ᠬᠢᠩᠭᠠᠨ ᠵᠡᠭᠡᠯᠢ ᠭᠤᠳᠤᠮᠵᠢ᠄ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ ᠦᠨᠡᠨᠴᠢ ᠰᠡᠳᠬᠢᠯ ᠬᠠᠶᠢᠷ᠎ᠠ ᠬᠠᠯᠠᠮᠵᠢ ᠪᠠᠷ ᠢᠶᠠᠨ ᠣᠯᠠᠨ ᠲᠦᠮᠡᠨ ᠢ ᠵᠣᠯ ᠵᠢᠷᠭᠠᠯ ᠲᠠᠢ ᠠᠮᠢᠳᠤᠷᠠᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/4/12
      ᠬᠢᠩᠭᠠᠨ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠤᠷ ᠭᠠᠵᠠᠷ ᠤᠨ ᠲᠤᠤᠷᠵᠢᠯ ᠢ ᠪᠠᠶᠢᠭᠤᠯᠬᠤ ᠪᠣᠯ ᠡᠨᠡ ᠵᠢᠯ ᠤᠨ ᠰᠦᠩᠱᠠᠨ ᠲᠣᠭᠤᠷᠢᠭ ᠤᠨ 10 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠨᠢᠭᠡ ᠪᠣᠯᠤᠨ᠎ᠠ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠵᠦ᠂ ᠡᠷᠲᠡᠬᠡᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠬᠢᠩᠭᠠᠨ ᠵᠡᠭᠡᠯᠢ ᠭᠤᠳᠤᠮᠵᠢ ᠬᠡᠰᠡᠭ ᠲᠣᠭᠤᠷᠢᠭ ᠤᠨ ᠳᠡᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠰᠠᠭᠤᠭᠠᠯᠢ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠢᠨᠵᠢᠯᠡᠨ ᠪᠠᠶᠢᠴᠠᠭᠠᠪᠠ᠃      ᠣᠯᠠᠨ ᠢᠶᠠᠷ ᠢᠶᠠᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠯᠠᠪᠯᠠᠨ ᠠᠰᠠᠭᠤᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠨᠡ ᠵᠢᠯ ᠤᠨ ᠬᠢᠩᠭᠠᠨ ᠵᠡᠭᠡᠯᠢ ᠭᠤᠳᠤᠮᠵᠢ ᠶᠢᠨ ᠬᠡᠷᠡᠭᠵᠢᠭᠦᠯᠬᠦ ᠪᠠᠷ ᠪᠠᠶᠢᠭ᠎ᠠ ︽1+6︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠦᠯ ᠵᠦᠢᠯ ᠢ ᠥᠷᠨᠢᠭᠦᠯᠦᠭᠰᠡᠨ ᠪᠠᠶᠢᠳᠠᠯ ᠢ ᠰᠢᠭᠤᠳ ᠪᠥᠭᠡᠳ ᠪᠥᠬᠦ ᠲᠠᠯ᠎ᠠ ᠪᠠᠷ ᠣᠶᠢᠯᠠᠭᠠᠪᠠ᠃      ᠣᠶᠢᠷ᠎ᠠ ᠶᠢᠨ ᠵᠢᠯ ᠳᠤ᠂ ᠬᠢᠩᠭᠠᠨ ᠵᠡᠭᠡᠯᠢ ᠭᠤᠳᠤᠮᠵᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠢᠳᠡᠪᠬᠢᠲᠡᠶ ᠪᠦᠷᠢᠨᠰᠢᠬᠦᠯᠵᠦ᠂ ᠬᠠᠷᠢᠶᠠᠲᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠦᠨ ᠠᠬᠢᠭᠤᠯᠵᠤ᠂ ︽1+6︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠪᠠ ︵︽1︾ ᠭᠡᠳᠡᠭ ᠨᠢ ᠵᠡᠭᠡᠯᠢ ᠭᠤᠳᠤᠮᠵᠢ ᠶᠢᠨ ᠲᠠᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠵᠢᠭᠠᠵᠤ ᠪᠣᠶ᠂ ᠪᠠᠷᠢᠯᠭ᠎ᠠ ᠶᠢᠨ ᠲᠠᠯᠠᠪᠠᠶ ᠨᠢ 1400 ᠲᠡᠭᠰᠢ ᠳᠥᠷᠪᠡᠯᠵᠢᠨ ᠮᠧᠲᠷ᠂ 20 ᠣᠷᠣ᠂ 6 ᠨᠠᠰᠤᠲᠠᠶᠢᠴᠤᠳ ᠤᠨ ᠬᠤᠭᠤᠯᠠᠨ ᠰᠢᠷᠡᠭᠡ  ᠲᠤᠬᠢᠷᠠᠭᠤᠯᠪᠠ︔ ︽6︾ ᠭᠡᠳᠡᠭ ᠨᠢ ᠳᠠᠷᠤᠶ ᠵᠢᠷᠭᠤᠭᠠᠨ ᠨᠡᠶᠢᠭᠡᠮ ᠲᠣᠭᠤᠷᠢᠭ ᠤᠨ ᠵᠢᠷᠭᠤᠭᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠣᠯᠤᠨ᠎ᠠ᠂ ᠶᠡᠷᠦᠩᠬᠡᠶ ᠦᠢᠯᠡᠴᠢᠯᠡᠭᠡᠨ ᠤ ᠲᠠᠯᠠᠪᠠᠶ ᠨᠢ 2443.6 ᠲᠡᠭᠰᠢ ᠳᠥᠷᠪᠡᠯᠵᠢᠨ ᠮᠧᠲᠷ᠂ 48 ᠣᠷᠣ ᠂ 24 ᠨᠠᠰᠤᠲᠠᠶᠢᠴᠤᠳ ᠤᠨ ᠬᠤᠭᠤᠯᠠᠨ ᠰᠢᠷᠡᠭᠡ ᠲᠤᠬᠢᠷᠠᠭᠤᠯᠪᠠ︶᠃ ᠨᠠᠰᠤᠵᠢᠯ ᠤᠨ ᠠᠰᠠᠷᠠᠮᠵᠢ ᠶᠢᠨ ᠨᠡᠶᠢᠭᠡᠮ ᠤᠨ ᠲᠤᠰᠬᠠᠶ ᠵᠣᠬᠢᠶᠠᠨ ᠪᠠᠶᠢᠭᠤᠯᠤᠯᠲᠠ ᠬᠤᠶᠠᠷ ᠡᠷᠦᠬᠡ ᠶᠢ ᠣᠷᠣᠭᠤᠯᠤᠨ ᠠᠪᠴᠢᠷᠠᠵᠤ᠂ ᠨᠠᠰᠤᠲᠠᠶᠢᠴᠤᠳ ᠤᠨ ᠬᠤᠭᠤᠯᠠ ᠲᠤᠰᠠᠯᠠᠬᠤ᠂ ᠬᠤᠭᠤᠯᠠ ᠲᠣᠬᠢᠷᠠᠭᠤᠯᠬᠤ᠂ ᠬᠡᠷ  ᠲᠤ ᠨᠢ ᠨᠠᠰᠤᠲᠠᠶᠢᠴᠤᠳ ᠢ ᠠᠰᠠᠷᠠᠬᠤ᠂ ᠡᠳᠦᠷ ᠲᠤᠲᠤᠮ ᠤᠨ ᠬᠠᠷᠠᠭᠠᠯᠵᠠᠯ᠂ ᠬᠡᠷ ᠤᠨ ᠶᠠᠪᠤᠳᠠᠯ ᠤᠨ ᠦᠢᠯᠡᠴᠢᠯᠡᠭᠡ᠂ ᠢᠯᠢᠵᠦ ᠨᠤᠬᠤᠯᠠᠬᠤ ᠹᠢᠽᠢᠺ ᠵᠠᠰᠠᠯ᠂ ᠰᠡᠳᠬᠢᠴᠡ ᠶᠢᠨ ᠵᠢᠯᠣᠭᠤᠳᠣᠯᠭ᠎ᠠ ᠵᠡᠷᠭᠡ 20 ᠭᠠᠷᠤᠶ ᠵᠦᠢᠯ ᠤᠨ ᠦᠢᠯᠡᠴᠢᠯᠡᠭᠡᠨ ᠤ ᠲᠦᠷᠦᠯ ᠵᠦᠢᠯ ᠢ ᠶᠡᠷᠦᠩᠬᠡᠶᠢᠯᠡᠨ ᠥᠷᠨᠢᠭᠦᠯᠪᠡ᠃ ᠣᠳᠣᠬᠠᠨ ᠳᠤ᠂ ᠯᠢᠨ ᠬᠤᠸᠠᠩ ᠵᠢᠶᠠ ᠶᠤᠸᠠᠨ ᠨᠡᠶᠢᠭᠡᠮ ᠲᠣᠭᠤᠷᠢᠭ ᠤᠨ ᠱᠦᠢ ᠰᠢᠶᠧ ᠬᠤᠸᠠ ᠳ᠋ᠦ᠋ B ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠨᠢᠭᠡᠨᠲᠡ ᠪᠡᠶᠡᠯᠡᠭᠦᠯᠦᠭᠰᠡᠨ ᠪᠥᠭᠡᠳ ᠡᠬᠢᠯᠡᠭᠦᠯᠵᠦ᠂ ᠪᠢ ᠰᠢ᠂ ᠵᠢᠶᠠ ᠰᠢᠩ᠂ ᠾᠧ ᠰᠢᠶᠧ᠂ ᠰᠢᠩ ᠹᠦ᠋ ᠯᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡ ᠶᠢ ᠤᠳᠠᠯ ᠥᠬᠡᠶ ᠠᠵᠢᠯᠯᠠᠭᠤᠯᠬᠤ ᠭᠡᠵᠦ ᠪᠠᠶᠢᠨ᠎ᠠ᠂ ᠪᠸᠢ ᠴᠧᠨ᠂ ᠺᠧ ᠬᠠᠶ ᠮᠢᠩ ᠵᠦ ᠬᠤᠶᠠᠷ ᠭᠠᠵᠠᠷ ᠢ ᠨᠢᠭᠡᠨᠲᠡ ᠵᠢᠷᠤᠵᠤ ᠲᠥᠯᠥᠪᠯᠡᠨ᠂ ᠡᠳ᠋ ᠤᠨ ᠵᠠᠰᠠᠭ ᠤᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠭᠠᠷ ᠭᠦᠢᠴᠡᠳᠬᠡᠯ ᠢ ᠶᠠᠭ ᠭᠦᠢᠴᠡᠳᠬᠡᠵᠦ ᠪᠠᠶᠢᠨ᠎ᠠ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号