3 ᠰᠠᠷ᠎ᠠ ᠶᠢᠨ 6 ᠤ ᠡᠳᠦᠷ᠂ ᠵᠦᠩ ᠨᠦᠩ ᠯᠢᠶᠠᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠳᠡᠳ᠋ | ᠶᠡᠷᠦᠩᠬᠡᠶ ᠵᠠᠬᠢᠷᠤᠯ ᠭᠦᠸᠧ ᠢᠦᠶ ᠫᠢᠩ ᠳᠤᠭᠤᠶᠢᠯᠠᠩ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ᠲᠦᠷᠦᠯ | ᠵᠦᠢᠯ ᠢ ᠨᠠᠶᠢᠳᠠᠪᠤᠷᠢᠵᠢᠭᠤᠯᠵᠤ ᠭᠠᠵᠠᠷ ᠰᠣᠩᠭᠤᠬᠤ ᠤᠴᠢᠷ ᠶᠠᠪᠤᠳᠠᠯ ᠢ ᠰᠢᠨᠵᠢᠯᠡᠨ ᠪᠠᠶᠢᠴᠠᠭᠠᠨ ᠵᠤᠯᠭᠠᠭᠤᠯᠵᠤ᠂ | ᠭᠡᠷ᠎ᠡ ᠲᠣᠭᠲᠠᠬᠤ ᠲᠦᠷᠦᠯ ᠵᠦᠢᠯ ᠢ ᠤᠯᠠᠮ ᠨᠢᠭᠡ ᠠᠯᠬᠤᠮ ᠲᠦᠷᠭᠡᠳᠬᠡᠪᠡ᠃ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ᠂ | ᠲᠣᠭᠤᠷᠢᠭ ᠤᠨ ᠳᠡᠳ᠋ ᠳᠠᠷᠤᠭ᠎ᠠ ᠲᠠᠩ ᠲᠢᠩ ᠲᠢᠩ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠳ᠋ᠠ ᠮᠢᠶᠣᠣ ᠪᠠᠯᠭᠠᠰᠤ ᠶᠢᠨ ᠭᠦᠩᠵᠦ ᠶᠢᠨ | ᠳᠠᠪᠠᠭ᠎ᠠ ᠶᠢᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠮᠦ ᠵᠢᠶᠠ ᠶᠢᠩᠽᠢ | ᠪᠠᠯᠭᠠᠰᠤ ᠶᠢᠨ ᠢ ᠨᠢᠦ ᠮᠠᠯ ᠠᠵᠤ ᠠᠬᠤᠢ ᠶᠢᠨ ᠲᠦᠮᠡᠨ ᠲᠣᠯᠣᠭᠠᠢ ᠠᠯᠠᠰᠢᠨ ᠦᠬᠡᠷ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ᠂ ᠤᠯᠠᠭᠠᠨᠬᠠᠳᠠ ᠶᠢᠨ ᠢᠦᠢ ᠷᠦᠨ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ᠂ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠤᠳᠠ | ᠵᠡᠷᠭᠡ ᠭᠠᠵᠠᠷ ᠲᠤ ᠬᠦᠷᠴᠦ᠂ ᠰᠦᠩᠱᠠᠨ ᠲᠣᠭᠤᠷᠢᠭ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ | ᠪᠦᠲᠦᠭᠡᠭᠳᠡᠬᠦᠨ ᠤ ᠦᠢᠯᠡᠳᠪᠦᠷᠢᠯᠡᠯ᠂ ᠪᠣᠷᠣᠯᠠᠭᠤᠯᠭ᠎ᠠ ᠪᠣᠯᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ | ᠣᠳᠣᠬᠢ ᠪᠠᠶᠢᠳᠠᠯ ᠵᠢᠴᠢ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭ᠎ᠠ ᠵᠡᠷᠭᠡ ᠢᠵᠢ ᠪᠦᠷᠢᠳᠦᠭᠰᠡᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠯᠠᠭᠠᠨᠬᠠᠳᠠ ᠶᠢᠨ ᠬᠤᠳᠠᠯᠳᠤᠭ᠎ᠠ ᠠᠷᠠᠯᠵᠢᠶᠠᠨ ᠤ ᠪᠠᠷᠠᠭᠠᠨ ᠤ | ᠭᠦᠢᠯᠭᠡᠭᠡᠨ ᠤ ᠬᠤᠳᠠ ᠳᠤ ᠲᠤᠬᠠᠢ ᠶᠢᠨ ᠭᠠᠵᠠᠷ ᠤᠨ ᠠᠩᠬ᠎ᠠ ᠠᠯᠬᠤᠮ ᠤᠨ ᠭᠠᠵᠠᠷ ᠰᠣᠩᠭᠤᠬᠤ ᠠᠵᠢᠯ ᠬᠢᠪᠡ᠃ | ᠭᠦᠸᠧ ᠢᠦᠢ ᠫᠢᠩ᠂ ᠰᠦᠩᠱᠠᠨ ᠲᠣᠭᠤᠷᠢᠭ ᠲᠤ ᠰᠠᠶᠢᠨ ᠰᠠᠶᠢᠬᠠᠨ ᠪᠡᠯᠡ ᠣᠷᠣᠭᠤᠯᠤᠯᠲᠠ ᠶᠢᠨ ᠣᠷᠴᠢᠨ | ᠲᠣᠭᠤᠷᠢᠨ ᠪᠠ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠰᠠᠭᠤᠷᠢ ᠲᠠᠢ᠂ ᠬᠥᠭᠵᠢᠯᠲᠡ ᠶᠢᠨ ᠳᠠᠯᠳᠠ | ᠬᠦᠴᠦᠨ ᠶᠡᠭᠡ᠂ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠪᠤᠰᠬᠠᠬᠤ ᠬᠦᠰᠡᠯᠡᠩ ᠤᠨ ᠭᠠᠵᠠᠷ ᠪᠣᠯᠤᠨ᠎ᠠ᠂ | ᠺᠣᠮᠫᠠᠨᠢ ᠠᠴᠠ ᠰᠦᠩᠱᠠᠨ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠤᠯᠤᠯᠴᠠᠭ᠎ᠠ | ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠦᠷ᠎ᠡ ᠠᠰᠢᠭ ᠤᠯᠬᠤ ᠪᠠᠷ ᠴᠢᠷᠮᠠᠶᠢᠵᠤ᠂ | ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃ | ᠡᠨᠡ ᠵᠢᠯ ᠤᠨ 2 ᠰᠠᠷ᠎ᠠ ᠶᠢᠨ 14 ᠤ ᠡᠳᠦᠷ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ | ᠵᠦᠩ ᠨᠦᠩ ᠯᠢᠶᠠᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠬᠠᠮᠲᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ | ᠦᠰᠦᠭ ᠵᠢᠷᠤᠵᠤ᠂ ᠵᠦᠩ ᠨᠦᠩ ᠯᠢᠶᠠᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ 10 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠵᠤ ᠰᠦᠩᠱᠠᠨ ᠲᠣᠭᠤᠷᠢᠭ ᠲᠤ ᠶᠡᠷᠦᠩᠬᠡᠶᠢᠯᠡᠭᠰᠡᠨ ᠤᠶᠤᠨᠲᠤ ᠡᠭᠦᠯᠡᠨ | ᠬᠥᠮᠥᠷᠭᠡ ᠶᠢᠨ ᠭᠠᠷᠠᠮ᠂ ᠤᠶᠤᠨᠲᠤ ᠡᠭᠦᠯᠡᠨ ᠬᠥᠮᠥᠷᠭᠡ ᠶᠢᠨ ᠳᠣᠭᠢᠷᠠᠭᠤᠯᠬᠤ ᠦᠢᠯᠡᠳᠬᠦᠨ᠂ ᠲᠠᠷᠢᠶᠠᠯᠠᠩ ᠤᠨ | ᠪᠦᠲᠦᠭᠡᠭᠳᠡᠬᠦᠨ ᠤ ᠳᠠᠷᠢᠵᠤ ᠲᠡᠵᠢᠭᠡᠨ ᠦᠷᠡᠵᠢᠭᠦᠯᠬᠦ᠂ ᠬᠠᠩᠭᠠᠯᠭ᠎ᠠ ᠶᠢᠨ ᠬᠡᠯᠬᠢᠶ᠎ᠡ ᠶᠢᠨ ᠡᠵᠡᠩᠨᠡᠯᠲᠡ ᠶᠢᠨ | ᠦᠢᠯᠡᠴᠢᠯᠡᠭᠡ ᠵᠢᠴᠢ ᠤᠶᠤᠨᠲᠤ ᠬᠦᠢᠲᠡᠨ ᠬᠡᠯᠬᠢᠶ᠎ᠡ ᠶᠢᠨ ᠰᠢᠨ᠎ᠡ ᠰᠣᠷᠭᠤᠭ ᠪᠠᠶᠢᠯᠭᠠᠬᠤ ᠬᠥᠮᠥᠷᠭᠡᠯᠡᠯᠲᠡ ᠵᠡᠷᠭᠡ ᠶᠢ | ᠨᠢᠭᠡ ᠴᠤᠭᠴᠠᠵᠢᠭᠤᠯᠤᠭᠰᠠᠨ ᠲᠠᠷᠢᠶᠠᠯᠠᠩ ᠤᠨ ᠬᠡᠲᠦ ᠳᠡᠯᠭᠡᠭᠦᠷ ᠤᠨ ᠶᠡᠷᠦᠩᠬᠡᠶᠢᠯᠡᠭᠰᠡᠨ ᠴᠣᠭᠴᠠ ᠶᠢ ᠪᠥᠲᠥᠭᠡᠨ | ᠪᠠᠶᠢᠭᠤᠯᠵᠤ᠂ ᠦᠢᠯᠡᠳᠪᠦᠷᠢᠯᠡᠬᠦ᠂ ᠢᠯᠭᠠᠬᠤ᠂ ᠪᠣᠭᠤᠳᠠᠯᠯᠠᠬᠤ᠂ ᠳᠡᠯᠭᠡᠨ ᠪᠣᠷᠣᠯᠠᠭᠤᠯᠬᠤ᠂ ᠬᠦᠢᠲᠡᠨ ᠬᠡᠯᠬᠢᠶ᠎ᠡ᠂ | ᠬᠥᠮᠥᠷᠭᠡᠯᠡᠨ ᠬᠠᠳᠠᠭᠠᠯᠠᠬᠤ᠂ ᠠᠷᠠᠯᠵᠢᠶᠠᠯᠠᠬᠤ᠂ ᠳᠣᠭᠢᠷᠠᠭᠤᠯᠤᠨ ᠬᠦᠷᠭᠡᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ | ᠦᠢᠯᠡᠴᠢᠯᠡᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ | ᠲᠣᠭᠤᠷᠢᠭ ᠤᠨ ᠮᠥᠩᠭᠦᠨ ᠭᠦᠢᠯᠭᠡᠭᠡ ᠪᠠ ᠪᠡᠯᠡ ᠣᠷᠣᠭᠤᠯᠤᠯᠲᠠ ᠶᠢ ᠠᠬᠢᠭᠤᠯᠬᠤ ᠲᠤᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠳ᠋ᠠ ᠮᠢᠶᠣᠣ | ᠪᠠᠯᠭᠠᠰᠤ᠂ ᠮᠦ ᠵᠢᠶᠠ ᠶᠢᠩᠽᠢ ᠪᠠᠯᠭᠠᠰᠤ᠂ ᠰᠢᠨ ᠺᠧ ᠬᠦᠷᠢᠶᠡᠯᠡᠩ ᠲᠣᠭᠤᠷᠢᠭ᠂ ᠠᠷᠠᠯᠵᠢᠶ᠎ᠠ ᠬᠤᠳᠠᠯᠳᠤᠭ᠎ᠠ | ᠪᠠᠷᠠᠭᠠᠨ ᠤ ᠭᠦᠢᠯᠭᠡᠭᠡᠨ ᠤ ᠬᠤᠳᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃ | |