3 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠵᠠᠰᠠᠭ ᠤᠨ ᠣᠷᠳᠣᠨ ᠤ ᠳᠡᠳ᠋ | ᠳᠠᠷᠤᠭ᠎ᠠ ᠶᠠᠩ ᠮᠥ ᠰᠦᠩᠱᠠᠨ ᠲᠣᠭᠤᠷᠢᠭ ᠲᠤ ᠢᠷᠡᠵᠦ ᠬᠤᠲᠠ ᠪᠠᠶᠢᠭᠤᠯᠬᠤ ᠠᠵᠢᠯ ᠪᠠ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠵᠠᠰᠠᠭ ᠤᠨ ᠣᠷᠳᠣᠨ ᠤ | ᠳᠡᠳ᠋ ᠳᠠᠷᠤᠭ᠎ᠠ ᠯᠢ ᠰᠢᠶᠠᠨ ᠹᠦ᠋ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠶᠠᠩ ᠮᠥ ᠨᠡᠷ ᠤᠷᠢᠳ ᠬᠤᠵᠢᠳ ᠰᠦᠩᠱᠠᠨ ᠲᠣᠭᠤᠷᠢᠭ ᠤᠨ ᠣᠯᠢᠮᠫᠢᠺ ᠤᠨ ᠴᠡᠴᠡᠷᠯᠢᠭ ᠤᠨ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠢ᠂ ᠰᠦᠩᠵᠸᠤ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠢ᠂ ᠰᠦᠩᠱᠠᠨ ᠲᠣᠭᠤᠷᠢᠭ ᠤᠨ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠪᠣᠯᠤᠨ ᠤᠰᠤᠨ ᠳᠡᠭᠡᠷᠡᠬᠢ ᠴᠡᠴᠡᠷᠯᠢᠭ ᠵᠡᠷᠭᠡ ᠭᠠᠵᠠᠷ ᠲᠤ ᠬᠦᠷᠴᠦ᠂ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠰᠦᠩᠱᠠᠨ | ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠵᠢᠯᠤᠭᠤᠳᠤᠯᠭ᠎ᠠ ᠬᠢᠪᠡ᠃ | ᠶᠠᠩ ᠮᠥ ᠰᠦᠩᠱᠠᠨ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠭᠦᠢᠴᠡᠳ | ᠨᠤᠲᠠᠯᠠᠬᠤ ᠶᠢᠨ ᠬᠠᠮᠲᠤ ᠴᠢᠬᠤᠯᠠᠴᠢᠯᠠᠭᠰᠠᠨ ᠨᠢ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ | ᠲᠥᠬᠦᠭᠡᠷᠦᠮᠵᠢ ᠶᠢ ᠪᠥᠲᠥᠭᠡᠨ ᠪᠠᠶᠢᠭᠤᠯᠬᠤ ᠪᠣᠯ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢᠨ ᠰᠢᠯᠭᠠᠨ | ᠦᠨᠡᠯᠡᠬᠦ ᠱᠠᠭᠠᠷᠳᠠᠯᠭ᠎ᠠ ᠮᠥᠨ᠂ ᠡᠭᠦᠨ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠥᠯᠥᠪᠵᠢᠭᠦᠯᠵᠦ᠂ | ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠥᠬᠦᠭᠡᠷᠦᠮᠵᠢ ᠶᠢᠨ ᠪᠠᠶᠢᠳᠠᠯ ᠤᠨ ᠰᠠᠶᠢᠨ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠢᠳᠡᠪᠬᠢᠲᠡᠶ | ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠦᠨ᠂ ᠣᠯᠠᠨ | ᠲᠦᠮᠡᠨ ᠤ ᠤᠬᠠᠮᠰᠠᠷ ᠠᠴᠠ ᠪᠠᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠤᠬᠠᠮᠰᠠᠷ ᠢ ᠬᠥᠮᠦᠵᠢᠭᠦᠯᠵᠦ᠂ | ᠤᠬᠠᠮᠰᠠᠷ ᠠᠴᠠ ᠪᠠᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠳᠠᠳᠬᠠᠯ ᠢ ᠪᠣᠶ ᠪᠣᠯᠭᠠᠵᠤ᠂ ᠣᠯᠠᠨ | ᠲᠦᠮᠡᠨ ᠤ ᠪᠡᠶ᠎ᠡ ᠮᠠᠬᠠᠪᠣᠳ ᠤᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠣᠯᠠᠨ | ᠶᠠᠩᠵᠤ ᠶᠢᠨ ᠬᠡᠯᠪᠡᠷᠢ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠲᠦᠮᠡᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠦᠢᠯᠡᠴᠢᠯᠡᠭᠡᠨ ᠤ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ | ᠥᠬᠡᠶ ᠬᠠᠩᠭᠠᠵᠤ᠂ ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠬᠡᠷᠡᠭᠲᠡᠶ᠃ |