︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠢᠷᠢᠰ ᠰᠤᠷᠪᠤᠯᠵᠢᠯᠠᠭ᠎ᠠ᠄ ᠰᠦᠩᠱᠠᠨ ᠲᠣᠭᠤᠷᠢᠭ ᠤᠨ ᠡᠪᠯᠡᠯ ᠤᠨ ᠬᠤᠷᠢᠶ᠎ᠠ ᠵᠠᠯᠠᠭᠤᠴᠤᠳ ᠲᠤ ᠦᠢᠯᠡᠴᠢᠯᠡᠬᠦ ᠠᠵᠢᠯ ᠤᠨ ᠭᠤᠣᠯ ᠬᠦᠭ ᠠᠶᠠᠰ ᠢ ᠴᠢᠩᠭ᠎ᠠ ᠡᠵᠡᠮᠳᠡᠨ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠬᠥᠭᠵᠢᠯᠲᠡ ᠶᠢᠨ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2023/3/8
      ᠡᠨᠡ ᠵᠢᠯ ᠤᠨ ᠰᠦᠩᠱᠠᠨ ᠲᠣᠭᠤᠷᠢᠭ ᠤᠨ ︽ᠬᠤᠶᠠᠷ ᠬᠤᠷᠠᠯ︾ ᠨᠢ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠶᠡᠷᠦᠩᠬᠡᠶ ᠪᠠᠶᠢᠷᠢᠯᠠᠭᠤᠯᠤᠯᠲᠠ ᠬᠢᠪᠡ᠂ ᠡᠯ᠎ᠡ ᠭᠠᠵᠠᠷ ᠤᠨ ᠬᠢᠨ ᠬᠡᠷᠬᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠦᠨᠡᠨ ᠪᠣᠳᠠᠲᠠᠶ ᠵᠠᠮ ᠱᠤᠭᠤᠮ ᠤᠨ ᠵᠢᠷᠤᠭ ᠪᠣᠯᠭᠠᠵᠤ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠢᠶᠠᠨ ᠪᠠᠶᠢᠷᠢᠰᠢᠭᠤᠯᠵᠤ ᠪᠠᠶᠢᠬᠤ ᠪᠤᠯ︖ ᠥᠨᠥᠳᠦᠷ ᠤᠨ ︽︿ᠬᠤᠶᠠᠷ ᠬᠤᠷᠠᠯ﹀ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠢᠷᠢᠰ ᠰᠤᠷᠪᠤᠯᠵᠢᠯᠠᠭ᠎ᠠ︾ ᠳᠤ᠂ ᠪᠢᠳᠡ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢ ᠲᠤᠰᠬᠠᠶᠢᠯᠠᠨ ᠰᠤᠷᠪᠤᠯᠵᠢᠯᠠᠪᠠ᠃
E:\20210708蒙古文网站工作\蒙古文网站工作\赤峰市松山区人民政府文件翻译\2微信公众号\2023年\71贯彻落实“两会”精神系列访谈丨 松山区团委紧扣服务青年工作主旋律 奋力谱写新时代青年发展事业新篇章\20b5bbfa3f79d218050f05d002a6151c.png     
      ᠬᠥᠲᠥᠯᠥᠭᠴᠢ ᠯᠢᠦ ᠫᠢᠨ ᠢ᠄ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠰᠦᠩᠱᠠᠨ ᠲᠣᠭᠤᠷᠢᠭ ᠤᠨ ᠬᠢᠨ ᠦᠢᠯᠡᠳᠪᠦᠷᠢᠯᠡᠯ ᠪᠠ ᠰᠤᠷᠭᠠᠨ ᠬᠥᠮᠦᠵᠢᠯ ᠤᠨ ᠠᠭᠤᠰᠤᠯᠴᠠᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠣᠯᠭᠤᠯᠲᠠ ᠶᠢᠨ ᠬᠡᠷᠡᠭᠴᠡᠭᠡ ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠲᠠᠪᠴᠠᠩ ᠪᠠᠶᠢᠭᠤᠯᠤᠨ ᠰᠤᠷᠭᠠᠭᠤᠯᠢ ᠪᠠ ᠠᠵᠤ ᠠᠬᠤᠶᠢᠯᠠᠯ ᠤᠨ ᠴᠢᠳᠠᠪᠤᠷᠢᠲᠠᠨ ᠤ ᠬᠦᠷᠭᠡᠯᠲᠡ ᠶᠢ ᠪᠦᠲᠦᠮᠵᠢᠲᠡᠶ ᠵᠣᠯᠭᠠᠭᠤᠯᠬᠤ ᠪᠣᠯᠤᠨ᠎ᠠ᠃ ᠡᠨᠡ ᠲᠠᠯ᠎ᠠ ᠶᠢᠨ ᠠᠵᠢᠯ ᠤᠨ ᠳᠤᠮᠳᠠ ᠡᠪᠯᠡᠯ ᠤᠨ ᠬᠤᠷᠢᠶ᠎ᠠ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ︖      ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠬᠤᠷᠢᠶ᠎ᠠ ᠶᠢᠨ ᠱᠦᠵᠢ ᠵᠦ ᠮᠢᠩ᠄ ᠵᠠᠯᠠᠭᠤᠴᠤᠳ ᠤᠨ ᠠᠵᠢᠯ ᠤᠯᠬᠤ ᠦᠢᠯᠡᠰ ᠪᠤᠰᠬᠠᠬᠤ ᠳᠤ ᠦᠢᠯᠡᠴᠢᠯᠡᠬᠦ ᠪᠣᠯ ᠡᠪᠯᠡᠯ ᠤᠨ ᠲᠣᠭᠤᠷᠢᠭ ᠤᠨ ᠬᠤᠷᠢᠶ᠎ᠠ ᠶᠢᠨ ᠭᠤᠣᠯᠳᠠᠯᠭ᠎ᠠ ᠲᠠᠢ ᠠᠵᠢᠯ ᠤᠨ ᠨᠢᠭᠡ ᠪᠣᠯᠤᠨ᠎ᠠ᠂ ᠮᠥᠨᠴᠦ ᠵᠠᠯᠠᠭᠤᠴᠤᠳ ᠤᠨ ᠠᠩᠬᠠᠷᠤᠯ ᠢ ᠲᠠᠲᠠᠭᠰᠠᠨ ᠬᠠᠯᠠᠮᠰᠢᠯ ᠠᠰᠠᠭᠤᠳᠠᠯ ᠪᠣᠯᠤᠨ᠎ᠠ᠃ ᠰᠢᠨ᠎ᠡ ᠨᠢᠭᠡᠨ ᠵᠢᠯ ᠳᠤ᠂ ᠲᠣᠭᠤᠷᠢᠭ ᠤᠨ ᠡᠪᠯᠡᠯ ᠤᠨ ᠬᠤᠷᠢᠶ᠎ᠠ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠨᠢᠭᠡ ᠲᠠᠯ᠎ᠠ ᠪᠠᠷ ᠨᠤᠲᠤᠭ ᠲᠠᠭᠠᠨ ᠪᠤᠴᠠᠭᠰᠠᠨ ᠤᠶᠤᠲᠠᠳ ᠪᠠ ᠠᠵᠢᠯ ᠬᠦᠯᠢᠶᠡᠵᠦ ᠪᠠᠶᠢᠭ᠎ᠠ ᠵᠠᠯᠠᠭᠤᠴᠤᠳ ᠤᠨ ᠳᠠᠳᠤᠯᠭ᠎ᠠ᠂ ᠠᠵᠢᠯ ᠣᠯᠭᠤᠯᠲᠠ᠂ ᠠᠳᠠᠯ ᠦᠢᠯᠡᠰ ᠴᠣᠭᠴᠠᠯᠠᠬᠤ ᠲᠠᠯ᠎ᠠ ᠪᠠᠷ ᠨᠠᠩ ᠣᠯᠠᠨ ᠰᠣᠩᠭᠤᠯᠲᠠ ᠪᠠ ᠬᠠᠪᠰᠤᠷᠤᠯᠭ᠎ᠠ ᠶᠢ ᠤᠯᠭᠤᠵᠤ᠂ ᠨᠥᠭᠦᠭᠡ ᠲᠠᠯ᠎ᠠ ᠪᠠᠷ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠷᠢᠯᠴᠠᠭ᠎ᠠ ᠥᠷᠭᠡᠨ ᠪᠠᠶᠢᠳᠠᠭ ᠳᠠᠪᠠᠭᠤᠯᠢᠭ ᠢ ᠪᠠᠳᠠᠷᠠᠭᠤᠯᠵᠤ᠂ ᠬᠠᠷᠢᠶ᠎ᠠ ᠭᠠᠵᠠᠷ ᠤᠨ ᠳᠡᠭᠡᠳᠦ ᠰᠤᠷᠭᠠᠭᠤᠯᠢ ᠪᠠ ᠬᠥᠮᠦᠨ ᠬᠡᠷᠡᠭᠯᠡᠬᠦ ᠠᠵᠤ ᠠᠬᠤᠶᠢᠯᠠᠯ ᠯᠤᠭ᠎ᠠ ᠶᠢᠨ ᠪᠦᠲᠦᠮᠵᠢᠲᠡᠶ ᠵᠣᠯᠭᠠᠯᠴᠠᠭ᠎ᠠ ᠶᠢ ᠴᠢᠩᠭᠠᠳᠬᠠᠨ᠂ ᠮᠠᠨ ᠤ ᠲᠣᠭᠤᠷᠢᠭ ᠤᠨ ᠰᠤᠷᠭᠠᠭᠤᠯᠢ ᠠᠵᠤ ᠠᠬᠤᠶᠢᠯᠠᠯ ᠤᠨ ᠴᠢᠳᠠᠪᠤᠷᠢᠲᠠᠨ ᠤ ᠲᠠᠪᠴᠠᠩ ᠢ ᠪᠠᠶᠢᠭᠤᠯᠬᠤ ᠪᠠ ᠦᠢᠯᠡᠳᠦᠯ ᠢ ᠪᠠᠳᠠᠷᠠᠭᠤᠯᠬᠤ ᠳᠤ ᠬᠦᠴᠦᠨ ᠨᠡᠮᠡᠷᠢᠯᠡᠨ᠎ᠡ᠃ ᠨᠠᠮ ᠵᠠᠰᠠᠭ ᠤᠨ ᠭᠤᠣᠯᠳᠠᠯᠭ᠎ᠠ ᠶᠢᠨ ᠲᠣᠭᠤᠷᠢᠨ ᠳᠤ ᠰᠦᠩᠱᠠᠨ ᠤ ᠶᠡᠭᠡ ᠲᠠᠯ᠎ᠠ ᠳᠤ ᠦᠢᠯᠡᠴᠢᠯᠡᠬᠦ ᠶᠢ ᠪᠡᠶᠡᠯᠡᠭᠦᠯᠦᠨ᠎ᠡ᠃      ᠬᠥᠲᠥᠯᠥᠭᠴᠢ ᠯᠢᠦ ᠫᠢᠨ ᠢ᠄ ᠬᠤᠲᠠ ᠪᠠᠶᠢᠭᠤᠯᠬᠤ ᠠᠵᠢᠯ ᠤᠨ ᠳᠤᠮᠳᠠ᠂ ᠡᠪᠯᠡᠯ ᠤᠨ ᠬᠤᠷᠢᠶ᠎ᠠ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠢᠳᠡᠪᠬᠢᠲᠡᠶ ᠣᠷᠣᠯᠴᠠᠭᠤᠯᠤᠭᠰᠠᠨ ᠨᠢ ᠲᠣᠰ ᠠᠵᠢᠯ ᠳᠤ ᠮᠠᠰᠢ ᠴᠢᠬᠤᠯᠠ  ᠦᠢᠯᠡᠳᠦᠯ ᠦᠵᠡᠭᠦᠯᠦᠭᠰᠡᠨ ᠪᠠᠶᠢᠨ᠎ᠠ᠃ ᠰᠢᠨ᠎ᠡ ᠨᠢᠭᠡᠨ ᠵᠢᠯ ᠳᠤ ᠡᠪᠯᠡᠯ ᠤᠨ ᠬᠤᠷᠢᠶ᠎ᠠ ᠪᠠᠰᠠ ᠤᠷᠢᠶᠠᠯᠠᠭ᠎ᠠ ᠶᠢᠨ ᠦᠢᠯᠡᠳᠦᠯ ᠢᠶᠠᠨ ᠬᠡᠷᠬᠢᠨ ᠦᠷᠭᠦᠯᠵᠢᠯᠡᠨ ᠪᠠᠳᠠᠷᠠᠭᠤᠯᠵᠤ᠂ ᠨᠡᠩ ᠤᠯᠠᠨ ᠵᠠᠯᠠᠭᠤᠴᠤᠳ ᠤᠨ ᠬᠦᠴᠦᠨ ᠢ ᠪᠣᠯᠪᠠᠰᠤᠨ ᠬᠤᠳᠠ ᠶᠢᠨ ᠪᠦᠳᠦᠭᠡᠨ ᠪᠠᠶᠢᠭᠤᠯᠤᠯᠲᠠ ᠳᠤ ᠣᠷᠣᠯᠴᠠᠭᠤᠯᠬᠤ ᠪᠤᠢ︖      ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠬᠤᠷᠢᠶ᠎ᠠ ᠶᠢᠨ ᠱᠦᠵᠢ ᠵᠦ ᠮᠢᠩ᠄ ᠨᠢᠭᠡ ᠳᠤ᠂ ᠵᠣᠬᠢᠶᠠᠨ ᠪᠠᠶᠢᠭᠤᠯᠤᠯᠴᠠᠭᠰᠠᠨ ᠲᠠᠶᠢᠴᠢᠯᠠᠯᠳᠠ ᠬᠢᠵᠦ᠂ ᠭᠤᠣᠯ ᠬᠤᠳᠠ ᠶᠢᠨ ᠲᠣᠭᠤᠷᠢᠭ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠪᠠᠷ ᠥᠷᠭᠡᠨ᠂ ᠨᠢᠭᠲᠠᠴᠠ ᠪᠠᠷ ᠶᠡᠭᠡ ᠪᠠᠶᠢᠬᠤ ᠠᠰᠢᠭᠲᠠᠢ ᠨᠥᠬᠦᠴᠡᠯ ᠳᠤ ᠲᠦᠰᠢᠭᠯᠡᠵᠦ᠂ ᠲᠣᠭᠤᠷᠢᠭ᠂ ᠪᠠᠯᠭᠠᠰᠤ ᠵᠡᠭᠡᠯᠢ᠂ ᠲᠣᠰᠬᠤᠨ ᠨᠡᠶᠢᠭᠡᠮ ᠲᠣᠭᠤᠷᠢᠭ ᠭᠤᠷᠪᠠᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠬᠤᠯᠪᠣᠭᠠᠯᠠᠨ ᠬᠥᠳᠡᠯᠦᠯᠴᠡᠵᠦ ᠬᠠᠮᠵᠢᠯᠴᠠᠨ᠎ᠠ ᠃ ᠡᠪᠯᠡᠯ ᠤᠨ ᠭᠡᠰᠢᠭᠦᠨ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠵᠠᠯᠠᠭᠤᠴᠤᠳ ᠢᠳᠡᠪᠬᠢᠲᠡᠢ ᠣᠷᠣᠯᠴᠠᠵᠤ᠂ ᠵᠠᠯᠠᠭᠤᠴᠤᠳ ᠪᠠᠭᠠᠴᠤᠳ ᠣᠷᠣᠯᠴᠠᠬᠤ ᠶᠢ ᠵᠤᠷᠢᠭᠵᠢᠭᠤᠯᠬᠤ ᠶᠢ ᠱᠠᠭᠠᠷᠳᠠᠨ᠎ᠠ᠃ ᠬᠤᠶᠠᠷ ᠲᠤ ᠨᠡᠶᠢᠭᠡᠮᠴᠢᠯᠡᠨ ᠡᠯᠰᠡᠵᠦ᠂ ᠰᠦᠩᠱᠠᠨ ᠲᠣᠭᠤᠷᠢᠭ ᠤᠨ ᠵᠠᠯᠠᠭᠤᠴᠤᠳ ᠤᠨ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠵᠡᠷᠭᠡ ᠵᠠᠯᠠᠭᠤᠴᠤᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠡᠯ᠎ᠡ ᠠᠵᠢᠯ ᠲᠥᠷᠥᠯ ᠤᠨ ᠵᠠᠯᠠᠭᠤᠴᠤᠳ ᠤᠨ ᠳᠤᠮᠳᠠ ᠥᠷᠭᠡᠨ ᠢᠶᠠᠷ ᠤᠷᠢᠶᠠᠯᠠᠨ᠎ᠠ᠃ ᠬᠢᠴᠢᠶᠡᠯ ᠤᠨ ᠴᠢᠯᠥᠭᠡ᠂ ᠠᠵᠢᠯ ᠤᠨ ᠴᠢᠯᠥᠭᠡ ᠪᠠᠷ ᠢᠶᠠᠨ ᠵᠠᠯᠠᠭᠤᠴᠤᠳ ᠢ ᠵᠣᠬᠢᠶᠠᠨ ᠪᠠᠶᠢᠭᠤᠯᠵᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠳᠤ ᠣᠷᠣᠯᠴᠠᠭᠤᠯᠤᠨ᠎ᠠ᠃ ᠭᠤᠷᠪᠠ ᠳᠤ᠂ ᠵᠠᠭᠤᠴᠢᠯᠠᠭᠤᠷ ᠤᠨ ᠤᠬᠠᠭᠤᠯᠭ᠎ᠠ ᠶᠢ ᠴᠢᠩᠭᠠᠳᠬᠠᠵᠤ᠂ ᠡᠪᠯᠡᠯ ᠤᠨ ᠬᠠᠷᠢᠶ᠎ᠠ ᠰᠢᠨ᠎ᠡ ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠲᠣᠭᠤᠷᠢᠭ ᠤᠨ ᠥᠷᠭᠡᠨ ᠤᠯᠠᠨ ᠵᠠᠯᠠᠭᠤᠴᠤᠳ ᠲᠤ ᠬᠤᠳᠠ ᠶᠢ ᠡᠭᠦᠳᠦᠨ ᠪᠠᠶᠢᠭᠤᠯᠬᠤ ᠰᠠᠨᠠᠭᠠᠴᠢᠯᠠᠭ᠎ᠠ ᠶᠢ ᠦᠷᠭᠦᠯᠵᠢᠯᠡᠨ ᠬᠦᠷᠭᠡᠵᠦ᠂ ᠰᠦᠩᠱᠠᠨ ᠤ ᠵᠠᠯᠠᠭᠤᠴᠤᠳ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤᠮᠳᠠᠬᠢ ᠲᠡᠷᠢᠭᠦᠨ ᠤ ᠦᠢᠯᠡ ᠠᠵᠢᠯᠯᠠᠭ᠎ᠠ ᠶᠢ ᠤᠯᠠᠨ ᠲᠠᠯ᠎ᠠ ᠠᠴᠠ ᠤᠬᠠᠭᠤᠯᠵᠤ᠂ ᠵᠢᠱᠢᠶ᠎ᠡ‌ᠦᠵᠡᠭᠦᠯᠵᠦ ᠳᠠᠶᠢᠴᠢᠯᠠᠬᠤ ᠦᠢᠯᠡᠳᠦᠯ ᠢ ᠪᠦᠷᠢᠯᠳᠦᠭᠦᠯᠦᠨ᠎ᠡ᠃      ᠬᠥᠲᠥᠯᠥᠭᠴᠢ ᠯᠢᠦ ᠫᠢᠨ ᠢ᠄ ᠰᠤᠷᠭᠠᠭᠤᠯᠢ ᠪᠣᠯ ᠡᠪ ᠬᠠᠮᠲᠤ ᠵᠠᠯᠠᠭᠤᠴᠤᠳ ᠤᠨ ᠡᠪᠯᠡᠯ ᠤᠨ ᠭᠤᠤᠯ ᠵᠢᠭᠰᠠᠭᠠᠯ ᠤᠨ ᠭᠠᠵᠠᠷ ᠮᠥᠨ᠂ ᠡᠪᠯᠡᠯ ᠤᠨ ᠬᠤᠷᠢᠶ᠎ᠠ ᠬᠡᠷᠬᠢᠨ ᠰᠤᠷᠭᠠᠭᠤᠯᠢ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠵᠢᠭᠰᠠᠭᠠᠯ ᠤᠨ ᠭᠠᠵᠠᠷ ᠢ ᠦᠷᠭᠦᠯᠵᠢᠯᠡᠨ ᠰᠠᠶᠢᠲᠤᠷ ᠪᠠᠶᠢᠭᠤᠯᠵᠤ᠂ ᠨᠠᠩ ᠣᠯᠠᠨ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠥᠲᠥᠯᠦᠨ ᠳᠠᠭᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠪᠠᠶᠢᠬᠤ ᠪᠣᠶ︖      ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠬᠤᠷᠢᠶ᠎ᠠ ᠶᠢᠨ ᠱᠦᠵᠢ ᠵᠦ ᠮᠢᠩ᠄ ᠰᠤᠷᠭᠠᠭᠤᠯᠢ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠵᠢᠭᠰᠠᠭᠠᠯ ᠤᠨ ᠭᠠᠵᠠᠷ ᠢ ᠰᠠᠶᠢᠲᠤᠷ ᠴᠣᠭᠴᠠᠯᠠᠶ᠎ᠠ ᠭᠡᠪᠡᠯ ᠡᠩ ᠲᠡᠷᠢᠭᠦᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠡᠮᠵᠢᠯᠭᠡ ᠶᠢ ᠤᠯᠬᠤ ᠬᠡᠷᠡᠭᠲᠡᠢ᠂ ᠭᠠᠭᠴᠠ ᠬᠦ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠭᠠᠭᠤᠯᠭ᠎ᠠ ᠳᠣᠣᠷ᠎ᠠ ᠡᠯ᠎ᠡ ᠰᠤᠷᠭᠠᠭᠤᠯᠢ ᠶᠢᠨ ᠡᠪᠯᠡᠯ ᠤᠨ ᠵᠣᠬᠢᠶᠠᠨ ᠪᠠᠶᠢᠭᠤᠯᠤᠯᠲᠠ ᠰᠠᠶ᠋ᠢ ᠠᠵᠢᠯ ᠢᠶᠠᠨ ᠨᠡᠩ ᠰᠠᠶᠢᠨ ᠥᠷᠨᠢᠭᠦᠯᠵᠦ ᠴᠢᠳᠠᠨ᠎ᠠ᠃ ᠲᠠᠷᠠᠭ᠎ᠠ ᠳᠤᠨᠢ ᠰᠤᠷᠭᠠᠭᠤᠯᠢ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠵᠢᠭᠰᠠᠭᠠᠯ ᠤᠨ ᠭᠠᠵᠠᠷ ᠤᠨ ᠬᠡᠷᠡᠭᠯᠡᠬᠦ ᠳᠠᠪᠲᠠᠮᠵᠢ ᠶᠢ ᠳᠡᠭᠡᠭᠰᠢᠯᠡᠭᠦᠯᠵᠦ᠂ ᠡᠪᠯᠡᠯ ᠤᠨ ᠭᠡᠰᠢᠭᠦᠨ ᠤ ᠠᠵᠢᠯᠯᠠᠭᠠᠨ ᠤ ᠲᠠᠰᠤᠭ ᠪᠤᠶᠤ ᠡᠪᠯᠡᠯ ᠤᠨ ᠰᠤᠷᠭᠠᠭᠤᠯᠢ ᠭᠡᠰᠡᠨ ᠦᠭᠡᠢ᠂ ᠡᠪᠯᠡᠯ ᠤᠨ ᠭᠡᠰᠢᠭᠦᠨ ᠢ ᠡᠯᠰᠡᠬᠦ᠂ ᠰᠤᠷᠭᠠᠨ ᠬᠥᠮᠦᠵᠢᠯ ᠤᠨ ᠦᠨᠡᠯᠡᠯᠲᠡ ᠬᠢᠬᠦ᠂ ᠰᠡᠳᠬᠢᠴᠡ ᠶᠢᠨ ᠡᠷᠡᠭᠦᠯ ᠮᠡᠨᠳᠤ᠂ ᠡᠪᠯᠡᠯ ᠢ ᠴᠢᠩᠭ᠎ᠠ ᠵᠠᠰᠠᠬᠤ ᠵᠡᠷᠭᠡ ᠡᠯ᠎ᠡ ᠲᠠᠯ᠎ᠠ ᠶᠢᠨ ᠠᠵᠢᠯ ᠢ ᠡᠭᠦᠨ ᠳᠤ ᠣᠷᠣᠭᠤᠯᠵᠤ᠂ ᠲᠥᠪ ᠴᠢᠩᠭ᠎ᠠ ᠵᠢᠷᠤᠮᠵᠢᠯ ᠲᠠᠢ ᠪᠣᠯᠭᠠᠬᠤ ᠬᠡᠷᠡᠭᠲᠡᠶ᠃ ᠬᠠᠮᠤᠭ ᠤᠨ ᠰᠡᠭᠦᠯ ᠳᠤ ᠤᠯᠤᠰ ᠲᠦᠷᠦᠴᠢ ᠴᠢᠨᠠᠷ ᠢᠶᠠᠷ ᠴᠢᠩᠭ᠎ᠠ᠂ ᠠᠭᠤᠯᠭ᠎ᠠ ᠪᠠᠷ ᠪᠠᠶᠠᠯᠢᠭ ᠡᠪᠯᠡᠯ ᠤᠨ ᠳᠣᠲᠣᠭᠠᠳᠤ ᠶᠢᠨ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠵᠠᠯᠠᠭᠤᠴᠤᠳ ᠪᠠᠭᠠᠴᠤᠳ ᠢ ᠤᠬᠠᠮᠰᠠᠷ ᠠᠴᠠ ᠪᠠᠨ ᠡᠪᠯᠡᠯ ᠤᠨ ᠵᠣᠬᠢᠶᠠᠨ ᠪᠠᠶᠢᠭᠤᠯᠤᠯᠲᠠ ᠲᠠᠢ ᠣᠶᠢᠷᠠᠲᠤᠭᠤᠯᠵᠤ᠂ ᠡᠪᠯᠡᠯ ᠤᠨ ᠭᠡᠰᠢᠭᠦᠨ ᠤ ᠲᠡᠷᠢᠭᠦᠨ ᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠰᠢᠨ᠎ᠡ ᠨᠢᠭᠡ ᠵᠢᠯ ᠳᠤ᠂ ᠡᠪᠯᠡᠯ ᠤᠨ ᠬᠤᠷᠢᠶ᠎ᠠ ᠨᠢ ᠲᠣᠭᠤᠷᠢᠭ ᠤᠨ ᠨᠠᠮ ᠤᠨ ᠬᠤᠷᠢᠶ᠎ᠠ  ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠪᠣᠯᠤᠨ ᠰᠢᠶᠠᠨ ᠤ ᠬᠡᠪᠴᠢᠶᠡᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠵᠤ᠂ ᠨᠠᠮ᠂ ᠡᠪᠯᠡᠯ ᠤᠨ ᠬᠤᠷᠢᠶ᠎ᠠ᠂ ᠠᠩᠬᠢ ᠶᠢᠨ ᠬᠥᠮᠦᠨ ᠬᠥᠮᠦᠵᠢᠭᠦᠯᠬᠦ ᠬᠡᠯᠬᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠦᠬᠦ ᠲᠣᠭᠤᠷᠢᠭ ᠤᠨ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠦᠳᠦᠯᠦᠨ ᠳᠠᠭᠠᠭᠤᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号