4 ᠰᠠᠷ᠎ᠠ ᠶᠢᠨ 12 ᠤᠨ ᠡᠳᠦᠷ᠂ ᠰᠦᠩᠱᠠᠨ ᠲᠣᠭᠤᠷᠢᠭ 2023 ᠣᠨ ᠤ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠪᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠰᠢᠤᠸᠠᠢ ᠴᠢᠨ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ | ᠬᠤᠷᠠᠯ ᠠᠴᠠ ᠰᠦᠩᠱᠠᠨ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ | ᠵᠥᠪᠯᠡᠯ ᠤᠨ 2022 ᠣᠨ ᠤ ᠭᠤᠣᠯ ᠠᠵᠢᠯ ᠢ ᠳ᠋ᠦᠩᠨᠡᠵᠦ᠂ 2023 ᠣᠨ ᠤ ᠠᠵᠢᠯ ᠤᠨ ᠡᠭᠦᠷᠭᠡ ᠶᠢ ᠰᠤᠳᠤᠯᠤᠨ | ᠪᠠᠶᠢᠷᠢᠯᠠᠭᠤᠯᠤᠭᠰᠠᠨ ᠪᠥᠭᠡᠳ 2022 ᠣᠨ ᠤ ᠠᠵᠢᠯ ᠤᠨ ᠲᠡᠷᠢᠭᠦᠨ ᠤ ᠨᠢᠭᠡᠴᠡ ᠪᠣᠯᠤᠨ ᠬᠤᠪᠢ ᠬᠥᠮᠦᠨ ᠢ | ᠬᠥᠬᠢᠭᠦᠯᠦᠨ ᠰᠠᠶᠢᠰᠢᠶᠠᠪᠠ᠃ | ᠯᠢᠦ ᠰᠢᠤᠸᠠᠢ ᠴᠢᠨ 2022 ᠣᠨ ᠤ ᠰᠦᠩᠱᠠᠨ ᠲᠣᠭᠤᠷᠢᠭ ᠤᠨ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠢ ᠭᠦᠢᠴᠡᠳ ᠨᠤᠲᠠᠯᠠᠭᠰᠠᠨ ᠪᠥᠭᠡᠳ ᠪᠦᠬᠦ ᠲᠣᠭᠤᠷᠢᠭ ᠤᠨ ᠬᠤᠶᠢᠴᠢ | ᠦᠶ᠎ᠡ ᠶᠢᠨ ᠬᠢᠨ ᠤ ᠦᠢᠯᠡᠰ ᠢ ᠬᠠᠯᠠᠮᠵᠢᠯᠠᠵᠤ ᠪᠠᠶᠢᠭ᠎ᠠ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠵᠢᠴᠢ | ᠠᠵᠢᠯᠲᠠᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠯᠢᠦ | ᠰᠢᠤᠸᠠᠢ ᠴᠢᠨ ᠴᠢᠬᠤᠯᠠᠴᠢᠯᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠪᠦᠬᠦ ᠲᠣᠭᠤᠷᠢᠭ ᠤᠨ ᠡᠯ᠎ᠡ ᠱᠠᠲᠤᠨ ᠤ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ | ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠢ ᠬᠦᠳᠦᠯᠥᠨ ᠳᠠᠭᠠᠭᠤᠯᠵᠤ | ᠢᠮᠠᠭᠲᠠ ᠨᠠᠮ ᠤᠨ ᠠᠴᠢ ᠲᠤᠰᠠ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ | ᠬᠡᠷᠡᠭᠲᠡᠢ︔ ᠪᠦᠬᠦ ᠲᠠᠯ᠎ᠠ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠣᠭᠤᠷᠢᠭ ᠤᠨ ᠥᠷᠭᠡᠨ | ᠤᠯᠠᠨ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠰᠢᠯᠢᠳᠡᠭ ᠰᠠᠶᠢᠨ ᠣᠷᠴᠢᠨ | ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠪᠦᠬᠦ ᠲᠤᠭᠤᠷᠢᠭ ᠢᠶᠠᠷ ᠢᠶᠠᠨ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠢ ᠢᠮᠠᠭᠲᠠ ᠳᠤᠪᠤᠶᠢᠮ᠎ᠠ ᠪᠠᠶᠢᠷᠢᠨ ᠳᠤ ᠲᠠᠯᠪᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠮᠠᠨ ᠤ ᠲᠣᠭᠤᠷᠢᠭ ᠤᠨ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠰᠢᠨ᠎ᠡ ᠪᠠᠶᠢᠳᠠᠯ ᠢ ᠳᠠᠰᠤᠷᠠᠯᠳᠠ ᠦᠭᠡᠢ ᠡᠭᠦᠳᠴᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠡᠷᠡᠭᠴᠡᠭᠡ ᠳᠤ ᠵᠣᠬᠢᠴᠠᠬᠤ ᠨᠡᠩ ᠤᠯᠠᠨ ᠬᠢᠷᠢ ᠲᠡᠩᠴᠡᠭᠰᠡᠨ | ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ | ᠬᠡᠷᠡᠭᠲᠡᠢ᠃ |