ᠳ᠋ᠠᠢ ᠹᠦ᠋ ᠶᠢᠩᠽᠢ ᠰᠢᠶᠠᠩ᠄ ᠨᠦᠢᠯ ᠪᠤᠭᠤᠳᠠᠢ ᠶᠢᠨ ᠠᠵᠤ ᠦᠢᠯᠡᠰ ᠢᠶᠠᠷ ᠠᠵᠠ ᠲᠣᠬᠢᠶᠠᠯ ᠪᠣᠯᠭᠠᠵᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠢᠨ᠎ᠡ ᠠᠶᠠᠰ ᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2023/3/8
      ᠣᠶᠢᠷ᠎ᠠ ᠳᠤ᠂ ᠳ᠋ᠠᠢ ᠹᠦ᠋ ᠶᠢᠩᠽᠢ ᠰᠢᠶᠠᠩ ᠬᠤᠷᠠᠯ ᠬᠢᠵᠦ᠂ ᠬᠤᠷᠠᠯ ᠳᠡᠭᠡᠷ᠎ᠡ᠂ ᠵᠥᠩ ᠯᠢ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ︵ᠪᠡᠭᠡᠵᠢᠩ︶ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠠᠴᠠ ᠨᠦᠢᠯ ᠪᠤᠭᠤᠳᠠᠢ ᠶᠢᠨ ᠠᠵᠤ ᠦᠢᠯᠡᠰ ᠤᠨ ᠬᠡᠲᠦ ᠶᠢᠨ ᠲᠥᠯᠥᠪ ᠪᠠ ᠬᠥᠭᠵᠢᠯᠲᠡ ᠶᠢᠨ ᠴᠢᠭᠯᠡᠯ ᠢ ᠰᠢᠰᠲ᠋ᠧᠮ ᠲᠠᠢ ᠲᠠᠨᠢᠯᠴᠠᠭᠤᠯᠪᠠ᠃ ᠳ᠋ᠠᠢ ᠹᠦ᠋ ᠶᠢᠩᠽᠢ ᠰᠢᠶᠠᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠭᠤᠷᠪᠠ ᠶᠢ ᠨᠢᠭᠡ  ᠴᠤᠭᠴᠠᠵᠢᠭᠤᠯᠬᠤ︾ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠢᠭᠡᠳᠦᠯᠲᠡᠢ ᠬᠤᠳᠠᠯᠳᠤᠨ ᠠᠪᠬᠤ᠂ ᠨᠦᠢᠯ ᠪᠤᠭᠤᠳᠠᠢ ᠶᠢᠨ ᠲᠦᠷᠦᠯ ᠵᠦᠢᠯ ᠤᠨ ᠲᠦᠷᠦ ᠶᠢᠨ ᠪᠤᠳᠤᠯᠭ᠎ᠠ᠂ ᠭᠠᠵᠠᠷ ᠰᠢᠷᠣᠢ ᠶᠢᠨ ᠪᠦᠬᠦ ᠶᠠᠪᠤᠴᠠ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠵᠡᠷᠭᠡ ᠭᠤᠷᠪᠠᠨ ᠲᠠᠯ᠎ᠠ ᠠᠴᠠ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ ᠶᠢᠨ ᠠᠵᠢᠯ ᠳᠤ ᠨᠠᠷᠢᠨ ᠲᠠᠶᠢᠯᠤᠮᠵᠢ ᠪᠠ ᠳᠤᠬᠢᠷᠠᠭᠤᠯᠤᠯᠲᠠ ᠬᠢᠪᠡ᠃      ᠬᠤᠷᠠᠯ ᠤᠨ ᠳᠠᠷᠠᠭ᠎ᠠ᠂ ᠳ᠋ᠠᠢ ᠹᠦ᠋ ᠶᠢᠩᠽᠢ ᠰᠢᠶᠠᠩ᠂ ᠲᠣᠰᠬᠤᠨ ᠤ ᠬᠤᠶᠠᠷ ᠱᠠᠲᠤᠨ ᠤ ᠺᠠᠳ᠋ᠷᠴᠤᠳ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠦᠳᠲᠡᠷ ᠲᠦᠷᠭᠡᠨ ᠬᠤᠷᠠᠯᠳᠤᠭᠤᠯᠬᠤ ᠶᠢᠨ ᠬᠠᠮᠲᠤ ᠡᠷᠦᠬᠡ ᠳᠤ ᠬᠦᠷᠴᠦ ᠭᠠᠵᠠᠷ ᠰᠢᠷᠣᠶ ᠶᠢᠨ ᠪᠥᠬᠦ ᠶᠠᠪᠤᠴᠠ ᠶᠢᠨ ᠨᠠᠶᠢᠳᠠᠨ ᠬᠠᠮᠢᠶᠠᠷᠤᠭᠤᠯᠬᠤ  ᠦᠢᠯᠡᠴᠢᠯᠡᠭᠡᠨ ᠤ ᠭᠡᠷ᠎ᠡ ᠲᠣᠭᠲᠠᠬᠤ ᠠᠵᠢᠯ ᠢ ᠥᠷᠨᠢᠭᠦᠯᠪᠡ᠃ 3 ᠰᠠᠷ᠎ᠠ ᠶᠢᠨ 6 ᠤ ᠡᠳᠦᠷ ᠪᠣᠯᠲᠠᠯ᠎ᠠ᠂ 500 ᠭᠠᠷᠤᠶ ᠡᠷᠦᠬᠡ ᠶᠢᠨ ᠭᠠᠵᠠᠷ ᠰᠢᠷᠣᠶ ᠶᠢᠨ ᠪᠥᠬᠦ ᠶᠠᠪᠤᠴᠠ ᠶᠢᠨ ᠨᠠᠶᠢᠳᠠᠯᠭ᠎ᠠ ᠪᠠᠷ ᠬᠠᠮᠢᠶᠠᠷᠬᠤ ᠭᠡᠷ᠎ᠡ ᠲᠣᠭᠲᠠᠵᠤ᠂ ᠭᠠᠵᠠᠷ ᠰᠢᠷᠣᠶ ᠶᠢᠨ ᠪᠥᠬᠦ ᠶᠠᠪᠤᠴᠠ ᠶᠢᠨ ᠨᠠᠶᠢᠳᠠᠯᠭ᠎ᠠ ᠪᠠᠷ ᠬᠠᠮᠢᠶᠠᠷᠬᠤ ᠦᠢᠯᠡᠴᠢᠯᠡᠭᠡᠨ ᠤ ᠲᠠᠯᠠᠪᠠᠶ ᠨᠢ ᠨᠡᠶᠢᠲᠡ 2 ᠲᠦᠮᠡᠨ ᠮᠥ ᠳᠤ ᠬᠦᠷᠪᠡ᠃      ᠳ᠋ᠠᠢ ᠹᠦ᠋ ᠶᠢᠩᠽᠢ ᠰᠢᠶᠠᠩ ᠨᠢᠭᠡᠨᠲᠡ ᠵᠥᠩ ᠯᠢ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ︵ᠪᠡᠭᠡᠵᠢᠩ︶ ᠤ ᠬᠢᠵᠠᠭᠠᠷᠲᠤ ᠺᠣᠮᠫᠠᠨᠢ ᠲᠠᠢ ᠬᠠᠮᠲᠤᠷᠠᠨ ᠠᠵᠢᠯᠯᠠᠵᠤ᠂ 2023 ᠣᠨ ᠳᠤ 5 ᠲᠦᠮᠡᠨ ᠮᠥ ᠨᠦᠢᠯ ᠪᠤᠭᠤᠳᠠᠢ ᠳᠠᠷᠢᠵᠤ᠂ ᠲᠠᠯᠠᠪᠠᠶ ᠨᠢ ᠪᠥᠬᠦ ᠰᠢᠶᠠᠩ ᠤᠨ ᠬᠠᠭᠤᠷᠠᠶ ᠲᠠᠷᠢᠶᠠᠨ ᠤ ᠶᠡᠷᠦᠩᠬᠡᠶ ᠲᠠᠯᠠᠪᠠᠶ ᠶᠢᠨ 1/2 ᠢ ᠡᠵᠡᠯᠡᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号