ᠴᠢᠳᠬᠤᠯᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠤᠯᠠᠭᠠᠨᠬᠠᠳᠠ ᠶᠢᠨ ᠬᠤᠪᠢᠶᠠᠷᠢ ᠺᠣᠮᠫᠠᠨᠢ ᠲᠠᠢ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2023/4/14
      ᠣᠶᠢᠷ᠎ᠠ ᠳᠤ᠂ ᠴᠢᠳᠬᠤᠯᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠤᠯᠠᠭᠠᠨᠬᠠᠳᠠ ᠶᠢᠨ ᠬᠤᠪᠢᠶᠠᠷᠢ ᠺᠣᠮᠫᠠᠨᠢ ᠲᠠᠢ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠭᠲᠠᠪᠠ᠃      ᠬᠤᠶᠠᠷ ᠲᠠᠯ᠎ᠠ ᠪᠠᠷ ᠢᠶᠠᠨ ᠲᠠᠷᠢᠶᠠᠯᠠᠩ ᠳᠤ ᠦᠢᠯᠡᠴᠢᠯᠡᠬᠦ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠣᠭᠤᠷᠢᠨ ᠳᠤ ᠬᠠᠮᠲᠤ ᠶᠢᠨ ᠲᠠᠨᠢᠯᠲᠠ ᠲᠠᠢ ᠪᠤᠯᠪᠠ᠂ ᠴᠢᠳᠬᠤᠯᠠᠩ ᠪᠠᠯᠭᠠᠰᠤᠨ ᠤ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠣᠳᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠬᠠᠮᠲᠤ ᠪᠠᠷ ᠪᠠᠶᠢᠭᠤᠯᠵᠤ᠂ ᠲᠥᠪ ᠨᠢ ᠪᠥᠬᠦ ᠪᠠᠯᠭᠠᠰᠤᠨ ᠤ ᠳᠠᠷᠢᠵᠤ ᠲᠡᠵᠢᠭᠡᠨ ᠦᠷᠡᠵᠢᠭᠦᠯᠬᠦ ᠡᠷᠦᠬᠡ ᠳᠤ ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠴᠢᠯᠡᠭᠡ ᠬᠠᠩᠭᠠᠵᠤ᠂ ᠪᠥᠬᠦ ᠪᠠᠯᠭᠠᠰᠤᠨ ᠤ ᠲᠠᠷᠢᠶᠠᠴᠢᠨ ᠡᠷᠦᠬᠡ ᠳᠤ ᠲᠥᠷᠥ ᠶᠢᠨ ᠪᠣᠳᠣᠯᠭ᠎ᠠ᠂ ᠮᠥᠩᠭᠦᠨ ᠭᠦᠢᠯᠭᠡᠭᠡ᠂ ᠮᠡᠷᠭᠡᠵᠢᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠲᠡᠵᠢᠭᠡᠯ ᠪᠣᠷᠳᠤᠭ᠎ᠠ᠂ ᠲᠣᠭᠠᠴᠢᠯᠠᠭᠰᠠᠨ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢ ᠵᠣᠯᠭᠠᠭᠤᠯᠬᠤ ᠵᠡᠷᠭᠡ ᠦᠢᠯᠡᠴᠢᠯᠡᠭᠡ ᠶᠢ ᠰᠠᠶᠢᠲᠤᠷ ᠬᠢᠬᠦ ᠶᠢᠨ ᠬᠠᠮᠲᠤ ᠪᠠᠰᠠ ᠨᠡᠶᠢᠭᠡᠮᠴᠢᠯᠡᠭᠰᠡᠨ ᠦᠢᠯᠡᠴᠢᠯᠡᠭᠡᠨ ᠤ ᠮᠠᠰᠢᠨ ᠢᠶᠠᠷ ᠲᠠᠷᠢᠶᠠᠯᠠᠬᠤ ᠶᠡᠭᠡ ᠠᠩᠭᠢ ᠶᠢᠨ ︽ᠠᠷᠠᠳ ᠲᠤ ᠠᠰᠢᠭ ᠬᠦᠷᠲᠡᠭᠡᠬᠦ ᠲᠣᠰᠣ︾ ︽ᠬᠥᠷᠥᠰᠥ ᠰᠢᠷᠣᠶ ᠶᠢ ᠬᠡᠮᠵᠢᠨ ᠪᠣᠷᠲᠣᠭᠤᠷ ᠳᠣᠭᠢᠷᠠᠭᠤᠯᠬᠤ︾ ︽ᠵᠢᠯᠣᠭᠤᠴᠢ ᠥᠬᠡᠶ ᠨᠢᠰᠬᠡᠯ ᠢᠶᠠᠷ ᠰᠡᠷᠭᠡᠶᠢᠯᠡᠬᠦ︾ ᠵᠡᠷᠭᠡ ᠠᠯᠢ ᠣᠯᠠᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠯᠠᠩ ᠢ ᠲᠤᠰᠠᠯᠠᠬᠤ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠦᠨ᠎ᠡ᠃      ᠤᠢᠢᠷ᠎ᠠ ᠶᠢᠨ ᠵᠢᠯ ᠠᠴᠠ᠂ ᠴᠢᠳᠬᠤᠯᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠬᠢ ᠪᠠᠶᠠᠯᠢᠭ ᠤᠨ ᠳᠠᠪᠠᠭᠤᠯᠢᠭ ᠪᠣᠯᠤᠨ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠪᠠᠯᠭᠠᠰᠤᠨ ᠤ ᠪᠣᠳᠠᠲᠤ ᠪᠠᠶᠢᠳᠠᠯ ᠳᠤ ᠨᠡᠶᠢᠴᠡᠭᠰᠡᠨ ︽123 ᠠᠵᠢᠯ ᠤᠨ ᠲᠣᠭᠲᠠᠴᠠ︾ ᠶᠢ ᠢᠳᠡᠪᠬᠢᠲᠡᠢ ᠬᠠᠶᠢᠨ ᠰᠦᠪᠡᠭᠴᠢᠯᠡᠪᠡ᠄ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ︾ ᠪᠠᠷ ᠭᠤᠣᠯ ᠪᠣᠯᠭᠠᠨ᠂ ︽ᠪᠠᠯᠭᠠᠰᠤ ᠲᠣᠰᠬᠤᠨ ᠢ ᠨᠢᠭᠡ ᠴᠤᠬᠴᠠᠵᠢᠭᠤᠯᠬᠤ︾ ᠶᠢ ᠨᠢᠭᠡᠳᠦᠯᠲᠡᠢ ᠲᠥᠯᠥᠪᠵᠢᠭᠦᠯᠵᠦ᠂ ᠭᠤᠯᠳᠤ ᠪᠠᠷ ᠨᠢᠭᠡ ᠴᠤᠬᠴᠠᠵᠢᠭᠤᠯᠬᠤ ᠶᠢ ᠪᠡᠶᠡᠯᠡᠭᠦᠯᠦᠨ᠎ᠡ︔ ︽ᠭᠤᠷᠪᠠ ᠶᠢ ᠨᠢᠭᠡ ᠴᠤᠭᠴᠠᠵᠢᠭᠤᠯᠬᠤ︾ ᠶᠢ ᠵᠣᠬᠢᠴᠠᠭᠤᠯᠵᠤ᠂ ᠬᠥᠨᠳᠡᠯᠡᠨ ᠢᠶᠠᠷ ᠨᠢᠭᠡ ᠴᠤᠭᠴᠠᠵᠢᠭᠤᠯᠬᠤ ᠬᠡᠯᠪᠡᠷᠢ ᠪᠠᠷ ᠳᠥᠯᠭᠢᠨ ᠠᠬᠢᠭᠤᠯᠬᠤ ᠶᠢ ᠪᠡᠶᠡᠯᠡᠭᠦᠯᠦᠨ᠎ᠡ︔ ᠬᠥᠮᠦᠰ ᠬᠤᠯᠪᠣᠭᠠᠯᠠᠬᠤ᠂ ᠲᠣᠣᠷᠵᠢᠯ ᠢ ᠬᠤᠯᠪᠣᠭᠠᠯᠠᠨ ᠬᠡᠷᠡᠭᠯᠡᠬᠦ᠂ ᠳᠣᠲᠣᠭᠠᠳᠤ ᠭᠠᠳᠠᠭᠠᠳᠤ ᠶᠢᠨ ᠬᠤᠯᠪᠣᠭᠠᠯᠠᠯ ᠢᠶᠠᠷ ᠦᠢᠯᠡᠳᠪᠦᠷᠢᠯᠡᠯ᠂ ᠬᠠᠩᠭᠠᠨ ᠪᠣᠷᠣᠯᠠᠭᠤᠯᠭ᠎ᠠ᠂ ᠢᠲᠡᠭᠡᠮᠵᠢ ᠶᠢᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠶᠢᠴᠢᠯᠠᠵᠤ᠂ ᠥᠪᠡᠷᠮᠢᠴᠡ ᠣᠨᠴᠠᠯᠢᠭ ᠲᠠᠢ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠥᠭᠡᠷᠡᠴᠢᠯᠡᠯᠲᠡ ᠶᠢᠨ ᠵᠠᠮ ᠢ ᠨᠡᠭᠡᠭᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号