ᠳ᠋ᠠᠢ ᠹᠦ᠋ ᠶᠢᠩᠽᠢ ᠰᠢᠶᠠᠩ ᠤᠨ ︽ᠭᠤᠷᠪᠠ ᠶᠢ ᠨᠢᠭᠡ ᠴᠤᠭᠴᠠᠵᠢᠭᠤᠯᠬᠤ︾ ᠦᠢᠯᠡᠴᠢᠯᠡᠭᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ  ᠠᠬᠢᠭᠤᠯᠤᠨ᠎ᠠ
ᠨᠡᠶᠢᠲᠡᠯᠡᠭᠰᠡᠨ ᠴᠠᠭ᠄
2023/4/12
      ᠣᠳᠣᠬᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠭ᠎ᠠ ᠶᠢᠨ ᠴᠠᠭ ᠦᠶ᠎ᠡ  ᠳᠤ᠂ ᠳ᠋ᠠᠢ ᠹᠦ᠋ ᠶᠢᠩᠽᠢ ᠰᠢᠶᠠᠩ ᠦᠢᠯᠡᠳᠪᠦᠷᠢᠯᠡᠯ᠂ ᠬᠠᠩᠭᠠᠨ ᠪᠣᠷᠣᠯᠠᠭᠤᠯᠭ᠎ᠠ᠂ ᠢᠲᠡᠭᠡᠮᠵᠢ ︽ᠭᠤᠷᠪᠠ ᠶᠢ ᠨᠢᠭᠡ ᠴᠤᠭᠴᠠᠵᠢᠭᠤᠯᠬᠤ ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ  ᠰᠢᠰᠲ᠋ᠧᠮ ᠤᠨ ᠪᠦᠲᠦᠴᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠦᠬᠦ ᠰᠢᠶᠠᠩ ᠤᠨ ᠲᠠᠷᠢᠶᠠᠴᠢᠨ ᠡᠷᠦᠬᠡ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠥᠪᠯᠡᠷᠡᠭᠦᠯᠦᠨ ᠴᠤᠭᠯᠠᠭᠤᠯᠬᠤ ᠦᠢᠯᠡᠴᠢᠯᠡᠭᠡ ᠪᠠ ᠦᠢᠯᠡᠳᠪᠦᠷᠢᠯᠡᠯ ᠤᠨ ᠮᠡᠷᠭᠡᠵᠢᠯ ᠤᠨ ᠳᠡᠮᠵᠢᠯᠭᠡ ᠦᠵᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ  ᠦᠭᠭᠦᠨ᠎ᠡ᠃      ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠦᠶ᠎ᠡ ᠳᠤ᠂ ᠳ᠋ᠠᠢ ᠹᠦ᠋ ᠶᠢᠩᠽᠢ ᠰᠢᠶᠠᠩ ᠡᠯ᠎ᠡ ᠲᠣᠰᠬᠤᠨ ᠤ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠡᠷᠡᠭᠴᠡᠭᠡ ᠶᠢ ᠪᠦᠷᠢᠳᠬᠡᠵᠦ ᠬᠤᠷᠢᠶᠠᠩᠭᠤᠶᠢᠯᠠᠭᠠᠳ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠯᠦᠩ ᠹᠧᠩ ᠱᠠᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠤᠯᠪᠣᠭᠠᠲᠤ ᠬᠤᠷᠠᠯ ᠤᠨ ᠬᠤᠯᠪᠣᠭᠳᠠᠯ ᠪᠦᠬᠦᠢ ᠠᠵᠤ ᠠᠬᠤᠶᠢᠯᠠᠯ ᠲᠠᠢ ᠬᠠᠮᠲᠤᠷᠠᠯᠴᠠᠬᠤ ᠬᠡᠯᠪᠡᠷᠢ ᠪᠠᠷ ᠬᠢᠮᠢ ᠶᠢᠨ ᠪᠤᠷᠳᠤᠭᠤᠷ ᠢ ᠲᠥᠪᠯᠡᠷᠡᠭᠦᠯᠦᠨ ᠬᠤᠳᠠᠯᠳᠤᠨ ᠠᠪᠴᠤ᠂ ᠲᠠᠷᠢᠶᠠᠴᠢᠨ ᠡᠷᠦᠬᠡ  ᠳᠤ ᠦᠨᠡᠨᠬᠦ ᠳᠦᠭᠦᠮ ᠦᠵᠡᠭᠦᠯᠦᠨ᠎ᠡ᠃ ᠣᠳᠣᠬᠠᠨ ᠳᠤ᠂ ᠨᠢᠭᠡᠨᠲᠡ 2023 ᠣᠨ ᠤ 180 ᠲᠣᠨ ᠬᠢᠮᠢ ᠶᠢᠨ ᠪᠣᠷᠲᠣᠭᠤᠷ ᠢ ᠨᠢᠭᠡᠳᠦᠯᠲᠡᠶ ᠬᠤᠳᠠᠯᠳᠤᠨ ᠠᠪᠬᠤ ᠶᠢ ᠪᠡᠶᠡᠯᠡᠭᠦᠯᠵᠦ᠂ 76 ᠲᠦᠮᠡᠨ ᠲᠥᠭᠦᠷᠢᠭ ᠤᠨ ᠪᠠᠷᠢᠴᠠᠭᠠᠨ ᠤ ᠮᠥᠩᠭᠦ ᠲᠤᠰᠢᠶᠠᠪᠠ᠃      ᠤᠢᠢᠷ᠎ᠠ ᠶᠢᠨ ᠵᠢᠯ ᠠᠴᠠ᠂ ᠳ᠋ᠠᠢ ᠹᠦ᠋ ᠶᠢᠩᠽᠢ ᠰᠢᠶᠠᠩ ︽ᠲᠣᠰᠬᠤᠨ ᠬᠤᠷᠰᠢᠶ᠎ᠠ ᠠᠵᠤ ᠠᠬᠤᠶᠢᠯᠠᠯ ᠪᠠᠩᠬᠢ ᠶᠢ ᠨᠢᠭᠡ ᠴᠤᠬᠴᠠᠵᠢᠭᠤᠯᠤᠬᠰᠠᠨ ᠲᠦᠷᠪᠡ ᠶᠢ ᠣᠳᠣᠬᠢᠴᠢᠯᠠᠬᠤ︾ ᠬᠥᠭᠵᠢᠯᠲᠡ ᠶᠢᠨ ᠵᠠᠭᠪᠤᠷ ᠢ ᠪᠦᠬᠦ ᠬᠦᠴᠦᠨ ᠢᠶᠠᠷ ᠢᠶᠠᠨ ᠬᠠᠶᠢᠨ ᠰᠦᠪᠡᠭᠴᠢᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠨᠢᠭᠡ ᠲᠠᠯ᠎ᠠ ᠪᠠᠷ᠂ ᠲᠤᠰᠬᠤᠨ ᠪᠣᠯᠤᠨ ᠬᠤᠷᠰᠢᠶ᠎ᠠ ᠶᠢᠨ ᠲᠠᠷᠢᠶᠠᠯᠠᠩ ᠤᠨ ᠮᠠᠰᠢᠨ᠂ ᠮᠡᠷᠭᠡᠵᠢᠯ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠮᠠᠰᠢᠨ ᠢᠶᠠᠷ ᠲᠠᠷᠢᠶᠠᠯᠠᠬᠤ ᠠᠩᠭᠢ ᠪᠠᠶᠢᠭᠤᠯᠵᠤ᠂ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠭᠵᠢᠭᠤᠯᠤᠨ ᠠᠵᠢᠯᠯᠠᠬᠤ ᠦᠢᠯᠡᠴᠢᠯᠡᠭᠡ ᠶᠢ ᠬᠠᠩᠭᠠᠵᠤ᠂ ᠲᠠᠷᠢᠶᠠᠯᠠᠩ ᠤᠨ ᠮᠠᠰᠢᠨ ᠪᠠᠭᠠᠵᠢ ᠶᠢᠨ ᠠᠰᠢᠭᠯᠠᠯᠲᠠ ᠶᠢᠨ ᠨᠤᠷᠮ᠎ᠠ ᠪᠣᠯᠤᠨ ᠦᠢᠯᠡᠳᠪᠦᠷᠢᠯᠡᠯ ᠤᠨ ᠮᠧᠬᠠᠨᠢᠭᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠴᠢᠨ ᠡᠷᠦᠭᠡ ᠶᠢᠨ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠢ ᠲᠠᠷᠠᠬᠠᠶ ᠪᠤᠲᠠᠷᠬᠠᠶ ᠪᠠᠶᠢᠭᠰᠠᠨ ᠠᠴᠠ ᠡᠷᠴᠢᠮᠵᠢᠭᠦᠯᠬᠦ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠨᠦᠬᠦᠭᠡ ᠲᠠᠯ᠎ᠠ ᠪᠠᠷ᠂ ᠠᠵᠤ ᠠᠬᠤᠶᠢᠯᠠᠯ ᠤᠨ ᠡᠵᠡᠩᠨᠡᠯᠲᠡ ᠪᠠᠷ ᠲᠠᠪᠴᠠᠩ ᠪᠣᠯᠭᠠᠵᠤ᠂ ᠨᠢᠭᠡᠳᠦᠯᠲᠡᠶ ᠬᠠᠩᠭᠠᠬᠤ ᠨᠢᠭᠡᠳᠦᠯᠲᠡᠶ ᠪᠣᠷᠣᠯᠠᠭᠤᠯᠬᠤ ᠬᠡᠯᠬᠢᠶ᠎ᠡ ᠶᠢ ᠲᠦᠯᠬᠢᠨ ᠠᠬᠢᠭᠤᠯᠤᠨ᠎ᠠ᠃ ᠨᠢᠭᠡᠳᠦᠯᠲᠡᠶ ᠬᠠᠩᠭᠠᠬᠤ ᠲᠠᠯ᠎ᠠ ᠪᠠᠷ᠂ ᠡᠳᠦᠷ ᠲᠤᠲᠤᠮ ᠤᠨ ᠴᠢᠨᠠᠷᠲᠠᠶ ᠵᠠᠬᠢᠶᠠᠯᠠᠭ᠎ᠠ ᠶᠢᠨ ᠦᠢᠯᠡᠴᠢᠯᠡᠭᠡ᠂ ᠴᠢᠬᠤᠯᠠ ᠶᠡᠭᠡ ᠵᠠᠩᠭᠢᠯᠠᠭ᠎ᠠ ᠶᠢᠨ ᠴᠡᠭ ᠤᠨ ᠲᠤᠰᠬᠠᠶ ᠦᠢᠯᠡᠴᠢᠯᠡᠭᠡ ᠪᠠ ᠣᠨᠴᠠᠭᠠᠶ ᠬᠡᠷᠡᠭ ᠤᠨ ᠣᠨᠴᠠᠭᠠᠶ ᠵᠢᠱᠢᠶ᠎ᠡ ᠶᠢ ᠬᠡᠷ ᠲᠤᠨᠢ ᠬᠦᠷᠭᠡᠬᠦ ᠦᠢᠯᠡᠴᠢᠯᠡᠭᠡ ᠬᠠᠩᠭᠠᠨ᠎ᠠ᠃ ᠡᠭᠦᠨ ᠠᠴᠠ ᠭᠠᠳᠠᠨ᠎ᠠ᠂ ᠳ᠋ᠠᠢ ᠹᠦ᠋ ᠶᠢᠩᠽᠢ ᠰᠢᠶᠠᠩ ᠪᠠᠰᠠ ᠲᠠᠰᠤᠷᠠᠯᠲᠠ ᠥᠬᠡᠶ ᠲᠠᠪᠴᠠᠩ ᠪᠠᠶᠢᠭᠤᠯᠵᠤ᠂ ᠢᠲᠡᠭᠡᠮᠵᠢ ᠶᠢᠨ ᠬᠠᠮᠲᠤᠷᠠᠯᠴᠠᠭ᠎ᠠ ᠶᠢᠨ ᠣᠯᠠᠨ ᠡᠰᠢᠵᠢᠯᠲᠡ ᠶᠢ ᠠᠬᠢᠭᠤᠯᠤᠨ᠎ᠠ᠃ ᠵᠠᠰᠠᠭ ᠤᠨ ᠣᠷᠳᠣᠨ ᠪᠠ ᠲᠠᠷᠢᠶᠠᠯᠠᠩ ᠤᠨ ᠬᠤᠳᠠᠯᠳᠤᠭᠠᠨ ᠤ ᠪᠠᠩᠬᠢ ᠪᠣᠳᠠᠲᠠᠶ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠢᠲᠡᠭᠡᠮᠵᠢ ᠪᠠᠷ ᠨᠢ ᠵᠠᠭᠤᠨ ᠨᠡᠷᠡᠰ ︽ᠦᠨᠡᠨᠴᠢ ᠢᠲᠡᠭᠡᠮᠵᠢ ᠶᠢᠨ ᠭᠡᠰᠢᠭᠦᠨ︾ ᠢ ᠰᠢᠯᠭᠠᠷᠠᠭᠤᠯᠵᠤ᠂ ᠳᠣᠤᠷ᠎ᠠ ᠬᠦᠤ ᠲᠠᠢ ᠵᠢᠭᠡᠯᠡᠯᠭᠡ ᠣᠯᠭᠤᠪᠠ︔ ᠬᠤᠯᠪᠣᠭᠠᠲᠤ ᠬᠤᠷᠠᠯ ᠤᠨ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠰᠠᠭᠤᠷᠢ ᠮᠥᠩᠭᠦ ᠶᠢ ᠪᠠᠶᠢᠭᠤᠯᠵᠤ᠂ ᠣᠨᠴᠠᠭᠠᠶ ᠡᠷᠦᠬᠡ ᠶᠢᠨ ᠬᠠᠮᠲᠤ ᠪᠠᠷ ᠬᠥᠭᠵᠢᠬᠦ ᠶᠢ ᠬᠠᠪᠰᠤᠷᠤᠨ᠎ᠠ︔ ᠳᠣᠣᠷ᠎ᠠ ᠬᠦᠦ ᠮᠥᠩᠭᠦ ᠶᠢᠨ ᠨᠤᠷᠮ᠎ᠠ ᠲᠠᠢ᠂ ᠳᠠᠭᠠᠭᠠᠯᠲᠠ ᠠᠴᠠ ᠬᠡᠯᠲᠦᠷᠢᠭᠦᠯᠬᠦ ᠬᠠᠶᠢᠷ᠎ᠠ ᠬᠠᠯᠠᠮᠵᠢ ᠶᠢᠨ ᠵᠢᠭᠡᠯᠡᠯᠭᠡ᠂ ᠬᠤᠰᠢᠭᠤᠴᠢ ᠵᠢᠭᠡᠯᠡᠯᠭᠡ ᠵᠡᠷᠭᠡ ᠲᠦᠷᠦ ᠶᠢᠨ ᠪᠤᠳᠤᠯᠭ᠎ᠠ ᠶᠢ ᠨᠡᠶᠢᠲᠡᠯᠡᠨ ᠬᠡᠷᠡᠭᠵᠢᠭᠦᠯᠵᠦ᠂ ︽ᠪᠦᠬᠦ᠋ᠢᠯᠡ ᠲᠣᠰᠬᠤᠨ ᠢᠶᠠᠷ ᠢᠶᠠᠨ ᠢᠲᠡᠭᠡᠮᠵᠢ ᠣᠯᠭᠤᠬᠤ︾ ᠠᠷᠭ᠎ᠠ ᠮᠠᠶ᠋ᠢᠭ ᠢᠶᠠᠷ ᠲᠠᠷᠢᠶᠠᠴᠢᠨ ᠡᠷᠦᠬᠡ᠂ ᠬᠤᠷᠰᠢᠶᠠᠵᠢᠯ ᠤᠨ ᠵᠢᠭᠡᠯᠡᠯᠭᠡ  ᠶᠢᠨ ᠬᠦᠦ ᠮᠦᠩᠭᠦ ᠨᠢ ᠦᠨᠡᠲᠡᠶ᠂ ᠵᠢᠭᠡᠯᠡᠯᠭᠡ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠵᠤ ᠦᠢᠯᠡᠰ ᠤᠨ ᠬᠥᠭᠵᠢᠯᠲᠡ ᠳᠤ ᠬᠦᠴᠦᠲᠡᠶ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ᠃ ᠣᠳᠣᠬᠠᠨ ᠳᠤ᠂ ᠲᠠᠷᠢᠶᠠᠴᠢᠨ ᠡᠷᠦᠬᠡ ᠳᠤ 97 ᠲᠦᠮᠡᠨ ᠲᠥᠭᠦᠷᠢᠭ ᠤᠨ ᠪᠠᠭ᠎ᠠ ᠲᠣᠭᠠᠨ ᠤ ᠵᠢᠭᠡᠯᠡᠯᠭᠡ ᠥᠭᠴᠦ᠂ 37 ᠶᠠᠳᠠᠭᠤ ᠬᠦᠴᠢᠷᠳᠡᠯᠲᠡᠶ ᠡᠷᠦᠬᠡ ᠶᠢᠨ ᠪᠠᠯᠠ ᠮᠥᠩᠭᠦᠨ ᠤ ᠡᠷᠭᠢᠯᠲᠡ ᠶᠢᠨ ᠬᠦᠴᠢᠷ ᠠᠰᠠᠭᠤᠳᠠᠯ ᠢ  ᠰᠢᠢᠳᠪᠦᠷᠢᠯᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号