3 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠲᠢᠶᠠᠨ ᠴᠧᠨ | ᠭᠤᠸᠠᠩ ᠰᠦᠩᠱᠠᠨ ᠲᠣᠭᠤᠷᠢᠭ ᠲᠤ ᠢᠷᠡᠵᠦ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ | ᠬᠢᠨᠠᠨ ᠵᠢᠯᠣᠭᠤᠳᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠵᠠᠰᠠᠭ ᠤᠨ | ᠣᠷᠳᠣᠨ ᠤ ᠳᠠᠷᠤᠭ᠎ᠠ ᠵᠥᠩ ᠴᠢᠩ ᠰᠥᠩ ᠪᠠᠷ᠎ᠠ ᠪᠣᠯᠵᠣ ᠬᠢᠨᠠᠨ ᠵᠢᠯᠣᠭᠤᠳᠪᠠ᠃ | ᠲᠢᠶᠠᠨ ᠴᠧᠨ ᠭᠤᠸᠠᠩ ᠤᠷᠢᠳ ᠬᠤᠵᠢᠳ ᠰᠦᠩᠱᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠤᠨ ᠰᠢᠨ᠎ᠡ ᠪᠠᠭᠤᠷᠢ ᠶᠢᠨ ᠲᠦᠷᠦᠯ ᠵᠦᠢᠯ ᠤᠨ ᠲᠣᠭᠤᠷᠢᠭ᠂ ᠳ᠋ᠠ ᠲᠠᠩ ︵ᠤᠯᠠᠭᠠᠨᠬᠠᠳᠠ︶ | ᠤᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠬᠤᠯᠠ ᠵᠠᠮ ᠤᠨ ᠮᠠᠰᠢᠨ ᠲᠡᠷᠭᠡᠨ ᠤ | ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ | ᠪᠦᠯᠦᠭᠯᠡᠯ ᠤᠨ ᠪᠠᠶᠠᠨᠬᠤᠸᠠ ᠨᠡᠭᠦᠷᠡᠰᠦ ᠴᠠᠬᠢᠯᠭᠠᠨ ᠤᠯᠠᠭᠠᠨᠬᠠᠳᠠ ᠶᠢᠨ ᠰᠢᠨ᠎ᠡ ᠬᠤᠳᠠ ᠶᠢᠨ ᠢᠯᠴᠢ ᠶᠢᠨ | ᠴᠠᠬᠢᠯᠭᠠᠨ ᠤ ᠬᠤᠪᠢᠶᠠᠷᠢ ᠺᠣᠮᠫᠠᠨᠢ᠂ ᠤᠯᠤᠰ ᠤᠨ ᠡᠨᠧᠷᠭᠢ ᠶᠢᠨ ᠬᠠᠮᠲᠤᠷᠠᠭᠰᠠᠨ ᠬᠥᠳᠡᠯᠭᠡᠬᠦ ᠬᠦᠴᠦᠨ ᠤ ᠮᠡᠷᠭᠡᠵᠢᠯ ︵ | ᠤᠯᠠᠭᠠᠨᠬᠠᠳᠠ︶ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠰᠢᠨ᠎ᠡ ᠬᠤᠳᠠ ᠶᠢᠨ ᠹᠦ᠋ ᠯᠦᠩ ᠬᠤᠭᠤᠯᠠᠢ ᠶᠢᠨ | ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠪᠡ᠃ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ | ᠠᠬᠤᠶᠢᠯᠠᠯ ᠤᠨ ᠲᠦᠭᠰᠢᠭᠦᠷᠢ ᠶᠢ ᠰᠡᠷᠭᠡᠶᠢᠯᠡᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠵᠡᠷᠭᠡ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠨᠠᠷᠢᠨ ᠤᠶᠢᠯᠠᠭᠠᠪᠠ᠃ | ᠲᠢᠶᠠᠨ ᠴᠧᠨ ᠭᠤᠸᠠᠩ ᠵᠢᠭᠠᠵᠤ ᠭᠠᠷᠭᠠᠭᠰᠠᠨ ᠨᠢ᠂ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ | ᠪᠤᠶᠠᠨ ᠵᠢᠷᠭᠠᠯ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ | ᠬᠤᠯᠪᠣᠭᠳᠠᠨ᠎ᠠ᠂ ᠡᠷᠬᠡᠪᠰᠢ ᠪᠣᠯᠭᠤᠮᠵᠢᠲᠠᠢ ᠠᠴᠠ ᠪᠣᠯᠭᠤᠮᠵᠢᠲᠠᠢ ᠪᠠᠶᠢᠵᠤ᠂ ᠴᠢᠩᠭ᠎ᠠ ᠠᠴᠠ ᠴᠢᠩᠭ᠎ᠠ ᠠᠶᠤᠯᠭᠦᠢ | ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠬᠤᠯᠪᠣᠭᠳᠠᠯ ᠪᠦᠬᠦᠢ ᠬᠦᠨᠳᠦ ᠣᠨᠴᠠ ᠶᠡᠭᠡ | ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠴᠠᠭ ᠢᠮᠠᠭᠲᠠ ᠰᠡᠷᠭᠡᠭ ᠲᠠᠨᠢᠯᠲᠠ ᠲᠠᠢ ᠪᠠᠶᠢᠵᠤ᠂ ᠳᠡᠭᠡᠳᠦ | ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ | ᠰᠡᠳᠬᠢᠴᠡ ᠶᠢ ᠡᠷᠡᠰ ᠲᠠᠶᠠᠭᠳᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ | ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ | ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢ ᠪᠦᠬᠦ ᠲᠠᠯ᠎ᠠ ᠪᠠᠷ ᠥᠷᠨᠢᠭᠦᠯᠵᠦ᠂ | ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠭᠠᠯ ᠤᠨᠲᠠᠷᠠᠭᠠᠬᠤ᠂ ᠠᠶᠤᠯᠲᠠᠢ ᠬᠢᠮᠢ ᠶᠢᠨ ᠪᠣᠳᠠᠰ᠂ | ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭ᠎ᠠ ᠶᠢ ᠲᠤᠪᠤᠶᠢᠮ᠎ᠠ ᠰᠠᠶᠢᠲᠤᠷ ᠠᠳᠬᠤᠵᠤ᠂ ᠵᠢᠵᠢᠭ ᠦᠢᠯᠡᠳᠬᠡᠯ᠂ ᠪᠤᠶᠢᠳᠠ | ᠪᠥᠭᠯᠡᠭᠦᠦ ᠭᠠᠵᠠᠷ ᠣᠷᠣᠨ ᠵᠡᠷᠭᠡ ᠪᠠᠯᠠᠢ ᠭᠠᠵᠠᠷ ᠣᠷᠣᠨ ᠢ ᠴᠢᠩᠭ᠎ᠠ ᠠᠩᠬᠠᠷᠴᠤ᠂ ᠭᠡᠮ ᠰᠣᠭᠤᠭ ᠢ ᠨᠡᠶᠢᠳᠡᠮ | ᠪᠠᠶᠢᠴᠠᠭᠠᠬᠤ ᠶᠢ ᠪᠦᠷᠬᠦᠬᠦᠯᠵᠦ᠂ ᠥᠨᠴᠥᠭ ᠪᠤᠯᠤᠩ ᠦᠭᠡᠢ ᠪᠠᠶᠢᠯᠭᠠᠬᠤ ᠬᠡᠷᠡᠭᠲᠡᠢ᠃ ᠡᠯ᠎ᠡ ᠠᠵᠤ ᠠᠬᠤᠶᠢᠯᠠᠯ ᠨᠢ | ᠠᠶᠤᠯᠭᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠶᠠᠪᠤᠴᠠ ᠶᠢᠨ | ᠬᠠᠮᠢᠶᠠᠷᠤᠯᠲᠠ ᠪᠠᠨ ᠴᠢᠩᠭᠠᠳᠬᠠᠨ᠂ ᠳᠠᠯᠳᠠ ᠬᠡᠮ ᠢ ᠥᠪᠡᠰᠦᠪᠡᠨ ᠪᠠᠶᠢᠴᠠᠭᠠᠬᠤ᠂ ᠬᠥᠮᠦᠵᠢᠭᠦᠯᠦᠨ | ᠪᠣᠯᠪᠠᠰᠤᠷᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ | ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠪᠠᠷᠢᠯ ᠢ ᠲᠠᠰ ᠳᠡᠪᠰᠢᠭᠦᠯᠦᠨ ᠲᠡᠭᠦᠯᠳᠡᠷᠵᠢᠭᠦᠯᠵᠦ᠂ ᠠᠮᠤᠷ ᠲᠦᠪᠰᠢᠨ ᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠤᠨ | ᠬᠤᠷᠢᠭ᠎ᠠ ᠱᠤᠭᠤᠮ ᠤᠨ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠶ᠃ | ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠶᠠᠪᠤᠴᠠ ᠳᠤ᠂ ᠲᠢᠶᠠᠨ ᠴᠧᠨ ᠭᠤᠸᠠᠩ ᠪᠠᠰᠠ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠯᠠᠭᠠᠨ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ | ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠢᠶᠠᠨ ᠴᠧᠨ ᠭᠤᠸᠠᠩ ᠴᠢᠬᠤᠯᠠᠴᠢᠯᠠᠭᠰᠠᠨ ᠨᠢ᠂ ᠠᠵᠤ | ᠠᠬᠤᠶᠢᠯᠠᠯ ᠢ ᠶᠡᠭᠡ ᠪᠠᠷ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠡᠯ᠎ᠡ ᠱᠠᠲᠤᠨ ᠤ ᠠᠵᠤ ᠠᠬᠤᠶᠢᠯᠠᠯ ᠳᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠪᠢ ᠠᠵᠤ ᠠᠬᠤᠶᠢᠯᠠᠯ ᠳᠤ | ᠵᠠᠬ᠎ᠠ ᠳᠡᠯᠭᠡᠭᠦᠷ ᠡᠷᠢᠵᠦ ᠥᠭᠬᠦ︾ ᠠᠵᠢᠯ ᠢ ᠰᠠᠶᠢᠲᠤᠷ ᠥᠷᠨᠢᠭᠦᠯᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠬᠤᠷᠳᠤᠴᠠ ᠶᠢ ᠲᠦᠷᠭᠡᠳᠬᠡᠵᠦ᠂ ᠡᠮᠦᠨᠡᠬᠢ ᠬᠤᠭᠤᠴᠠᠭᠠᠨ ᠤ ᠠᠵᠢᠯ ᠢ ᠤᠷᠤᠭᠰᠢ ᠠᠬᠢᠭᠤᠯᠵᠤ᠂ ᠪᠦᠲᠦᠭᠡᠨ | ᠪᠠᠶᠢᠭᠤᠯᠬᠤ ᠠᠵᠢᠯ ᠤᠨ ᠬᠤᠭᠤᠴᠠᠭ᠎ᠠ ᠶᠢ ᠤᠷᠤᠭᠰᠢ ᠬᠥᠭᠵᠢᠭᠦᠯᠵᠦ᠂ ᠪᠦᠲᠦᠭᠡᠨ ᠪᠠᠶᠢᠭᠤᠯᠬᠤ ᠲᠦᠷᠦᠯ ᠵᠦᠢᠯ ᠢ | ᠲᠦᠷᠭᠡᠨ ᠬᠡᠷᠡᠭᠵᠢᠭᠦᠯᠬᠦ᠂ ᠲᠦᠷᠭᠡᠨ ᠪᠠᠶᠢᠭᠤᠯᠬᠤ᠂ ᠲᠦᠷᠭᠡᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ | ᠬᠡᠷᠡᠭᠲᠡᠶ᠃ | ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠵᠥᠩ ᠴᠢᠩ ᠰᠥᠩ ᠲᠡᠷᠡ ᠳᠠᠷᠤᠶ ᠳᠤᠨᠢ | ᠤᠯᠠᠭᠠᠨᠬᠠᠳᠠ ᠶᠢᠨ ᠰᠢᠨ᠎ᠡ ᠬᠤᠲᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ᠂ ᠳ᠋ᠥᠸᠧ ᠧᠨ ᠨᠠᠶᠢᠳᠠᠨ | ᠬᠠᠮᠢᠶᠠᠷᠤᠭᠤᠯᠬᠤ ᠲᠥᠪ ᠵᠡᠷᠭᠡ ᠭᠠᠵᠠᠷ ᠲᠤ ᠬᠦᠷᠴᠦ᠂ ᠰᠤᠷᠭᠠᠭᠤᠯᠢ ᠪᠠ ᠲᠤᠰᠬᠤ ᠠᠩᠭᠢ ᠶᠢᠨ ᠣᠷᠴᠢᠨ | ᠠᠬᠤᠶ ᠶᠢᠨ ᠠᠮᠤᠷ ᠲᠦᠪᠰᠢᠨ ᠪᠠ ᠢᠳᠡᠭᠡᠨ ᠤ ᠠᠮᠤᠷ ᠲᠦᠪᠰᠢᠨ ᠢ ᠪᠠᠶᠢᠴᠠᠭᠠᠨ ᠰᠤᠳᠤᠯᠵᠤ ᠬᠢᠨᠠᠨ | ᠵᠢᠯᠣᠭᠤᠳᠬᠤ ᠶᠢᠨ ᠬᠠᠮᠲᠤ ᠬᠤᠯᠪᠣᠭᠳᠠᠯ ᠪᠥᠬᠦᠶ ᠠᠵᠢᠯ ᠳᠤ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃ | ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠬᠤᠸᠠ ᠶᠠᠨ ᠬᠢᠨᠠᠨ ᠵᠢᠯᠣᠭᠤᠳᠬᠤ ᠳᠤ ᠣᠷᠣᠯᠴᠠᠪᠠ᠃ | |