ᠰᠠᠶᠢᠨ ᠳᠤᠷ᠎ᠠ ᠶᠢᠨ ᠦᠢᠯᠡᠴᠢᠯᠡᠭᠡ ᠶᠢ ᠬᠥᠬᠢᠭᠦᠯᠦᠨ ᠰᠠᠶᠢᠰᠢᠶᠠᠵᠤ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ︽ᠨᠡᠶᠢᠲᠡ ᠶᠢᠨ ᠠᠰᠠᠷᠠᠮᠵᠢ ᠶᠢᠨ ᠴᠤᠭᠯᠠᠭᠠᠨ︾  ᠢ ᠡᠬᠢᠯᠡᠭᠦᠯᠵᠦ᠂ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠬᠦᠷᠲᠡᠨ᠎ᠡ
ᠨᠡᠶᠢᠲᠡᠯᠡᠭᠰᠡᠨ ᠴᠠᠭ᠄
2023/3/8
      3 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠵᠢᠴᠢ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠷ᠎ᠠ ᠶᠢᠨ ᠡᠬᠢᠯᠡᠯᠲᠡ ᠶᠢᠨ ᠶᠣᠰᠣᠯᠠᠯ ᠰᠦᠩᠪᠸᠢ ᠶᠢᠨ ᠶᠡᠷᠦᠩᠬᠡᠶᠢᠯᠡᠭᠰᠡᠨ ᠲᠠᠯᠠᠪᠠᠶ ᠣᠷᠳᠣᠨ ᠳᠤ ᠶᠠᠪᠤᠭᠳᠠᠪᠠ᠃      ᠶᠣᠰᠣᠯᠠᠯ ᠳᠡᠭᠡᠷ᠎ᠡ᠂ ᠭᠤᠣᠯᠯᠠᠨ ᠡᠷᠬᠢᠯᠡᠭᠰᠡᠨ ᠨᠢᠭᠡᠴᠡ ᠠᠴᠠ 40 ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠴᠢ᠂ 10 ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠢᠴᠢ 4 ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮ ᠲᠣᠭᠤᠷᠢᠭ᠂ ᠲᠣᠰᠬᠤᠨ ᠢ ᠬᠥᠬᠢᠭᠦᠯᠦᠨ ᠰᠠᠶᠢᠰᠢᠶᠠᠵᠤ᠂ ᠲᠡᠳᠡᠨ ᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠭᠦᠢᠴᠡᠳ ᠨᠤᠲᠠᠯᠠᠪᠠ᠃ ᠢᠷᠠᠭᠤ ᠠᠯᠳᠠᠷ ᠢᠶᠠᠨ ᠨᠠᠨᠳᠢᠩᠨᠠᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠠᠩ ᠴᠤᠭ ᠪᠠᠳᠠᠷᠠᠩᠭᠤᠶ ᠳᠦᠷᠢ ᠲᠥᠷᠬᠦ ᠪᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠲᠤ ᠣᠷᠣᠯᠴᠠᠨ᠎ᠠ ᠭᠡᠵᠦ ᠬᠥᠬᠢᠭᠦᠯᠦᠭᠳᠡᠨ ᠰᠠᠶᠢᠰᠢᠶᠠᠭᠳᠠᠭᠰᠠᠳ ᠠᠴᠠ ᠢᠯᠡᠳᠬᠡᠵᠡᠭᠡᠪᠡ᠃      ᠬᠥᠬᠢᠭᠦᠯᠦᠨ ᠰᠠᠶᠢᠰᠢᠶᠠᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠰᠢᠶᠠᠩ ᠶᠠᠩ ᠵᠡᠭᠡᠯᠢ ᠭᠤᠳᠤᠮᠵᠢ ᠶᠢᠨ ᠠᠨ ᠵᠢᠦᠢ ᠠᠭᠤᠳᠠᠮ ᠲᠠᠯᠠᠪᠠᠢ ᠶᠢᠨ ︽ᠨᠡᠶᠢᠲᠡ ᠶᠢᠨ ᠠᠰᠠᠷᠠᠮᠵᠢ ᠶᠢᠨ ᠴᠤᠭᠯᠠᠭᠠᠨ︾ ᠵᠢᠩᠬᠢᠨᠢ ᠪᠠᠷ ᠡᠬᠢᠯᠡᠪᠡ᠃ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ︽ᠳᠡᠯᠭᠡᠭᠡ ᠮᠠᠶᠢᠮᠠᠶ︾ ᠠᠴᠠ ᠡᠮᠦᠨ᠎ᠡ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠵᠢᠴᠢ ᠰᠠᠶᠢᠨ ᠳᠤᠷ᠎ᠠ ᠶᠢᠨ ᠠᠵᠢᠯᠯᠠᠭᠴᠢ ᠨᠠᠷ ᠰᠠᠭᠤᠭᠠᠯᠢ ᠠᠷᠠᠳ ᠲᠤ ᠴᠢᠰᠤᠨ ᠳᠠᠷᠤᠯᠲᠠ᠂ ᠴᠢᠰᠤᠨ ᠰᠢᠬᠢᠷ᠂ ᠦᠰᠦ ᠵᠠᠰᠠᠬᠤ᠂ ᠬᠢᠲᠠᠳ ᠡᠮᠨᠡᠯᠭᠡ ᠶᠢᠨ ᠹᠢᠽᠢᠺ ᠵᠠᠰᠠᠯ ᠤᠨ ᠵᠡᠭᠦᠤ ᠲᠥᠭᠡᠨᠡᠯᠭᠡ᠂ ᠰᠡᠳᠬᠢᠴᠡ ᠶᠢᠨ ᠵᠢᠯᠣᠭᠤᠳᠣᠯᠭ᠎ᠠ᠂ ᠭᠠᠷ ᠤᠷᠠᠯᠠᠯ ᠤᠨ ᠨᠡᠬᠡᠮᠡᠯ ᠤᠨ ᠤᠷ᠎ᠠ ᠮᠡᠷᠭᠡᠵᠢᠯ ᠵᠡᠷᠭᠡ ᠶᠢ ᠵᠢᠭᠠᠵᠤ ᠦᠭᠪᠡ︔ ᠡᠭᠦᠨ ᠤ ᠬᠠᠮᠲᠤ ᠬᠤᠳᠠ ᠪᠠᠶᠢᠭᠤᠯᠬᠤ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠰᠠᠭᠤᠭᠠᠯᠢ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠪᠣᠯᠪᠠᠰᠤᠨ ᠬᠤᠳᠠ ᠶᠢ ᠬᠠᠮᠲᠤ ᠪᠠᠷ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠭᠤᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号