ᠰᠦᠩᠱᠠᠨ ᠲᠣᠭᠤᠷᠢᠭ ᠬᠡᠷᠡᠯ ᠴᠡᠨᠡᠭ ᠢᠶᠠᠷ ᠴᠠᠬᠢᠯᠭᠠᠨ ᠭᠠᠷᠭᠠᠵᠤ ᠲᠠᠷᠢᠶᠠᠴᠢᠨ ᠡᠷᠦᠬᠡ ᠶᠢᠨ ︽ᠨᠡᠷᠡᠨ ᠭᠡᠷᠡᠯᠲᠦ ᠪᠠᠩᠬᠢ︾ ᠶᠢ ᠪᠣᠶ ᠪᠤᠯᠭᠠᠨ᠎ᠠ
ᠨᠡᠶᠢᠲᠡᠯᠡᠭᠰᠡᠨ ᠴᠠᠭ᠄
2023/4/13
      ᠰᠦᠩᠱᠠᠨ ᠲᠣᠭᠤᠷᠢᠭ ᠤᠨ ᠬᠥᠳᠡᠭᠡ ᠲᠣᠰᠬᠤᠨ ᠳᠤ᠂ ᠬᠡᠷ ᠪᠦᠯᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠡᠷᠴᠢᠮᠲᠡᠢ ᠬᠦᠭᠵᠢᠨ᠎ᠡ᠃ ᠲᠠᠷᠢᠶᠠᠴᠢᠳ ᠰᠢᠨ᠎ᠡ ᠡᠨᠧᠷᠭᠢ ᠶᠢᠨ ᠺᠣᠮᠫᠠᠨᠢ ᠲᠠᠢ ᠬᠠᠮᠲᠤᠷᠠᠨ ᠠᠵᠢᠯᠯᠠᠵᠤ᠂ ᠬᠡᠷ ᠤᠨ ᠣᠷᠣᠶ ᠳᠠᠭᠠᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠬᠦᠭᠡᠷᠦᠮᠵᠢ ᠤᠭᠰᠠᠷᠠᠪᠠᠯ᠂ ᠨᠡᠷᠡᠨ ᠤ ᠡᠨᠧᠷᠭᠢ ᠶᠢ ︽ᠠᠵᠤ ᠠᠬᠤᠶ ᠶᠢᠨ ᠦᠢᠯᠡᠳᠦᠯ ᠴᠢᠳᠠᠪᠤᠷᠢ︾ ᠪᠣᠯᠭᠠᠨ ᠬᠤᠪᠢᠷᠠᠭᠤᠯᠵᠤ ᠴᠢᠳᠠᠬᠤ ᠪᠠᠷ ᠪᠠᠷᠠᠬᠤ ᠥᠬᠡᠶ ᠪᠠᠰᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠪᠣᠯᠤᠨ᠎ᠠ᠃      ᠥᠪᠥᠷ ᠮᠣᠩᠭᠤᠯ ᠤᠨ ᠰᠢᠤᠢ ᠫᠦ᠋ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠭᠤᠣᠯᠳᠠᠭᠤ ᠡᠷᠦᠬᠡ ᠳᠤ ᠬᠡᠷᠡᠭᠯᠡᠬᠦ ᠬᠡᠷᠡᠯ ᠴᠡᠨᠡᠭ ᠢ ᠳᠡᠯᠭᠡᠷᠡᠭᠦᠯᠬᠦ᠂ ᠤᠭᠰᠠᠷᠠᠬᠤ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡ ᠬᠢᠵᠦ᠂ 2022 ᠣᠨ ᠤ 8 ᠰᠠᠷ᠎ᠠ ᠳᠤ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ᠃ ᠣᠳᠣᠬᠠᠨ ᠳᠤ᠂ ᠠᠵᠤ ᠠᠬᠤᠶᠢᠯᠠᠯ ᠨᠢ ᠨᠢᠭᠡᠨᠲᠡ ᠾᠧᠪᠸᠢ᠂ ᠥᠪᠥᠷ ᠮᠣᠩᠭᠤᠯ ᠵᠡᠷᠭᠡ ᠭᠠᠵᠠᠷ ᠤᠨ 2 ᠲᠦᠮᠡ ᠭᠠᠷᠤᠶ ᠲᠠᠷᠢᠶᠠᠴᠢᠨ ᠡᠷᠦᠬᠡ ᠲᠠᠢ ᠡᠷᠦᠬᠡ ᠳᠤ ᠬᠡᠷᠡᠭᠯᠡᠬᠦ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠲᠠᠯ᠎ᠠ ᠪᠠᠷ ᠬᠠᠮᠲᠤᠷᠠᠨ ᠠᠵᠢᠯᠯᠠᠵᠤ᠂ ᠴᠠᠬᠢᠯᠭᠠᠨ ᠭᠠᠷᠭᠠᠭᠰᠠᠨ ᠶᠡᠷᠦᠩᠬᠡᠶ ᠬᠡᠮᠵᠢᠶ᠎ᠡ ᠨᠢ 10 ᠳ᠋ᠦᠩᠰᠢᠭᠤᠷ ᠺᠢᠯᠣᠸᠠᠲ ᠢ ᠳᠠᠪᠠᠪᠠ᠃      ᠣᠶᠢᠯᠠᠭᠠᠭᠰᠠᠨ ᠢᠶᠠᠷ᠂ ᠡᠷᠦᠬᠡ ᠳᠤ ᠬᠡᠷᠡᠭᠯᠡᠬᠦ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠣᠯ ᠳᠠᠷᠤᠶ ᠲᠠᠷᠢᠶᠠᠴᠢᠨ ᠡᠷᠦᠬᠡ ᠶᠢᠨ ᠬᠡᠷ ᠤᠨ ᠣᠷᠣᠶ ᠪᠤᠶᠤ ᠬᠦᠷᠢᠶ᠎ᠡ ᠬᠠᠰᠢᠶ᠎ᠠ ᠶᠢ ᠠᠰᠢᠭᠯᠠᠨ᠂ ᠬᠡᠷᠡᠯ ᠴᠡᠨᠡᠭ ᠤᠨ ᠴᠠᠬᠢᠯᠭᠠᠨ ᠭᠠᠷᠭᠠᠬᠤ ᠥᠷᠲᠡᠭᠡ ᠤᠭᠰᠠᠷᠠᠵᠤ᠂ ᠨᠡᠷᠡᠨ ᠤ ᠡᠨᠧᠷᠭᠢ ᠶᠢ ᠴᠠᠬᠢᠯᠭᠠᠨ ᠡᠨᠧᠷᠭᠢ ᠪᠣᠯᠭᠠᠨ ᠬᠤᠪᠢᠷᠠᠭᠤᠯᠬᠤ ᠨᠢᠭᠡ ᠵᠦᠢᠯ ᠤᠨ ᠴᠠᠬᠢᠯᠭᠠᠨ ᠭᠠᠷᠭᠠᠬᠤ ᠠᠷᠭ᠎ᠠ ᠮᠠᠶ᠋ᠢᠭ ᠪᠣᠯᠤᠨ᠎ᠠ᠃ ᠲᠥᠷᠥᠯ ᠵᠦᠢᠯ ᠳᠤ ᠲᠠᠷᠢᠶᠠᠴᠢᠨ ᠡᠷᠦᠬᠡ ᠪᠠᠯᠠ ᠭᠠᠷᠭᠠᠬᠤ ᠥᠬᠡᠶ ᠮᠥᠷᠲᠡᠭᠡᠨ ᠠᠰᠢᠭ ᠣᠷᠣᠯᠭ᠎ᠠ ᠲᠠᠢ᠂ ᠠᠰᠢᠭ ᠣᠷᠣᠯᠭ᠎ᠠ ᠨᠢ ᠣᠷᠳᠣ ᠬᠤᠭᠤᠴᠠᠭᠠᠨ ᠤ᠂ ᠲᠣᠭᠲᠠᠭᠤᠨ᠂ ᠪᠠᠲᠤᠯᠠᠭ᠎ᠠ ᠲᠠᠢ᠂ ᠠᠮᠤᠷ ᠲᠦᠪᠰᠢᠨ ᠠᠶᠤᠯ ᠲᠦᠭᠰᠢᠭᠦᠷᠢ ᠥᠬᠡᠶ ᠵᠡᠷᠭᠡ ᠳᠠᠪᠠᠭᠤᠯᠢᠭ ᠲᠠᠢ ᠪᠠᠶᠢᠳᠠᠭ
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号