ᠯᠦᠸᠧ ᠰᠢᠤ ᠶᠠᠨ ᠰᠦᠩᠱᠠᠨ ᠲᠣᠭᠤᠷᠢᠭ ᠲᠤ ᠢᠷᠡᠵᠦ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠭᠡᠰᠢᠭᠦᠨ ᠠᠵᠤ ᠠᠬᠤᠶᠢᠯᠠᠯ ᠢᠶᠠᠷ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/4/11
      4 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠡ ᠶᠢᠨ ᠡᠷᠬᠢᠯᠡᠭᠴᠢ ᠭᠡᠰᠢᠭᠦᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠳᠡᠳ᠋ ᠡᠷᠬᠢᠯᠡᠭᠴᠢ ᠯᠦᠸᠧ ᠰᠢᠤ ᠶᠠᠨ ᠰᠦᠩᠱᠠᠨ ᠲᠣᠭᠤᠷᠢᠭ ᠲᠤ ᠢᠷᠡᠵᠦ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠭᠡᠰᠢᠭᠦᠨ ᠠᠵᠤ ᠠᠬᠤᠶᠢᠯᠠᠯ ᠢᠶᠠᠷ ᠪᠠᠶᠢᠴᠠᠭᠠᠨ ᠰᠤᠳᠤᠯᠤᠯᠲᠠ ᠬᠢᠪᠡ᠂ ᠲᠤᠭᠤᠷᠢᠭ ᠤᠨ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠯᠢ ᠸᠧᠨ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠡ᠃      ᠯᠦᠸᠧ ᠰᠢᠤ ᠶᠠᠨ ᠨᠠᠷ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠰᠠᠷ ᠠᠵᠢᠯ ᠤᠨ ᠵᠠᠬ᠎ᠠ ᠳᠡᠯᠭᠡᠭᠦᠷ ᠲᠤ ᠬᠦᠷᠴᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠵᠠᠭᠪᠤᠷ ᠵᠢᠴᠢ ᠲᠠᠪᠴᠠᠩ ᠤᠨ ᠦᠢᠯᠡᠳᠦᠯ ᠢ ᠪᠠᠳᠠᠷᠠᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠡᠨᠡ ᠬᠤᠭᠤᠴᠠᠭᠠᠨ ᠳᠤ᠂ ᠭᠡᠰᠢᠭᠦᠨ ᠠᠵᠤ ᠠᠬᠤᠶᠢᠯᠠᠯ ᠤᠨ ᠬᠥᠭᠵᠢᠯᠲᠡ ᠡᠵᠡᠩᠨᠡᠯᠲᠡ ᠶᠢᠨ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠭᠰᠠᠨ ᠪᠥᠭᠡᠳ ᠮᠠᠨ ᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠥᠭᠵᠢᠯᠲᠡ ᠪᠠ ᠠᠵᠢᠯ ᠲᠥᠷᠥᠯ ᠤᠨ ᠨᠡᠶᠢᠭᠡᠮᠯᠢᠭ ᠤᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠶ ᠣᠶᠢᠯᠠᠭᠠᠪᠠ᠃      ᠯᠦᠸᠧ ᠰᠢᠤ ᠶᠠᠨ ᠭᠡᠰᠢᠭᠦᠨ ᠠᠵᠤ ᠠᠬᠤᠶᠢᠯᠠᠯ ᠤᠨ ᠤᠷᠲᠤ ᠬᠤᠭᠤᠴᠠᠭᠠᠨ ᠤ ᠲᠤᠷᠰᠢ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠶᠢᠭᠡᠮ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠢᠳᠡᠪᠬᠢ ᠬᠦᠴᠦᠨ ᠢ ᠪᠠᠳᠠᠷᠠᠭᠤᠯᠬᠤ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠡᠭᠦᠨ ᠤ ᠬᠠᠮᠲᠤ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠤᠨ ᠤᠯᠤᠰ ᠢᠶᠠᠨ ᠪᠠᠶᠢᠭᠤᠯᠬᠤ ᠠᠷᠠᠳᠴᠢᠯᠠᠭᠰᠠᠨ ᠡᠪᠯᠡᠯ ᠤᠨ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠭᠡᠰᠢᠭᠦᠨ ᠠᠵᠤ ᠠᠬᠤᠶᠢᠯᠠᠯ ᠳᠤ ᠬᠦᠷᠴᠦ ᠰᠤᠷᠪᠤᠯᠵᠢᠯᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠣᠷᠣᠰᠢᠨ ᠠᠮᠢᠳᠤᠷᠠᠵᠤ ᠪᠠᠶᠢᠭ᠎ᠠ ᠪᠠᠶᠢᠳᠠᠯ ᠢ ᠣᠶᠢᠯᠠᠭᠠᠵᠤ᠂ ᠭᠡᠰᠢᠭᠦᠳ ᠤᠨ ᠬᠤᠪᠢ ᠬᠥᠮᠦᠨ ᠤ ᠬᠥᠭᠵᠢᠯᠲᠡ ᠶᠢ ᠠᠩᠬᠠᠷᠴᠤ᠂ ᠰᠣᠯᠢᠯᠴᠠᠭ᠎ᠠ ᠪᠠᠷ ᠳᠠᠮᠵᠢᠨ᠂ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠠᠵᠤ ᠠᠬᠤᠶᠢᠯᠠᠯ ᠳᠤ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢᠨ ᠬᠠᠮᠲᠤ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠥᠮᠦᠰ ᠤᠨ ᠰᠡᠳᠬᠢᠯ ᠢ ᠨᠢᠭᠲᠠᠷᠠᠭᠤᠯᠤᠨ᠂ ᠬᠦᠴᠦᠨ ᠴᠢᠳᠠᠯ ᠢ ᠨᠢᠭᠲᠠᠷᠠᠭᠤᠯᠵᠤ᠂ ᠭᠡᠰᠢᠭᠦᠨ ᠠᠵᠤ ᠠᠬᠤᠶᠢᠯᠠᠯ ᠤᠨ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠴᠢᠳᠠᠪᠤᠷᠢ ᠪᠠ ᠨᠡᠶᠢᠭᠡᠮ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号