ᠰᠦᠩᠱᠠᠨ ᠲᠣᠭᠤᠷᠢᠭ ︽ᠨᠢᠭᠡ ᠵᠡᠭᠡᠯᠢ ᠨᠢᠭᠡ ᠪᠠᠯᠭᠠᠰᠤ ᠨᠢᠭᠡ ᠰᠢᠭᠦᠭᠴᠢ︾  ᠶᠢᠨ ᠠᠵᠢᠯ ᠤᠨ ᠲᠣᠭᠲᠠᠴᠠ ᠶᠢ ᠪᠠᠶᠢᠭᠤᠯᠵᠤ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2023/4/12
      ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ︽ᠨᠢᠭᠡ ᠵᠡᠭᠡᠯᠢ ᠨᠢᠭᠡ ᠪᠠᠯᠭᠠᠰᠤ ᠨᠢᠭᠡ ᠰᠢᠭᠦᠭᠴᠢ︾ ᠶᠢᠨ ᠡᠬᠢᠯᠡᠯᠲᠡ ᠶᠢᠨ ᠶᠣᠰᠣᠯᠠᠯ ᠣᠷᠴᠢᠮᠬᠠᠨ ᠳᠤ ᠰᠢᠶᠠᠩ ᠶᠠᠩ ᠵᠡᠭᠡᠯᠢ ᠭᠤᠳᠤᠮᠵᠢ ᠳᠤ ᠶᠠᠪᠤᠭᠳᠠᠪᠠ᠃ ᠰᠢᠶᠠᠩ ᠶᠠᠩ ᠵᠡᠭᠡᠯᠢ ᠭᠤᠳᠤᠮᠵᠢ ᠨᠢ ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠰᠢᠭᠦᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ︽ᠨᠢᠭᠡ ᠵᠡᠭᠡᠯᠢ ᠨᠢᠭᠡ ᠪᠠᠯᠭᠠᠰᠤ ᠨᠢᠭᠡ ᠰᠢᠭᠦᠭᠴᠢ︾  ᠶᠢᠨ ᠠᠵᠢᠯ ᠤᠨ ᠲᠣᠭᠲᠠᠴᠠ ᠨᠢ ᠵᠠᠭᠠᠯᠳᠤᠯᠭ᠎ᠠ ᠶᠢᠨ ᠢᠷᠡᠯᠳᠡ ᠶᠢ ᠵᠠᠰᠠᠬᠤ ᠪᠠ ᠵᠢᠭᠤᠷᠠᠯᠳᠤᠭᠠᠨ ᠢ ᠤᠯᠠᠨ ᠡᠰᠢᠵᠢᠬᠦᠯᠦᠨ ᠡᠶᠡᠳᠡᠭᠦᠯᠬᠦ ᠠᠷᠭ᠎ᠠ ᠵᠠᠮ ᠢ ᠥᠷᠭᠡᠳᠬᠡᠵᠦ᠂ ᠦᠨᠳᠦᠰᠦᠨ ᠱᠠᠲᠤᠨ ᠤ ᠤᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠪᠡ᠃      ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠬᠥᠭᠵᠢᠯᠲᠡ ᠶᠢᠨ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠢᠳᠡᠪᠬᠢᠲᠡᠢ ᠦᠢᠯᠡᠳᠦᠯᠭᠡᠵᠢᠭᠦᠯᠵᠦ᠂ ︽ᠨᠢᠭᠡ ᠵᠡᠭᠡᠯᠢ ᠨᠢᠭᠡ ᠪᠠᠯᠭᠠᠰᠤ ᠨᠢᠭᠡ ᠰᠢᠭᠦᠭᠴᠢ︾  ᠶᠢᠨ ᠠᠵᠢᠯ ᠤᠨ ᠪᠠᠶᠢᠭᠤᠯᠤᠯᠲᠠ ᠶᠢ ᠬᠦᠴᠦᠯᠡᠨ ᠦᠷᠨᠢᠭᠦᠯᠪᠡ᠃ ᠣᠳᠣᠬᠠᠨ ᠳᠤ ᠰᠢᠭᠦᠬᠦ ᠬᠤᠷᠢᠶ᠎ᠠ ᠨᠢᠭᠡᠨᠲᠡ ᠰᠦᠩᠱᠠᠨ ᠲᠣᠭᠤᠷᠢᠭ ᠤᠨ 7 ᠵᠡᠭᠡᠯᠢ ᠭᠤᠳᠤᠮᠵᠢ᠂ 1 ᠪᠡᠯᠡᠳᠬᠡᠯ ᠤᠨ ᠭᠠᠵᠠᠷ᠂ 1 ᠨᠡᠶᠢᠭᠡᠮ ᠲᠣᠭᠤᠷᠢᠭ ᠲᠤ 9 ᠰᠢᠭᠦᠭᠴᠢ ᠶᠢᠨ ᠠᠵᠢᠯᠯᠠᠬᠤ ᠲᠠᠰᠤᠭ ᠭᠠᠷᠭᠠᠭᠰᠠᠨ ᠪᠠᠶᠢᠨ᠎ᠠ᠃      ᠵᠠᠯᠭᠠᠭᠠᠳ᠂ ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠠᠴᠠ ᠰᠢᠭᠦᠭᠴᠢ᠂ ᠰᠢᠭᠦᠭᠴᠢ ᠶᠢᠨ ᠲᠤᠰᠠᠯᠠᠭᠴᠢ ᠶᠢ ᠲᠣᠭᠲᠠᠭᠰᠠᠨ ᠬᠤᠭᠤᠴᠠᠭ᠎ᠠ ᠲᠠᠢ ᠪᠠᠷ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠲᠤ ᠲᠣᠮᠢᠯᠠᠨ ᠣᠴᠢᠭᠤᠯᠵᠤ ᠠᠵᠢᠯ ᠥᠷᠨᠢᠭᠦᠯᠦᠨ᠎ᠡ᠃ ᠦᠨᠳᠦᠰᠦᠨ ᠱᠠᠲᠤᠨ ᠤ ᠠᠷᠠᠳ ᠤᠨ ᠡᠶᠡᠳᠡᠭᠦᠯᠬᠦ ᠺᠣᠮᠢᠰ ᠤᠨ ᠵᠥᠷᠢᠴᠡᠯ ᠢ ᠡᠶᠡᠳᠡᠭᠦᠯᠬᠦ ᠶᠢ ᠬᠠᠷᠢᠭᠤᠴᠠᠨ ᠵᠢᠯᠣᠭᠤᠳᠴᠤ᠂ ᠠᠷᠠᠳ ᠤᠨ ᠡᠶᠡᠳᠡᠭᠦᠯᠭᠡ ᠶᠢᠨ ᠺᠣᠮᠢᠰ ᠤᠨ ᠤᠷᠢᠯᠭ᠎ᠠ ᠪᠠᠷ ᠲᠤᠬᠠᠶ ᠶᠢᠨ ᠲᠠᠯᠠᠪᠤᠷ ᠲᠤ ᠤᠯᠠᠨ ᠲᠦᠮᠡᠨ ᠤ ᠵᠢᠭᠤᠷᠠᠯᠳᠤᠭᠠᠨ ᠢ ᠬᠠᠮᠵᠢᠨ ᠡᠶᠡᠳᠡᠭᠦᠯᠦᠨ ᠰᠢᠢᠳᠪᠦᠷᠢᠯᠡᠵᠦ᠂ ᠤᠯᠠᠨ ᠲᠦᠮᠡᠨ ᠳᠤ ᠬᠠᠤᠯᠢ ᠴᠠᠭᠠᠵᠠ ᠶᠢᠨ ᠵᠥᠪᠯᠡᠯᠭᠡ ᠬᠠᠩᠭᠠᠬᠤ ᠵᠢᠴᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠵᠢᠯ ᠢ ᠬᠢᠵᠦ᠂ ︽ᠨᠢᠭᠡ ᠵᠡᠭᠡᠯᠢ ᠨᠢᠭᠡ ᠪᠠᠯᠭᠠᠰᠤ ᠨᠢᠭᠡ ᠰᠢᠭᠦᠭᠴᠢ︾  ᠶᠢᠨ ᠠᠵᠢᠯ ᠤᠨ ᠲᠣᠭᠲᠠᠴᠠ ᠪᠣᠯᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠭᠦᠨᠵᠡᠭᠡᠶ ᠠᠭᠤᠰᠤᠯᠴᠠᠯ ᠢ ᠲᠦᠯᠬᠢᠨ ᠠᠬᠢᠭᠤᠯᠵᠤ᠂ ᠤᠯᠠᠨ ᠡᠰᠢᠲᠦ ᠡᠶᠡᠳᠡᠭᠦᠯᠭᠡ ᠠᠴᠠ ᠪᠣᠯᠤᠭᠰᠠᠨ ᠠᠰᠢᠭ ᠲᠤᠰᠠ ᠶᠢ ᠨᠡᠩ ᠤᠯᠠᠨ ᠤᠯᠠᠨ ᠲᠦᠮᠡᠨ ᠳᠤ ᠮᠡᠳᠡᠷᠡᠭᠦᠯᠵᠦ᠂ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号