ᠰᠦᠩᠱᠠᠨ ᠲᠣᠭᠤᠷᠢᠭ 2023 ᠣᠨ ᠤ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/11
      4 ᠰᠠᠷ᠎ᠠ ᠶᠢᠨ 7 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ 2023 ᠣᠨ ᠤ ᠬᠠᠪᠤᠷ ᠤᠨ ᠤᠯᠠᠷᠢᠯ ᠤᠨ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂ ᠵᠢᠭᠠᠷᠲᠤ ᠨᠠᠷᠠᠰᠤᠨ ᠤ ᠰᠠᠪᠠ ᠶᠢᠨ ᠴᠢᠬᠢ ᠶᠢ 1.6 ᠲᠦᠮᠡ ᠭᠠᠷᠤᠢ ᠵᠠᠶᠢᠯᠠᠵᠤ᠂ 290 ᠭᠠᠷᠤᠢ ᠮᠦ ᠮᠣᠳᠣ ᠲᠠᠷᠢᠪᠠ᠃      ᠰᠦᠩᠱᠠᠨ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠳ᠋ᠡ ᠨᠢᠶᠠᠨ ᠽᠢ ᠤᠢ ᠰᠢᠭᠤᠢ ᠶᠢᠨ ᠲᠠᠯᠠᠪᠠᠢ ᠶᠢᠨ ᠬᠠᠷᠠᠲᠤᠬᠤᠢ ᠡᠵᠡᠩᠨᠡᠯᠲᠡ ᠶᠢᠨ ᠰᠢᠭᠤᠶᠢᠲᠤ ᠣᠷᠣᠨ ᠤ ᠠᠯᠪᠠᠨ ᠵᠢᠷᠤᠮ ᠤᠨ ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠬᠤᠳᠠ᠂ ᠲᠣᠭᠤᠷᠢᠭ ᠤᠨ 36 ᠨᠢᠭᠡᠴᠡ ᠶᠢᠨ 550 ᠭᠠᠷᠤᠢ ᠺᠠᠳ᠋ᠷ ᠠᠵᠢᠯᠳᠠᠨ ᠠᠵᠢᠯᠴᠢᠨ ᠪᠣᠯᠤᠨ ᠰᠠᠶᠢᠨ ᠳᠤᠷ᠎ᠠ ᠶᠢᠨ ᠠᠵᠢᠯᠯᠠᠭᠴᠢ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃      2023 ᠣᠨ ᠳᠤ᠂ ᠰᠦᠩᠱᠠᠨ ᠲᠣᠭᠤᠷᠢᠭ ᠬᠠᠪᠤᠷ ᠤᠨ ᠤᠯᠠᠷᠢᠯ᠂ ᠪᠣᠷᠣᠭᠠᠨ ᠤ ᠤᠯᠠᠷᠢᠯ᠂ ᠨᠠᠮᠤᠷ ᠤᠨ ᠤᠯᠠᠷᠢᠯ ᠵᠡᠷᠭᠡ ᠭᠤᠷᠪᠠᠨ ᠴᠠᠭ ᠤᠨ ᠬᠡᠰᠡᠭ ᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠨᠢᠭᠡᠴᠡ ᠪᠦᠯᠦᠭ ᠬᠤᠪᠢᠶᠠᠨ ᠣᠷᠣᠯᠴᠠᠵᠤ᠂ ᠣᠶᠢᠵᠢᠭᠤᠯᠵᠤ ᠨᠣᠭᠤᠭᠠᠷᠠᠭᠤᠯᠬᠤ ᠂ ᠠᠷᠠᠴᠢᠯᠠᠨ ᠪᠤᠶᠢᠵᠢᠭᠤᠯᠵᠤ ᠬᠠᠮᠢᠶᠠᠷᠤᠨ ᠬᠠᠮᠠᠭᠠᠯᠠᠬᠤ᠂ ᠪᠠᠶᠢᠭᠠᠯᠢ ᠶᠢᠨ ᠬᠠᠮᠠᠭᠠᠯᠠᠯᠲᠠ᠂ ᠦᠷ᠎ᠡ ᠶᠢ ᠪᠤᠶᠢᠵᠢᠭᠤᠯᠬᠤ᠂ ᠲᠥᠬᠦᠭᠡᠷᠦᠮᠵᠢ ᠪᠠᠶᠢᠭᠤᠯᠬᠤ ᠵᠡᠷᠭᠡ 8 ᠲᠥᠷᠥᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠪᠠᠷ ᠤᠷᠤᠯᠴᠠᠨ᠎ᠠ       ᠰᠦᠩᠱᠠᠨ ᠲᠣᠭᠤᠷᠢᠭ ᠲᠤ ᠬᠤᠲᠠ᠂ ᠲᠣᠭᠤᠷᠢᠭ ᠤᠨ ᠬᠤᠶᠠᠷ ᠱᠠᠲᠤᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠨᠡᠶᠢᠲᠡ 33 ᠪᠠᠶᠢᠵᠤ᠂ ᠲᠥᠯᠥᠪᠵᠢᠭᠦᠯᠦᠭᠰᠡᠨ ᠲᠠᠯᠠᠪᠠᠶ ᠨᠢ 6 ᠲᠦᠮᠡᠨ ᠮᠥ ᠪᠠᠶᠢᠵᠤ᠂ ᠣᠶᠢᠷ᠎ᠠ ᠶᠢᠨ 30 ᠵᠢᠯ ᠳᠤ ᠡᠯ᠎ᠡ ᠲᠥᠷᠥᠯ ᠤᠨ ᠮᠣᠳᠣ ᠶᠢ 300 ᠭᠠᠷᠤᠶ ᠲᠦᠮᠡᠨ ᠰᠠᠭᠤᠷᠢ ᠳᠠᠷᠢᠭᠰᠠᠨ ᠪᠠᠶᠢᠨ᠎ᠠ᠃ ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ 2023 ᠣᠨ ᠳᠤ 19200 ᠮᠥ ᠣᠶ ᠮᠣᠳᠣᠨ ᠤ ᠶᠡᠷᠦᠩᠬᠡᠶ ᠲᠠᠯᠠᠪᠠᠶ ᠶᠢ ᠨᠥᠬᠦᠨ ᠳᠠᠷᠢᠵᠤ ᠠᠷᠠᠴᠢᠯᠠᠨ ᠪᠤᠶᠢᠵᠢᠭᠤᠯᠬᠤ ᠪᠠᠷ ᠲᠥᠯᠥᠪᠵᠢᠭᠦᠯᠵᠦ᠂ 18 ᠬᠠᠭᠤᠴᠢᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠵᠢᠴᠢ 3 ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ  ᠲᠠᠢ ᠬᠤᠯᠪᠣᠭᠳᠠᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号