ᠴᠢᠳᠬᠤᠯᠠᠩ ᠪᠠᠯᠭᠠᠰᠤᠨ ᠤ ᠭᠦ᠋ ᠱᠠᠨ ᠽᠢ ᠲᠣᠰᠬᠤᠨ᠄ ᠢᠳᠡᠰᠢᠨ ᠨᠣᠭᠤᠭ᠎ᠠ ᠶᠢᠨ ᠬᠦᠯᠡᠮᠵᠢ ᠠᠴᠠ ᠰᠠᠶᠢᠨ ᠰᠠᠶᠢᠬᠠᠨ ᠠᠮᠢᠳᠤᠷᠠᠯ  ︽ᠤᠷᠭᠤᠨ᠎ᠠ︾
ᠨᠡᠶᠢᠲᠡᠯᠡᠭᠰᠡᠨ ᠴᠠᠭ᠄
2023/3/8
      ᠤᠢᠢᠷ᠎ᠠ ᠶᠢᠨ ᠵᠢᠯ ᠠᠴᠠ᠂ ᠴᠢᠳᠬᠤᠯᠠᠩ ᠪᠠᠯᠭᠠᠰᠤ ᠶᠢᠨ ᠭᠦ᠋ ᠱᠠᠨ ᠽᠢ ᠲᠣᠰᠬᠤᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠦᠷᠭᠦᠯᠵᠢᠯᠡᠨ ᠠᠬᠢᠭᠤᠯᠵᠤ᠂ ᠲᠦᠬᠦᠭᠡᠷᠦᠮᠵᠢᠲᠦ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠲᠠᠷᠢᠶᠠᠴᠢᠳ ᠢ ᠬᠦᠳᠦᠯᠦᠨ ᠵᠢᠯᠣᠭᠤᠳᠴᠤ ᠪᠠᠶᠢᠭᠠᠳ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ᠂ ᠴᠢᠨᠠᠷ ᠰᠠᠶᠢᠲᠠᠢ ᠢᠳᠡᠰᠢᠨ ᠨᠣᠭᠤᠭ᠎ᠠ ᠪᠠ ᠵᠢᠮᠢᠰ ᠳᠠᠷᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃      ᠤᠢᠢᠷ᠎ᠠ ᠶᠢᠨ ᠵᠢᠯ ᠠᠴᠠ᠂ ᠭᠦ᠋ ᠱᠠᠨ ᠽᠢ ᠲᠣᠰᠬᠤᠨ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠡᠷᠴᠢᠮᠵᠢᠭᠦᠯᠬᠦ ᠶᠢ ᠪᠠᠷᠢᠮᠲᠠᠯᠠᠵᠤ ᠪᠡᠯᠡᠳᠭᠡᠮᠵᠢᠳᠤ ᠲᠠᠷᠢᠶᠠᠯᠠᠩ ᠢ ᠢᠳᠡᠪᠬᠢᠲᠡᠢ ᠬᠥᠭᠵᠢᠭᠦᠯᠪᠡ᠂ ᠡᠭᠦᠨ ᠳᠤ᠂ ᠭᠦ᠋ ᠱᠠᠨ ᠽᠢ ᠶᠢᠨ ᠶᠠᠳᠠᠭᠤ ᠶᠢ ᠲᠡᠳᠬᠦᠬᠦ ᠬᠦᠢᠳᠡᠨ ᠬᠦᠯᠡᠮᠵᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ 82.62 ᠮᠦ ᠪᠠᠶᠢᠭᠤᠯᠵᠤ᠂ 43 ᠰᠠᠭᠤᠷᠢ ᠬᠦᠢᠳᠡᠨ ᠬᠦᠯᠡᠮᠵᠢ ᠶᠢ ᠬᠦᠭᠵᠢᠭᠦᠯᠪᠡ᠃ ᠬᠦᠯᠡᠮᠵᠢ  ᠳᠤ ᠭᠤᠣᠯᠳᠠᠭᠤ ᠤᠯᠠᠷᠢᠯ ᠤᠨ ᠲᠥᠪᠡᠳ ᠬᠠᠰᠢ ᠶᠢ ᠲᠠᠷᠢᠵᠤ᠂ ᠵᠢᠯ ᠳᠤ ᠨᠢᠭᠡ ᠤᠯᠠᠷᠢᠯ ᠳᠤ ᠲᠠᠷᠢᠵᠤ᠂ ᠵᠢᠯ ᠳᠤ 15 ᠲᠦᠮᠡᠨ ᠵᠢᠩ ᠣᠷᠴᠢᠮ ᠲᠥᠪᠡᠳ ᠬᠠᠰᠢ ᠶᠢᠨ ᠭᠠᠷᠤᠯᠲᠠ ᠲᠠᠢ᠃ ᠤᠶᠤᠨᠲᠤ ᠪᠣᠬᠢᠷᠲᠤᠯ ᠥᠬᠡᠶ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠢ 1115 ᠮᠥ ᠪᠥᠲᠥᠭᠡᠨ ᠪᠠᠶᠢᠭᠤᠯᠵᠤ᠂ 212 ᠳᠤᠯᠠᠭᠠᠨ ᠬᠦᠯᠡᠮᠵᠢ ᠪᠥᠲᠥᠭᠡᠨ ᠪᠠᠶᠢᠭᠤᠯᠵᠤ᠂ ᠵᠢᠯ ᠳᠤ 200 ᠲᠣᠨ ᠣᠷᠴᠢᠮ ᠡᠯ᠎ᠡ ᠲᠥᠷᠥᠯ ᠤᠨ ᠢᠳᠡᠰᠢᠨ ᠨᠣᠭᠤᠭ᠎ᠠ ᠵᠢᠮᠢᠰ ᠦᠢᠯᠡᠳᠪᠦᠷᠢᠯᠡᠨ᠎ᠡ᠃ ᠲᠦᠷᠦ ᠶᠢᠨ ᠪᠤᠳᠤᠯᠭ᠎ᠠ ᠪᠠᠷ ᠲᠡᠳᠬᠦᠨ ᠳᠡᠮᠵᠢᠬᠦ ᠶᠢ ᠴᠢᠩᠭᠠᠳᠬᠠᠬᠤ᠂ ᠰᠢᠨ᠎ᠡ ᠲᠦᠷᠦᠯ ᠵᠦᠢᠯ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ ᠳᠡᠯᠭᠡᠷᠡᠭᠦᠯᠬᠦ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ᠠᠷᠠᠳ ︽ᠵᠣᠭᠤᠰᠣᠨ ᠴᠦᠩᠬᠦ︾ ᠪᠠᠨ ᠳᠦᠭᠦᠷᠭᠡᠵᠦ᠂ ᠲᠦᠬᠦᠭᠡᠷᠦᠮᠵᠢᠲᠦ ᠲᠠᠷᠢᠶᠠᠯᠠᠩ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠠᠮ ᠢ ᠨᠡᠭᠡᠭᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号