3 ᠰᠠᠷ᠎ᠠ ᠶᠢᠨ 7 ᠤ ᠡᠳᠦᠷ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ | ᠣᠷᠳᠣᠨ ᠠᠴᠠ ᠭᠤᠤᠯᠯᠠᠨ ᠡᠷᠭᠢᠯᠡᠵᠦ᠂ ᠲᠣᠭᠤᠷᠢᠭ ᠤᠨ ᠮᠥᠩᠭᠦᠨ ᠭᠦᠢᠯᠭᠡᠭᠡ ᠪᠠᠯᠠ ᠣᠷᠣᠭᠤᠯᠤᠯᠲᠠ ᠶᠢ | ᠠᠬᠢᠭᠤᠯᠬᠤ ᠲᠣᠪᠴᠢᠶ᠎ᠠ ᠠᠴᠠ ᠳᠠᠭᠠᠭᠠᠨ ᠡᠷᠭᠢᠯᠡᠭᠰᠡᠨ ︽ᠮᠥᠩᠭᠦᠨ ᠭᠦᠢᠯᠭᠡᠭᠡᠨ ᠠᠴᠠ ᠴᠢᠳᠠᠪᠤᠷᠢ ᠣᠯᠭᠤᠵᠤ · | ᠬᠥᠭᠵᠢᠯᠲᠡ ᠶᠢ ᠬᠠᠮᠲᠤ ᠪᠠᠷ ᠠᠬᠢᠭᠤᠯᠬᠤ︾ 2023 ᠣᠨ ᠤ ᠰᠦᠩᠱᠠᠨ ᠲᠣᠭᠤᠷᠢᠭ ᠤᠨ ᠵᠠᠰᠠᠭ ᠪᠠᠩᠬᠢ ᠠᠵᠤ | ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠰᠦᠩᠱᠠᠨ ᠲᠣᠭᠤᠷᠢᠭ ᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ | ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠤᠳᠤᠷᠢᠳᠤᠯᠭ᠎ᠠ ᠯᠢᠶᠠᠩ ᠮᠢᠩ ᠽᠧ | ᠵᠣᠯᠭᠠᠭᠤᠯᠬᠤ ᠠᠵᠢᠯᠯᠠᠭ᠎ᠠ ᠶᠢ ᠡᠷᠬᠢᠯᠡᠪᠡ᠃ ᠬᠤᠲᠠ᠂ ᠲᠣᠭᠤᠷᠢᠭ ᠤᠨ ᠬᠤᠶᠠᠷ ᠱᠠᠲᠤᠨ ᠤ 13 ᠮᠥᠩᠭᠦᠨ | ᠭᠦᠢᠯᠭᠡᠭᠡᠨ ᠤ ᠪᠠᠶᠢᠭᠤᠯᠤᠮᠵᠢ᠂ 4 ᠳᠠᠭᠠᠳᠬᠠᠯ ᠤᠨ ᠪᠠᠶᠢᠭᠤᠯᠤᠮᠵᠢ ᠪᠠ 60 ᠠᠵᠤ ᠠᠬᠤᠶᠢᠯᠠᠯ ᠤᠨ | ᠬᠠᠷᠢᠭᠤᠴᠠᠯᠭᠠᠲᠠᠨ ᠪᠠ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠠᠵᠢᠯᠯᠠᠭ᠎ᠠ ᠳᠤ ᠤᠷᠤᠯᠴᠠᠪᠠ᠃ | | | | ᠵᠦᠩ ᠴᠢᠩ ᠰᠦᠩ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ | ᠡᠮᠦᠨ᠎ᠡ ᠠᠴᠠ ᠤᠷᠳᠤ ᠬᠤᠭᠤᠴᠠᠭᠠᠨ ᠤ ᠲᠤᠷᠰᠢ ᠰᠦᠩᠱᠠᠨ ᠲᠣᠭᠤᠷᠢᠭ ᠤᠨ ᠬᠥᠭᠵᠢᠯᠲᠡ ᠳᠤ ᠬᠦᠴᠦᠲᠡᠢ ᠳᠡᠮᠵᠢᠯᠭᠡ | ᠦᠵᠡᠭᠦᠯᠦᠭᠰᠡᠨ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠪᠡ᠃ ᠲᠡᠷᠡ᠂ ᠰᠦᠩᠱᠠᠨ ᠲᠣᠭᠤᠷᠢᠭ ᠨᠢ ᠭᠤᠣᠯ ᠬᠤᠳᠠ ᠶᠢᠨ ᠲᠣᠭᠤᠷᠢᠭ ᠲᠤ ᠪᠠᠶᠢᠷᠢᠯᠠᠵᠤ᠂ ᠣᠷᠣᠨ | ᠪᠠᠶᠢᠷᠢ ᠶᠢᠨ ᠳᠠᠪᠠᠭᠤᠯᠢᠭ ᠢᠶᠠᠷ ᠢᠯᠡᠷᠬᠡᠢ᠂ ᠬᠥᠭᠵᠢᠯᠲᠡ ᠶᠢᠨ ᠡᠯᠧᠮᠧᠨ᠋ᠲ ᠪᠦᠷᠢᠨ᠂ ᠡᠬᠢ ᠪᠠᠶᠠᠯᠢᠭ ᠤᠨ | ᠳᠠᠪᠠᠭᠤᠯᠢᠭ ᠢᠶᠠᠷ ᠪᠠᠶᠠᠯᠢᠭ᠂ ᠡᠵᠡᠩᠨᠡᠯᠲᠡ ᠶᠢᠨ ᠣᠷᠴᠢᠨ ᠲᠣᠭᠤᠷᠢᠨ ᠰᠠᠶᠢᠨ᠂ ᠬᠥᠭᠵᠢᠯᠲᠡ ᠶᠢᠨ ᠠᠵᠠ ᠲᠣᠬᠢᠶᠠᠯ | ᠳᠠᠪᠬᠤᠴᠠᠵᠤ᠂ ᠢᠷᠡᠭᠡᠳᠦᠢ ᠭᠡᠭᠡᠨ ᠰᠠᠷᠠᠭᠤᠯ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠦᠩᠱᠠᠨ ᠲᠣᠭᠤᠷᠢᠭ ︽ | ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠲᠠᠢ ᠨᠢᠭᠲᠠ ᠤᠶᠠᠯᠳᠤᠭᠤᠯᠵᠤ᠂ ︽ᠲᠥᠪ︾ ᠤᠨ | ᠳᠠᠪᠠᠭᠤᠯᠢᠭ ᠢᠶᠠᠨ ᠶᠡᠬᠡᠰᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠦᠬᠦ | ᠬᠦᠴᠦᠨ ᠢᠶᠠᠷ ᠢᠶᠠᠨ ᠪᠠᠶᠢᠭᠤᠯᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠭᠦᠨᠵᠡᠭᠡᠢ ᠠᠬᠢᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ | ᠴᠢᠩᠭᠠᠳᠬᠠᠵᠤ᠂ ᠣᠷᠣᠨ ᠪᠦᠰᠡ ᠶᠢᠨ ᠲᠥᠪ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ | ᠣᠷᠣᠨ ᠢ ᠪᠠᠶᠢᠭᠤᠯᠤᠨ᠎ᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠦᠩᠱᠠᠨ ᠲᠣᠭᠤᠷᠢᠭ ᠤᠨ | ᠬᠥᠭᠵᠢᠯᠲᠡ ᠶᠢᠨ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠨᠡᠮᠡᠭᠳᠡᠭᠦᠯᠵᠦ᠂ ᠰᠦᠩᠱᠠᠨ ᠲᠣᠭᠤᠷᠢᠭ ᠤᠨ ᠴᠢᠬᠤᠯᠠ | ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠠᠵᠤ ᠦᠢᠯᠡᠰ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠮᠥᠩᠭᠦᠨ | ᠭᠦᠢᠯᠭᠡᠭᠡᠨ ᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠶᠠᠪᠤᠴᠠ ᠶᠢ | ᠰᠢᠯᠢᠳᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠶᠢᠨ ︽ᠴᠢᠰᠤ ᠪᠦᠲᠦᠭᠡᠬᠦ︾᠂ ︽ᠴᠢᠰᠤ | ᠨᠥᠬᠦᠪᠥᠷᠢᠯᠡᠬᠦ︾ ᠴᠢᠳᠠᠪᠬᠢ ᠶᠢ ᠨᠡᠩ ᠰᠠᠶᠢᠲᠤᠷ ᠪᠠᠳᠠᠷᠠᠭᠤᠯᠵᠤ᠂ ᠰᠦᠩᠱᠠᠨ ᠲᠣᠭᠤᠷᠢᠭ ᠤᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠵᠤ᠂ ᠵᠠᠰᠠᠭ ᠪᠠᠩᠬᠢ | ᠠᠵᠤ ᠠᠬᠤᠶᠢᠯᠠᠯ ᠭᠠᠷ ᠬᠤᠯᠪᠣᠨ ᠰᠦᠩᠱᠠᠨ ᠤ ᠬᠥᠭᠵᠢᠯᠲᠡ ᠶᠢᠨ ᠰᠢᠨ᠎ᠡ ᠵᠢᠱᠢᠶ᠎ᠡ᠂ ᠰᠢᠨ᠎ᠡ ᠵᠠᠭᠪᠤᠷ ᠢ | ᠴᠤᠭᠴᠠᠯᠠᠬᠤ ᠶᠢ ᠬᠦᠰᠡᠶ᠎ᠡ᠃ | ᠵᠦᠩ ᠴᠢᠩ ᠰᠦᠩ ᠴᠢᠬᠤᠯᠠᠴᠢᠯᠠᠭᠰᠠᠨ ᠨᠢ᠂ ᠵᠠᠰᠠᠭ ᠪᠠᠩᠬᠢ ᠠᠵᠤ ᠠᠬᠤᠶᠢᠯᠠᠯ ᠤᠨ ᠰᠣᠯᠢᠯᠴᠠᠭ᠎ᠠ | ᠬᠠᠮᠲᠤᠷᠠᠯᠴᠠᠭ᠎ᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠵᠣᠯᠭᠠᠭᠤᠯᠵᠤ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠦᠷ᠎ᠡ ᠪᠦᠲᠦᠮᠵᠢ ᠶᠢ ᠴᠢᠩᠭᠠᠳᠬᠠᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ | ᠬᠠᠮᠵᠢᠯᠴᠠᠵᠤ᠂ ᠵᠣᠯᠭᠠᠯᠴᠠᠭ᠎ᠠ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠥᠷᠭᠡᠳᠬᠡᠵᠦ᠂ ᠪᠦᠬᠦ | ᠲᠣᠭᠤᠷᠢᠭ ᠤᠨ ᠪᠡᠯᠡ ᠣᠷᠣᠭᠤᠯᠤᠯᠲᠠ ᠶᠢᠨ ᠲᠦᠷᠢᠮ ᠲᠣᠭᠲᠠᠭᠠᠯ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠬᠦᠴᠦᠯᠡᠨ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠳ ᠦᠨᠡᠨᠴᠢ ᠢᠲᠡᠭᠡᠮᠵᠢᠲᠡᠶ ᠪᠠᠷ ᠦᠨᠳᠦᠰᠦ ᠪᠣᠯᠭᠠᠨ᠂ | ᠳᠡᠮᠵᠢᠯᠭᠡ ᠤᠯᠬᠤ ᠪᠠᠷ ᠴᠢᠷᠮᠠᠶᠢᠵᠤ᠂ ᠳᠣᠲᠣᠷ ᠲᠠᠮᠢᠷ ᠢᠶᠠᠨ ᠴᠢᠷᠮᠠᠶᠢᠨ ᠰᠠᠶᠢᠲᠤᠷ ᠪᠣᠯᠪᠠᠰᠤᠷᠠᠭᠤᠯᠵᠤ᠂ | ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠵᠣᠯᠭᠠᠭᠤᠯᠵᠤ᠂ ᠢᠲᠡᠭᠡᠯ ᠬᠦᠨᠳᠦ ᠪᠠ | ᠪᠣᠳᠠᠲᠤ ᠬᠦᠴᠦᠨ ᠢᠶᠠᠷ ᠢᠶᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠡᠮᠵᠢᠯᠭᠡ ᠶᠢ ᠤᠯᠬᠤ ᠬᠡᠷᠡᠭᠲᠡᠶ᠃ | ᠤᠯᠠᠨ ᠢᠶᠠᠷ ᠢᠶᠠᠨ ᠬᠥᠭᠵᠢᠯᠲᠡ ᠪᠠᠨ ᠲᠦᠷᠭᠡᠳᠬᠡᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠲᠤᠰ ᠤᠳᠠᠭ᠎ᠠ ᠶᠢᠨ | ᠵᠣᠯᠭᠠᠯᠴᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠤᠯᠤᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠵᠠᠮ | ᠨᠡᠭᠡᠭᠡᠨ ᠰᠢᠨ᠎ᠡ ᠶᠢ ᠡᠭᠦᠳᠴᠦ᠂ ᠪᠦᠬᠦ ᠲᠠᠯ᠎ᠠ ᠶᠢᠨ᠂ ᠤᠷᠳᠤ ᠬᠤᠭᠤᠴᠠᠭᠠᠨ ᠤ᠂ ᠲᠣᠭᠲᠠᠭᠤᠨ ᠬᠠᠮᠲᠤᠷᠠᠯᠴᠠᠭᠠᠨ ᠤ | ᠬᠠᠷᠢᠴᠠᠭ᠎ᠠ ᠶᠢ ᠪᠠᠶᠢᠭᠤᠯᠵᠤ᠂ ᠬᠠᠷᠢᠯᠴᠠᠨ ᠠᠬᠢᠭᠤᠯᠬᠤ᠂ ᠬᠠᠮᠲᠤᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠤᠢ | ᠪᠣᠯᠭᠠᠵᠤ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠶᠢ ᠬᠦᠰᠡᠵᠦ ᠪᠠᠶᠢᠨ᠎ᠠ᠃ | ᠵᠣᠯᠭᠠᠭᠤᠯᠬᠤ ᠬᠤᠷᠠᠯ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠫᠧᠩ ᠹᠸᠢ᠂ ᠲᠣᠭᠤᠷᠢᠭ ᠤᠨ ᠳᠡᠳ᠋ ᠳᠠᠷᠤᠭ᠎ᠠ ᠯᠢ | ᠰᠢᠶᠠᠨ ᠹᠦ᠋᠂ ᠴᠧᠨ ᠶᠠᠨ ᠶᠦᠩ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ | ᠭᠤᠤᠯᠳᠠᠯᠭ᠎ᠠ ᠲᠠᠢ ᠲᠥᠷᠥᠯ ᠵᠦᠢᠯ ᠢᠶᠠᠨ ᠲᠠᠨᠢᠯᠴᠠᠭᠤᠯᠪᠠ︔ 12 ᠠᠵᠤ ᠠᠬᠤᠶᠢᠯᠠᠯ ᠤᠨ ᠲᠥᠯᠥᠭᠡᠯᠡᠭᠴᠢ | ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠠᠵᠢᠯᠯᠠᠭᠠᠨ ᠪᠠ ᠲᠥᠷᠥᠯ ᠵᠦᠢᠯ ᠢ ᠥᠷᠨᠢᠭᠦᠯᠵᠦ ᠪᠠᠶᠢᠭ᠎ᠠ | ᠪᠠᠶᠢᠳᠠᠯ ᠢ ᠲᠠᠨᠢᠯᠴᠠᠭᠤᠯᠪᠠ︔ ᠲᠣᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠠᠳᠠᠯᠢ ᠪᠤᠰᠤ ᠠᠵᠢᠯ ᠲᠥᠷᠥᠯ ᠤᠨ ᠲᠥᠷᠥᠯ ᠢᠯᠭᠠᠯ ᠢᠶᠠᠷ ᠪᠥᠬᠦ ᠲᠣᠭᠤᠷᠢᠭ ᠤᠨ | ᠭᠤᠤᠯᠳᠠᠯᠭ᠎ᠠ ᠲᠠᠢ ᠲᠥᠷᠥᠯ ᠵᠦᠢᠯ ᠢ ᠲᠣᠰ ᠲᠣᠰ ᠲᠠᠨᠢᠯᠴᠠᠭᠤᠯᠪᠠ︔ 7 ᠪᠠᠩᠬᠢ ᠶᠢᠨ ᠪᠠᠶᠢᠭᠤᠯᠤᠮᠵᠢ ᠶᠢᠨ | ᠬᠠᠷᠢᠭᠤᠴᠠᠯᠭᠠᠲᠠᠨ ᠠᠵᠤ ᠠᠬᠤᠶᠢᠯᠠᠯ ᠪᠣᠯᠤᠨ ᠰᠠᠯᠠᠭ᠎ᠠ ᠮᠥᠴᠢᠷ ᠤᠨ ᠪᠡᠯᠡ ᠮᠥᠩᠭᠦᠨ ᠤ ᠬᠡᠷᠡᠭᠴᠡᠭᠡ ᠳᠤ | ᠣᠪᠣᠷ ᠢᠶᠠᠨ ᠢᠯᠡᠳᠬᠡᠭᠰᠡᠨ ᠪᠥᠭᠡᠳ ᠬᠠᠷᠢᠭᠤᠯᠲᠠ ᠥᠭᠭᠦᠭᠰᠡᠨ ᠪᠠᠶᠢᠨ᠎ᠠ᠃ | ᠦᠳᠡ ᠶᠢᠨ ᠬᠤᠶᠢᠨ᠎ᠠ᠂ ᠠᠵᠤ ᠠᠬᠤᠶᠢᠯᠠᠯᠲᠠᠳ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠷᠢᠭᠤᠴᠠᠯᠭᠠᠲᠠᠨ ᠲᠠᠢ ᠲᠤᠬᠠᠶᠢᠯᠠᠭᠰᠠᠨ ᠠᠵᠢᠯ ᠤᠨ ᠵᠣᠯᠭᠠᠯᠴᠠᠭ᠎ᠠ ᠬᠢᠵᠦ᠂ ᠡᠯ᠎ᠡ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠢ 40 ᠲᠦᠷᠦᠯ ᠵᠦᠢᠯ ︵ᠠᠵᠤ ᠠᠬᠤᠶᠢᠯᠠᠯ︶ ᠲᠠᠢ ᠬᠠᠮᠲᠤᠷᠠᠯᠴᠠᠭᠠᠨ ᠤ ᠰᠠᠨᠠᠮᠵᠢ ᠲᠠᠢ ᠪᠤᠯᠵᠤ᠂ | ᠶᠡᠷᠦᠩᠬᠡᠢ ᠵᠣᠭᠤᠰᠣᠨ ᠲᠤᠭ᠎ᠠ ᠨᠢ 39.05 ᠳ᠋ᠦᠩᠰᠢᠭᠤᠷ ᠲᠥᠭᠦᠷᠢᠭ ᠲᠤ ᠬᠦᠷᠴᠦ᠂ ᠰᠦᠩᠱᠠᠨ ᠤ ᠪᠦᠳᠦᠭᠡᠨ | ᠪᠠᠶᠢᠭᠤᠯᠤᠯᠲᠠ ᠶᠢ ᠲᠦᠷᠭᠡᠳᠬᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ |