4 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠰᠠᠭᠤᠷᠢ ᠮᠥᠩᠭᠦᠨ ᠤ | ᠨᠡᠶᠢᠭᠡᠮᠯᠢᠭ ᠤᠨ ᠠᠨᠴᠢᠯ ᠤᠨ ᠠᠶᠠᠯᠠᠯ — ᠥᠪᠥᠷ ᠮᠣᠩᠭᠤᠯ ᠤᠨ ᠤᠯᠠᠭᠠᠨᠬᠠᠳᠠ ᠶᠢᠨ ᠲᠥᠷᠥᠯᠬᠢ ᠵᠢᠷᠦᠬᠡᠨ | ᠡᠪᠡᠳᠴᠢᠨ ᠲᠠᠢ ᠬᠡᠦᠬᠡᠳ ᠢ ᠰᠢᠭᠰᠢᠨ ᠪᠠᠶᠢᠴᠠᠭᠠᠵᠤ ᠠᠪᠤᠷᠠᠨ ᠲᠤᠰᠠᠯᠠᠬᠤ ᠠᠵᠢᠯᠯᠠᠭ᠎ᠠ ᠶᠢᠨ ᠡᠬᠢᠯᠡᠯᠲᠡ ᠶᠢᠨ | ᠶᠣᠰᠣᠯᠠᠯ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶᠠᠨ ᠳᠤ ᠶᠠᠪᠤᠭᠳᠠᠪᠠ᠃ ᠲᠤᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ ᠤᠨ ᠲᠡᠳᠬᠦᠨ ᠠᠪᠤᠷᠠᠬᠤ ᠬᠡᠯᠲᠡᠰ ᠤᠨ ᠳᠠᠷᠤᠭ᠎ᠠ ᠯᠢᠦᠢ ᠵᠢᠶᠦ᠋ᠨ ᠪᠡᠭᠡᠵᠢᠩ ᠤᠨ ᠠᠨ ᠵᠧᠨ ᠡᠮᠨᠡᠯᠭᠡ ᠶᠢᠨ | ᠬᠤᠷᠢᠶᠠᠨ ᠤ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠪᠦᠯᠬᠦᠮ ᠳᠤ ︽ᠠᠨᠴᠢᠯ ᠤᠨ ᠠᠶᠠᠯᠠᠯ︾ ᠤᠨ ᠲᠤᠭ | ᠣᠯᠭᠤᠪᠠ᠃ | ᠶᠣᠰᠣᠯᠠᠯ ᠳᠠᠭᠤᠰᠤᠭᠰᠠᠨ ᠤ ᠳᠠᠷᠠᠭ᠎ᠠ᠂ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶᠠᠨ ᠤ ᠲᠥᠷᠥᠯᠬᠢ | ᠵᠢᠷᠦᠬᠡᠨ ᠡᠪᠡᠳᠴᠢᠨ ᠤ ᠲᠤᠰᠬᠠᠶ ᠮᠡᠷᠭᠡᠵᠢᠯᠲᠡᠨ ᠤ ᠪᠦᠯᠬᠦᠮ ᠨᠢ 0 — 14 ᠨᠠᠰᠤᠨ ᠤ ᠬᠤᠭᠤᠷᠣᠨᠳᠣᠬᠢ | ᠬᠡᠤᠬᠡᠳ ᠲᠤ ᠲᠥᠷᠥᠯᠬᠢ ᠵᠢᠷᠦᠬᠡᠨ ᠡᠪᠡᠳᠴᠢᠨ ᠤ ᠪᠠᠶᠢᠴᠠᠭᠠᠯᠲᠠ ᠬᠢᠵᠦ᠂ ᠨᠥᠬᠦᠴᠡᠯ ᠳᠤ ᠨᠡᠶᠢᠴᠡᠭᠰᠡᠨ ᠬᠡᠤᠬᠡᠳ ᠢ | ᠰᠦᠢᠳᠬᠡᠯ ᠬᠤᠷᠢᠶᠠᠬᠤ ᠥᠬᠡᠶ ᠪᠠᠷ ᠡᠮᠨᠡᠨ ᠵᠠᠰᠠᠬᠤ ᠪᠣᠯᠤᠨ᠎ᠠ᠃ | ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ 2012 ᠣᠨ ᠠᠴᠠ | ᠡᠬᠢᠯᠡᠨ ︽ᠠᠨᠴᠢᠯ ᠤᠨ ᠠᠶᠠᠯᠠᠯ︾ ᠤᠨ ᠬᠦᠨᠳᠦ ᠡᠪᠡᠳᠴᠢᠨ ᠲᠠᠢ ᠬᠡᠦᠬᠡᠳ ᠢ ᠰᠢᠭᠰᠢᠨ ᠪᠠᠶᠢᠴᠠᠭᠠᠵᠤ ᠠᠪᠤᠷᠠᠨ | ᠲᠤᠰᠠᠯᠠᠬᠤ ᠠᠵᠢᠯᠯᠠᠭ᠎ᠠ ᠥᠷᠨᠢᠭᠦᠯᠵᠦ᠂ ᠤᠯᠤᠰ ᠤᠨ ᠳᠣᠲᠣᠭᠠᠳᠤ ᠶᠢᠨ ᠲᠡᠷᠢᠭᠦᠨ ᠤ ᠡᠮ ᠡᠮᠨᠡᠯᠭᠡ ᠶᠢᠨ ᠲᠤᠰᠬᠠᠶ | ᠮᠡᠷᠭᠡᠵᠢᠯᠲᠡᠳ ᠲᠠᠢ ᠭᠠᠷ ᠬᠤᠯᠪᠣᠨ ᠪᠦᠬᠦ ᠤᠯᠤᠰ ᠤᠨ ᠡᠯ᠎ᠡ ᠭᠠᠵᠠᠷ ᠢᠯᠠᠩᠭᠤᠶ᠎ᠠ ᠬᠢᠯᠢ ᠬᠢᠵᠠᠭᠠᠷ ᠤᠨ ᠴᠥᠭᠡᠨ | ᠲᠣᠭᠠᠲᠤ ᠦᠨᠳᠦᠰᠦᠲᠡᠨ ᠤ ᠭᠠᠵᠠᠷ ᠣᠷᠣᠨ ᠳᠤ ᠬᠦᠷᠴᠦ ᠰᠠᠨᠠᠭᠠᠴᠢᠯᠠᠭ᠎ᠠ ᠠᠴᠠ ᠪᠠᠨ ᠡᠪᠡᠳᠴᠢᠨ ᠡᠮᠭᠡᠭ ᠢ ᠰᠢᠭᠰᠢᠨ | ᠪᠠᠶᠢᠴᠠᠭᠠᠵᠤ᠂ ᠨᠡᠩ ᠣᠯᠠᠨ ᠲᠥᠷᠥᠯᠬᠢ ᠵᠢᠷᠦᠬᠡᠨ ᠡᠪᠡᠳᠴᠢᠨ ᠲᠠᠢ ᠬᠡᠦᠬᠡᠳ ᠢ ᠴᠠᠭ ᠲᠤᠬᠠᠶ ᠳᠤᠨᠢ | ᠣᠨᠣᠰᠢᠯᠠᠭᠤᠯᠬᠤ ᠶᠢᠨ ᠬᠠᠮᠲᠤ ᠠᠪᠤᠷᠠᠨ ᠲᠤᠰᠠᠯᠠᠭᠰᠠᠨ ᠪᠠᠶᠢᠨ᠎ᠠ᠃ |