ᠹᠦ᠋ ᠴᠢᠶᠠᠩ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠤᠳᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/3/8
      3 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠦ᠋ ᠴᠢᠶᠠᠩ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠤᠳᠤᠯᠤᠨ ᠵᠢᠯᠣᠭᠤᠳᠪᠠ᠃      ᠹᠦ᠋ ᠴᠢᠶᠠᠩ ᠨᠠᠷ ᠤᠷᠢᠳ ᠬᠤᠵᠢᠳ ᠰᠦᠩᠵᠸᠤ ᠵᠡᠭᠡᠯᠢ ᠭᠤᠳᠤᠮᠵᠢ ᠶᠢᠨ ᠬᠤᠸᠠᠩ ᠶᠢᠨ ᠰᠠᠭᠤᠭᠠᠯᠢ ᠲᠣᠭᠤᠷᠢᠭ᠂ ᠰᠢᠶᠠᠩ ᠶᠠᠩ ᠵᠡᠭᠡᠯᠢ ᠭᠤᠳᠤᠮᠵᠢ ᠶᠢᠨ ᠽᠠᠢ ᠱᠦᠢ ᠢ ᠹᠠᠩ ᠰᠠᠭᠤᠭᠠᠯᠢ ᠲᠣᠭᠤᠷᠢᠭ᠂  ᠵᠧᠨ ᠰᠢᠩ ᠵᠡᠭᠡᠯᠢ ᠭᠤᠳᠤᠮᠵᠢ ᠶᠢᠨ ᠬᠤᠩᠱᠠᠨ ᠤᠰᠤᠨ ᠴᠥᠭᠦᠷᠥᠮ ᠤᠨ ᠰᠠᠭᠤᠭᠠᠯᠢ ᠲᠣᠭᠤᠷᠢᠭ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠬᠤᠳᠠ ᠶᠢ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠵᠢᠴᠢ ᠬᠤᠳᠠ ᠶᠢ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ᠂ ᠬᠦᠴᠢᠷᠳᠡᠯ ᠪᠣᠯᠤᠨ ᠨᠡᠶᠢᠲᠡᠯᠢᠭ ᠲᠤᠷᠰᠢᠯᠭ᠎ᠠ ᠶᠢ ᠨᠠᠷᠢᠨ ᠣᠶᠢᠯᠠᠭᠠᠬᠤ ᠶᠢᠨ ᠬᠠᠮᠲᠤ ᠵᠢᠯᠣᠭᠤᠳᠬᠤ ᠴᠢᠨᠠᠷᠲᠠᠢ ᠰᠠᠨᠠᠯ ᠳᠤᠷᠠᠳᠪᠠ᠃      ᠹᠦ᠋ ᠴᠢᠶᠠᠩ ᠵᠢᠭᠠᠵᠤ ᠭᠠᠷᠭᠠᠭᠰᠠᠨ ᠨᠢ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ ᠪᠣᠯᠬᠤᠷ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠬᠤᠲᠠ ᠪᠠᠶᠢᠭᠤᠯᠬᠤ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠢ  ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ ᠨᠢᠭᠡᠳᠬᠡᠵᠦ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂  ᠬᠠᠷᠢᠯᠴᠠᠨ ᠬᠠᠮᠵᠢᠯᠴᠠᠵᠤ᠂ ᠬᠤᠲᠠ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠪᠠᠷᠢᠮᠵᠢᠶ᠎ᠠ ᠬᠦᠰᠦᠨᠦᠭᠲᠦ ᠪᠠᠷ ᠬᠤᠲᠠ ᠪᠠᠶᠢᠭᠤᠯᠬᠤ ᠶᠢ ᠰᠢᠯᠭᠠᠨ ᠦᠨᠡᠯᠡᠬᠦ ᠰᠢᠰᠲ᠋ᠧᠮᠵᠢ ᠲᠠᠢ ᠬᠠᠷᠭᠤᠭᠤᠯᠵᠤ᠂ ᠡᠭᠦᠷᠭᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠷᠢᠨ ᠲᠣᠭᠲᠠᠭᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠬᠠᠮᠢᠶ᠎ᠠ ᠪᠥᠬᠦᠶ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠲᠦᠷᠭᠡᠨ ᠠᠬᠢᠭᠤᠯᠬᠤ ᠬᠡᠷᠡᠭᠲᠡᠶ᠃      ᠹᠦ᠋ ᠴᠢᠶᠠᠩ ᠴᠢᠬᠤᠯᠠᠴᠢᠯᠠᠬᠤ ᠳᠠᠭᠠᠨ᠂ ᠬᠤᠲᠠ ᠪᠠᠶᠢᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠭᠤᠤᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ ᠪᠠᠷ ᠠᠵᠢᠯᠯᠠᠵᠤ᠂ ᠰᠢᠨ᠎ᠡ ᠪᠠᠶᠢᠳᠠᠯ ᠤᠨ ᠳᠣᠤᠷᠠᠬᠢ ᠬᠤᠲᠠ ᠪᠠᠶᠢᠭᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠶ᠃ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠤᠯᠠᠨ ᠲᠦᠮᠡᠨ ᠤ ᠥᠪᠡᠷᠲᠡᠭᠡᠨ ᠵᠠᠰᠠᠵᠤ ᠬᠠᠮᠲᠤᠪᠠᠷ ᠬᠠᠮᠢᠶᠠᠷᠬᠤ ᠶᠢ ᠬᠦᠳᠦᠯᠦᠨ ᠵᠢᠯᠣᠭᠤᠳᠴᠤ᠂ ᠰᠠᠭᠤᠭᠠᠯᠢ ᠠᠷᠠᠳ ᠤᠨ ᠲᠣᠭᠤᠷᠢᠭ ᠤᠨ ᠬᠤᠶᠢᠰᠢᠳᠠ ᠶᠢᠨ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠬᠤᠲᠠ ᠪᠠᠶᠢᠭᠤᠯᠬᠤ ᠠᠵᠢᠯ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠬᠤᠲᠠ ᠪᠠᠶᠢᠭᠤᠯᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号