4 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠯᠤᠰ ᠤᠨ ᠡᠷᠡᠭᠦᠯ | ᠬᠠᠮᠠᠭᠠᠯᠠᠯ ᠤᠨ ᠬᠤᠲᠠ ᠶᠢᠨ ᠳᠠᠬᠢᠨ ᠬᠢᠨᠠᠯᠲᠠ ᠶᠢ ᠤᠭᠲᠤᠬᠤ ᠠᠵᠢᠯ ᠢ ᠳᠥᠯᠭᠢᠨ ᠠᠬᠢᠭᠤᠯᠬᠤ ᠬᠤᠷᠠᠯ | ᠬᠤᠷᠠᠯᠳᠤᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠲᠠᠬᠢᠨ ᠬᠢᠨᠠᠬᠤ | ᠠᠵᠢᠯ ᠨᠢ ᠰᠦᠩᠱᠠᠨ ᠤ ᠢᠷᠠᠭᠤ ᠠᠯᠳᠠᠷ ᠪᠣᠯᠤᠨ ᠲᠦᠷᠢ ᠲᠥᠷᠬᠦ ᠲᠠᠢ ᠬᠤᠯᠪᠣᠭᠳᠠᠵᠤ᠂ ᠪᠦᠬᠦ ᠲᠣᠭᠤᠷᠢᠭ ᠤᠨ | ᠬᠥᠭᠵᠢᠯᠲᠡ ᠶᠢᠨ ᠶᠡᠭᠡ ᠲᠠᠯ᠎ᠠ ᠪᠣᠯᠤᠨ ᠤᠯᠠᠨ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠨ᠎ᠠ᠃ ᠡᠯ᠎ᠡ ᠰᠠᠯᠠᠭ᠎ᠠ | ᠮᠥᠴᠢᠷ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠶᠡᠷᠦᠩᠬᠡᠶᠢᠯᠡᠨ ᠴᠡᠭᠴᠡᠯᠡᠨ | ᠵᠠᠰᠠᠬᠤ᠂ ᠣᠯᠠᠨ ᠨᠡᠶᠢᠲᠡ ᠶᠢᠨ ᠲᠠᠯᠠᠪᠤᠷ ᠤᠨ ︽ᠳᠥᠷᠪᠡᠨ ᠪᠠᠭ᠎ᠠ︾ ᠪᠠ ᠢᠳᠡᠭᠡᠨ ᠤ ᠠᠮᠤᠷ ᠲᠦᠪᠰᠢᠨ ᠤ ︽ | ᠭᠤᠷᠪᠠᠨ ᠪᠠᠭ᠎ᠠ︾ ᠶᠢᠨ ᠠᠵᠢᠯ ᠲᠥᠷᠥᠯ ᠤᠨ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ᠂ ᠵᠠᠮ ᠬᠠᠷᠢᠯᠴᠠᠭᠠᠨ ᠤ | ᠡᠮᠬᠢ ᠳᠢᠭᠯᠢᠮ ᠢ ᠶᠡᠷᠦᠩᠬᠡᠶᠢᠯᠡᠨ ᠵᠠᠰᠠᠬᠤ᠂ ᠪᠠᠷᠢᠯᠭ᠎ᠠ ᠶᠢᠨ ᠭᠠᠵᠠᠷ ᠪᠠ ᠨᠤᠷᠠᠭᠠᠵᠤ ᠨᠡᠭᠦᠯᠭᠡᠬᠦ ᠭᠠᠵᠠᠷ ᠤᠨ ᠣᠷᠴᠢᠨ | ᠠᠬᠤᠶ ᠶᠢ ᠴᠡᠭᠴᠡᠯᠡᠨ ᠵᠠᠰᠠᠬᠤ᠂ ᠬᠤᠲᠠ ᠶᠢᠨ ᠲᠣᠭᠤᠷᠢᠭ ᠤᠨ ᠳᠣᠲᠣᠷᠠᠬᠢ ᠭᠤᠤᠯ ᠤᠨ ᠵᠠᠮ᠂ ᠭᠤᠤ ᠰᠤᠪᠠᠭ ᠵᠢᠴᠢ | ᠲᠡᠮᠦᠷ ᠵᠠᠮ ︵ᠵᠠᠰᠠᠮᠠᠯ ᠵᠠᠮ︶ ᠳᠠᠭᠠᠤ ᠶᠢᠨ ᠵᠠᠰᠠᠯᠲᠠ᠂ ᠲᠠᠮᠠᠬᠢ ᠬᠢᠵᠠᠭᠠᠷᠯᠠᠬᠤ ᠠᠵᠢᠯᠯᠠᠭ᠎ᠠ ᠶᠢ ᠳᠥᠯᠭᠢᠨ | ᠠᠬᠢᠭᠤᠯᠬᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ | ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠵᠡᠷᠭᠡ ᠠᠷᠪᠠᠨ ᠨᠢᠭᠡᠨ ᠵᠦᠢᠯ ᠤᠨ ᠭᠤᠤᠯᠳᠠᠯᠭ᠎ᠠ ᠲᠠᠢ | ᠠᠵᠢᠯ ᠤᠨ ᠲᠠᠯ᠎ᠠ ᠪᠠᠷ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠵᠦ᠂ ︽ᠤᠯᠤᠰ ᠤᠨ ᠡᠷᠡᠭᠦᠯ ᠬᠠᠮᠠᠭᠠᠯᠠᠯ ᠤᠨ | ᠬᠤᠲᠠ︾ ᠶᠢᠨ ᠡᠷᠬᠢᠮ ᠳᠡᠭᠡᠳᠦ ᠢᠷᠠᠭᠤ ᠠᠯᠳᠠᠷ ᠢ ᠪᠥᠬᠦ ᠬᠦᠴᠦᠨ ᠢᠶᠠᠷ ᠢᠶᠠᠨ ᠪᠠᠬᠢᠵᠢᠭᠦᠯᠦᠨ ᠬᠠᠮᠠᠭᠠᠯᠠᠬᠤ ᠬᠡᠷᠡᠭᠲᠡᠢ | ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠠᠩᠭᠢᠯᠠᠭ᠎ᠠ ᠶᠢ ᠠᠳᠬᠤᠵᠤ᠂ ᠲᠤᠰᠬᠠᠢ ᠵᠠᠰᠠᠯᠲᠠ ᠶᠢᠨ | ᠠᠵᠢᠯᠯᠠᠭ᠎ᠠ ᠶᠢ ᠬᠦᠴᠦᠯᠡᠨ ᠥᠷᠨᠢᠭᠦᠯᠬᠦ ᠬᠡᠷᠡᠭᠲᠡᠢ︔ ᠪᠠᠷᠢᠮᠵᠢᠶ᠎ᠠ ᠲᠠᠢ ᠬᠠᠷᠢᠴᠠᠭᠤᠯᠵᠤ᠂ ᠳᠤᠲᠠᠭᠳᠠᠯ ᠢ ᠪᠠᠶᠢᠴᠠᠭᠠᠵᠤ | ᠳᠤᠲᠠᠭᠳᠠᠯ ᠢ ᠨᠥᠬᠦᠪᠥᠷᠢᠯᠡᠬᠦ ᠬᠡᠷᠡᠭᠲᠡᠶ︔ ᠪᠠᠶᠢᠴᠠᠭᠠᠯᠲᠠ ᠶᠢ ᠤᠭᠲᠤᠬᠤ ᠮᠠᠲ᠋ᠧᠷᠢᠶᠠᠯ ᠤᠨ ᠪᠡᠯᠡᠳᠬᠡᠯ ᠠᠵᠢᠯ ᠢ | ᠰᠠᠶᠢᠲᠤᠷ ᠬᠢᠵᠦ᠂ ᠨᠠᠷᠢᠨ ᠣᠨᠣᠪᠴᠢᠲᠠᠢ᠂ ᠲᠤᠭ᠎ᠠ ᠪᠠᠷᠢᠮᠲᠠ ᠣᠨᠣᠪᠴᠢᠲᠠᠢ᠂ ᠬᠢᠯᠠᠰ ᠴᠡᠭ ᠲᠤᠪᠤᠶᠢᠮ᠎ᠠ ᠪᠠᠶᠢᠬᠤ ᠶᠢ | ᠪᠡᠶᠡᠯᠡᠭᠦᠯᠬᠦ ᠬᠡᠷᠡᠭᠲᠡᠢ︔ ᠥᠪᠡᠷᠮᠢᠴᠡ ᠣᠨᠴᠠᠯᠢᠭ ᠲᠠᠢ ᠬᠢᠯᠠᠰ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ | ᠤᠬᠠᠭᠤᠯᠤᠨ ᠳᠠᠶᠢᠴᠢᠯᠠᠬᠤ ᠠᠵᠢᠯ ᠢ ᠥᠷᠨᠢᠭᠦᠯᠵᠦ᠂ ᠥᠷᠭᠡᠨ ᠤᠯᠠᠨ ᠲᠦᠮᠡᠨ ᠤ ᠣᠶᠢᠯᠠᠭᠠᠬᠤ ᠨᠤᠷᠮ᠎ᠠ ᠪᠠ | ᠣᠷᠣᠯᠴᠠᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠳᠡᠭᠡᠷ᠎ᠡ᠂ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ ᠤᠨ | ᠠᠵᠢᠯᠲᠠᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠤᠯᠲᠠ ᠶᠢᠨ | ᠰᠢᠨ᠎ᠡ ᠱᠠᠭᠠᠷᠳᠠᠯᠭ᠎ᠠ ᠵᠢᠴᠢ ᠰᠦᠯᠵᠢᠶᠡᠨ ᠳᠡᠭᠡᠷᠡᠬᠢ ᠦᠨᠡᠯᠡᠨ ᠵᠢᠱᠢᠯᠲᠡ᠂ ᠤᠯᠤᠰ ᠤᠨ ᠡᠷᠡᠭᠦᠯ ᠬᠠᠮᠠᠭᠠᠯᠠᠯ ᠤᠨ | ᠬᠤᠲᠠ ᠶᠢᠨ ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠤᠯᠲᠠ ᠶᠢᠨ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ︵ | 2021 ᠳ᠋ᠦ᠋ᠭᠡᠷ ᠬᠡᠪ︶ ᠵᠡᠷᠭᠡ ᠠᠭᠤᠯᠭ᠎ᠠ ᠶᠢᠨ ᠲᠤᠬᠠᠶ ᠲᠠᠶᠢᠯᠤᠮᠵᠢ ᠬᠢᠪᠠ᠃ |