᠲᠣᠭᠤᠷᠢᠨ ᠳᠤ ᠨᠢᠭᠡ ᠪᠦᠯᠦᠭ ᠲᠦᠷᠦᠯ ᠵᠦᠢᠯ ᠢ ᠲᠥᠯᠥᠪᠵᠢᠭᠦᠯᠵᠦ᠂ ᠴᠢᠷᠮᠠᠶᠢᠨ ᠣᠯᠵᠤ᠂ ᠬᠡᠷᠡᠭᠵᠢᠭᠦᠯᠦᠨ᠎ᠡ᠃ | ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠪᠠ ᠪᠠᠯᠠ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠠᠵᠢᠯ ᠤᠨ | ᠲᠤᠰᠬᠠᠶ ᠠᠩᠭᠢ ᠶᠢ ᠲᠣᠳᠣᠷᠬᠠᠶᠢᠯᠠᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠳᠡᠭᠡᠳᠦ ᠱᠠᠲᠤᠨ ᠤ ᠪᠠᠯᠠ | ᠮᠥᠩᠭᠦ ᠶᠢ ᠲᠡᠮᠡᠴᠡᠨ ᠣᠯᠵᠤ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ᠂ ᠨᠡᠶᠢᠭᠡᠮ ᠤᠨ ᠬᠥᠷᠥᠩᠭᠡ᠂ | ᠮᠥᠩᠭᠦᠨ ᠭᠦᠢᠯᠭᠡᠭᠡᠨ ᠤ ᠬᠥᠷᠥᠩᠭᠡ ᠶᠢᠨ ︽ᠬᠠᠮ ᠠᠷᠭ᠎ᠠ︾ ᠶᠢ ᠵᠡᠷᠭᠡᠪᠡᠷ ᠰᠠᠶᠢᠲᠤᠷ ᠬᠢᠨ᠎ᠡ᠃ | ᠲᠥᠷᠥᠯ ᠵᠦᠢᠯ ᠢ ᠨᠢᠭᠡᠳᠦᠯᠲᠡᠶ ᠪᠣᠯᠭᠠᠬᠤ ᠶᠢ ᠴᠢᠩᠭᠠᠳᠬᠠᠵᠤ᠂ ᠲᠥᠷᠥᠯ ᠵᠦᠢᠯ ᠤᠨ ᠭᠡᠷ᠎ᠡ | ᠲᠣᠭᠲᠠᠬᠤ᠂ ᠭᠠᠷᠳᠠᠮ ᠢ ᠭᠦᠢᠴᠡᠳᠬᠡᠬᠦ᠂ ᠪᠥᠲᠥᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ᠂ ᠬᠥᠮᠥᠷᠭᠡ ᠳᠤ | ᠣᠷᠣᠭᠤᠯᠵᠤ ᠨᠢᠭᠡᠳᠦᠯᠲᠡᠶ ᠪᠣᠯᠭᠠᠬᠤ ᠶᠢᠨ ᠪᠥᠬᠦ ᠬᠡᠯᠬᠢᠶᠡᠨ ᠤ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠣᠷᠣᠭᠤᠯᠬᠤ ᠶᠣᠰᠣᠲᠠᠶ ᠶᠢ ᠨᠢ ᠪᠦᠬᠦᠨ ᠢ ᠣᠷᠣᠭᠤᠯᠬᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ | ᠪᠡᠶᠡᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠠᠵᠤ ᠠᠬᠤᠶᠢᠯᠠᠯ ᠤᠨ ᠬᠤᠯᠢᠮᠠᠭ ᠡᠵᠡᠩᠨᠡᠯᠲᠡ ᠶᠢᠨ ᠥᠭᠡᠷᠡᠴᠢᠯᠡᠯᠲᠡ ᠶᠢ ᠲᠤᠷᠰᠢᠯᠲᠠ ᠬᠢᠵᠦ ᠲᠦᠯᠬᠢᠨ ᠠᠬᠢᠭᠤᠯᠵᠤ᠂ | ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ᠂ ᠡᠳ᠋ ᠬᠦᠷᠦᠩᠭᠡ ᠶᠢ ᠠᠮᠢᠳᠤᠯᠢᠭ ᠠᠰᠢᠭᠯᠠᠬᠤ᠂ | ᠲᠥᠷᠥᠯ ᠵᠦᠢᠯ ᠢ ᠡᠵᠡᠩᠨᠡᠬᠦ ᠵᠡᠷᠭᠡ ᠬᠦᠷᠢᠶᠡᠨ ᠳᠤ ᠢᠳᠡᠪᠬᠢᠲᠡᠶ ᠣᠷᠣᠯᠴᠠᠵᠤ᠂ ᠣᠷᠣᠨ ᠨᠤᠲᠤᠭ ᠤᠨ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠡᠭᠡᠭᠡᠨ ᠬᠥᠭᠵᠢᠭᠦᠯᠵᠦ ᠡᠵᠡᠩᠨᠡᠬᠦ ᠳᠤ ᠣᠷᠣᠯᠴᠠᠬᠤ ᠶᠢ ᠲᠡᠮᠵᠢᠵᠤ | ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠳᠠᠮᠵᠢ ᠶᠢᠨ ᠴᠢᠨᠠᠷᠲᠠᠶ ᠲᠠᠪᠴᠠᠩ ᠠᠴᠠ ᠵᠠᠬ᠎ᠠ | ᠳᠡᠯᠭᠡᠭᠦᠷᠴᠢᠯᠡᠭᠰᠡᠨ ᠡᠵᠡᠩᠨᠡᠯᠲᠡ ᠶᠢᠨ ᠪᠣᠳᠠᠲᠤ ᠴᠣᠭᠴᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠪᠴᠢᠯᠡᠨ | ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠭᠡᠨᠡᠯᠲᠡ ᠶᠢᠨ ᠦᠷ᠎ᠡ ᠠᠰᠢᠭ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠭᠦᠨᠵᠡᠭᠡᠶ ᠰᠢᠯᠢᠳᠡᠭᠵᠢᠭᠦᠯᠦᠨ᠎ᠡ᠃ ᠤᠯᠠᠭᠠᠨᠬᠠᠳᠠ | ᠬᠤᠲᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ 100 ᠵᠦᠢᠯ ᠤᠨ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ | ᠬᠡᠷ · ᠳᠥᠷᠪᠡ ᠶᠢ ᠡᠷᠭᠢᠯᠡᠬᠦ︾ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠂ ᠠᠵᠤ ᠠᠬᠤᠶᠢᠯᠠᠯ ᠨᠡᠭᠡᠭᠡᠨ ᠡᠷᠭᠢᠯᠡᠬᠦ᠂ | ᠡᠵᠡᠩᠨᠡᠯᠲᠡ ᠶᠢᠨ ᠵᠥᠪᠰᠢᠶᠡᠷᠡᠯ ᠵᠡᠷᠭᠡ ᠵᠦᠢᠯᠡᠰ ᠢ ︽ᠨᠢᠭᠡ ᠯᠡ ᠤᠳᠠᠭ᠎ᠠ ᠳᠤ ᠭᠦᠢᠴᠡᠳᠬᠡᠬᠦ︾ ︽ᠠᠯᠠᠭᠠᠨ ᠳᠡᠭᠡᠷ᠎ᠡ | ᠭᠦᠢᠴᠡᠳᠬᠡᠬᠦ︾ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠪᠥᠬᠦ ᠬᠡᠯᠬᠢᠶ᠎ᠡ᠂ ᠪᠥᠬᠦ | ᠬᠦᠴᠦᠨ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠭᠤᠤᠯᠳᠠᠯᠭ᠎ᠠ ᠲᠠᠢ ᠲᠥᠷᠥᠯ ᠵᠦᠢᠯ ᠤᠨ ︽ᠰᠠᠭᠠᠳ ᠥᠬᠡᠶ ᠨᠡᠪᠲᠡᠷᠡᠬᠦ ᠵᠠᠮ︾ ︽ᠨᠡᠶᠢᠯᠡᠭᠦᠯᠦᠨ ᠬᠢᠨᠠᠨ | ᠵᠥᠪᠰᠢᠶᠡᠷᠡᠬᠦ︾ ᠵᠡᠷᠭᠡ ᠲᠦᠷᠢᠮ ᠢ ᠨᠠᠶᠢᠳᠠᠪᠤᠷᠢᠵᠢᠭᠤᠯᠤᠨ᠂ ︽ᠲᠥᠷᠥᠯ ᠵᠦᠢᠯ ᠤᠨ ᠬᠠᠮᠢᠶᠠᠷᠤᠭᠴᠢ︾ ᠶᠢ | ᠳᠣᠭᠢᠷᠠᠭᠤᠯᠵᠤ᠂ ᠬᠤᠳᠠᠯᠳᠤᠭᠠᠴᠢᠨ ᠤᠷᠢᠬᠤ ᠲᠥᠷᠥᠯ ᠵᠦᠢᠯ ᠢ ᠪᠥᠬᠦ ᠶᠠᠪᠤᠴᠠ ᠳᠤ ᠮᠥᠷᠳᠡᠨ | ᠦᠢᠯᠡᠴᠢᠯᠡᠵᠦ᠂ ᠭᠠᠵᠠᠷ ᠰᠢᠷᠣᠶ᠂ ᠪᠠᠯᠠ ᠮᠥᠩᠭᠦ᠂ ᠬᠢᠨᠠᠨ ᠵᠥᠪᠰᠢᠶᠡᠷᠡᠬᠦ ᠵᠡᠷᠭᠡ ᠬᠢᠵᠠᠭᠠᠷᠯᠠᠬᠤ ᠠᠰᠠᠭᠤᠳᠠᠯ ᠢ ᠪᠥᠬᠦ | ᠬᠦᠴᠦᠨ ᠢᠶᠠᠷ ᠢᠶᠠᠨ ᠰᠢᠢᠳᠪᠦᠷᠢᠯᠡᠨ᠎ᠡ᠃ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ︽ᠭᠤᠶᠤᠴᠢᠯᠠᠬᠤ | ᠥᠬᠡᠶ ᠪᠠᠷ ᠡᠳ᠋ᠯᠡᠬᠦ︾᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ︽ᠦᠨᠡᠮᠯᠡᠯ ᠥᠬᠡᠶ ᠪᠠᠷ | ᠭᠦᠢᠴᠡᠳᠬᠡᠬᠦ︾᠂ ᠠᠵᠤ ᠦᠢᠯᠡᠳᠪᠦᠷᠢ ᠶᠢᠨ ᠲᠥᠷᠥᠯ ᠵᠦᠢᠯ ᠤᠨ ︽ᠭᠠᠵᠠᠷ ᠠᠪᠤᠪᠠᠯ | ᠳᠠᠷᠤᠶ ᠠᠵᠢᠯ ᠡᠬᠢᠯᠡᠭᠦᠯᠬᠦ︾ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ | ᠬᠤᠳᠠᠯᠳᠤᠨ ᠠᠪᠬᠤ ᠪᠠ ᠤᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭ᠎ᠠ ᠶᠢ ᠵᠢᠷᠤᠮᠵᠢᠭᠤᠯᠵᠤ᠂ 12345 | ᠬᠠᠯᠠᠭᠤᠨ ᠤᠳᠠᠰᠤᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠦᠢᠯᠡᠳᠦᠯ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠰᠢᠨ᠎ᠡ | ᠬᠠᠭᠤᠳᠠᠰᠤ ᠶᠢ ᠵᠢᠷᠤᠭᠯᠠᠨ᠎ᠠ | ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠤᠨ᠎ᠠ᠃ ᠭᠤᠷᠪᠠ ᠶᠢ | ᠬᠤᠪᠢᠷᠠᠭᠤᠯᠬᠤ ᠥᠭᠡᠷᠡᠴᠢᠯᠡᠯᠲᠡ ᠪᠠ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ | ᠬᠠᠮᠲᠤᠷᠠᠯᠴᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ︽ᠭᠤᠷᠪᠠᠨ ᠴᠤᠭᠯᠠᠷᠠᠯ︾ ᠤᠨ ᠬᠥᠭᠵᠢᠯᠲᠡ ᠶᠢ | ᠪᠠᠷᠢᠮᠲᠠᠯᠠᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠨ᠎ᠡ᠃ 2 | ᠲᠦᠮᠡᠨ ᠮᠥ ᠪᠡᠯᠡᠳᠭᠡᠮᠵᠢᠳᠤ ᠲᠠᠷᠢᠶᠠᠯᠠᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 2.5 ᠲᠦᠮᠡᠨ ᠮᠥ ᠠᠵᠤ | ᠠᠬᠤᠶ ᠶᠢᠨ ᠣᠶ ᠶᠢ ᠰᠢᠨ᠎ᠡ ᠪᠠᠷ ᠬᠥᠭᠵᠢᠭᠦᠯᠦᠨ᠂ 2 ᠲᠦᠮᠡᠨ ᠠᠯᠠᠰᠢᠨ ᠦᠬᠡᠷ ᠤᠨ ᠲᠤᠭ᠎ᠠ ᠶᠢ ᠨᠡᠮᠡᠭᠳᠡᠭᠦᠯᠵᠦ᠂ | ᠭᠤᠤᠯᠯᠠᠬᠤ ᠠᠵᠤ ᠦᠢᠯᠡᠰ ᠤᠨ ᠣᠳᠣᠬᠢᠴᠢᠯᠠᠭᠰᠠᠨ᠂ ᠣᠶᠤᠨᠵᠢᠭᠰᠠᠨ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ | ᠨᠠᠷᠠᠲᠤ ᠲᠡᠮᠳᠡᠭᠵᠢᠭᠰᠡᠨ ᠳᠠᠰᠢ ᠬᠥᠭᠵᠢᠬᠦ ᠶᠢ ᠠᠬᠢᠭᠤᠯᠤᠨ᠎ᠠ᠃ ᠵᠢᠶᠠ ᠢᠦᠢ ᠦᠷ᠎ᠡ ᠶᠢᠨ ᠭᠠᠭ᠋ᠠᠶ ᠶᠢᠨ ᠡᠭᠦᠯᠳᠡᠷ | ᠪᠤᠶᠢᠵᠢᠭᠤᠯᠬᠤ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠵᠢᠯ ᠤᠨ ᠳᠣᠲᠣᠷ᠎ᠠ ᠠᠵᠢᠯ | ᠡᠬᠢᠯᠡᠭᠦᠯᠬᠦ ᠪᠠᠷ ᠴᠢᠷᠮᠠᠶᠢᠵᠤ᠂ ᠰᠦ ᠶᠢᠨ ᠦᠢᠯᠡᠰ ᠤᠨ ᠰᠠᠭᠤᠷᠢᠨ ᠭᠠᠵᠠᠷ᠂ ᠬᠤᠷᠣᠬᠠᠶ ᠡᠪᠡᠰᠦᠨ ᠤ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠬᠥᠲᠥᠴᠢ ᠦᠷ᠎ᠡ ᠶᠢᠨ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠰᠢᠯᠢᠳᠡᠭ ᠡᠷᠳᠡᠨᠢ ᠰᠢᠰᠢ ᠶᠢᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ 10 ᠲᠦᠮᠡᠨ ᠮᠥ ᠪᠣᠶ | ᠪᠣᠯᠭᠠᠵᠤ᠂ ᠤᠯᠤᠰ ᠤᠨ ᠲᠠᠰ ᠤᠨ ᠡᠷᠯᠢᠰᠡᠵᠢᠭᠦᠯᠦᠭᠰᠡᠨ ᠡᠷᠳᠡᠨᠢ ᠰᠢᠰᠢ ᠶᠢᠨ ᠦᠷ᠎ᠡ ᠦᠢᠯᠡᠳᠪᠦᠷᠢᠯᠡᠬᠦ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠤᠨᠴᠠᠯᠢᠭᠳᠤ | ᠠᠵᠤ ᠠᠬᠤᠶ ᠶᠢᠨ ᠲᠠᠷᠢᠮᠠᠯ ᠤᠨ ᠲᠠᠯᠠᠪᠠᠶ ᠶᠢ ᠥᠷᠭᠡᠳᠬᠡᠵᠦ᠂ 10 ᠲᠦᠮᠡᠨ ᠮᠥ ᠨᠦᠢᠯ ᠪᠣᠭᠤᠳᠠᠶ ᠶᠢᠨ ᠲᠠᠷᠢᠮᠠᠯ ᠢ | ᠰᠢᠨ᠎ᠡ ᠪᠠᠷ ᠬᠥᠭᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠡᠷᠴᠢᠮ ᠢ ᠴᠢᠩᠭᠠᠷᠠᠭᠤᠯᠵᠤ᠂ ᠡᠨᠡ ᠵᠢᠯ ᠤᠨ ᠳᠣᠲᠣᠷ᠎ᠠ ᠢᠩᠭᠡ ᠶᠢᠨ ᠭᠤᠤᠯ ᠤᠨ ᠰᠠᠪᠠ ᠭᠠᠵᠠᠷ ᠤᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠥᠭᠡᠷᠡᠴᠢᠯᠡᠯᠲᠡ ᠶᠢ ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠴᠢᠨᠠᠷ ᠰᠠᠶᠢᠲᠠᠶ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠲᠥᠪᠯᠡᠷᠡᠭᠦᠯᠵᠦ | ᠲᠠᠷᠬᠠᠭᠠᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠲᠤᠬᠠᠶ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠦᠨ᠂ ︽ | ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢᠨ ᠭᠡᠷᠡᠴᠢᠯᠡᠯ 10 ᠶᠢ ᠰᠢᠨ᠎ᠡ ᠪᠠᠷ ᠨᠡᠮᠡᠭᠳᠡᠭᠦᠯᠵᠦ᠂ ᠨᠠᠩ ᠣᠯᠠᠨ | ᠪᠦᠲᠦᠭᠡᠭᠳᠡᠬᠦᠨ ᠢ ︽ᡂᠢ ᠴᠧᠩ ᠹᠧᠩ ᠸᠧᠢ︾ ᠶᠢᠨ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠳᠤ | ᠣᠷᠣᠭᠤᠯᠬᠤ ᠪᠠᠷ ᠴᠢᠷᠮᠠᠶᠢᠨ᠎ᠠ᠃ ᠪᠡᠭᠡᠵᠢᠩ ᠲᠢᠶᠠᠨᠵᠢᠨ ᠾᠧᠪᠸᠢ᠂ ᠭᠤᠸᠠᠩᠳᠦ᠋ᠩ ᠰᠢᠶᠠᠩᠭᠠᠩ ᠣᠣᠮᠧᠨ ᠣᠷᠣᠨ ᠤ | ︽ᠢᠳᠡᠰᠢᠨ ᠨᠣᠭᠤᠭ᠎ᠠ︾ ᠶᠢᠨ ᠢᠨᠵᠧᠨᠧᠷᠢᠩ ᠲᠠᠢ ᠵᠣᠯᠭᠠᠭᠤᠯᠵᠤ᠂ 30 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠪᠣᠬᠢᠷᠲᠤᠯ ᠥᠬᠡᠶ ᠢᠳᠡᠭᠡᠨ ᠤ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠵᠤ᠂ ᠢᠩᠭᠡ ᠶᠢᠨ | ᠭᠤᠤᠯ ᠤᠨ ᠳᠡᠭᠡᠳᠦ ᠤᠷᠤᠰᠬᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠬᠢᠷᠲᠤᠯ ᠥᠬᠡᠶ | ᠬᠡᠯᠪᠡᠷᠢ ᠶᠢ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠤ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ | ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠎ᠡ | ᠃ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠶᠢᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠪᠠ ᠲᠠᠷᠢᠶᠠᠯᠠᠩ ᠲᠠᠢ ᠬᠤᠯᠪᠣᠭᠠᠯᠠᠨ ᠲᠠᠷᠢᠶᠠᠯᠠᠩ ᠢ | ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠭᠤᠤᠯᠯᠠᠬᠤ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ | ᠂ 10 ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠳᠡᠭᠡᠭᠰᠢᠯᠡᠯᠲᠡ ᠶᠢ ᠬᠡᠷᠡᠭᠵᠢᠭᠦᠯᠦᠨ᠂ ᠠᠵᠤ | ᠦᠢᠯᠡᠰ ᠤᠨ ᠳᠠᠶᠢᠴᠢᠯᠠᠯᠲᠠ ᠪᠠ ᠠᠵᠢᠯ ᠣᠯᠭᠤᠯᠲᠠ ᠶᠢᠨ ᠲᠤᠯᠭᠠᠭᠤᠷᠢᠯᠠᠯ ᠢ ᠲᠠᠰᠤᠷᠠᠯᠲᠠ ᠥᠬᠡᠶ ᠪᠠᠲᠤᠳᠬᠠᠨ᠎ᠠ᠃ | ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠷᠢᠭᠤᠴᠠᠯᠭ᠎ᠠ ᠵᠢᠴᠢ ᠠᠰᠢᠭ ᠣᠷᠣᠯᠭ᠎ᠠ ᠶᠢᠨ ᠮᠥᠩᠭᠦ ᠶᠢᠨ | ᠬᠡᠷᠡᠭᠯᠡᠯᠲᠡ ᠶᠢᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠪᠠᠯᠠ ᠮᠥᠩᠭᠦ ᠶᠢᠨ | ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠱᠢᠶ᠎ᠡ ᠦᠵᠡᠭᠦᠯᠬᠦ ᠲᠣᠰᠬᠤᠨ 9 ᠶᠢ ᠲᠡᠰ ᠳᠡᠪᠰᠢᠭᠦᠯᠵᠦ᠂ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾ | ᠶᠢᠨ ᠲᠤᠷᠰᠢᠯᠲᠠ ᠶᠢᠨ ᠲᠣᠰᠬᠤᠨ 15 ᠶᠢ ᠪᠦᠬᠦ ᠲᠠᠯ᠎ᠠ ᠪᠠᠷ ᠡᠬᠢᠯᠡᠭᠦᠯᠵᠦ᠂ ︽ᠭᠤᠷᠪᠠ ᠶᠢ ᠨᠢᠭᠡ | ᠴᠤᠬᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠲᠤᠷᠰᠢᠯᠲᠠ ᠶᠢᠨ ᠲᠣᠰᠬᠤᠨ 44 ᠶᠢ ᠭᠦᠨᠵᠡᠭᠡᠢ | ᠠᠬᠢᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ | ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠪᠡᠯᠡᠳᠭᠡᠮᠵᠢᠳᠤ ᠬᠦᠷᠢᠶᠡᠯᠡᠩ | ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠣᠷ ᠢ 3.5 ᠺᠢᠯᠣᠮᠧᠲᠷ ᠥᠭᠡᠷᠡᠴᠢᠯᠡᠵᠦ᠂ | ᠠᠶᠢᠯ ᠲᠣᠰᠬᠤᠨ ᠢ ᠨᠣᠭᠤᠭᠠᠷᠠᠭᠤᠯᠤᠨ ᠭᠤᠶᠤᠵᠢᠭᠤᠯᠬᠤ ᠢᠨᠵᠧᠨᠧᠷᠢᠩ ᠢ 40 ᠬᠡᠷᠡᠭᠵᠢᠭᠦᠯᠵᠦ᠂ ᠯᠤᠤᠬ᠎ᠠ ᠶᠢᠨ | ᠭᠤᠣᠯ᠂ ᠢᠩᠭᠡ ᠶᠢᠨ ᠭᠤᠣᠯ ᠵᠡᠷᠭᠡ ᠭᠤᠣᠯ ᠤᠨ ᠵᠠᠮ ᠤᠨ ᠬᠤᠷᠠᠭᠰᠠᠨ ᠢ ᠠᠷᠢᠯᠭᠠᠨ ᠯᠠᠶᠢᠳᠠᠬᠤ ᠠᠵᠢᠯ ᠢ 26.6 | ᠺᠢᠯᠣᠮᠧᠲᠷ ᠥᠷᠨᠢᠭᠦᠯᠵᠦ᠂ ᠬᠥᠳᠡᠭᠡ ᠲᠣᠰᠬᠤᠨ ᠤ ︽ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ | ᠴᠤᠭᠴᠠᠵᠢᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠠᠳᠠᠯ ᠠᠬᠤᠶ ᠶᠢᠨ ᠬᠠᠮᠢᠶᠠᠷᠤᠨ ᠬᠠᠮᠠᠭᠠᠯᠠᠬᠤ ᠵᠠᠭᠪᠤᠷ ᠢ | ᠲᠡᠭᠦᠯᠳᠡᠷᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ | ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠠᠵᠢᠯᠴᠢ ᠠᠷᠪᠢᠴᠢ ᠪᠠᠷ | ᠠᠷᠪᠢᠯᠠᠨ ᠭᠠᠮᠨᠠᠬᠤ᠂ ᠪᠣᠬᠢᠷᠲᠤᠯ ᠥᠬᠡᠶ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ | ᠰᠠᠨᠠᠭᠠᠴᠢᠯᠠᠵᠤ᠂ ᠬᠥᠳᠡᠭᠡ ᠲᠣᠰᠬᠤᠨ ᠤ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | ᠪᠣᠬᠢᠷᠲᠤᠯ ᠦᠭᠡᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ ᠵᠤᠵᠠᠭᠠᠳᠬᠠᠨ᠎ᠠ᠃ ᠰᠢᠶᠠᠩ | ᠪᠠᠯᠭᠠᠰᠤᠨ ᠤ ᠪᠣᠷᠣᠭᠠᠨ ᠤ ᠤᠰᠤ ᠶᠢ ᠬᠤᠷᠠᠭᠤᠯᠬᠤ 2 ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ ᠰᠢᠶᠠᠩ | ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠡᠵᠡᠩᠨᠡᠯᠲᠡ ᠶᠢᠨ ᠲᠣᠭᠲᠠᠴᠠ ᠶᠢ | ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠣᠷᠣᠨ ᠪᠦᠰᠡ ᠶᠢᠨ ᠤᠰᠤᠨ ᠤ ᠴᠢᠨᠠᠷ ᠢ ᠲᠣᠭᠲᠠᠭᠤᠨ ᠪᠠᠷᠢᠮᠵᠢᠶ᠎ᠡ ᠳᠤ | ᠬᠦᠷᠬᠦ ᠶᠢ ᠪᠠᠲᠤᠯᠠᠨ᠎ᠠ᠃ ᠠᠵᠤ ᠦᠢᠯᠡᠳᠪᠦᠷᠢ ᠶᠢᠨ ᠬᠠᠶᠠᠭᠳᠠᠮᠠᠯ ᠬᠡᠶ᠂ ᠨᠡᠭᠦᠷᠡᠰᠦᠨ | ᠣᠲᠤᠭ᠎ᠠ ᠶᠢ ᠵᠠᠰᠠᠬᠤ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ ᠳᠡᠭᠳᠡᠬᠦ᠂ ᠡᠰᠢ ᠰᠦᠷᠡᠯ ᠤᠨ ᠬᠤᠭ | ᠨᠣᠪᠰᠢ ᠶᠢ ᠰᠢᠲᠠᠭᠠᠬᠤ ᠵᠡᠷᠭᠡ ᠪᠣᠬᠢᠷᠲᠤᠯ ᠤᠨ ᠡᠬᠢ ᠶᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠭᠠᠷ ᠤᠨ | ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ ᠦᠷᠭᠦᠯᠵᠢᠯᠡᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ | ᠪᠠᠲᠤᠯᠠᠨ᠎ᠠ᠃ 56 ᠭᠠᠵᠠᠷ ᠤᠨ ᠡᠵᠡᠨ ᠥᠬᠡᠶ ᠠᠭᠤᠷᠬᠠᠶ ᠶᠢ ᠵᠠᠰᠠᠬᠤ ᠠᠵᠢᠯ ᠢ ᠥᠷᠨᠢᠭᠦᠯᠵᠦ᠂ 15.77 ᠲᠦᠮᠡᠨ | ᠮᠥ ᠣᠶ ᠮᠣᠳᠣ ᠳᠠᠷᠢᠵᠤ ᠣᠶᠢᠵᠢᠭᠤᠯᠬᠤ ᠪᠠ ᠣᠶ ᠰᠢᠭᠤᠶ ᠶᠢ ᠠᠷᠠᠴᠢᠯᠠᠨ ᠪᠤᠶᠢᠵᠢᠭᠤᠯᠵᠤ᠂ ᠣᠶ ᠰᠢᠭᠤᠶ ᠶᠢᠨ | ᠪᠦᠷᠬᠦᠴᠡ ᠶᠢᠨ ᠨᠣᠷᠮ᠎ᠠ ᠶᠢ 35% ᠠᠴᠠ ᠳᠡᠭᠡᠭᠰᠢ ᠳᠤ ᠬᠦᠷᠦᠭᠦᠯᠦᠨ᠎ᠡ᠃ ᠤᠯᠠᠨ ᠡᠬᠢᠳᠤ ᠪᠣᠬᠢᠷᠲᠤᠯ ᠢ ᠵᠠᠰᠠᠬᠤ ᠶᠢ | ᠦᠷᠭᠦᠯᠵᠢᠯᠡᠨ ᠴᠢᠩᠭᠠᠳᠬᠠᠵᠤ᠂ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ ᠡᠮᠬᠢ ᠵᠢᠷᠤᠮ ᠲᠠᠢ ᠪᠠᠷ | ᠳᠡᠯᠭᠡᠷᠡᠭᠦᠯᠵᠦ᠂ ᠪᠤᠷᠳᠤᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ | ᠪᠠᠭᠠᠰᠬᠠᠬᠤ᠂ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ ᠠᠵᠢᠯᠯᠠᠭ᠎ᠠ ᠶᠢ ᠭᠦᠨᠵᠡᠭᠡᠶ ᠲᠦᠯᠬᠢᠨ | ᠠᠬᠢᠭᠤᠯᠤᠨ᠎ᠠ᠃ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠠᠭᠤᠯᠠ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷ | ᠰᠠᠶᠢᠲᠠᠢ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠡᠭᠦᠷᠢᠳᠡ ᠪᠠᠲᠤᠯᠠᠨ᠎ᠠ᠃ | ︵ᠲᠦᠷᠪᠡ︶ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ | ᠬᠥᠳᠡᠯᠭᠡᠭᠴᠢ ᠡᠨᠧᠷᠭᠢ ᠶᠢ ᠲᠥᠪᠯᠡᠷᠡᠭᠦᠯᠦᠨ᠎ᠡ | ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠠᠶᠠᠯᠢᠭᠵᠢᠭᠤᠯᠤᠨ᠎ᠠ᠃ ᠸᠠᠨ ᠳ᠋ᠠ᠂ ᠵᠥᠩ ᠯᠢᠶᠠᠨ᠂ ᠳ᠋ᠢ | ᠬᠤᠤ᠂ ᠶᠦᠩ ᠶᠧ ᠵᠡᠷᠭᠡ ᠬᠤᠳᠠᠯᠳᠤᠭᠠᠨ ᠤ ᠲᠣᠭᠤᠷᠢᠭ ᠤᠨ ᠵᠦᠷᠢᠶᠡᠴᠢᠯᠡᠭᠰᠡᠨ ᠡᠵᠡᠩᠨᠡᠯᠲᠡ᠂ ᠬᠠᠷᠢᠯᠴᠠᠨ | ᠦᠢᠯᠡᠳᠦᠯᠴᠡᠵᠦ ᠬᠠᠷᠢᠯᠴᠠᠨ ᠨᠥᠬᠦᠪᠥᠷᠢᠯᠡᠬᠦ ᠶᠢ ᠬᠥᠲᠥᠯᠦᠨ ᠵᠢᠯᠣᠭᠤᠳᠴᠤ᠂ ᠯᠧ ᠱᠠᠩ ᠠᠯᠲᠠᠨ ᠵᠡᠭᠡᠯᠢ᠂ ᠮᠥ ᠯᠠᠨ | ᠵᠢᠵᠢᠭ ᠪᠠᠯᠭᠠᠰᠤ ᠵᠡᠷᠭᠡ ᠰᠦᠯᠵᠢᠶᠡᠨ ᠬᠠᠯᠠᠭᠤᠷᠠᠯ ᠤᠨ ᠭᠠᠵᠠᠷ᠂ ᠰᠥᠨᠢ ᠶᠢᠨ ᠠᠵᠤ ᠠᠬᠤᠶ ᠶᠢᠨ ᠤᠨᠴᠠᠯᠢᠭᠳᠤ | ᠵᠡᠭᠡᠯᠢ ᠲᠣᠭᠤᠷᠢᠭ ᠢ ᠪᠠᠶᠢᠭᠤᠯᠵᠤ᠂ ᠯᠢ ᠱᠦᠶ᠂ ᠶᠢᠨ ᠴᠢᠶᠣᠤ ᠬᠤᠳᠠᠯᠳᠤᠭᠠᠨ ᠤ ᠵᠡᠭᠡᠯᠢ ᠶᠢᠨ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠲᠥᠪ ᠤᠨ ᠲᠣᠭᠤᠭᠠᠨ ᠬᠡᠷ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠢᠳᠡᠪᠬᠢᠲᠡᠶ ᠠᠬᠢᠭᠤᠯᠤᠨ᠂ ᠣᠯᠠᠨ ᠲᠦᠮᠡᠨ ᠤ ᠴᠢᠨᠠᠷᠵᠢᠭᠰᠠᠨ᠂ ᠣᠯᠠᠨ ᠡᠰᠢᠵᠢᠭᠰᠡᠨ᠂ ᠳᠥᠭᠦᠮᠴᠢᠯᠡᠭᠰᠡᠨ | ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠮᠡᠳᠡᠭᠡ | ᠵᠠᠩᠭᠢ ᠶᠢᠨ ᠬᠡᠷᠡᠭᠯᠡᠭᠡ᠂ ᠰᠣᠶᠣᠯ ᠤᠨ ᠪᠦᠲᠦᠭᠡᠯᠴᠢ ᠰᠡᠳᠬᠢᠮᠵᠢ ᠶᠢ ᠢᠳᠡᠪᠬᠢᠲᠡᠶ ᠪᠠᠷ ᠪᠤᠶᠢᠵᠢᠭᠤᠯᠤᠨ ᠬᠥᠭᠵᠢᠭᠦᠯᠵᠦ | ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ︽ᡂᠢ ᠴᠧᠩ ᠹᠧᠩ ᠸᠧᠢ ᠭᠡᠷ ᠤᠨ | ᠡᠭᠦᠳᠦᠨ ᠡᠴᠡᠬᠤᠳᠠᠯᠳᠤᠨ ᠠᠪᠬᠤ︾ ᠲᠠᠪᠴᠠᠩ ᠢ ᠲᠡᠭᠦᠯᠳᠡᠷᠵᠢᠭᠦᠯᠵᠦ᠂ ᠨᠡᠶᠢᠭᠡᠮ ᠰᠦᠷᠦᠭᠵᠢᠯ ᠤᠨ ᠡᠯᠧᠺᠲᠷᠣᠨ | ᠬᠤᠳᠠᠯᠳᠤᠭᠠᠨ ᠤ ᠵᠠᠭᠪᠤᠷ ᠢ ᠪᠠᠶᠢᠭᠤᠯᠤᠨ᠂ ᠪᠡᠭᠡᠵᠢᠩ᠂ ᠯᠢᠨ ᠢ ᠶᠢᠨ ᠭᠠᠳᠠᠨ᠎ᠠ ᠬᠤᠲᠠ ᠶᠢᠨ ᠲᠤᠰᠢᠶᠠᠨ ᠥᠭᠬᠦ | ᠲᠥᠪ ᠢ ᠪᠥᠲᠥᠭᠡᠨ ᠪᠠᠶᠢᠭᠤᠯᠵᠤ᠂ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠪᠠᠶᠠᠯᠢᠭᠵᠢᠭᠤᠯᠤᠨ᠂ ᠨᠠᠷᠠᠲᠤ ᠲᠥᠷᠥᠯ | ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ | ᠣᠯᠠᠨ ᠬᠡᠯᠪᠡᠷᠢ ᠶᠢᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠬᠥᠲᠥᠯᠦᠨ | ᠵᠢᠯᠣᠭᠤᠳᠴᠤ᠂ ᠶᠡᠭᠡ ᠬᠡᠮᠵᠢᠶᠡᠨ ᠤ ᠬᠡᠷᠡᠭᠯᠡᠭᠡ᠂ ᠭᠤᠤᠯᠳᠠᠯᠭ᠎ᠠ ᠲᠠᠢ ᠬᠡᠷᠡᠭᠯᠡᠭᠡ ᠶᠢᠨ ᠬᠡᠪᠴᠢᠶ᠎ᠡ ᠶᠢ ᠥᠷᠭᠡᠳᠬᠡᠨ | ᠨᠡᠮᠡᠭᠳᠡᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠰᠡᠷᠭᠦᠭᠡᠨ᠎ᠡ᠃ | ᠲᠤᠰᠬᠠᠶ ᠵᠠᠬ᠎ᠠ ᠳᠡᠯᠭᠡᠭᠦᠷ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠬᠤᠲᠠ ᠶᠢᠨ ᠠᠷᠠᠳ ᠪᠣᠯᠤᠨ ᠵᠠᠬ᠎ᠠ | ᠳᠡᠯᠭᠡᠭᠦᠷ ᠤᠨ ᠲᠠᠯ᠎ᠠ ᠠᠴᠠ ᠡᠭᠦᠰᠴᠦ᠂ ᠬᠡᠷᠡᠭᠯᠡᠭᠡ ᠶᠢᠨ ᠳᠡᠰ ᠳᠡᠪᠰᠢᠬᠦ᠂ ᠵᠠᠬ᠎ᠠ ᠳᠡᠯᠭᠡᠭᠦᠷ ᠤᠨ ᠣᠯᠠᠨ ᠡᠰᠢᠵᠢᠬᠦ᠂ | ᠬᠡᠷᠡᠭᠴᠡᠭᠡ ᠶᠢᠨ ᠬᠤᠪᠢᠷᠠᠯᠲᠠ ᠶᠢᠨ ᠲᠣᠭᠤᠷᠢᠨ ᠳᠤ᠂ ᠶᠢᠩ ᠶᠢᠨ ᠠᠷᠠᠯᠵᠢᠶ᠎ᠠ ᠬᠤᠳᠠᠯᠳᠤᠭ᠎ᠠ᠂ ᠤᠯᠠᠭᠠᠨᠬᠠᠳᠠ ᠶᠢᠨ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ᠂ ᠤᠯᠠᠭᠠᠨᠬᠠᠳᠠ ᠶᠢᠨ ᠲᠠᠷᠢᠶᠠᠯᠠᠩ ᠤᠨ | ᠪᠦᠲᠦᠭᠡᠭᠳᠡᠬᠦᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠳᠠᠬᠢᠯᠲᠠ ᠡᠬᠢ ᠪᠠᠶᠠᠯᠢᠭ ᠤᠨ ᠠᠵᠤ | ᠦᠢᠯᠡᠰ ᠤᠨ ᠬᠦᠷᠢᠶᠡᠯᠡᠩ ᠤᠨ ᠰᠠᠭᠤᠷᠢᠰᠢᠬᠤ ᠶᠢ ᠠᠬᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ | ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ ᠬᠤᠲᠠ ᠠᠴᠠ ᠤᠬᠤᠷᠢᠨ ᠬᠦᠷᠢᠶᠡᠯᠡᠩ ᠳᠤ ᠣᠷᠣᠬᠤ ᠶᠢ | ᠪᠡᠶᠡᠯᠡᠭᠦᠯᠦᠨ᠂ ᠢᠦᠶ ᠷᠦᠨ᠂ ᠲᠡᠮᠦᠷᠯᠢᠭ ᠤᠨ ᠮᠠᠰᠢᠨ ᠴᠠᠬᠢᠯᠭᠠᠨ ᠤ ᠬᠤᠲᠠ ᠵᠡᠷᠭᠡ ᠲᠤᠰᠬᠠᠶ ᠵᠠᠬ᠎ᠠ ᠳᠡᠯᠭᠡᠭᠦᠷ ᠤᠨ | ᠲᠠᠰ ᠳᠡᠪᠰᠢᠭᠦᠯᠦᠨ ᠥᠭᠡᠷᠡᠴᠢᠯᠡᠬᠦ ᠶᠢ ᠲᠥᠷᠥᠯ ᠬᠤᠪᠢᠶᠠᠨ ᠠᠬᠢᠭᠤᠯᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠡᠮᠬᠢᠯᠡᠨ ᠨᠡᠶᠢᠯᠡᠭᠦᠯᠵᠦ᠂ ᠦᠢᠯᠡᠴᠢᠯᠡᠭᠡ ᠶᠢ ᠥᠷᠭᠡᠳᠬᠡᠨ᠂ ᠶᠡᠷᠦᠩᠬᠡᠶᠢᠯᠡᠨ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠳᠣᠲᠣᠭᠠᠳᠤ ᠠᠷᠠᠯᠵᠢᠶ᠎ᠠ ᠭᠠᠳᠠᠭᠠᠳᠤ ᠠᠷᠠᠯᠵᠢᠶ᠎ᠠ ᠶᠢᠨ ᠬᠤᠤᠰ ᠡᠷᠭᠢᠯᠲᠡ ᠶᠢᠨ ᠠᠵᠠ | ᠲᠣᠬᠢᠶᠠᠯ ᠢ ᠴᠢᠩᠭ᠎ᠠ ᠠᠳᠬᠤᠵᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ᠂ | ᠬᠥᠮᠥᠷᠭᠡᠯᠡᠨ ᠬᠠᠳᠠᠭᠠᠯᠠᠵᠤ ᠳᠣᠭᠢᠷᠠᠭᠤᠯᠤᠨ ᠬᠦᠷᠭᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠂ ᠲᠤᠭᠤᠷᠢᠭ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ | ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠴᠢᠨᠠᠷᠲᠠᠶ | ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠵᠢᠭᠤᠯᠴᠢᠯᠠᠭᠴᠢᠳ ᠤᠨ ᠲᠥᠪᠯᠡᠷᠡᠭᠦᠯᠵᠦ ᠲᠠᠷᠬᠠᠭᠠᠬᠤ ᠲᠥᠪ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠢᠳᠠᠮᠵᠢ ᠶᠢᠨ ᠪᠠᠶᠢᠷᠢᠰᠢᠭᠤᠯᠤᠯᠲᠠ ᠶᠢ ᠨᠠᠷᠢᠨ ᠨᠢᠮᠪᠠᠶ ᠵᠢᠷᠤᠭᠯᠠᠨ | ᠲᠥᠯᠥᠪᠯᠡᠵᠦ᠂ ᠳᠠᠭᠠᠭᠠᠬᠤ ᠴᠢᠳᠠᠪᠤᠷᠢ ᠪᠠ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠵᠢᠭᠤᠯᠴᠢᠯᠠᠯ ᠤᠨ | ᠲᠠᠲᠠᠬᠤ ᠬᠦᠴᠦᠨ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃ ᠭᠦᠩᠵᠦ ᠶᠢᠨ | ᠳᠠᠪᠠᠭᠠᠨ ᠤ ᠲᠥᠪᠡᠳ ᠬᠠᠰᠢ ᠶᠢᠨ ᠵᠢᠵᠢᠭ ᠪᠠᠯᠭᠠᠰᠤ᠂ ᠶᠡᠭᠡ ᠤᠯᠢᠶᠠᠨᠰᠤᠬᠠᠢ ᠶᠢᠨ ᠣᠶ ᠰᠢᠭᠤᠶ ᠶᠢᠨ ᠦᠵᠡᠮᠵᠢ ᠶᠢᠨ | ᠠᠮᠠᠷᠠᠯᠲᠠ ᠶᠢᠨ ᠵᠢᠵᠢᠭ ᠪᠠᠯᠭᠠᠰᠤ᠂ ᠬᠤᠸᠠᠩ ᠵᠢᠶᠠ ᠮᠠᠨ ᠳ᠋ᠢᠶᠠᠨ ᠪᠣᠯᠤᠨ ᠳ᠋ᠠ ᠰᠢᠩ ᠯᠦᠩ ᠬᠥᠳᠡᠭᠡ ᠲᠣᠰᠬᠤᠨ ᠤ | ᠴᠠᠭ ᠮᠥᠴᠡ ᠵᠡᠷᠭᠡ ᠦᠵᠡᠮᠵᠢ ᠶᠢᠨ ᠣᠷᠣᠨ ᠤ ᠳᠡᠰ ᠳᠡᠪᠰᠢᠭᠦᠯᠬᠦ ᠶᠢ ᠰᠠᠶᠢᠲᠤᠷ ᠠᠳᠬᠤᠵᠤ᠂ ᠠᠮᠢ ᠠᠬᠤᠶ ᠶᠢᠨ | ᠨᠤᠭᠤ ᠭᠠᠵᠠᠷ ᠤᠨ ᠴᠡᠴᠡᠷᠯᠢᠭ ᠤᠨ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠶᠢᠳᠠᠯ ᠢ ᠥᠷᠭᠡᠳᠬᠡᠨ᠂ ᠴᠠᠢ ᠬᠤ᠋ | ᠯᠠᠨ ᠽᠢ ᠤᠯᠠᠭᠠᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠮᠤᠵᠢ ᠶᠢᠨ ᠵᠠᠮ 219 ᠪᠠ ᠤᠯᠤᠰ ᠤᠨ ᠵᠠᠮ ᠤᠨ 111 ᠬᠤᠶᠠᠷ ᠵᠢᠭᠤᠯᠴᠢᠯᠠᠯ ᠤᠨ ᠪᠦᠰᠡ ᠶᠢᠨ ᠲᠣᠭᠤᠷᠢᠨ ᠳᠤ᠂ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ᠂ ᠣᠶ | ᠰᠢᠭᠤᠶ ᠶᠢᠨ ᠡᠷᠡᠭᠦᠯᠵᠢᠯ ᠰᠤᠪᠢᠯᠠᠯᠲᠠ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ | ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠵᠡᠷᠭᠡ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠲᠠᠯ᠎ᠠ ᠪᠠᠷ ᠴᠢᠷᠮᠠᠶᠢᠵᠤ ᠪᠠᠶᠢᠭᠠᠳ ᠣᠶᠢᠷ᠎ᠠ | ᠲᠡᠭᠦᠷᠭᠡ ᠶᠢᠨ ᠵᠢᠭᠤᠯᠴᠢᠯᠠᠯ ᠤᠨ ᠵᠣᠷᠢᠭᠰᠠᠨ ᠭᠠᠵᠠᠷ ᠢ ᠪᠣᠶ ᠪᠣᠯᠭᠠᠨ᠎ᠠ᠃ ᠵᠢᠯ ᠤᠨ ᠳᠣᠲᠣᠷ᠎ᠠ ᠵᠤᠭᠠᠴᠠᠭᠰᠠᠳ ᠢ 78 | ᠲᠦᠮᠡᠨ ᠬᠥᠮᠦᠨ ᠤᠳᠠᠭ᠎ᠠ ᠠᠴᠠ ᠳᠡᠭᠡᠭᠰᠢ ᠭᠥᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 13.5 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ︵ᠲᠠᠪᠤ︶ ᠬᠤᠳᠠ ᠬᠥᠳᠡᠭᠡ ᠶᠢᠨ ᠳᠦᠷᠰᠦ ᠪᠠᠶᠢᠳᠠᠯ ᠢ ᠰᠠᠶᠢᠵᠢᠷᠠᠭᠤᠯᠬᠤ ᠲᠠᠯ᠎ᠠ ᠪᠠᠷ ᠰᠢᠨ᠎ᠡ ᠲᠦᠷᠢ | ᠲᠥᠷᠬᠦ ᠶᠢ ᠪᠤᠢ ᠪᠣᠯᠭᠠᠨ᠎ᠠ | ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠨᠠᠷᠢᠯᠢᠭ ᠵᠠᠰᠠᠵᠤ ᠨᠠᠷᠢᠯᠢᠭ ᠨᠥᠬᠦᠪᠥᠷᠢᠯᠡᠬᠦ ᠪᠠ ᠪᠣᠯᠪᠠᠰᠤᠨ ᠢᠶᠠᠷ | ᠳᠡᠭᠡᠭᠰᠢᠯᠡᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠱᠧᠩ ᠠᠨ ᠵᠠᠮ ᠤᠨ ᠡᠮᠦᠨ᠎ᠡ ᠬᠡᠰᠡᠭ᠂ ᠰᠥᠩ | ᠶᠤᠸᠠᠢ ᠵᠡᠭᠡᠯᠢ ᠶᠢᠨ ᠪᠠᠷᠠᠭᠤᠨ ᠬᠡᠰᠡᠭ ᠵᠡᠷᠭᠡ 7 ᠵᠡᠭᠡᠯᠢ ᠶᠢᠨ ᠵᠠᠮ ᠢ ᠰᠢᠨ᠎ᠡ ᠪᠠᠷ ᠪᠠᠶᠢᠭᠤᠯᠵᠤ᠂ 3 ᠵᠡᠭᠡᠯᠢ ᠶᠢᠨ ᠵᠠᠮ᠂ | 20 ᠶᠠᠪᠠᠭᠠᠨ ᠬᠥᠮᠦᠨ ᠤ ᠵᠠᠮ ᠢ ᠥᠭᠡᠷᠡᠴᠢᠯᠡᠨ᠎ᠡ᠃ 123 ᠲᠦᠮᠡᠨ ᠲᠡᠭᠰᠢ ᠳᠥᠷᠪᠡᠯᠵᠢᠨ ᠮᠧᠲᠷ 68 | ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ᠂ 94 ᠲᠦᠮᠡᠨ ᠲᠡᠭᠰᠢ ᠳᠥᠷᠪᠡᠯᠵᠢᠨ ᠮᠧᠲᠷ 48 ᠰᠠᠭᠤᠭᠠᠯᠢ | ᠲᠤᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠯᠢᠨ ᠾᠧ ᠪᠠᠭ᠎ᠠ ᠲᠣᠭᠤᠷᠢᠭ᠂ ᠰᠢᠩ ᠬᠤᠸᠠ ᠪᠠᠭ᠎ᠠ | ᠲᠣᠭᠤᠷᠢᠭ ᠵᠡᠷᠭᠡ 3 ᠬᠠᠷᠮᠠᠨ ᠤ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠱᠢ ᠪᠦᠸᠧ ᠶᠤᠸᠠᠨ ᠭᠤᠣᠯ ᠨᠠᠭᠤᠷ | ᠵᠡᠷᠭᠡ ᠴᠡᠴᠡᠷᠯᠢᠭ ᠤᠨ ᠤᠰᠤᠨ ᠤ ᠰᠢᠰᠲ᠋ᠧᠮ ᠢ 12᠂ ᠰᠦᠩ ᠵᠧᠦ ᠴᠡᠴᠡᠷᠯᠢᠭ ᠵᠡᠷᠭᠡ ᠭᠠᠮᠰᠢᠭ ᠢ ᠰᠡᠷᠭᠡᠶᠢᠯᠡᠵᠦ | ᠠᠶᠤᠯ ᠠᠴᠠ ᠵᠠᠶᠢᠯᠠᠬᠤ ᠨᠣᠭᠤᠭᠠᠨ ᠭᠠᠵᠠᠷ ᠢ 4 ᠥᠭᠡᠷᠡᠴᠢᠯᠡᠨ ᠪᠠᠶᠢᠭᠤᠯᠵᠤ᠂ 2 ᠲᠦᠮᠡᠨ ᠲᠡᠭᠰᠢ ᠳᠥᠷᠪᠡᠯᠵᠢᠨ | ᠮᠧᠲᠷ ᠤᠨ ᠬᠠᠮᠠᠭᠠᠯᠠᠯᠲᠠ ᠶᠢᠨ ᠨᠣᠭᠤᠭᠠᠨ ᠭᠠᠵᠠᠷ ᠢ ᠰᠢᠨ᠎ᠡ ᠪᠠᠷ ᠪᠠᠶᠢᠭᠤᠯᠵᠤ᠂ 3.7 ᠲᠦᠮᠡᠨ ᠲᠡᠭᠰᠢ ᠳᠥᠷᠪᠡᠯᠵᠢᠨ | ᠮᠧᠲᠷ ᠤᠨ ᠵᠡᠭᠡᠯᠢ ᠭᠤᠳᠤᠮᠵᠢ ᠶᠢ ᠨᠤᠭᠤᠭᠠᠷᠠᠭᠤᠯᠤᠨ᠎ᠠ᠃ ᠬᠤᠲᠠ ᠶᠢᠨ ᠰᠢᠨᠡᠴᠢᠯᠡᠯᠲᠡ ᠶᠢᠨ ᠵᠢᠱᠢᠶ᠎ᠡ ᠦᠵᠡᠭᠦᠯᠬᠦ | ᠲᠥᠷᠥᠯ ᠵᠦᠢᠯ ᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠪᠢᠨ ᠾᠧ ᠴᠡᠴᠡᠷᠯᠢᠭ ᠤᠨ ᠤᠰᠤᠨ | ᠰᠢᠰᠲ᠋ᠧᠮ ᠢ ᠵᠠᠰᠠᠨ ᠰᠡᠷᠭᠦᠭᠡᠬᠦ ᠪᠠ ᠲᠡᠮᠦᠷ ᠵᠠᠮ ᠳᠠᠭᠠᠤ ᠶᠢᠨ ᠠᠮᠢ ᠠᠬᠤᠶ ᠶᠢᠨ ᠬᠤᠩᠭᠢᠯ ᠤᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠰᠦᠪᠡᠭᠴᠢᠯᠡᠵᠦ᠂ ᠬᠤᠲᠠ ᠶᠢᠨ ᠣᠷᠴᠢᠨ ᠲᠣᠭᠤᠷᠢᠨ ᠢ | ᠦᠷᠭᠦᠯᠵᠢᠯᠡᠨ ᠳᠡᠭᠡᠭᠰᠢᠯᠡᠭᠦᠯᠦᠨ᠎ᠡ᠃ | ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠎ᠠ᠃ ᠬᠤᠸᠠᠷ ᠬᠠᠳᠬᠤᠬᠤ ᠡᠷᠳᠡᠮ ᠢᠶᠠᠷ ᠬᠤᠳᠠ ᠶᠢ ᠵᠠᠰᠠᠬᠤ ᠶᠢ | ᠪᠠᠷᠢᠮᠲᠠᠯᠠᠵᠤ᠂ ᠬᠤᠳᠠ ᠶᠢᠨ ᠵᠠᠰᠠᠯᠲᠠ ᠶᠢ ᠰᠢᠨᠵᠢᠯᠡᠬᠦ ᠤᠬᠠᠭᠠᠨᠴᠢᠯᠠᠬᠤ᠂ ᠨᠠᠷᠢᠯᠢᠬᠵᠢᠭᠤᠯᠬᠤ᠂ ᠤᠶᠤᠨᠴᠢᠯᠠᠬᠤ ᠶᠢ | ᠠᠬᠢᠭᠤᠯᠤᠨ᠎ᠠ᠃ ᠬᠤᠲᠠ ᠶᠢᠨ ︽ᠪᠡᠶ᠎ᠡ ᠶᠢᠨ ᠪᠠᠶᠢᠴᠠᠭᠠᠯᠲᠠ︾ ᠶᠢ ᠭᠦᠨᠵᠡᠭᠡᠶ ᠥᠷᠨᠢᠭᠦᠯᠵᠦ᠂ ᠬᠤᠲᠠ ᠶᠢᠨ ︽ | ᠵᠢᠷᠭᠤᠭᠠᠨ ᠳᠤᠷ᠎ᠠ ᠪᠠᠷ ᠢᠶᠠᠨ ᠪᠠᠶᠢᠬᠤ︾ ᠶᠢ ᠴᠡᠭᠴᠡᠯᠡᠨ ᠵᠠᠰᠠᠬᠤ ᠶᠢ ᠴᠢᠩᠭᠠᠳᠬᠠᠨ᠂ ᠬᠤᠲᠠ ᠶᠢᠨ ᠦᠵᠡᠮᠵᠢ ᠶᠢᠨ | ᠣᠷᠴᠢᠨ ᠲᠣᠭᠤᠷᠢᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠶᠡᠷᠦᠩᠬᠡᠶᠢᠯᠡᠨ ᠴᠡᠭᠴᠡᠯᠡᠨ ᠵᠠᠰᠠᠬᠤ ᠪᠠ | ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠶᠠᠪᠤᠭᠤᠯ ᠬᠤᠳᠠᠯᠳᠤᠭᠠᠴᠢᠨ ᠲᠠᠷᠠᠬᠠᠶ ᠮᠠᠶᠢᠮᠠᠶᠢᠴᠢᠨ᠂ | ᠳᠡᠯᠭᠡᠭᠦᠷ ᠤᠨ ᠭᠠᠳᠠᠨ᠎ᠠ ᠡᠵᠡᠩᠨᠡᠬᠦ ᠶᠢ ᠵᠢᠷᠤᠮᠵᠢᠭᠤᠯᠤᠨ᠂ ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠵᠦ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠵᠢᠷᠤᠮᠵᠢᠯ ᠲᠠᠢ ᠡᠮᠬᠢ | ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃ 28 ᠤᠶᠤᠯᠢᠭ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ | 2 ᠲᠦᠮᠡᠨ ᠤᠶᠤᠯᠢᠭ ᠲᠡᠷᠭᠡᠨ ᠵᠣᠭᠰᠣᠭᠠᠯ ᠢ ᠵᠠᠭᠠᠭᠯᠠᠨ ᠲᠣᠭᠲᠠᠭᠠᠵᠤ᠂ ᠤᠶᠤᠯᠢᠭ ᠬᠢᠨᠠᠯᠲᠠ ᠬᠠᠮᠢᠶᠠᠷᠤᠯᠲᠠ ᠶᠢᠨ | ᠲᠠᠪᠴᠠᠩ ᠢ ᠪᠦᠬᠦ ᠲᠠᠯ᠎ᠠ ᠪᠠᠷ ᠡᠬᠢᠯᠡᠭᠦᠯᠦᠨ᠂ ︽ᠲᠡᠷᠭᠡ ᠵᠣᠭᠰᠣᠭᠠᠬᠤ ᠳᠤ ᠬᠦᠴᠢᠷᠲᠡᠶ︾᠂ ︽ᠲᠡᠷᠭᠡ | ᠵᠣᠭᠰᠣᠭᠠᠬᠤ ᠳᠤ ᠡᠷᠦᠶ ᠬᠤᠷᠤᠶ ᠦᠭᠡᠢ ᠪᠠᠶᠢᠬᠤ︾ ᠶᠢ ᠨᠠᠮᠳᠠᠭᠤᠯᠤᠨ᠎ᠠ᠃ ᠬᠤᠲᠠ ᠶᠢᠨ ᠬᠠᠮᠢᠶᠠᠷᠤᠯᠲᠠ ᠶᠢ | ᠳᠣᠷᠣᠭᠰᠢ ᠪᠠᠭᠤᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠳᠠᠯ ᠠᠬᠤᠶ ᠶᠢᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠰᠢᠯᠢᠳᠡᠭᠵᠢᠭᠦᠯᠦᠨ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠤᠯᠤᠰ ᠤᠨ ᠵᠠᠮ ᠤᠨ 111 ᠱᠤᠭᠤᠮ ᠤᠨ ᠪᠠᠭ᠎ᠠ | ᠺᠠᠷᠠ ︵ᠥᠪᠥᠷ ᠮᠣᠩᠭᠤᠯ ᠾᠧᠪᠧᠶ ᠶᠢᠨ ᠵᠠᠭᠠᠭ︶ ᠠᠴᠠ ᠤᠯᠠᠭᠠᠨᠬᠠᠳᠠ ᠬᠥᠷᠬᠦ ᠬᠡᠰᠡᠭ ᠤᠨ ᠵᠠᠰᠠᠮᠠᠯ ᠵᠠᠮ ᠤᠨ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠦᠢᠴᠡᠳᠬᠡᠯ ᠢ ᠲᠦᠷᠭᠡᠳᠬᠡᠨ ᠭᠦᠢᠴᠡᠳᠬᠡᠵᠦ᠂ | ᠭᠠᠩᠽᠢ ᠠᠴᠠ ᠱᠢ ᠰᠠᠨ ᠲᠠᠢ ᠪᠦᠦ ᠬᠥᠷᠬᠦ ᠵᠠᠰᠠᠮᠠᠯ ᠵᠠᠮ ᠢ ᠵᠢᠯ ᠤᠨ ᠳᠣᠲᠣᠷ᠎ᠠ ᠠᠵᠢᠯ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠦᠨᠡᠨᠬᠦ ᠪᠠᠲᠤᠯᠠᠵᠤ᠂ ᠬᠥᠳᠡᠭᠡ ᠲᠣᠰᠬᠤᠨ ᠤ ᠵᠠᠮ ᠢ 23 ᠺᠢᠯᠣᠮᠧᠲᠷ ᠬᠠᠲᠠᠭᠤᠷᠠᠭᠤᠯᠬᠤ ᠶᠢ | ᠬᠡᠷᠡᠭᠵᠢᠭᠦᠯᠦᠨ᠂ ᠵᠠᠮ ᠨᠡᠪᠲᠡᠷᠡᠯᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠮᠠᠯ ᠵᠠᠮ ᠤᠨ ᠬᠠᠮᠢᠶᠠᠷᠤᠯᠲᠠ | ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ | ᠤᠯᠤᠰ ᠤᠨ ᠲᠠᠰ ᠤᠨ ᠵᠢᠱᠢᠶ᠎ᠡ ᠦᠵᠡᠭᠦᠯᠬᠦ ᠰᠢᠶᠠᠨ ᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠵᠤᠤ ᠰᠦ ᠾᠧ | ᠭᠤᠣᠯ ᠤᠨ ᠬᠤᠶᠠᠳᠤᠭᠠᠷ ᠬᠤᠭᠤᠴᠠᠭᠠᠨ ᠤ ᠵᠠᠰᠠᠬᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠦᠶᠡᠷ ᠢ ᠰᠡᠷᠭᠡᠶᠢᠯᠡᠬᠦ 7.9 ᠺᠢᠯᠣᠮᠧᠲᠷ ᠬᠠᠰᠢᠯᠭ᠎ᠠ ᠳᠠᠯᠠᠩ ᠢ ᠵᠠᠰᠠᠨ᠎ᠠ᠃ 110 ᠺᠢᠯᠣᠮᠧᠲᠷ ᠦᠨᠳᠦᠷ ᠲᠤᠤᠷ᠎ᠠ | ᠬᠦᠴᠦᠳᠡᠯᠲᠦ ᠬᠡᠯᠬᠢᠶ᠎ᠡ᠂ 66 ᠺᠢᠯᠣᠸᠠᠲ ᠤᠨ ᠬᠦᠴᠦᠳᠡᠯ ᠥᠭᠡᠷᠡᠴᠢᠯᠡᠬᠦ ᠦᠷᠳᠡᠭᠡ ᠶᠢ 4 ᠰᠢᠨ᠎ᠡ ᠪᠠᠷ | ᠥᠭᠡᠷᠡᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠲᠢᠶᠠᠨ ᠢ ᠵᠠᠮ᠂ ᠶᠢᠩ ᠶᠢᠨ ᠵᠠᠮ ᠤᠨ ᠪᠣᠷᠣᠭᠠᠨ ᠤ ᠤᠰᠤᠨ ᠤ ᠬᠥᠭᠡᠷᠭᠡ ᠶᠢᠨ ᠥᠷᠲᠡᠭᠡ ᠪᠠ | ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠤᠲᠠ ᠶᠢᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ᠂ ᠬᠤᠭ ᠨᠣᠪᠰᠢ ᠪᠤᠯᠠᠬᠤ ᠲᠠᠯᠠᠪᠤᠷ ᠤᠨ ᠬᠤᠶᠠᠳᠤᠭᠠᠷ | ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠬᠥᠳᠡᠭᠡ ᠶᠢᠨ ᠳᠠᠭᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠦᠷ᠎ᠡ | ᠪᠦᠲᠦᠮᠵᠢ ᠤᠯᠤᠨ᠎ᠠ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ | ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠭᠠᠵᠠᠷ ᠰᠢᠨᠵᠢᠯᠡᠭᠡᠨ ᠤ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠰᠢᠨ᠎ᠡ ᠬᠠᠶ᠋ᠢᠭ᠂ ᠠᠷᠪᠠᠨ ᠬᠤᠶᠠᠳᠤᠭᠠᠷ ᠪᠠᠭ᠎ᠠ ᠰᠤᠷᠭᠠᠭᠤᠯᠢ ᠵᠢᠴᠢ ᠠᠷᠪᠠᠨ ᠳᠣᠯᠣᠳᠤᠭᠠᠷ ᠪᠠᠭ᠎ᠠ | ᠰᠤᠷᠭᠠᠭᠤᠯᠢ ᠶᠢ ᠥᠷᠭᠡᠳᠬᠡᠨ ᠪᠠᠶᠢᠭᠤᠯᠬᠤ᠂ ᠠᠷᠪᠠᠨ ᠲᠠᠪᠤᠳᠤᠭᠠᠷ ᠴᠡᠴᠡᠷᠯᠢᠭ ᠵᠡᠷᠭᠡ 8 ᠲᠦᠷᠦᠯ ᠵᠦᠢᠯ ᠢ ᠵᠢᠯ ᠤᠨ | ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠨᠠᠢᠮᠠᠳᠤᠭᠠᠷ ᠳᠤᠮᠳᠠᠳᠤ ᠰᠤᠷᠭᠠᠭᠤᠯᠢ᠂ ᠭᠤᠴᠢᠨ | ᠳᠥᠷᠪᠡᠳᠦᠭᠡᠷ ᠴᠡᠴᠡᠷᠯᠢᠭ᠂ ᠬᠤᠷᠢᠨ ᠨᠠᠢᠮᠠᠳᠤᠭᠠᠷ ᠴᠡᠴᠡᠷᠯᠢᠭ ᠵᠡᠷᠭᠡ 5 ᠲᠦᠷᠦᠯ ᠵᠦᠢᠯ ᠢ ᠠᠵᠢᠯ ᠡᠬᠢᠯᠡᠭᠦᠯᠦᠨ | ᠪᠦᠳᠦᠭᠡᠨ ᠪᠠᠶᠢᠭᠤᠯᠤᠨ᠎ᠠ᠃ ᠬᠤᠷᠰᠢᠶᠠᠵᠢᠭᠰᠠᠨ᠂ ᠪᠦᠯᠦᠭᠴᠢᠯᠡᠭᠰᠡᠨ ᠰᠤᠷᠭᠠᠭᠤᠯᠢ ᠡᠷᠬᠢᠯᠡᠬᠦ ᠶᠢ ᠬᠠᠶᠢᠨ | ᠰᠦᠪᠡᠭᠴᠢᠯᠡᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠤᠯᠠᠮ ᠨᠢᠭᠡ | ᠠᠯᠬᠤᠮ ᠥᠷᠭᠡᠳᠬᠡᠨ᠎ᠡ᠃ ︽ᠲᠠᠪᠤᠨ ᠵᠦᠢᠯ ᠤᠨ ᠬᠠᠮᠢᠶᠠᠷᠤᠯᠲᠠ︾ ᠪᠠ ︽ᠬᠤᠶᠠᠷ ᠢ ᠬᠦᠩᠭᠡᠷᠡᠭᠦᠯᠬᠦ︾ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠶ ᠶᠢ ᠪᠣᠶ ᠪᠣᠯᠭᠠᠨ᠎ᠠ᠃ ᠰᠢᠨ᠎ᠡ | ᠮᠠᠶ᠋ᠢᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠬᠠᠨᠳᠤᠰᠢ ᠶᠢ | ᠡᠵᠡᠮᠳᠡᠵᠦ᠂ ᠬᠢᠴᠢᠶᠡᠯ ᠰᠣᠩᠭᠤᠨ ᠠᠩᠭᠢ ᠰᠢᠯᠵᠢᠭᠦᠯᠬᠦ ᠶᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠷᠡᠲᠦ ᠲᠡᠮᠲᠡᠭ ᠶᠢᠨ ᠪᠠᠶᠢᠷᠢ ᠰᠠᠭᠤᠷᠢ ᠶᠢ ᠪᠠᠬᠢᠵᠢᠭᠦᠯᠦᠨ᠎ᠡ᠃ | ᠤᠯᠠᠭᠠᠨᠬᠠᠳᠠ ᠶᠢᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠯᠢᠮᠠᠭ ᠥᠭᠡᠷᠡᠴᠢᠯᠡᠯᠲᠡ ᠶᠢᠨ | ᠲᠤᠷᠰᠢᠯᠲᠠ ᠶᠢ ᠠᠬᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠠᠵᠤ | ᠦᠢᠯᠡᠳᠪᠦᠷᠢ ᠶᠢᠨ ᠮᠠᠰᠢᠨ ᠬᠥᠮᠦᠨ ᠤ ᠲᠤᠰᠬᠠᠶ ᠮᠡᠷᠭᠡᠵᠢᠯ ᠤᠨ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠬᠡᠪᠴᠢᠶ᠎ᠡ ᠶᠢ | ᠦᠷᠭᠡᠳᠬᠡᠨ᠎ᠡ᠃ ᠪᠠᠭᠰᠢ ᠶᠢᠨ ᠠᠵᠢᠯ ᠤᠨ ᠪᠠᠶᠢᠷᠢ ᠶᠢ ᠡᠭᠡᠯᠵᠢᠯᠡᠨ ᠰᠣᠯᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠰᠢᠨ᠎ᠡ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ ᠤᠨ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢ ᠪᠠᠲᠤᠯᠠᠨ᠂ ᠬᠦᠨᠳᠦ ᠡᠪᠡᠳᠴᠢᠨ ᠢ | ᠰᠡᠷᠭᠡᠶᠢᠯᠡᠬᠦ ᠪᠠᠷ ᠬᠦᠴᠦᠯᠡᠨ ᠴᠢᠷᠮᠠᠶᠢᠵᠤ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃ ︽ᠡᠮᠴᠢᠯᠡᠭᠡᠨ ᠤ ᠬᠤᠯᠪᠣᠭᠠᠲᠤ | ᠴᠣᠭᠴᠠ︾ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ | ᠪᠠᠶᠠᠯᠢᠭ ᠢ ᠳᠣᠷᠣᠭᠰᠢ ᠪᠠᠭᠤᠯᠭᠠᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠨᠠᠩ ᠲᠥᠬᠦᠮ ᠪᠣᠯᠭᠠᠨ᠎ᠠ᠃ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ ᠬᠠᠶ᠋ᠢᠭ ᠢ ᠵᠢᠯ ᠤᠨ ᠳᠣᠲᠣᠷ᠎ᠠ ᠠᠰᠢᠭᠯᠠᠯᠲᠠ ᠳᠤ | ᠣᠷᠣᠭᠤᠯᠬᠤ ᠶᠢ ᠦᠨᠡᠨ ᠬᠦ ᠪᠠᠲᠤᠯᠠᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ | ᠥᠷᠥᠭᠡ ᠶᠢᠨ ᠠᠰᠠᠷ ᠤᠨ ᠭᠤᠤᠯ ᠴᠣᠭᠴᠠᠲᠤ ᠢᠨᠵᠧᠨᠧᠷᠢᠩ ᠢ ᠪᠡᠶᠡᠯᠡᠭᠦᠯᠵᠦ᠂ ᠳ᠋ᠠ ᠮᠢᠶᠤᠤ ᠪᠠ ᠬᠠᠭᠤᠴᠢᠨ | ᠬᠤᠷᠤᠭ᠎ᠠ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ︽ᠡᠷᠡᠭᠦᠯ ᠡᠩᠬᠡ ᠰᠦᠩᠱᠠᠨ︾ ᠤ | ᠠᠵᠢᠯᠯᠠᠭ᠎ᠠ ᠳᠤ ᠬᠦᠴᠦᠨ ᠨᠡᠮᠡᠷᠢᠯᠡᠨ᠎ᠡ᠃ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ | ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠢᠳᠡᠪᠬᠢᠲᠡᠢ ᠪᠦᠲᠦᠭᠡᠨ ᠪᠠᠶᠢᠭᠤᠯᠤᠨ᠎ᠠ᠃ ᠭᠤᠷᠪᠠᠳᠤᠭᠠᠷ ᠬᠡᠤᠬᠡᠳ | ᠠᠪᠴᠤ ᠪᠣᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ ᠲᠡᠩᠴᠡᠭᠦᠷᠢᠲᠡᠶ | ᠬᠥᠭᠵᠢᠯᠲᠡ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠯᠠᠪᠳᠠᠭᠤᠨ | ᠪᠠᠲᠤᠲᠠᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ ᠨᠡᠩ ᠢᠳᠡᠪᠬᠢᠲᠡᠶ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠤᠳᠠ | ᠪᠠᠯᠭᠠᠰᠤᠨ ᠤ 3250 ᠬᠥᠮᠦᠨ ᠳᠤ ᠰᠢᠨ᠎ᠡ ᠪᠠᠷ ᠠᠵᠢᠯ ᠤᠯᠭᠤᠨ᠎ᠠ᠃ ᠨᠡᠶᠢᠭᠡᠮ ᠤᠨ ᠳᠠᠭᠠᠳᠬᠠᠯ᠂ ᠡᠮ | ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠦᠴᠢᠷᠳᠡᠯ ᠲᠠᠢ ᠤᠯᠠᠨ | ᠲᠦᠮᠡᠨ ᠢ ᠲᠦᠷ ᠴᠠᠭ ᠠᠪᠤᠷᠠᠨ ᠲᠤᠰᠠᠯᠠᠬᠤ ᠠᠵᠢᠯ ᠢ ᠴᠢᠩᠭᠠᠳᠬᠠᠨ᠎ᠠ᠃ ᠨᠠᠰᠤᠵᠢᠯ ᠤᠨ ᠠᠰᠠᠷᠠᠮᠵᠢ ᠶᠢᠨ | ᠦᠨᠳᠦᠰᠦᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠨᠤᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠤᠣᠯ | ᠬᠤᠳᠠ ᠶᠢᠨ ᠲᠣᠭᠤᠷᠢᠭ ᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠲᠤᠰᠬᠠᠶᠢᠵᠢᠭᠰᠠᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ | ᠲᠡᠭᠦᠯᠳᠡᠷᠵᠢᠭᠦᠯᠵᠦ᠂ ᠬᠡᠦᠬᠡᠳ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠵᠤ᠂ ︽ᠨᠢᠭᠡ | ᠨᠠᠰᠤᠲᠠᠨ ᠨᠢᠭᠡ ᠪᠠᠭᠠᠴᠤᠳ︾ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠪᠤᠷᠠᠨ | ᠲᠤᠰᠠᠯᠠᠬᠤ᠂ ᠨᠢᠭᠦᠯᠡᠰᠦᠩᠭᠦᠶ ᠶᠢᠨ ᠨᠡᠶᠢᠲᠡ ᠶᠢᠨ ᠠᠰᠠᠷᠠᠮᠵᠢ᠂ ᠬᠠᠷᠠᠭᠠᠯᠵᠠᠨ ᠲᠥᠪᠬᠢᠨᠡᠭᠦᠯᠬᠦ ᠵᠡᠷᠭᠡ ᠲᠦᠭᠡᠮᠡᠯ | ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ ᠠᠷᠠᠳ ᠤᠨ ᠠᠮᠢᠳᠤᠷᠠᠯ ᠤᠨ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠨ᠎ᠡ᠃ | ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ | ᠦᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠪᠦᠬᠦ ᠤᠯᠤᠰ ᠤᠨ ᠪᠣᠯᠪᠠᠰᠤᠨ | ᠬᠤᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠲᠦᠯᠬᠢᠨ ᠠᠬᠢᠭᠤᠯᠤᠨ᠎ᠠ᠃ ᠣᠷᠣᠰᠢᠭᠤᠯᠭ᠎ᠠ ᠶᠢᠨ | ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠠᠨ ᠽᠦᠸᠧ ᠳ᠋ᠢᠶᠠᠨ ᠤ ᠴᠢᠯᠠᠭᠤᠨ | ᠬᠤᠲᠠ ᠶᠢᠨ ᠪᠠᠭᠤᠷᠢ ᠶᠢ ᠬᠠᠮᠠᠭᠠᠯᠠᠵᠤ ᠳᠡᠯᠭᠡᠨ ᠦᠵᠡᠭᠦᠯᠬᠦ ᠵᠡᠷᠭᠡ ᠰᠣᠶᠣᠯ ᠤᠨ ᠬᠠᠮᠠᠭᠠᠯᠠᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠬᠤᠲᠠ ᠶᠢᠨ ᠨᠡᠶᠢᠭᠡᠮ ᠲᠣᠭᠤᠷᠢᠭ ᠤᠨ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ | ︾ ᠢ ᠲᠡᠭᠦᠯᠳᠡᠷᠵᠢᠭᠦᠯᠦᠨ᠎ᠡ᠃ ᠤᠯᠠᠭᠠᠨᠮᠥ᠋ᠴᠢᠷ ᠢ ᠦᠨᠳᠦᠰᠦᠨ ᠱᠠᠲᠤᠨ ᠳᠤ ᠪᠠᠭᠤᠯᠭᠠᠬᠤ ᠵᠡᠷᠭᠡ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠥᠷᠭᠡᠨ ᠢᠶᠠᠷ ᠥᠷᠨᠢᠭᠦᠯᠵᠦ᠂ ︽ᠬᠤᠶᠠᠷ ᠢ ᠴᠣᠭᠴᠠᠯᠠᠨ | ᠪᠠᠶᠢᠭᠤᠯᠬᠤ︾ ᠪᠠᠷ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠤᠶᠠᠷ ᠢ | ᠬᠦᠷᠢᠶᠡᠯᠡᠬᠦ ᠠᠵᠢᠯ ᠢ ᠪᠠᠶᠠᠯᠢᠭᠵᠢᠭᠤᠯᠤᠨ ᠥᠷᠭᠡᠳᠬᠡᠵᠦ᠂ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠶ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ | ︵ᠲᠤᠯᠤᠭ᠎ᠠ︶ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠲᠠᠯ᠎ᠠ ᠪᠠᠷ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠨ᠎ᠠ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠨᠡᠶᠢᠭᠡᠮ ᠤᠨ ᠠᠮᠤᠷ ᠲᠦᠪᠰᠢᠨ ᠤ | ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ | ᠥᠭᠴᠦ ᠵᠠᠯᠬᠠᠭᠠᠨ ᠰᠢᠳᠬᠡᠬᠦ ᠳᠤ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠨ᠎ᠠ᠃ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ | ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠠᠵᠢᠯ | ᠲᠦᠷᠦᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ | ᠭᠦᠨᠵᠡᠭᠡᠶ ᠥᠷᠨᠢᠭᠦᠯᠵᠦ᠂ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠡᠷᠡᠰ ᠰᠡᠷᠭᠡᠶᠢᠯᠡᠨ᠎ᠡ᠃ ᠢᠳᠡᠭᠡᠨ ᠤ | ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠢᠳᠡᠭᠡᠨ ᠤ ᠵᠦᠢᠯ ᠤᠨ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ | ᠂ ᠣᠯᠠᠨ ᠲᠦᠮᠡᠨ ᠢ ᠰᠠᠨᠠᠭ᠎ᠠ ᠠᠮᠤᠷ ᠢᠳᠡᠭᠡᠨ ᠲᠠᠢ᠂ ᠡᠮ ᠬᠡᠷᠡᠭᠯᠡᠬᠦ ᠳᠤ ᠨᠠᠩ ᠠᠮᠤᠷ ᠲᠦᠪᠰᠢᠨ ᠪᠠᠶᠢᠯᠭᠠᠨ᠎ᠠ᠃ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠡᠯ᠎ᠡ ᠲᠥᠷᠥᠯ ᠤᠨ ᠪᠠᠯᠠ ᠮᠥᠩᠭᠦ᠂ | ᠡᠬᠢ ᠪᠠᠶᠠᠯᠢᠭ᠂ ᠡᠳ᠋ ᠬᠥᠷᠥᠩᠭᠡ ᠶᠢ ᠬᠠᠤᠯᠢ ᠲᠣᠭᠲᠠᠭᠠᠯ ᠶᠣᠰᠣᠭᠠᠷ ᠴᠢᠯᠥᠭᠡᠲᠡᠶ ᠪᠣᠯᠭᠠᠵᠤ᠂ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠠᠷᠢᠯᠭᠠᠵᠤ᠂ | ᠳᠠᠯᠳᠠ ᠥᠷᠢ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠬᠤᠷᠢᠭᠯᠠᠨ᠎ᠠ᠃ ᠮᠥᠩᠭᠦᠨ ᠭᠦᠢᠯᠭᠡᠭᠡᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠵᠢᠷᠤᠮᠵᠢᠭᠤᠯᠵᠤ᠂ ᠬᠠᠤᠯᠢ ᠪᠤᠰᠤ ᠮᠥᠩᠭᠦᠨ | ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠨ ᠪᠦᠰᠡ ᠶᠢᠨ ᠴᠢᠨᠠᠷᠲᠠᠶ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠨ᠎ᠠ᠃ ᠬᠡᠷ ᠪᠠᠶᠢᠰᠢᠩ | ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ | ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ ᠡᠷᠡᠭᠦᠯ ᠢᠶᠠᠷ ᠬᠥᠭᠵᠢᠬᠦ ᠶᠢ | ᠠᠬᠢᠭᠤᠯᠠᠨ᠎ᠠ᠃ | ᠰᠢᠨ᠎ᠡ ᠶᠢ ᠡᠭᠦᠳᠬᠦ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠡᠩᠨᠡᠭᠡ ᠶᠢ ᠰᠢᠯᠢᠳᠡᠭᠵᠢᠭᠦᠯᠵᠦ᠂ ᠲᠣᠣᠷᠵᠢᠭᠤᠯᠤᠭᠰᠠᠨ ᠵᠠᠰᠠᠯᠲᠠ ᠶᠢᠨ ᠬᠠᠷᠢᠭᠤᠴᠠᠯᠭ᠎ᠠ ᠶᠢ | ᠪᠠᠲᠤᠳᠬᠠᠵᠤ᠂ ᠤᠶᠤᠨᠲᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠨᠳᠦᠰᠦᠨ | ᠱᠠᠲᠤᠨ ᠤ ᠵᠠᠰᠠᠯᠲᠠ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ︽ᠰᠦᠩᠱᠠᠨ ᠤ ᠬᠡᠷᠡᠭ | ᠶᠠᠪᠤᠳᠠᠯ ᠤᠨ ᠬᠠᠮᠢᠶᠠᠷᠤᠭᠴᠢ︾ ᠶᠢᠨ ᠡᠩᠨᠡᠭᠡ ᠶᠢ ᠲᠡᠭᠦᠯᠳᠡᠷᠵᠢᠭᠦᠯᠵᠦ᠂ ︽ᠭᠤᠷᠪᠠᠨ ᠡᠶᠡᠳᠡᠭᠦᠯᠭᠡ ᠶᠢ | ᠬᠤᠯᠪᠣᠯᠳᠤᠭᠤᠯᠬᠤ︾᠂ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠵᠤ᠂ ᠨᠡᠶᠢᠭᠡᠮ ᠤᠨ | ᠵᠥᠷᠢᠴᠡᠯ ᠢ ᠲᠣᠬᠢᠲᠠᠶ ᠡᠶᠡᠳᠡᠭᠦᠯᠦᠨ ᠰᠢᠢᠳᠪᠦᠷᠢᠯᠡᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ | ᠰᠠᠶᠢᠵᠢᠷᠠᠭᠤᠯᠵᠤ᠂ ᠠᠩᠬ᠎ᠠ ᠬᠦᠯᠢᠶᠡᠨ ᠠᠪᠴᠤ ᠬᠠᠷᠢᠭᠤᠴᠠᠬᠤ ᠪᠠ ᠤᠳᠤᠷᠢᠳᠬᠤ ᠺᠠᠳ᠋ᠷ ᠰᠤᠷᠪᠤᠯᠵᠢᠯᠠᠭ᠎ᠠ ᠶᠢ | ᠬᠦᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠡ︕ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ ᠨᠢ ᠵᠠᠰᠠᠭ ᠤᠨ | ᠣᠷᠳᠣᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠶᠢ ᠳᠤᠷᠠᠳᠤᠨ ᠭᠠᠷᠭᠠᠵᠠᠶ᠂ ᠪᠢᠳᠡ ᠬᠦᠴᠦᠯᠡᠨ | ᠴᠢᠷᠮᠠᠶᠢᠵᠤ ᠦᠢᠯᠡᠰ ᠪᠦᠲᠦᠭᠡᠬᠦ ᠵᠣᠷᠢᠭ ᠰᠠᠨᠠᠭ᠎ᠠ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ᠂ ᠬᠢᠴᠢᠶᠡᠨ | ᠴᠢᠷᠮᠠᠶᠢᠵᠤ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠪᠠᠶᠢᠭᠤᠯᠤᠨ᠎ᠠ᠃ | ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠤᠯᠤᠰ ᠲᠦᠷᠦ ᠶᠢᠨ ᠪᠠᠶᠢᠭᠤᠯᠤᠯᠲᠠ ᠶᠢ | ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠯᠠᠪᠳᠠᠭᠤᠨ ᠪᠠᠲᠤᠲᠠᠢ | ᠬᠡᠷᠡᠭᠵᠢᠭᠦᠯᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ | ᠣᠷᠳᠣᠨ ᠤ ᠠᠵᠢᠯ ᠳᠤ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ᠂ ᠵᠠᠷᠯᠢᠭ ᠴᠠᠭᠠᠵᠠ ᠶᠢ | ᠳᠠᠭᠠᠬᠤ ᠶᠢ ᠪᠠᠲᠤᠯᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠦᠨᠡᠨ ᠬᠦ ᠲᠤᠭᠤᠰᠢᠯᠠᠭᠤᠯᠵᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢ ᠶᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ | ᠠᠷᠠᠳ ᠤᠨ ᠪᠦᠯᠬᠦᠮ ᠪᠠ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ | ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ | ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠤᠭ ᠰᠠᠨᠠᠭ᠎ᠠ ᠪᠠᠨ | ᠦᠢᠯᠡᠳᠦᠯᠭᠡᠵᠢᠭᠦᠯᠦᠨ᠎ᠡ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠲᠥᠯᠥᠭᠡ ᠭᠡᠬᠦ ᠬᠠᠶᠢᠷ᠎ᠠ | ᠰᠡᠳᠬᠢᠯᠭᠡ ᠶᠢ ᠭᠦᠨ ᠪᠤᠢ ᠪᠣᠯᠭᠠᠵᠤ᠂ ᠠᠷᠠᠳ ᠲᠦᠮᠡᠨ ᠤ ᠪᠤᠳᠤᠵᠤ ᠪᠠᠶᠢᠭ᠎ᠠ ᠵᠦᠢᠯ ᠢ ᠪᠣᠳᠣᠯᠬᠢᠯᠠᠨ᠂ ᠠᠷᠠᠳ | ᠲᠦᠮᠡᠨ ᠤ ᠬᠦᠰᠡᠯ ᠱᠠᠭᠠᠷᠳᠠᠯᠭ᠎ᠠ ᠶᠢ ᠪᠡᠶᠡᠯᠡᠭᠦᠯᠦᠨ᠎ᠡ᠃ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ | ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠤᠯᠠᠨ ᠲᠦᠮᠡᠨ ᠤ ︽ᠪᠠᠴᠢᠮᠳᠠᠬᠤ᠂ | ᠬᠦᠴᠢᠷᠳᠡᠬᠦ᠂ ᠵᠣᠪᠠᠭ᠋ᠤ᠂ ᠬᠦᠰᠡᠬᠦ︾ ᠠᠰᠠᠭᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ | ᠰᠢᠢᠳᠪᠦᠷᠢᠯᠡᠵᠦ᠂ ᠤᠯᠠᠨ ᠲᠦᠮᠡᠨ ᠤ ᠰᠡᠳᠬᠢᠯ ᠲᠠᠯᠪᠢᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠰᠠᠶᠢᠲᠤᠷ ᠬᠢᠵᠦ᠂ ᠵᠠᠰᠠᠭ ᠤᠨ ᠣᠷᠳᠣᠨ ᠤ ᠠᠵᠢᠯ ᠢ ᠠᠷᠠᠳ ᠲᠦᠮᠡᠨ ᠤ ᠲᠥᠯᠥᠭᠡ ᠬᠢᠬᠦ᠂ ᠠᠷᠠᠳ ᠲᠦᠮᠡᠨ ᠳᠤ | ᠦᠢᠯᠡᠴᠢᠯᠡᠬᠦ᠂ ᠠᠷᠠᠳ ᠲᠦᠮᠡᠨ ᠳᠤ ᠲᠦᠰᠢᠭᠯᠡᠬᠦ ᠶᠢ ᠦᠨᠡᠨ ᠬᠦ ᠪᠡᠶᠡᠯᠡᠭᠦᠯᠦᠨ᠎ᠡ᠃ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ | ᠪᠣᠯᠭᠠᠵᠤ᠂ ᠲᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢ | ᠪᠠᠲᠤ ᠪᠣᠶ ᠪᠣᠯᠭᠠᠵᠤ᠂ ᠲᠣᠭᠲᠠᠭᠠᠭᠰᠠᠨ ᠤᠴᠢᠷ ᠶᠠᠪᠤᠳᠠᠯ᠂ ᠲᠣᠭᠲᠠᠭᠠᠭᠰᠠᠨ ᠲᠥᠷᠥᠯ ᠵᠦᠢᠯ ᠳᠤ ᠪᠣᠳᠠᠲᠠᠶ | ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶ ᠲᠣᠭᠲᠠᠭᠠᠨ᠂ ᠠᠪᠤᠨ ᠳᠣᠤᠷ᠎ᠠ ᠪᠠᠨ ᠶᠠᠷᠢᠵᠤ ᠪᠠᠷᠢᠨ | ᠭᠦᠢᠴᠡᠳᠬᠡᠵᠦ᠂ ᠲᠠᠯᠪᠢᠯ ᠥᠬᠡᠶ ᠴᠢᠩᠭ᠎ᠠ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ | ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠲᠠᠢ ᠬᠠᠷᠢᠴᠠᠭᠤᠯᠤᠨ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ | ᠳᠡᠭᠡᠳᠦ ᠵᠡᠷᠭᠡ ᠶᠢᠨ ᠬᠢ ᠲᠠᠢ ᠠᠳᠠᠯᠢᠳᠬᠠᠨ᠂ ᠬᠦᠴᠦᠷᠬᠡᠭ ᠬᠥᠮᠦᠰ ᠲᠠᠢ ᠵᠣᠷᠢᠭᠲᠠᠶ ᠪᠠᠷ ᠲᠡᠮᠡᠴᠡᠵᠦ᠂ ᠡᠯ᠎ᠡ | ᠵᠦᠢᠯ ᠤᠨ ᠠᠵᠢᠯ ᠤᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠲᠡᠷᠢᠭᠦᠨ ᠤ ᠬᠢ ᠶᠢ ᠡᠭᠦᠳᠬᠦ ᠪᠠᠷ | ᠴᠢᠷᠮᠠᠶᠢᠨ᠎ᠠ᠃ | ᠠᠷᠢᠭᠤᠨ ᠴᠢᠬᠡᠴᠢ ᠪᠠᠷ ᠵᠠᠰᠠᠭ ᠤᠨ ᠠᠵᠢᠯ ᠬᠢᠵᠦ ᠰᠠᠶᠢᠨ ᠰᠠᠶᠢᠬᠠᠨ ᠲᠦᠷᠢ ᠲᠥᠷᠬᠦ ᠶᠢ ᠪᠤᠰᠬᠠᠨ᠎ᠠ᠃ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ | ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠨᠠᠨ | ᠪᠤᠳᠤᠯᠳᠠ ᠶᠢᠨ ᠬᠢᠨᠠᠯᠲᠠ᠂ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ︽ᠠᠷᠪᠢᠯᠠᠨ ᠭᠠᠮᠨᠠᠬᠤ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠤᠷᠪᠠᠨ ᠵᠦᠢᠯ ᠤᠨ ᠠᠯᠪᠠᠨ︾ ᠤ ᠵᠠᠷᠤᠳᠠᠯ ᠪᠠ ᠡᠩ ᠤᠨ | ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠲᠥᠪ ᠤᠨ ︽ᠨᠠᠢᠮᠠᠨ ᠵᠦᠢᠯ ᠤᠨ ᠲᠣᠭᠲᠠᠭᠠᠯ︾ ᠵᠢᠴᠢ ᠲᠡᠭᠦᠨ ᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ | ᠤᠨ ᠠᠰᠠᠭᠤᠳᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠠᠷᠠᠳ ᠲᠤ ᠦᠢᠯᠡᠴᠢᠯᠡᠬᠦ᠂ ᠪᠣᠳᠠᠲᠤ | ᠠᠵᠢᠯᠯᠠᠭ᠎ᠠ ᠶᠢ ᠡᠷᠬᠢᠮᠯᠡᠬᠦ᠂ ᠠᠷᠢᠭᠤᠨ ᠴᠢᠬᠡᠴᠢ ᠪᠠᠶᠢᠬᠤ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠨ᠎ᠠ᠃ | ᠲᠥᠯᠥᠭᠡᠯᠡᠭᠴᠢᠳ ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ | ᠲᠡᠮᠡᠴᠡᠨ ᠤᠷᠤᠭᠰᠢᠯᠠᠵᠤ᠂ ᠣᠳᠣᠬᠢᠴᠢᠯᠠᠭᠰᠠᠨ ᠰᠢᠨ᠎ᠡ ᠰᠦᠩᠱᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ | ᠲᠥᠯᠥᠭᠡ ᠴᠢᠷᠮᠠᠶᠢᠨ ᠲᠡᠮᠡᠴᠡᠵᠡᠭᠡᠶ᠎ᠡ︕ | ᠨᠡᠷ᠎ᠡ ᠦᠭᠡ ᠶᠢᠨ ᠲᠠᠶᠢᠯᠪᠤᠷᠢ | ᠲᠠᠪᠤᠨ ᠶᠡᠭᠡ ᠡᠭᠦᠷᠭᠡ᠄ ᠥᠪᠥᠷ ᠮᠣᠩᠭᠤᠯ ᠢ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ | ᠪᠠᠶᠢᠭᠤᠯᠤᠨ᠎ᠠ᠃ | ᠲᠠᠪᠤᠨ ᠣᠷᠣᠨ ᠪᠠᠶᠢᠷᠢ ᠶᠢᠨ ᠲᠣᠭᠲᠠᠭᠠᠯᠲᠠ᠄ ᠤᠯᠠᠭᠠᠨᠬᠠᠳᠠ ᠬᠤᠲᠠ ᠣᠳᠣᠬᠢᠴᠢᠯᠠᠭᠰᠠᠨ ᠣᠷᠣᠨ | ᠪᠦᠰᠡ ᠶᠢᠨ ᠲᠥᠪ ᠬᠤᠲᠠ᠂ ᠤᠯᠤᠰ ᠤᠨ ᠠᠵᠤ ᠦᠢᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠬᠤ | ᠬᠠᠮᠲᠤᠷᠠᠯᠴᠠᠭ᠎ᠠ ᠶᠢᠨ ᠵᠢᠱᠢᠶ᠎ᠡ ᠦᠵᠡᠭᠦᠯᠬᠦ ᠣᠷᠣᠨ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ | ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠠᠴᠢᠶᠠᠯᠠᠭᠴᠢ ᠶᠢᠨ ᠬᠤᠲᠠ᠂ | ᠤᠯᠤᠰ ᠤᠨ ᠣᠨᠴᠠᠯᠢᠭ ᠲᠠᠢ ᠰᠣᠶᠣᠯ ᠤᠨ ᠵᠢᠭᠤᠯᠴᠢᠯᠠᠯ ᠪᠠ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ | ᠰᠠᠭᠤᠷᠢᠨ ᠭᠠᠵᠠᠷ᠂ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠭᠠᠷᠭᠠᠯᠲᠠ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ | ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ᠂ ᠬᠥᠳᠡᠯᠮᠦᠷᠢ ᠬᠦᠴᠦᠨ᠂ ᠡᠳ᠋ ᠬᠥᠷᠥᠩᠭᠡ᠂ | ᠪᠠᠶᠢᠭᠠᠯᠢ ᠶᠢᠨ ᠥᠩᠭᠡ ᠦᠵᠡᠮᠵᠢ ᠵᠡᠷᠭᠡ ᠬᠦᠴᠦᠨ ᠵᠦᠢᠯ ᠢ ᠠᠮᠢᠳᠤᠯᠢᠭ ᠪᠣᠯᠭᠠᠵᠤ᠂ ᠡᠬᠢ ᠪᠠᠶᠠᠯᠢᠭ ᠢ ᠡᠳ᠋ | ᠬᠥᠷᠥᠩᠭᠡ ᠪᠣᠯᠭᠠᠨ ᠬᠤᠪᠢᠷᠠᠭᠤᠯᠵᠤ᠂ ᠪᠠᠯᠠ ᠮᠥᠩᠭᠦ ᠶᠢ ᠬᠤᠪᠢ ᠣᠷᠣᠭᠤᠯᠤᠯᠲᠠ ᠶᠢᠨ ᠮᠥᠩᠭᠦ ᠪᠣᠯᠭᠠᠨ | ᠬᠤᠪᠢᠷᠠᠭᠤᠯᠵᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠤᠨ᠎ᠠ᠃ | ︽ᠭᠤᠷᠪᠠ ᠶᠢ ᠨᠢᠭᠡ ᠴᠤᠭᠴᠠᠵᠢᠭᠤᠯᠬᠤ︾᠄ ᠦᠢᠯᠡᠳᠪᠦᠷᠢᠯᠡᠯ᠂ ᠬᠠᠩᠭᠠᠨ ᠪᠣᠷᠣᠯᠠᠭᠤᠯᠤᠯᠲᠠ᠂ ᠢᠲᠡᠭᠡᠮᠵᠢ | ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ᠃ | ᠲᠤᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ᠄ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠡᠮᠦᠨᠡᠬᠢ | ᠬᠤᠭᠤᠴᠠᠭᠠᠨ ᠤ ᠠᠵᠢᠯ ᠤᠨ ᠵᠠᠮ ᠢ ᠨᠡᠪᠲᠡᠷᠡᠭᠦᠯᠬᠦ᠂ ᠤᠰᠤ ᠶᠢ ᠨᠡᠪᠲᠡᠷᠡᠭᠦᠯᠬᠦ᠂ ᠴᠠᠬᠢᠯᠭᠠᠨ ᠢ ᠨᠡᠪᠲᠡᠷᠡᠭᠦᠯᠬᠦ᠂ ᠤᠰᠤ | ᠵᠠᠯᠠᠬᠤ ᠵᠠᠮ ᠢ ᠨᠡᠪᠲᠡᠷᠡᠭᠦᠯᠬᠦ᠂ ᠢᠯᠴᠢ ᠶᠢᠨ ᠬᠦᠴᠦᠨ ᠢ ᠨᠡᠪᠲᠡᠷᠡᠭᠦᠯᠬᠦ᠂ ᠴᠠᠬᠢᠯᠭᠠᠨ ᠬᠤᠯᠪᠣᠭ᠎ᠠ ᠶᠢ ᠨᠡᠪᠲᠡᠷᠡᠭᠦᠯᠬᠦ᠂ | ᠰᠢᠲᠠᠮᠠᠬᠠᠶ ᠬᠡᠢ ᠶᠢ ᠨᠡᠪᠲᠡᠷᠡᠭᠦᠯᠬᠦ ᠵᠢᠴᠢ ᠭᠠᠵᠠᠷ ᠰᠢᠷᠣᠶ ᠶᠢ ᠲᠡᠭᠰᠢᠯᠡᠬᠦ ᠵᠡᠷᠭᠡ ᠰᠠᠭᠤᠷᠢ ᠪᠦᠳᠦᠭᠡᠨ ᠪᠠᠶᠢᠭᠤᠯᠤᠯᠲᠠ ᠶᠢ | ᠬᠢᠨ᠎ᠡ᠃ | ᠵᠢᠷᠭᠤᠭᠠᠨ ᠭᠠᠶᠢᠯᠢ ᠬᠤᠶᠠᠷ ᠵᠠᠷᠤᠳᠠᠯ᠄ ᠡᠬᠢ ᠪᠠᠶᠠᠯᠢᠭ ᠤᠨ ᠭᠠᠶᠢᠯᠢ᠂ ᠬᠤᠲᠠ ᠶᠢᠨ ᠬᠠᠮᠠᠭᠠᠯᠠᠯᠲᠠ | ᠪᠥᠲᠥᠭᠡᠨ ᠪᠠᠶᠢᠭᠤᠯᠤᠯᠲᠠ ᠶᠢᠨ ᠭᠠᠶᠢᠯᠢ᠂ ᠬᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ | ᠰᠢᠷᠣᠶ ᠶᠢᠨ ᠬᠡᠷᠡᠭᠯᠡᠭᠡᠨ ᠤ ᠭᠠᠶᠢᠯᠢ᠂ ᠲᠡᠮᠳᠡᠭᠲᠦ ᠶᠢᠨ ᠭᠠᠶᠢᠯᠢ ︵ᠦᠨᠡᠲᠦ ᠲᠡᠮᠳᠡᠭᠲᠦ ᠶᠢᠨ ᠠᠷᠠᠯᠵᠢᠶᠠᠨ ᠤ | ᠲᠡᠮᠳᠡᠭᠲᠦ ᠶᠢᠨ ᠭᠠᠶᠢᠯᠢ ᠪᠠᠭᠲᠠᠬᠤ ᠥᠬᠡᠶ︶᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠪᠠ ᠰᠤᠷᠭᠠᠨ | ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠃ | ︽ᠭᠤᠷᠪᠠᠨ ᠣᠷᠣᠨ ᠭᠤᠷᠪᠠᠨ ᠱᠤᠭᠤᠮ︾᠄ ︽ᠭᠤᠷᠪᠠᠨ ᠣᠷᠣᠨ︾ ᠭᠡᠳᠡᠭ ᠨᠢ ᠬᠤᠲᠠ ᠪᠠᠯᠭᠠᠰᠤ ᠶᠢᠨ | ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠵᠦᠢᠯ ᠤᠨ | ᠲᠥᠷᠥᠯ ᠬᠡᠯᠪᠡᠷᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠵᠢᠭᠠᠵᠤ ᠪᠣᠶ᠃ ︽ᠭᠤᠷᠪᠠᠨ ᠱᠤᠭᠤᠮ | ︾ ᠢ ᠲᠣᠰ ᠲᠣᠰ ᠬᠤᠲᠠ ᠪᠠᠯᠭᠠᠰᠤ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ | ᠵᠠᠶ ᠳᠤ ᠵᠠᠭᠠᠭᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ | ᠬᠢᠵᠠᠭᠠᠷᠯᠠᠬᠤ ᠱᠤᠭᠤᠮ ᠲᠠᠢ ᠵᠣᠬᠢᠴᠠᠭᠤᠯᠤᠨ᠎ᠠ᠃ | ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ᠄ ︽ᠭᠤᠷᠪᠠᠨ ᠠᠷᠪᠢᠨ︾ ᠭᠡᠳᠡᠭ ᠨᠢ ᠬᠤᠷᠠᠯ | ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ ᠭᠠᠷᠬᠤ ᠨᠢ ᠠᠷᠪᠢᠨ︔ ︽ᠭᠤᠷᠪᠠᠨ ᠴᠥᠭᠡᠨ︾ ᠭᠡᠳᠡᠭ ᠨᠢ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠶ | ᠠᠰᠠᠭᠤᠳᠠᠯ ᠢ ᠰᠢᠢᠳᠪᠦᠷᠢᠯᠡᠭᠰᠡᠨ ᠨᠢ ᠴᠥᠭᠡᠨ︔ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠤᠳᠤᠯᠭ᠎ᠠ | ᠲᠣᠭᠲᠠᠭᠠᠬᠤ ᠳᠠᠭᠠᠨ ᠤᠳᠠᠭᠠᠨ᠂ ᠠᠵᠢᠯᠯᠠᠭ᠎ᠠ ᠳᠠᠭᠠᠨ ᠤᠳᠠᠭᠠᠨ᠂ ᠦᠷ᠎ᠡ ᠳ᠋ᠦᠩ ᠳᠡᠭᠡᠨ ᠤᠳᠠᠭᠠᠨ ᠪᠠᠶᠢᠬᠤ ᠶᠢ | ᠬᠡᠯᠡᠵᠦ ᠪᠠᠶᠢᠨ᠎ᠠ᠃ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠠᠵᠤ ᠠᠬᠤᠶᠢᠯᠠᠯ᠄ ᠤᠯᠤᠰ ᠤᠨ ᠲᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠵᠢᠵᠢᠭ ᠠᠵᠤ ᠠᠬᠤᠶᠢᠯᠠᠯ᠃ | ᠤᠯᠤᠰ ᠤᠨ ᠳᠡᠭᠡᠳᠦ ᠰᠢᠨ᠎ᠡ ᠮᠡᠷᠭᠡᠵᠢᠯ᠄ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠃ | ᠨᠢᠭᠡ ᠲᠥᠪ ᠬᠤᠶᠠᠷ ᠲᠤᠰᠬᠠᠶ ᠠᠩᠭᠢ᠄ ᠬᠥᠭᠵᠢᠭᠦᠯᠦᠯᠲᠡ ᠶᠢᠨ ᠰᠤᠳᠤᠯᠭᠠᠨ ᠤ ᠲᠥᠪ᠂ ᠭᠤᠤᠯᠳᠠᠯᠭ᠎ᠠ ᠲᠠᠢ | ᠲᠥᠷᠥᠯ ᠵᠦᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ | ᠲᠤᠰᠬᠠᠶ ᠠᠩᠭᠢ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠣᠬᠢᠷᠠᠭᠤᠯᠤᠯᠲᠠ ᠶᠢᠨ ᠲᠤᠰᠬᠠᠶ | ᠠᠩᠭᠢ᠃ | ᠨᠡᠶᠢᠯᠡᠭᠦᠯᠦᠨ ᠬᠢᠨᠠᠨ ᠵᠥᠪᠰᠢᠶᠡᠷᠡᠬᠦ᠄ ᠬᠤᠶᠠᠷ ᠠᠴᠠ ᠳᠡᠭᠡᠭᠰᠢᠬᠢ ᠰᠠᠯᠠᠭ᠎ᠠ ᠮᠥᠴᠢᠷ ᠤᠨ ᠬᠠᠮᠲᠤᠪᠠᠷ ᠬᠢᠨᠠᠨ | ᠵᠥᠪᠰᠢᠶᠡᠷᠡᠵᠦ ᠭᠦᠢᠴᠡᠳᠬᠡᠬᠦ ᠳᠤ ᠬᠤᠯᠪᠣᠭᠳᠠᠬᠤ ᠵᠦᠢᠯᠡᠰ ᠲᠤ᠂ ᠨᠢᠭᠡ ᠲᠥᠪ ︵ᠰᠠᠯᠠᠭ᠎ᠠ ᠮᠥᠴᠢᠷ ᠪᠤᠶᠤ ᠴᠣᠩᠬᠤ | ︶ ᠠᠴᠠ ᠵᠣᠬᠢᠴᠠᠭᠤᠯᠬᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠡᠷᠭᠡᠪᠡᠷ ᠬᠢᠨᠠᠨ | ᠵᠥᠪᠰᠢᠶᠡᠷᠡᠵᠦ ᠭᠦᠢᠴᠡᠳᠬᠡᠬᠦ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠪᠤᠷ ᠢ ᠬᠡᠷᠡᠭᠵᠢᠭᠦᠯᠵᠦ᠂ ︽ᠨᠢᠭᠡ | ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠨᠢᠭᠡᠳᠦᠯᠲᠡᠶ ᠰᠦᠢᠳᠬᠡᠯ | ᠬᠤᠷᠢᠶᠠᠬᠤ᠂ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ ᠳᠠᠭᠤᠰᠬᠠᠬᠤ︾ ᠶᠢ ᠪᠡᠶᠡᠯᠡᠭᠦᠯᠦᠨ᠎ᠡ᠃ | ᠲᠠᠪᠤᠨ ᠵᠦᠢᠯ ᠤᠨ ᠬᠠᠮᠢᠶᠠᠷᠤᠯᠲᠠ᠄ ᠳᠠᠰᠬᠠᠯ᠂ ᠤᠨᠲᠠᠯᠭ᠎ᠠ᠂ ᠭᠠᠷ ᠤᠲᠠᠰᠤ᠂ ᠤᠩᠰᠢᠬᠤ ᠪᠢᠴᠢᠭ᠂ ᠪᠡᠶ᠎ᠡ | ᠮᠠᠬᠠᠪᠣᠳ ᠤᠨ ᠬᠠᠮᠢᠶᠠᠷᠤᠯᠲᠠ᠃ | ᠬᠤᠶᠠᠷ ᠢ ᠴᠣᠭᠴᠠᠯᠠᠬᠤ᠄ ᠨᠡᠩ ᠤᠯᠠᠨ ᠤᠯᠤᠰ ᠲᠦᠷᠦᠴᠢ ᠴᠢᠨᠠᠷ ᠢᠶᠠᠷ ᠴᠢᠩᠭ᠎ᠠ᠂ ᠠᠭᠤᠯᠤᠭᠳᠠᠬᠤᠨ ᠢᠶᠠᠷ | ᠪᠠᠶᠠᠯᠢᠭ᠂ ᠤᠳᠬ᠎ᠠ ᠠᠭᠤᠯᠭ᠎ᠠ ᠪᠠᠷ ᠵᠤᠵᠠᠭᠠᠨ᠂ ᠬᠦᠯᠢᠶᠡᠨ ᠠᠪᠬᠤ ᠬᠡᠮᠵᠢᠶ᠎ᠡ ᠪᠠᠷ ᠥᠨᠳᠥᠷ ᠳᠤᠮᠳᠠᠳᠤ ᠶᠢᠨ | ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠴᠣᠭᠴᠠᠯᠠᠵᠤ᠂ ᠨᠢᠭᠡ ᠪᠦᠯᠦᠭ | ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠲᠠᠢ᠂ ᠡᠯ᠎ᠡ ᠦᠨᠳᠦᠰᠦᠲᠡᠨ ᠤ ᠰᠣᠶᠣᠯ ᠤᠨ ᠰᠢᠮ᠎ᠡ ᠲᠡᠵᠢᠭᠡᠯ ᠢ | ᠰᠢᠩᠭᠡᠭᠡᠨ ᠠᠪᠤᠭᠰᠠᠨ᠂ ᠤᠳᠤ ᠦᠶ᠎ᠡ ᠶᠢᠨ ᠪᠣᠯᠪᠠᠰᠤᠨ ᠢ ᠠᠭᠤᠰᠤᠯᠴᠠᠭᠤᠯᠤᠭᠰᠠᠨ ᠨᠣᠮ ᠪᠢᠴᠢᠭ᠂ ᠲᠠᠶᠢᠰᠠᠨ ᠤ | ᠤᠷᠠᠯᠢᠭ ᠤᠨ ᠪᠦᠲᠦᠭᠡᠯ᠂ ᠺᠢᠨᠣ᠋ ᠲᠧᠯᠸᠢᠰ ᠤᠨ ᠪᠦᠲᠦᠭᠡᠯ᠂ ᠤᠷᠠᠨ ᠵᠢᠷᠤᠭ ᠤᠨ ᠪᠦᠲᠦᠭᠡᠯ ᠢ ᠴᠣᠭᠴᠠᠯᠠᠨ᠎ᠠ᠃ | ᠭᠤᠷᠪᠠᠨ ᠲᠣᠬᠢᠷᠠᠭᠤᠯᠤᠯᠲᠠ ᠶᠢ ᠬᠤᠯᠪᠣᠯᠳᠤᠭᠤᠯᠬᠤ᠄ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ | ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ ᠶᠢ ᠵᠣᠯᠭᠠᠭᠤᠯᠤᠨ ᠬᠤᠯᠪᠣᠯᠳᠤᠭᠤᠯᠬᠤ ᠠᠵᠢᠯ᠃ |